2024 ᠣᠨ ᠤ ᠹᠷᠠᠨᠼᠢ ᠶᠢᠨ ᠨᠠᠮᠤᠷ ᠤᠨ ᠤᠯᠠᠷᠢᠯ ᠤᠨ ᠭᠠᠨᠠ ᠶᠢᠨ ᠲᠧᠯᠸᠢᠰ ᠤᠨ ᠨᠠᠶᠢᠷ ᠲᠤ ︽ᠳᠤᠮᠳᠠᠳᠤ ᠤᠯᠤᠰ ᠤᠨ ᠬᠠᠮᠲᠤᠷᠠᠭᠰᠠᠨ ᠦᠵᠡᠭᠦᠯᠭᠡ ᠶᠢᠨ ᠲᠠᠪᠴᠠᠩ︾ ᠢ ᠪᠠᠶᠢᠭᠤᠯᠤᠭᠰᠠᠨ ᠪᠥᠭᠡᠳ ︽ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠬᠦ︾ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/10/24
  10 ᠳ᠋ᠤᠭᠠᠷ ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠪᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠬᠠᠮᠲᠤ ᠪᠠᠷ ᠳᠤᠮᠳᠠᠳᠤ ᠤᠯᠤᠰ ᠤᠨ ᠦᠵᠡᠵᠦ ᠰᠣᠨᠣᠰᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠹᠷᠠᠨᠼᠢ ᠶᠢᠨ ᠨᠠᠮᠤᠷ ᠤᠨ ᠤᠯᠠᠷᠢᠯ ᠤᠨ ᠭᠠᠨᠠ ᠶᠢᠨ ᠲᠧᠯᠸᠢᠰ ᠤᠨ ᠨᠠᠶᠢᠷ ︵MIPCOM︶ ᠲᠤ ︽ᠳᠤᠮᠳᠠᠳᠤ ᠤᠯᠤᠰ ᠤᠨ ᠬᠠᠮᠲᠤᠷᠠᠭᠰᠠᠨ ᠦᠵᠡᠭᠦᠯᠭᠡ ᠶᠢᠨ ᠲᠠᠪᠴᠠᠩ︾ ᠢ ᠪᠠᠶᠢᠭᠤᠯᠵᠤ᠂ ︽ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠬᠦ︾ ᠰᠢᠷᠢᠰ ᠠᠵᠢᠯᠯᠠᠭ᠎ᠠ ᠶᠢ ᠥᠷᠨᠢᠭᠦᠯᠦᠨ ᠂ ︽ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠵᠦ ᠥᠯᠢᠭᠡᠷ ᠢ ᠬᠢᠵᠠᠭᠠᠷ ᠥᠬᠡᠶ ᠦᠷᠭᠦᠯᠵᠢᠯᠡᠭᠦᠯᠬᠦ ︾ ᠦᠵᠡᠵᠦ ᠰᠣᠨᠣᠰᠬᠤ ᠠᠭᠤᠯᠭ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠣᠨᠴᠠᠭᠠᠶᠢᠯᠠᠨ ᠤᠬᠠᠭᠠᠯᠠᠨ ᠰᠡᠳᠦᠵᠠᠢ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠳᠠᠷᠤᠭ᠎ᠠ ᠼᠤᠤ ᠱᠤ᠋ ᠮᠢᠨ᠂ ᠹᠷᠠᠨᠼᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠲᠦᠷ ᠴᠠᠭ ᠤᠨ ᠣᠷᠣᠯᠠᠨ ᠭᠦᠢᠴᠡᠳᠬᠡᠭᠴᠢ ᠴᠧᠨ ᠳ᠋ᠦᠩ᠂ ᠮᠠᠯᠠᠶᠢᠰᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠶᠡᠷᠦᠩᠬᠡᠶ ᠺᠤᠨᠰᠦ᠋ᠯ ᠤᠨ ᠭᠠᠵᠠᠷ ᠤᠨ ᠳ᠋ᠦᠩ ᠭᠤᠸᠠᠩ ᠯᠢ᠂ ᠹᠷᠠᠨᠼᠢ ᠶᠢᠨ ᠭᠠᠨᠠ ᠶᠢᠨ ᠨᠠᠮᠤᠷ ᠤᠨ ᠤᠯᠠᠷᠢᠯ ᠤᠨ ᠲᠧᠯᠸᠢᠰ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠲᠡᠷᠢᠭᠦᠯᠡᠭᠴᠢ ᠮᠢᠱᠧᠯ • ᠹᠢᠯᠢᠽᠢ ᠨᠠᠷ ᠶᠠᠷᠢᠶᠠᠨ ᠤ ᠲᠠᠪᠴᠠᠩ ᠳᠤ ᠣᠷᠣᠯᠴᠠᠪᠠ᠃  ᠼᠤᠤ ᠱᠤ᠋ ᠮᠢᠨ ᠪᠠᠶᠠᠷ ᠤᠨ ᠦᠭᠡᠨ ᠳᠤ ᠪᠠᠨ᠂ 2024 ᠣᠨ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠪᠣᠯᠤᠨ᠎ᠠ ᠂ ᠹᠷᠠᠨᠼᠢ ᠶᠢᠨ ᠭᠠᠨᠠ ᠶᠢᠨ ᠨᠠᠮᠤᠷ ᠤᠨ ᠤᠯᠠᠷᠢᠯ ᠤᠨ ᠲᠧᠯᠸᠢᠰ ᠤᠨ ᠨᠠᠶᠢᠷ ᠪᠣᠯ ᠦᠵᠡᠵᠦ ᠰᠣᠨᠣᠰᠬᠤ ᠫᠷᠤᠭ᠍ᠷᠠᠮ ᠢ ᠳᠡᠯᠭᠡᠨ ᠦᠵᠡᠭᠦᠯᠬᠦ ᠴᠣᠩᠬᠤ ᠪᠠᠶᠢᠵᠤ ᠂ ᠪᠠᠰᠠ ᠴᠤ ᠠᠵᠢᠯ ᠲᠦᠷᠦᠯ ᠤᠨ ᠬᠥᠭᠵᠢᠯᠲᠡ ᠶᠢ ᠰᠦᠪᠡᠭᠴᠢᠯᠡᠬᠦ ᠲᠠᠪᠴᠠᠩ ᠮᠥᠷᠲᠡᠭᠡᠨ ᠳᠤᠮᠳᠠᠳᠤ ᠤᠯᠤᠰ ᠤᠨ ᠦᠵᠡᠵᠦ ᠰᠣᠨᠣᠰᠬᠤ ᠠᠭᠤᠯᠭ᠎ᠠ ᠶᠢᠨ ᠵᠠᠬ᠎ᠠ ᠳᠡᠯᠭᠡᠭᠦᠷ ᠤᠨ ᠭᠤᠷᠪᠠᠨ ᠣᠨᠴᠠᠯᠢᠭ ᠢ ᠬᠤᠪᠢᠶᠠᠯᠴᠠᠪᠠ ᠄ ᠨᠢᠭᠡ ᠳᠤ ᠂ ᠬᠥᠭᠵᠢᠯᠲᠡ ᠮᠠᠰᠢ ᠲᠦᠷᠭᠡᠨ᠂ ᠰᠢᠯᠢᠳᠡᠭ ᠪᠦᠲᠦᠭᠡᠯ ᠪᠠᠶᠢᠨ ᠳᠠᠬᠢᠨ ᠭᠠᠷᠴᠤ ᠪᠠᠶᠢᠨ᠎ᠠ᠃ ᠦᠵᠡᠵᠦ ᠰᠣᠨᠣᠰᠬᠤ ᠪᠦᠲᠦᠭᠡᠯ ᠤᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ ᠂ ᠬᠠᠯᠠᠮᠰᠢᠯᠲᠤ ᠪᠦᠲᠦᠭᠡᠯ ᠲᠠᠰᠤᠷᠠᠯᠲᠠ ᠦᠭᠡᠢ ᠭᠠᠷᠴᠤ ᠪᠠᠶᠢᠨ᠎ᠠ᠃ ᠢᠯᠠᠩᠭᠤᠶ᠎ᠠ ᠶᠡᠭᠡ ᠬᠡᠮᠵᠢᠶᠡᠨ ᠤ ᠠᠬᠤᠶᠢᠴᠢ ᠦᠵᠡᠯ ᠤᠨ ᠰᠡᠳᠦᠪᠲᠦ ᠪᠦᠲᠦᠭᠡᠯ ᠨᠢ ᠬᠥᠮᠦᠨ ᠲᠥᠷᠥᠯᠬᠢᠲᠡᠨ ᠤ ᠬᠠᠮᠲᠤ ᠶᠢᠨ ᠥᠩᠭᠡᠷᠡᠯᠲᠡ ᠪᠣᠯᠤᠨ ᠬᠠᠶᠢᠷ᠎ᠠ ᠰᠡᠳᠬᠢᠯᠭᠡ ᠶᠢ ᠲᠤᠰᠬᠠᠵᠤ᠂ ᠡᠯ᠎ᠡ ᠤᠯᠤᠰ ᠤᠨ ᠦᠵᠡᠭᠴᠢᠳ ᠤᠨ ᠤᠷᠮ᠎ᠠ ᠪᠠᠬ᠎ᠠ ᠶᠢ ᠲᠠᠲᠠᠵᠤ ᠪᠠᠶᠢᠨ᠎ᠠ᠃ ᠬᠤᠶᠠᠷ ᠲᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠳᠡᠯᠡᠬᠡᠢ ᠳ᠋ᠠᠬᠢᠨ ᠲᠠᠢ ᠠᠭᠤᠰᠤᠯᠴᠠᠵᠤ ᠪᠠᠶᠢᠨ᠎ᠠ ᠃ ᠰᠣᠶᠣᠯ ᠤᠨ ᠶᠠᠪᠤᠯᠴᠠᠭ᠎ᠠ ᠬᠠᠮᠲᠤᠷᠠᠯᠴᠠᠭ᠎ᠠ ᠶᠢᠨ ᠳᠤᠮᠳᠠ ᠢᠮᠠᠭᠲᠠ ᠰᠢᠩᠭᠡᠭᠡᠵᠦ ᠠᠪᠬᠤ ᠶᠢᠨ ᠬᠠᠮᠲᠤ ᠬᠠᠳᠠᠭᠠᠯᠠᠬᠤ᠂ ᠭᠤᠸ᠎ᠠ ᠰᠠᠶᠢᠬᠠᠨ ᠢ ᠬᠠᠮᠲᠤ ᠪᠠᠷ ᠬᠦᠷᠲᠡᠬᠦ ᠶᠢ ᠪᠠᠷᠢᠮᠲᠠᠯᠠᠵᠤ᠂ ᠦᠵᠡᠵᠦ ᠰᠣᠨᠣᠰᠬᠤ ᠪᠦᠲᠦᠭᠡᠯ ᠢᠶᠠᠷ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠰᠡᠳᠬᠢᠯ ᠢᠶᠠᠨ ᠨᠡᠪᠲᠡᠷᠡᠯᠴᠡᠭᠦᠯᠵᠦ᠂ ᠳᠡᠯᠡᠬᠡᠢ ᠶᠢᠨ ᠤᠯᠠᠨ ᠡᠰᠢᠲᠦ ᠰᠣᠶᠣᠯ ᠤᠨ ᠬᠠᠮᠲᠤ ᠪᠠᠷ ᠣᠷᠣᠰᠢᠬᠤ ᠪᠠ ᠬᠥᠭᠵᠢᠬᠦ ᠶᠢ ᠠᠬᠢᠭᠤᠯᠵᠤ ᠪᠠᠶᠢᠨ᠎ᠠ ᠃ ᠭᠤᠷᠪᠠ ᠳᠤ᠂ ᠳᠠᠯᠳᠠ ᠬᠦᠴᠦᠨ ᠯᠤᠲᠤ ᠶᠡᠭᠡ᠂ ᠬᠠᠮᠲᠤᠷᠠᠯᠴᠠᠨ ᠰᠢᠨ᠎ᠡ ᠶᠢ ᠡᠭᠦᠳᠬᠦ ᠣᠷᠣᠨ ᠵᠠᠢ ᠬᠢᠵᠠᠭᠠᠯᠠᠰᠢ ᠦᠭᠡᠢ ᠪᠠᠶᠢᠨ᠎ᠠ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠭᠤᠯᠭ᠎ᠠ ᠪᠠ ᠳᠠᠮᠵᠢᠭᠤᠯᠭ᠎ᠠ ᠶᠢ ᠭᠦᠨᠵᠡᠭᠡᠶ ᠠᠭᠤᠰᠤᠯᠴᠠᠭᠤᠯᠬᠤ᠂ ᠬᠠᠮᠵᠢᠯᠴᠠᠨ ᠬᠥᠭᠵᠢᠭᠦᠯᠬᠦ ᠶᠢ ᠢᠳᠡᠪᠬᠢᠲᠡᠶ ᠪᠠᠷ ᠠᠬᠢᠭᠤᠯᠵᠤ᠂ ᠮᠡᠷᠭᠡᠵᠢᠯ ᠢᠶᠠᠷ ᠳᠠᠮᠵᠢᠭᠤᠯᠤᠨ ᠦᠵᠡᠵᠦ ᠰᠣᠨᠣᠰᠬᠤ ᠫᠷᠤᠭ᠍ᠷᠠᠮ ᠤᠨ ᠬᠡᠯᠪᠡᠷᠢ ᠶᠢᠨ ᠰᠢᠨ᠎ᠡ ᠶᠢ ᠡᠭᠦᠳᠬᠦ᠂ ᠦᠵᠡᠵᠦ ᠰᠣᠨᠣᠰᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠥᠷᠭᠡᠨ ᠠᠭᠤᠳᠠᠮ ᠠᠯᠤᠰ ᠢᠷᠡᠭᠡᠳᠦᠶ ᠶᠢ ᠨᠡᠬᠡᠬᠡᠵᠦ ᠪᠠᠶᠢᠨ᠎ᠠ ᠭᠡᠵᠡᠢ᠃  ᠴᠧᠨ ᠳ᠋ᠦᠩ ᠪᠠᠶᠠᠷ ᠤᠨ ᠦᠭᠡᠨ ᠳᠤ ᠪᠠᠨ᠂ ᠹᠷᠠᠨᠼᠢ ᠪᠣᠯ ᠦᠵᠡᠵᠦ ᠰᠣᠨᠣᠰᠬᠤ ᠠᠵᠢᠯ ᠲᠦᠷᠦᠯ ᠤᠨ ᠤᠭ ᠴᠡᠭ ᠪᠣᠯᠤᠭᠰᠠᠨ ᠪᠥᠭᠡᠳ ᠪᠠᠰᠠ ᠴᠤ ᠪᠦᠬᠦ ᠪᠥᠮᠪᠥᠷᠴᠡᠭ ᠤᠨ ᠦᠵᠡᠵᠦ ᠰᠣᠨᠣᠰᠬᠤ ᠡᠬᠢ ᠪᠠᠶᠠᠯᠢᠭ ᠤᠨ ᠦᠵᠡᠭᠦᠯᠭᠡ ᠶᠢᠨ ᠲᠠᠪᠴᠠᠩ ᠪᠣᠯᠤᠨ ᠠᠷᠠᠯᠵᠢᠶᠠᠨ ᠤ ᠲᠥᠪ ᠪᠤᠯᠵᠤ᠂ ᠭᠠᠨᠠ ᠶᠢᠨ ᠲᠧᠯᠸᠢᠰ ᠤᠨ ᠪᠠᠶᠠᠷ ᠤᠨ ᠲᠤᠰᠠᠭᠠᠷ ᠲᠤᠭᠲᠠᠨᠢᠯ ᠂ ᠨᠡᠭᠡᠭᠡᠯᠲᠡᠲᠡᠢ ᠪᠠ ᠪᠠᠭᠲᠠᠭᠠᠮᠵᠢᠲᠠᠢ ᠪᠠᠶᠢᠬᠤ ᠨᠢ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠤᠷᠢᠶᠠᠩᠭᠤᠢ ᠳᠦᠷᠰᠦ ᠮᠥᠨ᠂ ᠪᠦᠬᠦ ᠪᠥᠮᠪᠥᠷᠴᠡᠭ ᠤᠨ ᠡᠯ᠎ᠡ ᠬᠦᠷᠢᠶᠡᠨ ᠤ ᠠᠵᠢᠯ ᠲᠦᠷᠦᠯ ᠤᠨ ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃  ᠮᠢᠱᠧᠯ • ᠹᠢᠯᠢᠽᠢ ᠪᠠᠶᠠᠷ ᠤᠨ ᠦᠭᠡᠨ ᠳᠤ ᠪᠠᠨ᠂ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠵᠡᠷᠭᠡ ᠬᠦᠰᠢᠶ᠎ᠡ ᠳᠤᠷᠠᠰᠬᠠᠯ ᠤᠨ ᠬᠡᠯᠪᠡᠷᠢ ᠶᠢᠨ ᠴᠠᠭ ᠬᠤᠭᠤᠴᠠᠭᠠᠨ ᠳᠤ ᠪᠢᠳᠡᠨ ᠳᠤ ᠳᠤᠮᠳᠠᠳᠤ ᠹᠷᠠᠨᠼᠢ ᠶᠢᠨ ᠬᠤᠭᠤᠷᠣᠨᠳᠣᠬᠢ ᠭᠦᠨ ᠵᠤᠵᠠᠭᠠᠨ ᠬᠤᠯᠪᠣᠭ᠎ᠠ ᠶᠢ ᠬᠠᠷᠠᠭᠤᠯᠵᠤ᠂ ᠪᠠᠰᠠ ᠲᠠᠰᠤᠷᠠᠯᠲᠠ ᠦᠭᠡᠢ ᠬᠥᠭᠵᠢᠵᠦ ᠪᠠᠶᠢᠭ᠎ᠠ ᠵᠠᠭᠤᠴᠢᠯᠠᠭᠤᠷ ᠪᠣᠯᠤᠨ ᠠᠭᠤᠯᠭ᠎ᠠ ᠶᠢᠨ ᠵᠣᠬᠢᠶᠠᠨ ᠪᠦᠲᠦᠭᠡᠯᠭᠡ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠴᠢᠬᠤᠯᠠ ᠴᠢᠨᠠᠷ ᠢ ᠪᠢᠳᠡᠨ ᠳᠤ ᠰᠠᠨᠠᠭᠤᠯᠵᠤ᠂ ᠳᠤᠮᠳᠠᠳᠤ ᠭᠠᠳᠠᠭᠠᠳᠤ ᠶᠢᠨ ᠬᠠᠮᠲᠤᠷᠠᠯᠴᠠᠭᠠᠨ ᠤ ᠬᠠᠨᠢᠲᠠᠨ ᠦᠷᠭᠦᠯᠵᠢᠯᠡᠨ ᠭᠠᠷ ᠢᠶᠠᠨ ᠬᠤᠯᠪᠣᠨ ᠴᠢᠷᠮᠠᠶᠢᠵᠤ᠂ ᠰᠢᠨ᠎ᠡ ᠶᠢ ᠡᠭᠦᠳᠬᠦ᠂ ᠪᠠᠭᠲᠠᠭᠠᠮᠵᠢᠲᠠᠢ᠂ ᠬᠠᠮᠲᠤᠷᠠᠯᠴᠠᠭᠰᠠᠨ ᠦᠵᠡᠵᠦ ᠰᠣᠨᠣᠰᠬᠤ ᠠᠭᠤᠯᠭ᠎ᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠨᠡᠭᠡᠭᠡᠬᠦ ᠶᠢ ᠬᠦᠰᠡᠵᠦ ᠪᠠᠶᠢᠨ᠎ᠠ ᠭᠡᠵᠡᠢ᠃  ᠲᠧᠯᠸᠢᠰ ᠤᠨ ᠨᠠᠶᠢᠷ ᠤᠨ ᠬᠤᠭᠤᠴᠠᠭᠠᠨ ᠳᠤ ᠪᠠᠰᠠ WISDOM in CHINA ︵ᠳᠣᠯᠣᠳᠤᠭᠠᠷ ᠬᠤᠭᠤᠴᠠᠭ᠎ᠠ︶ ᠶᠢᠨ ᠳᠤᠮᠳᠠᠳᠤ ᠤᠯᠤᠰ ᠤᠨ ᠤᠤᠭᠠᠯ ᠡᠭᠦᠳᠦᠯᠲᠡᠲᠦ ᠫᠷᠤᠭ᠍ᠷᠠᠮ ᠤᠨ ᠬᠡᠪ ᠵᠠᠭᠪᠤᠷ ᠢ ᠲᠠᠨᠢᠯᠴᠠᠭᠤᠯᠬᠤ ᠶᠡᠭᠡ ᠬᠤᠷᠠᠯ ᠢ ᠡᠷᠭᠢᠯᠡᠵᠦ᠂ ᠣᠶᠢᠷ᠎ᠠ ᠶᠢᠨ ᠵᠢᠯ ᠤᠳ ᠤᠨ ᠳᠤᠮᠳᠠᠳᠤ ᠤᠯᠤᠰ ᠤᠨ ᠤᠤᠭᠠᠯ ᠡᠭᠦᠳᠦᠯᠳᠡᠲᠦ ᠫᠷᠤᠭ᠍ᠷᠠᠮ ᠤᠨ ᠬᠡᠪ ᠵᠠᠭᠪᠤᠷ ᠤᠨ ᠠᠭᠤᠯᠭ᠎ᠠ ᠶᠢ ᠭᠤᠣᠯᠳᠠᠯᠭ᠎ᠠ ᠲᠠᠢ ᠲᠠᠨᠢᠯᠴᠠᠭᠤᠯᠬᠤ ᠪᠣᠯᠣᠨ᠎ᠠ ︔ ᠠᠩᠬ᠎ᠠ ᠤᠳᠠᠭ᠎ᠠ ︽ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠬᠦ ᠄ ᠦᠵᠡᠵᠦ ᠰᠣᠨᠣᠰᠬᠤ ᠠᠭᠤᠯᠭ᠎ᠠ ᠶᠢᠨ ᠰᠣᠶᠣᠯ ᠤᠨ ᠡᠭᠦᠳᠦᠯᠲᠡ ᠶᠢᠨ ᠦᠵᠡᠭᠦᠯᠭᠡ︾ ᠶᠢ ᠡᠷᠬᠢᠯᠡᠵᠦ᠂ ᠤᠯᠤᠰ ᠤᠨ ᠰᠤᠷᠲᠠᠯ ᠤᠨ ᠲᠥᠷᠥᠯ ᠤᠨ ᠰᠣᠳᠣᠨ ᠪᠦᠲᠦᠭᠡᠯ ᠤᠨ ᠦᠵᠡᠵᠦ ᠰᠣᠨᠣᠰᠬᠤ ᠠᠭᠤᠯᠭ᠎ᠠ ᠶᠢᠨ ᠡᠷᠬᠢᠨ ᠲᠣᠭᠤᠷᠢᠨ ᠤ ᠦᠢᠯᠡᠳᠬᠦᠨ ᠪᠠ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠵᠦ ᠰᠣᠨᠣᠰᠬᠤ ᠬᠦᠷᠢᠶᠡᠨ ᠳᠠᠬᠢ ᠣᠯᠠᠨ ᠡᠰᠢᠲᠦ ᠬᠠᠮᠲᠤᠷᠠᠯᠴᠠᠭ᠎ᠠ ᠶᠢ ᠥᠷᠭᠡᠳᠭᠡᠪᠡ ᠃ ᠰᠢᠷᠢᠰ ᠠᠵᠢᠯᠯᠠᠭ᠎ᠠ ᠶᠢᠨ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠡᠯ᠎ᠡ ᠤᠯᠤᠰ ᠤᠨ ᠳᠡᠯᠭᠡᠨ ᠦᠵᠡᠭᠦᠯᠭᠡ ᠶᠢᠨ ᠬᠤᠳᠠᠯᠳᠤᠭᠠᠴᠢᠨ ᠤ ᠠᠩᠬᠠᠷᠤᠯ ᠢ ᠥᠷᠭᠡᠨ ᠢᠶᠠᠷ ᠲᠠᠲᠠᠵᠤ ᠢᠳᠡᠪᠬᠢᠲᠡᠶ ᠣᠷᠣᠯᠴᠠᠵᠠᠭᠠᠪᠠ ᠃  ᠹᠷᠠᠨᠼᠢ  ᠶᠢᠨ ᠨᠠᠮᠤᠷ ᠤᠨ ᠤᠯᠠᠷᠢᠯ ᠤᠨ ᠭᠠᠨᠠ ᠶᠢᠨ ᠲᠧᠯᠸᠢᠰ ᠤᠨ ᠪᠠᠶᠠᠷ ᠪᠣᠯ ᠪᠦᠬᠦ ᠪᠥᠮᠪᠥᠷᠴᠡᠭ ᠲᠤ ᠬᠡᠪᠴᠢᠶᠡᠵᠢᠯ ᠢᠶᠠᠷ ᠬᠠᠮᠤᠭ ᠤᠨ ᠶᠡᠭᠡ ᠵᠤᠭ᠎ᠠ ᠴᠡᠩᠭᠡᠯ ᠤᠨ ᠠᠭᠤᠯᠭ᠎ᠠ ᠲᠠᠢ ᠵᠠᠬ᠎ᠠ ᠳᠡᠯᠭᠡᠭᠦᠷ ᠪᠠᠶᠢᠵᠤ ᠂ ᠵᠢᠯ ᠪᠦᠷᠢ ᠶᠢᠨ 10 ᠳ᠋ᠤᠭᠠᠷ ᠰᠠᠷ᠎ᠠ ᠳᠤ ᠹᠷᠠᠨᠼᠢ ᠶᠢᠨ ᠭᠠᠨᠠ ᠳᠤ ᠶᠠᠪᠤᠭᠳᠠᠳᠠᠭ ᠪᠦᠬᠦ ᠲᠦᠷᠦᠯ ᠬᠡᠯᠪᠡᠷᠢ ᠶᠢᠨ ᠦᠵᠡᠵᠦ ᠰᠣᠨᠣᠰᠬᠤ ᠠᠭᠤᠯᠭ᠎ᠠ ᠶᠢᠨ ᠦᠵᠡᠭᠦᠯᠭᠡ ᠶᠢᠨ ᠲᠠᠪᠴᠠᠩ ᠪᠣᠯᠤᠨ᠎ᠠ᠃ 2024 ᠣᠨ ᠤ ᠹᠷᠠᠨᠼᠢ ᠶᠢᠨ ᠨᠠᠮᠤᠷ ᠤᠨ ᠤᠯᠠᠷᠢᠯ ᠤᠨ ᠭᠠᠨᠠ ᠶᠢᠨ ᠲᠧᠯᠸᠢᠰ ᠤᠨ ᠨᠠᠶᠢᠷ ᠨᠢ 110 ᠭᠠᠷᠤᠢ ᠤᠯᠤᠰ ᠪᠠ ᠭᠠᠵᠠᠷ ᠣᠷᠣᠨ ᠤ 1400 ᠭᠠᠷᠤᠢ ᠠᠵᠢᠯ ᠲᠦᠷᠦᠯ ᠤᠨ ᠲᠡᠷᠢᠭᠦᠨ ᠤ ᠲᠠᠷᠬᠠᠭᠠᠯᠲᠠ ᠶᠢᠨ ᠺᠣᠮᠫᠠᠨᠢ ᠪᠠ ᠦᠢᠯᠡᠳᠬᠦ ᠺᠣᠮᠫᠠᠨᠢ ᠠᠴᠠ ᠢᠷᠡᠵᠡᠢ᠃ ︽ᠳᠣᠮᠲᠠᠲᠤ ᠤᠯᠤᠰ ᠤᠨ ᠬᠠᠮᠲᠣᠷᠠᠬᠰᠠᠨ ᠦᠵᠡᠭᠦᠯᠭᠡ ᠶᠢᠨ ᠲᠠᠪᠴᠠᠩ ︾ ᠨᠢ ᠡᠨᠡ ᠵᠢᠯ 21 ᠳ᠋ᠦ᠋ᠭᠡᠷ ᠣᠲᠠᠭ᠎ᠠ ᠪᠠᠨ ᠹᠷᠠᠨᠼᠢ ᠶᠢᠨ ᠨᠠᠮᠣᠷ ᠤᠨ ᠣᠯᠠᠷᠢᠯ ᠤᠨ ᠭᠠᠨᠠ ᠶᠢᠨ ᠲᠧᠯᠧᠢᠰ ᠴᠣᠬᠯᠠᠭᠠᠨ ᠳᠤ ᠣᠷᠤᠯᠴᠠᠵᠤ ᠪᠠᠶᠢᠨ᠎ᠠ ᠃  ᠹᠷᠠᠨᠼᠢ ᠶᠢᠨ ᠰᠣᠶᠣᠯ ᠤᠨ ᠶᠠᠮᠤᠨ ᠤ ᠤᠷᠢᠯᠭ᠎ᠠ ᠪᠠᠷ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠳᠠᠷᠤᠭ᠎ᠠ ᠼᠤᠤ ᠱᠤ᠋ ᠮᠢᠨ 2024 ᠣᠨ ᠤ 10 ᠳ᠋ᠤᠭᠠᠷ ᠰᠠᠷ᠎ᠠ ᠶᠢᠨ 17 ᠤ ᠡᠳᠦᠷ ᠠᠴᠠ 21 ᠤ ᠡᠳᠦᠷ ᠪᠣᠯᠲᠠᠯ᠎ᠠ ᠹᠷᠠᠨᠼᠢ ᠳᠤ ᠠᠶᠢᠯᠴᠢᠯᠠᠵᠤ᠂ ᠰᠣᠶᠣᠯ ᠤᠨ ᠶᠠᠮᠤᠨ ᠤ ᠰᠠᠶᠢᠳ ᠭᠠᠳᠠᠭᠠᠳᠤ ᠶᠠᠪᠤᠳᠠᠯ ᠤᠨ ᠵᠥᠪᠯᠡᠭᠴᠢ ᠷᠦᠪᠧᠯ᠂ ᠹᠷᠠᠨᠼᠢ ᠶᠢᠨ ᠤᠯᠤᠰ ᠤᠨ ᠺᠢᠨᠣ᠋ ᠪᠠ ᠺᠠᠷᠲ᠋ᠣᠨ ᠵᠢᠷᠤᠭ ᠤᠨ ᠲᠥᠪ ᠤᠨ ᠣᠷᠣᠯᠠᠭᠴᠢ ᠲᠡᠷᠢᠭᠦᠯᠡᠭᠴᠢ ᠣᠯᠢᠸᠢᠪᠧᠯ • ᠾᠧᠩᠷᠠᠷ᠂ ᠹᠷᠠᠨᠼᠢ ᠶᠢᠨ ᠦᠵᠡᠵᠦ ᠰᠣᠨᠣᠰᠬᠤ ᠪᠠ ᠲᠣᠭᠠᠵᠢᠭᠤᠯᠤᠭᠰᠠᠨ ᠴᠢᠮᠡᠭᠡ ᠬᠤᠯᠪᠣᠭᠠᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠯᠡᠯ ᠤᠨ ᠭᠡᠰᠢᠭᠦᠨ ᠵᠦᠷᠢᠲ • ᠲᠠᠶᠢᠷ᠂ Canal + ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠠᠬᠠᠯᠠᠭᠴᠢ ᠭᠦᠢᠴᠡᠳᠭᠡᠭᠴᠢ ᠲᠤᠰᠢᠶᠠᠯᠲᠠᠨ ᠮᠠᠺᠰᠢᠮ • ᠰᠠᠲᠠ ᠨᠠᠷ ᠲᠠᠢ ᠠᠵᠢᠯ ᠤᠨ ᠬᠡᠯᠡᠯᠴᠡᠭᠡ ᠬᠢᠵᠦ᠂ ᠶᠡᠷᠦᠩᠬᠡᠢ ᠲᠣᠪᠴᠢᠶ᠎ᠠ ᠹᠷᠠᠨᠼᠢ ᠶᠢᠨ ᠤᠯᠤᠰ ᠤᠨ ᠺᠢᠨᠣ᠋ ᠪᠠ ᠺᠠᠷᠲ᠋ᠣᠨ ᠵᠢᠷᠤᠭ ᠤᠨ ᠲᠥᠪ ᠯᠦᠭᠡ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠠᠶᠢᠯᠴᠢᠯᠠᠯᠲᠠ ᠶᠢᠨ ᠬᠤᠭᠤᠴᠠᠭᠠᠨ ᠳᠤ᠂ ︽ ᠳᠣᠷᠣᠨᠠᠳᠠᠬᠢᠨ ᠥᠷᠥᠨᠡᠳᠠᠬᠢᠨ ᠤ ᠣᠶᠤᠨ ᠪᠢᠯᠢᠭ ᠤᠨ ᠡᠶ᠎ᠡ ᠨᠠᠶᠢᠷᠠᠮᠳᠠᠯ ᠤᠨ ᠰᠠᠶᠢᠬᠠᠨ ︾ ᠬᠡᠮᠡᠬᠦ ᠰᠤᠶᠤᠯ ᠤᠨ ᠰᠠᠯᠤᠨ ᠪᠠ ︽ᠣᠶᠤᠨᠲᠤ ᠳᠤᠮᠳᠠᠳᠤ ᠤᠯᠤᠰ ᠠᠶᠠᠯᠠᠯ ᠤᠨ ᠳᠤᠮᠳᠠᠳᠤ ᠤᠯᠤᠰ ︾ ᠤᠨ ᠹᠷᠠᠨᠼᠢ ᠬᠡᠯᠡᠨ ᠤ ᠬᠡᠪᠯᠡᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ