| | | | ᠵᠢᠶᠠᠩᠰᠦ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠦᠷᠦᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠣᠨᠴᠠᠭᠠᠶᠢᠯᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠠᠵᠢᠯ᠂ ᠷᠠᠳᠢᠣ᠋ ᠲᠧᠯᠸᠢᠰ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠵᠢᠶᠠᠩᠰᠦ ᠷᠠᠳᠢᠣ᠋ ᠲᠧᠯᠸᠢᠰ ᠤᠨ ᠰᠢᠨ᠎ᠡ ᠦᠢᠯᠡᠳᠦᠯᠭᠡ ᠶᠢ ᠯᠠᠪᠳᠠᠭᠤᠨ | ᠪᠠᠲᠤᠲᠠᠢ ᠠᠬᠢᠭᠤᠯᠵᠤ᠂ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ | ᠴᠠᠭ ᠦᠶ᠎ᠡ ᠶᠢᠨ ᠬᠦᠴᠦᠲᠦ ᠳᠠᠭᠤᠨ ᠢ ᠦᠷᠭᠦᠯᠵᠢᠯᠡᠨ ᠴᠤᠤᠷᠢᠶᠠᠳᠤᠭᠤᠯᠪᠠ | ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭᠠᠨ ᠤ ᠤᠬᠠᠭᠤᠯᠭ᠎ᠠ ᠶᠢ | ᠭᠦᠨᠵᠡᠭᠡᠢ ᠥᠷᠨᠢᠭᠦᠯᠵᠦ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠤᠬᠠᠭᠤᠯᠭ᠎ᠠ ᠶᠢ ᠴᠠᠭ ᠲᠤ ᠨᠢ ᠲᠤᠬᠢᠷᠠᠭᠤᠯᠤᠨ ᠥᠷᠨᠢᠭᠦᠯᠵᠦ᠂ ᠪᠦᠬᠦ | ᠤᠯᠤᠰ ᠤᠨ ᠪᠦᠬᠦ ᠮᠤᠵᠢ ᠶᠢᠨ ᠬᠤᠶᠠᠷ ᠬᠤᠷᠠᠯ ᠪᠣᠯᠤᠨ ᠭᠤᠣᠯ ᠰᠡᠳᠦᠪᠲᠦ ᠬᠥᠮᠦᠵᠢᠯ ᠵᠡᠷᠭᠡ ᠴᠢᠬᠤᠯᠠ ᠬᠤᠷᠠᠯ ᠤᠨ ᠠᠵᠢᠯᠯᠠᠭ᠎ᠠ ᠶᠢᠨ ᠤᠬᠠᠭᠤᠯᠭ᠎ᠠ ᠶᠢ ᠬᠠᠮᠵᠢᠯᠴᠠᠨ | ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠢᠶᠠᠩᠰᠦ ᠶᠢᠨ ᠰᠢᠨ᠎ᠡ ᠦᠢᠯᠡᠳᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠯᠳᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠪᠣᠯᠤᠨ ᠢᠲᠡᠭᠡᠯ ᠢᠶᠠᠨ ᠪᠠᠲᠤᠳᠬᠠᠵᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠤᠬᠠᠭᠤᠯᠭ᠎ᠠ ᠶᠢ | ᠴᠢᠩᠭᠠᠳᠬᠠᠬᠤ ᠬᠡᠷᠡᠭᠲᠡᠢ᠃ ᠪᠥᠬᠦ ᠵᠢᠯ ᠳᠤ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠶᠢᠨ ᠲᠣᠭᠤᠷᠢᠨ ᠳᠤ 470 ᠭᠠᠷᠤᠢ ᠲᠤᠰᠬᠠᠶ ᠰᠡᠳᠦᠪᠲᠦ ᠲᠤᠰᠬᠠᠶ | ᠪᠤᠯᠤᠩ ᠭᠠᠷᠭᠠᠵᠤ᠂ ᠲᠣᠮᠣ ᠬᠡᠯᠪᠡᠷᠢ ᠶᠢᠨ ᠲᠥᠬᠦᠮ ᠣᠨᠣᠯ ᠤᠨ ᠲᠧᠯᠸᠢᠰ ᠤᠨ ᠫᠷᠤᠭ᠍ᠷᠠᠮ ︽ᠣᠶᠣᠨᠲᠤ ᠳᠤᠮᠳᠠᠳᠤ ᠤᠯᠤᠰ ᠠᠶᠠᠯᠠᠯ ᠤᠨ ᠳᠤᠮᠳᠠᠳᠤ ᠤᠯᠤᠰ︾ ᠨᠢ | ᠬᠠᠯᠠᠮᠰᠢᠯ ᠤᠨ ᠬᠡᠮᠵᠢᠶᠡᠨ ᠤ ᠬᠤᠤᠰ ᠡᠯᠪᠡᠭ ᠬᠤᠷᠢᠶᠠᠯᠲᠠ ᠲᠠᠢ ᠪᠣᠯᠵᠣ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠬᠠᠷᠢᠭᠤᠯᠤᠨ ᠡᠷᠡᠯᠬᠡᠭᠯᠡᠨ | ᠤᠷᠤᠭᠰᠢᠯᠠᠵᠤ ᠡᠮᠦᠨ᠎ᠡ ᠡᠩᠨᠡᠭᠡᠨ ᠳᠤ ᠶᠠᠪᠤᠬᠤ︾ ᠵᠡᠷᠭᠡ ᠰᠢᠷᠢᠰ ᠬᠠᠮ ᠵᠠᠭᠤᠴᠢᠯᠠᠭᠤᠷ ᠤᠨ ᠰᠣᠨᠢᠨ ᠮᠡᠳᠡᠭᠡᠨ ᠤ ᠠᠵᠢᠯᠯᠠᠭ᠎ᠠ ᠨᠢ ᠴᠠᠭ ᠦᠶ᠎ᠡ ᠶᠢᠨ ᠬᠦᠴᠦᠲᠦ | ᠳᠠᠭᠤᠨ ᠢ ᠦᠷᠭᠦᠯᠵᠢᠯᠡᠨ ᠴᠤᠤᠷᠢᠶᠠᠲᠤᠭᠤᠯᠵᠤ᠂ ︽ᠬᠠᠮᠤᠭ ᠤᠨ ᠬᠥᠭᠡᠷᠦᠬᠦᠨ ᠬᠥᠮᠦᠨ ᠢ ᠡᠷᠢᠯᠬᠢᠯᠡᠶ᠎ᠡ︾ ︽ᠬᠡᠷ ᠣᠷᠣᠨ ᠤ ᠪᠠᠨ ᠲᠦᠯᠦᠭᠡ︾ ᠵᠡᠷᠭᠡ 2 ᠰᠣᠨᠢᠨ | ᠮᠡᠳᠡᠭᠡᠨ ᠤ ᠪᠦᠲᠦᠭᠡᠯ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠲᠧᠯᠸᠢᠰ ᠤᠨ ᠰᠣᠨᠢᠨ ᠮᠡᠳᠡᠭᠡᠨ ᠳᠤ ᠰᠢᠯᠢᠳᠡᠭ ᠢᠶᠠᠷ ᠲᠠᠨᠢᠯᠴᠠᠭᠤᠯᠤᠭᠳᠠᠵᠤ᠂ | ᠨᠢᠭᠡ ᠪᠦᠯᠦᠭ ᠰᠢᠯᠢᠳᠡᠭ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠪᠠ ᠰᠦᠯᠵᠢᠶᠡᠨ ᠤ ᠲᠠᠪᠴᠠᠩ ᠳᠤ | ᠦᠷᠭᠦᠯᠵᠢᠯᠡᠨ ᠳᠡᠯᠭᠡᠨ ᠨᠡᠪᠲᠡᠷᠡᠭᠦᠯᠬᠦ ᠪᠣᠯᠣᠨ᠎ᠠ᠃ | ᠰᠣᠳᠣᠨ ᠪᠦᠲᠦᠭᠡᠯ ᠲᠠᠰᠤᠷᠠᠯᠲᠠ ᠦᠭᠡᠢ ᠢᠯᠡᠷᠡᠪᠡ | ︽︿ᠭᠤᠴᠣ ᠰᠠᠶᠢᠬᠠᠨ ᠵᠢᠶᠠᠩᠰᠦ﹀ ᠲᠧᠯᠸᠢᠰ ᠵᠦᠴᠦᠭᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 — 2025︶︾ ᠶᠢ | ᠲᠣᠭᠲᠠᠭᠠᠨ ᠬᠡᠷᠡᠭᠵᠢᠭᠦᠯᠵᠦ᠂ ᠨᠢᠭᠡᠳᠦᠭᠡᠷ ᠪᠦᠯᠦᠭ 10 ᠭᠤᠤᠯᠳᠠᠯᠭ᠎ᠠ ᠲᠠᠢ ᠲᠧᠯᠸᠢᠰ ᠵᠦᠴᠦᠭᠡ ᠶᠢᠨ ᠰᠡᠳᠦᠪ ᠰᠣᠩᠭᠤᠭᠰᠠᠨ ᠵᠦᠴᠦᠭᠡ ᠶᠢᠨ ᠭᠠᠷᠴᠠᠭ ᠢ | ᠨᠡᠶᠢᠲᠡᠯᠡᠵᠦ᠂ ︽ᠤᠮᠠᠷᠠᠰᠢ ᠮᠣᠷᠳᠠᠬᠤ︾ ᠵᠡᠷᠭᠡ 14 ᠲᠧᠯᠸᠢᠰ ᠵᠦᠴᠦᠭᠡ ᠶᠢ ᠰᠡᠭᠦᠳᠡᠷᠯᠡᠨ ᠦᠢᠯᠡᠳᠴᠦ᠂ ︽ᠭᠤᠤᠯ ᠮᠥᠷᠡᠨ ᠳᠡᠭᠡᠷᠡᠬᠢ︾ ᠵᠡᠷᠭᠡ 11 ᠲᠧᠯᠸᠢᠰ | ᠵᠦᠴᠦᠭᠡ ᠶᠢᠨ ᠲᠠᠷᠬᠠᠭᠠᠬᠤ ᠶᠢ ᠵᠥᠪᠰᠢᠶᠡᠷᠡᠵᠦ᠂ ︽ᠥᠩᠭᠡᠷᠡᠭᠰᠡᠨ ᠤ ᠪᠠᠭᠠᠴᠤᠳ︾ ︽ᠲᠡᠷᠡ ᠬᠡᠷᠡᠯ ᠤᠨ ᠳᠣᠲᠣᠷ᠎ᠠ ᠠᠴᠠ ᠭᠠᠷᠴᠤ ᠢᠷᠡᠭᠰᠡᠨ︾ ᠵᠡᠷᠭᠡ 7 | ᠲᠧᠯᠸᠢᠰ ᠵᠦᠴᠦᠭᠡ ᠶᠢ ᠶᠡᠷᠦᠩᠬᠡᠶ ᠲᠧᠯᠸᠢᠰ ᠬᠤᠷᠢᠶ᠎ᠠ᠂ ᠣᠳᠣᠨ ᠲᠧᠯᠸᠢᠰ ᠪᠠ ᠬᠤᠰᠢᠭᠤᠴᠢ ᠰᠦᠯᠵᠢᠶᠡᠨ ᠲᠠᠪᠴᠠᠩ ᠳᠤ ᠨᠡᠪᠲᠡᠷᠡᠭᠦᠯᠪᠡ᠃ ᠭᠤᠣᠯᠳᠠᠯᠭ᠎ᠠ ᠲᠠᠢ | ᠬᠡᠦᠬᠡᠯᠳᠡᠢ ᠺᠢᠨᠤ᠋ ᠶᠢᠨ 11 ᠲᠥᠷᠥᠯ ᠵᠦᠢᠯ ᠢ ᠨᠡᠶᠢᠲᠡᠯᠡᠵᠦ᠂ 41 ᠲᠧᠯᠸᠢᠰ ᠬᠡᠦᠬᠡᠯᠳᠡᠢ ᠺᠢᠨᠤ᠋ ᠶᠢᠨ ᠲᠥᠷᠥᠯ ᠵᠦᠢᠯ ᠢ ᠬᠢᠨᠠᠨ ᠪᠠᠶᠢᠴᠠᠭᠠᠨ᠂ ︽ᠳ᠋ᠠ ᠸᠠᠩ ᠤᠨ | ᠡᠳᠦᠷ ᠤᠨ ᠲᠡᠮᠳᠡᠭᠯᠡᠯ︾ ᠵᠡᠷᠭᠡ 7 ᠬᠡᠦᠬᠡᠯᠳᠡᠢ ᠺᠢᠨᠣ᠋ ᠶᠢ ᠶᠡᠷᠦᠩᠬᠡᠢ ᠬᠤᠷᠢᠶᠠᠨ ᠤ ᠲᠥᠪ ᠲᠧᠯᠸᠢᠰ ᠤᠨ ᠰᠤᠪᠠᠭ ᠢᠶᠠᠷ ᠨᠡᠪᠲᠡᠷᠡᠭᠦᠯᠵᠦ᠂ ︽ᠲᠣᠮᠣ ᠬᠥᠯᠲᠦ ᠠᠪᠤᠷᠭᠤ | ᠭᠦᠷᠪᠡᠯ ᠤᠨ ᠤᠳᠤᠮ ᠤᠭᠰᠠᠭ᠎ᠠ ︵ᠨᠢᠭᠡᠳᠦᠭᠡᠷ ᠤᠯᠠᠷᠢᠯ︶︾ ᠵᠡᠷᠭᠡ 3 ᠪᠦᠲᠦᠭᠡᠯ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠳᠤ ᠤᠯᠤᠰ ᠲᠤ ᠪᠠᠨ | ᠦᠢᠯᠡᠳᠪᠦᠷᠢᠯᠡᠭᠰᠡᠨ ᠬᠡᠦᠬᠡᠯᠳᠡᠢ ᠺᠢᠨᠣ᠋ ᠶᠢᠨ ᠰᠢᠯᠢᠳᠡᠭ ᠺᠢᠨᠣ᠋ ᠪᠠᠷ ᠦᠨᠡᠯᠡᠭᠳᠡᠪᠡ᠃ ᠭᠤᠣᠯᠳᠠᠯᠭ᠎ᠠ ᠲᠠᠢ ᠪᠠᠷᠢᠮᠲᠠᠲᠤ ᠹᠢᠯᠢᠮ ᠤᠨ ᠲᠦᠷᠦᠯ ᠵᠦᠢᠯ ᠢ 6 ᠨᠡᠶᠢᠲᠡᠯᠡᠵᠦ᠂ ︽ | ᠴᠧᠩ ᠺᠠᠢ ᠵᠢᠶᠠ︾᠂ ︽ᠣᠯᠠᠨ ᠳᠠᠷᠪᠠᠭᠤᠯ ᠤᠨ ᠳᠣᠣᠷ᠎ᠠ︾ ᠵᠡᠷᠭᠡ 22 ᠪᠠᠷᠢᠮᠲᠠᠲᠤ ᠹᠢᠯᠢᠮ ᠢ ᠶᠡᠷᠦᠩᠬᠡᠢ ᠲᠧᠯᠸᠢᠰ ᠬᠤᠷᠢᠶᠠᠨ ᠤ ᠲᠥᠪ ᠲᠧᠯᠸᠢᠰ ᠤᠨ | ᠰᠤᠪᠠᠭ ᠲᠤ ᠨᠡᠪᠲᠡᠷᠡᠭᠦᠯᠵᠦ᠂ ︽ᠴᠧᠩ ᠺᠠᠢ ᠵᠢᠶᠠ︾᠂ ︽ᠬᠦᠮᠦᠨ ᠤ ᠠᠮᠢᠳᠤᠷᠠᠯ︾᠂ ︽ᠢᠷᠡᠬᠦ ᠭᠠᠵᠠᠷ᠂ ᠪᠠᠰᠠ ᠴᠦ ᠪᠤᠴᠠᠬᠤ ᠵᠠᠮ︾ ᠵᠡᠷᠭᠡ 3 ᠪᠦᠲᠦᠭᠡᠯ ᠨᠢ | ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠳᠤ ᠰᠢᠯᠢᠳᠡᠭ ᠤᠯᠤᠰ ᠲᠤ ᠪᠠᠨ ᠦᠢᠯᠡᠳᠪᠦᠷᠢᠯᠡᠭᠰᠡᠨ ᠪᠠᠷᠢᠮᠲᠠᠲᠤ ᠺᠢᠨᠣ᠋ ᠶᠢᠨ ᠲᠠᠨᠢᠯᠴᠠᠭᠤᠯᠭ᠎ᠠ ᠪᠠᠷ ᠦᠨᠡᠯᠡᠭᠳᠡᠪᠡ᠃ | 10 ᠪᠦᠯᠦᠭ ᠭᠤᠣᠯᠳᠠᠯᠭ᠎ᠠ ᠲᠠᠢ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠲᠥᠷᠥᠯ ᠵᠦᠢᠯ ᠢ ᠨᠡᠶᠢᠲᠡᠯᠡᠵᠦ᠂ 26 ᠪᠦᠯᠦᠭ ᠰᠦᠯᠵᠢᠶᠡᠨ ᠵᠦᠴᠦᠭᠡ ᠶᠢᠨ | ᠹᠢᠯᠢᠮ ᠢ ᠲᠦᠷᠦᠭᠦᠤ ᠬᠡᠰᠡᠭ ᠤᠨ ᠰᠦᠯᠵᠢᠶᠡᠨ ᠤ ᠲᠠᠪᠴᠠᠩ ᠳᠤ ᠨᠡᠪᠲᠡᠷᠡᠭᠦᠯᠵᠦ᠂ 6 ᠪᠦᠲᠦᠭᠡᠯ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠨᠡᠶᠢᠭᠡᠮ | ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠰᠦᠯᠵᠢᠶᠡᠨ ᠤ ᠦᠵᠡᠵᠦ | ᠰᠣᠨᠣᠰᠬᠤ ᠰᠢᠯᠢᠳᠡᠭ ᠫᠷᠤᠭ᠍ᠷᠠᠮ ᠳᠤ ᠰᠣᠩᠭᠤᠭᠳᠠᠪᠠ᠃ ︽ᠪᠢ ᠠᠷᠠᠯ ᠳᠡᠭᠡᠷ᠎ᠡ ᠪᠢᠴᠢᠭ ᠦᠵᠡᠵᠦ ᠪᠠᠶᠢᠨ᠎ᠠ ︵ᠬᠤᠶᠠᠳᠤᠭᠠᠷ ᠤᠯᠠᠷᠢᠯ︶︾᠂ ︽ᠲᠠᠨ ᠤ ᠮᠡᠳᠡᠬᠦ | ᠦᠭᠡᠢ ᠵᠢᠶᠠᠩᠰᠦ︾ ᠵᠡᠷᠭᠡ 7 ᠫᠷᠤᠭ᠍ᠷᠠᠮ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠲᠧᠯᠸᠢᠰ ᠤᠨ ᠨᠡᠪᠲᠡᠷᠡᠭᠦᠯᠭᠡ ᠳᠤ ᠰᠢᠯᠢᠳᠡᠭ ᠢᠶᠠᠷ | ᠲᠠᠨᠢᠯᠴᠠᠭᠤᠯᠤᠭᠳᠠᠪᠠ᠃ | ᠷᠠᠳᠢᠣ᠋ ᠲᠧᠯᠸᠢᠰ ᠢᠶᠠᠷ ᠠᠷᠠᠳ ᠲᠤ ᠠᠰᠢᠭ ᠬᠦᠷᠲᠡᠭᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ | ᠵᠢᠯ ᠳᠤ ᠣᠶᠣᠨᠲᠤ ᠷᠠᠳᠢᠣ᠋ ᠲᠧᠯᠸᠢᠰ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢ 294 ᠰᠢᠨ᠎ᠡ ᠪᠠᠷ ᠪᠠᠶᠢᠭᠤᠯᠤᠨ ᠳᠠᠭᠤᠰᠬᠠᠵᠤ᠂ ᠨᠡᠶᠢᠲᠡ | 694 ᠶᠢ ᠪᠠᠶᠢᠭᠤᠯᠤᠨ ᠪᠦᠲᠦᠭᠡᠵᠦ᠂ 30 ᠲᠣᠭᠤᠷᠢᠭ ᠰᠢᠶᠠᠨ ᠢ ᠪᠦᠬᠦᠨ ᠢ ᠪᠦᠷᠬᠦᠭᠦᠯᠪᠡ᠃ 23.99 ᠲᠦᠮᠡᠨ ᠡᠷᠦᠬᠡ ᠠᠵᠤ ᠠᠬᠤᠶ ᠪᠠᠭᠤᠷᠠᠶ ᠭᠠᠵᠠᠷ | ᠣᠷᠣᠨ ᠤ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠤᠲᠠᠰᠤᠲᠤ ᠲᠧᠯᠸᠢᠰ ᠢ ᠬᠦᠯᠢᠶᠡᠨ ᠠᠪᠴᠤ ᠦᠵᠡᠬᠦ ᠳᠤ ᠨᠥᠬᠦᠪᠥᠷᠢ | ᠣᠯᠭᠤᠪᠠ᠃ ᠵᠢᠶᠠᠩᠰᠦ ᠶᠢᠨ ᠤᠲᠠᠰᠤᠲᠤ ᠪᠠ IPTV ᠲᠠᠰ ᠳᠡᠪᠰᠢᠭᠦᠯᠦᠭᠰᠡᠨ ᠲᠧᠯᠸᠢᠰ ᠤᠨ ᠳᠠᠪᠲᠠᠮᠵᠢ ᠬᠤᠷᠢᠶᠠᠭᠤᠷ ᠢ 1320 ᠲᠦᠮᠡᠨ ᠰᠠᠤᠷᠢ ᠠᠬᠢᠭᠤᠯᠵᠤ᠂ | ︽ ᠲᠧᠯᠸᠢᠰ ᠨᠡᠬᠡᠬᠡᠵᠦ ᠲᠥᠪ ᠲᠧᠯᠸᠢᠰ ᠤᠨ ᠨᠢᠭᠡ ᠢᠵᠢ ᠶᠢ ᠦᠵᠡᠬᠦ᠂ ᠰᠦᠢᠳᠬᠡᠯ ᠬᠤᠷᠢᠶᠠᠬᠤ ᠪᠣᠭᠤᠳᠠᠯ ᠢ 50% ᠪᠠᠷ ᠪᠠᠭᠠᠰᠬᠠᠬᠤ᠂ ᠬᠡᠷᠡᠭᠯᠡᠭᠡ ᠶᠢᠨ ᠢᠯᠡ | ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ︾ ᠣᠨ ᠤ ᠬᠠᠷᠠᠯᠲᠠ ᠶᠢ ᠪᠡᠶᠡᠯᠡᠭᠦᠯᠪᠡ ᠃ ᠰᠢᠶᠠᠨ ᠤ ᠬᠠᠮ ᠨᠡᠪᠲᠡᠷᠡᠭᠦᠯᠭᠡ 46 ᠨᠡᠪᠲᠡᠷᠡᠭᠦᠯᠭᠡ ᠶᠢ ᠠᠬᠢᠭᠤᠯᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠷᠠᠳᠢᠣ᠋ ᠲᠧᠯᠸᠢᠰ ᠤᠨ ᠫᠷᠤᠭ᠍ᠷᠠᠮ ᠢ 20.18 ᠲᠦᠮᠡᠨ ᠮᠢᠨᠦ᠋ᠲ ᠲᠤ ᠰᠢᠨ᠎ᠡ ᠪᠠᠷ ᠬᠤᠷᠠᠮᠳᠤᠭᠤᠯᠵᠤ᠂ ᠠᠳᠠᠯᠢ | ᠬᠤᠭᠤᠴᠠᠭᠠᠨ ᠤ ᠬᠢ ᠠᠴᠠ 21.5% ᠪᠠᠷ ᠨᠡᠮᠡᠭᠳᠡᠪᠡ ᠂ ᠤᠯᠤᠰ ᠲᠤ ᠪᠠᠨ ᠦᠢᠯᠡᠳᠪᠦᠷᠢᠯᠡᠭᠰᠡᠨ 35 ᠰᠢᠯᠢᠳᠡᠭ ᠪᠠᠷᠢᠮᠲᠠᠲᠤ ᠺᠢᠨᠣ᠋ ᠨᠡᠪᠲᠡᠷᠡᠭᠦᠯᠬᠦ ᠡᠷᠬᠡ ᠶᠢ | ᠰᠢᠶᠠᠨ ᠤ ᠱᠠᠲᠤᠨ ᠤ ᠬᠠᠮᠲᠤ ᠪᠠᠷ ᠬᠦᠷᠲᠡᠬᠦ ᠲᠠᠪᠴᠠᠩ ᠳᠤ ᠣᠷᠣᠭᠤᠯᠪᠠ᠃ ᠰᠢᠶᠠᠨ ᠤ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠲᠧᠯᠸᠢᠰ ᠤᠨ ᠰᠤᠪᠠᠭ ᠢ | ᠳᠡᠭᠡᠳᠦ ᠬᠡᠮᠵᠢᠶᠡᠨ ᠤ ᠲᠤᠳᠤᠷᠠᠴᠠᠲᠤᠵᠢᠭᠤᠯᠬᠤ ᠶᠢ ᠶᠡᠭᠡ ᠪᠠᠷ ᠲᠦᠯᠬᠢᠨ ᠠᠬᠢᠭᠤᠯᠵᠤ᠂ ᠪᠡᠶᠡᠯᠡᠭᠦᠯᠦᠭᠰᠡᠨ ᠨᠣᠷᠮ᠎ᠠ ᠶᠢ 23% ᠪᠠᠶᠢᠭᠰᠠᠨ ᠠᠴᠠ 80% ᠪᠣᠯᠲᠠᠯ᠎ᠠ | ᠳᠡᠭᠡᠭᠰᠢᠯᠡᠭᠦᠯᠵᠦ᠂ ᠪᠦᠬᠦ ᠤᠯᠤᠰ ᠠᠴᠠ 28 ᠵᠠᠭᠤᠨ ᠤ ᠴᠡᠭ ᠥᠨᠳᠦᠷᠵᠢᠪᠡ ᠃ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠷᠠᠳᠢᠣ᠋ | ᠨᠡᠪᠲᠡᠷᠡᠭᠦᠯᠭᠡ ᠶᠢᠨ ᠰᠢᠰᠲ᠋ᠧᠮ ᠢ ᠪᠠᠶᠢᠭᠤᠯᠵᠤ᠂ ᠦᠵᠦᠭᠦᠷ ᠢ ᠤᠷᠲᠤᠳᠬᠠᠨ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠢᠭ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠪᠡ ᠃ ᠪᠦᠬᠦ ᠤᠯᠤᠰ ᠲᠤ ᠭᠠᠵᠠᠷ ᠳᠡᠭᠡᠷᠡᠬᠢ ᠲᠣᠭᠠᠵᠢᠭᠤᠯᠤᠭᠰᠠᠨ ᠲᠧᠯᠸᠢᠰ ᠤᠨ 700 ᠮᠧᠭ᠎ᠠ ᠾᠧᠷᠼ ᠳᠠᠪᠲᠠᠮᠵᠢ ᠪᠠᠷ ᠰᠢᠯᠵᠢᠭᠦᠯᠬᠦ ᠲᠦᠷᠦᠯ ᠵᠦᠢᠯ ᠢ | ᠪᠡᠶᠡᠯᠡᠭᠦᠯᠪᠡ ᠃ | ᠵᠠᠭᠤᠴᠢᠯᠠᠭᠤᠷ ᠤᠨ ᠠᠭᠤᠰᠤᠯᠴᠠᠯ ᠢ ᠭᠦᠨᠵᠡᠭᠡᠢ ᠠᠬᠢᠭᠤᠯᠪᠠ | ᠵᠢᠶᠠᠩᠰᠦ ᠰᠤᠪᠠᠭ ︽ᠯᠢ ᡁᠢ ᠰᠣᠨᠢᠨ ᠮᠡᠳᠡᠭᠡ︾ ᠶᠢᠨ ᠬᠡᠷᠡᠭᠯᠡᠭᠴᠢ ᠶᠢᠨ ᠦᠵᠦᠭᠦᠷ ᠤᠨ ᠥᠭᠡᠷᠡᠴᠢᠯᠡᠯ ᠤᠨ ᠬᠡᠪᠯᠡᠯ ᠢ ᠰᠦᠯᠵᠢᠶᠡᠨ ᠳᠡᠭᠡᠷ᠎ᠡ ᠭᠠᠷᠭᠠᠪᠠ᠃ | ᠰᠦᠵᠧᠦ ᠰᠤᠪᠠᠭ ︽ᠰᠦᠵᠸᠦ ᠢᠷᠡᠯ᠎ᠡ︾ ᠬᠡᠷᠡᠭᠯᠡᠭᠴᠢ ᠶᠢᠨ ᠦᠵᠦᠭᠦᠷ ᠢ ᠲᠤᠬᠠᠶ ᠶᠢᠨ ᠭᠠᠵᠠᠷ ᠤᠨ ᠬᠤᠲᠠ ᠶᠢᠨ ᠠᠮᠢᠳᠤᠷᠠᠯ ᠤᠨ ᠦᠢᠯᠡᠴᠢᠯᠡᠭᠡᠨ ᠤ ᠶᠡᠷᠦᠩᠬᠡᠶ | ᠣᠷᠣᠴᠠ ᠪᠣᠯᠭᠠᠵᠤ᠂ ᠨᠡᠶᠢᠲᠡ ᠪᠠᠭᠤᠯᠭᠠᠭᠰᠠᠨ ᠬᠡᠷᠡᠭᠯᠡᠭᠴᠢ ᠲᠤᠰ ᠲᠤᠰ 5000 ᠲᠦᠮᠡ ᠪᠠ 2200 ᠲᠦᠮᠡ ᠶᠢ ᠳᠠᠪᠠᠵᠠᠶ᠃ 5 ᠨᠢᠭᠡᠴᠢ ᠪᠣᠯᠤᠨ ᠲᠥᠷᠥᠯ | ᠵᠦᠢᠯ ᠨᠢ ᠪᠦᠬᠦ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠵᠤ᠂ ᠰᠣᠩᠭᠤᠭᠳᠠᠭᠰᠠᠨ | ᠲᠤᠭ᠎ᠠ ᠬᠡᠮᠵᠢᠶ᠎ᠡ ᠨᠢ ᠲᠠᠪᠤᠨ ᠵᠢᠯ ᠳᠠᠷᠠᠭᠠᠯᠠᠨ ᠪᠥᠬᠦ ᠤᠯᠤᠰ ᠲᠤ ᠲᠡᠷᠢᠭᠦᠯᠡᠪᠡ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠷᠠᠳᠢᠣ᠋ ᠲᠧᠯᠸᠢᠰ ᠤᠨ | ᠵᠠᠭᠤᠴᠢᠯᠠᠭᠤᠷ ᠤᠨ ᠠᠭᠤᠰᠤᠯᠴᠠᠯ ᠤᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠤᠨ ᠡᠷᠭᠢᠯᠡᠵᠦ᠂ | ᠰᠣᠩᠭᠤᠭᠳᠠᠭᠰᠠᠨ ᠲᠥᠷᠥᠯ ᠵᠦᠢᠯ ᠤᠨ ᠲᠤᠭ᠎ᠠ ᠨᠢ ᠭᠤᠷᠪᠠᠨ ᠵᠢᠯ ᠳᠠᠷᠠᠭᠠᠯᠠᠨ ᠭᠤᠷᠪᠠᠨ ᠮᠤᠵᠢ ᠨᠢᠭᠡ ᠬᠤᠲᠠ ᠳᠤ ᠲᠡᠷᠢᠭᠦᠯᠡᠪᠡ︔ ︽ᠰᠢᠨ᠎ᠡ ᠠᠶᠠᠨ • ᠰᠢᠨ᠎ᠡ | ᠨᠠᠷᠠᠲᠤ ᠲᠡᠮᠳᠡᠭᠲᠦ︾ ᠵᠢᠶᠠᠩᠰᠦ ᠮᠤᠵᠢ ᠶᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠨᠠᠷᠠᠲᠤ ᠲᠥᠷᠥᠯ ᠲᠡᠮᠳᠡᠭᠲᠦ ᠶᠢ ᠴᠤᠭᠯᠠᠭᠤᠯᠬᠤ ᠪᠠ ᠬᠠᠮ | ᠵᠠᠭᠤᠴᠢᠯᠠᠭᠤᠷ ᠤᠨ ᠰᠣᠯᠢᠯᠴᠠᠭ᠎ᠠ ᠬᠢᠵᠦ ᠬᠠᠷᠢᠯᠴᠠᠨ ᠲᠣᠯᠢ ᠪᠣᠯᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠡᠯᠳᠦᠯ ᠢ ᠪᠠᠳᠠᠷᠠᠭᠤᠯᠪᠠ᠃ ᠪᠦᠬᠦ ᠮᠤᠵᠢ ᠶᠢᠨ ᠠᠩᠬᠠᠳᠠᠭᠴᠢ ᠪᠦᠯᠦᠭ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠦᠵᠡᠬᠦ | ᠰᠣᠨᠣᠰᠬᠤ ᠵᠥᠪᠰᠢᠶᠡᠷᠡᠯ ᠤᠨ ᠦᠨᠡᠮᠯᠡᠯ ᠢ ᠣᠯᠵᠤ᠂ ᠬᠦᠴᠦᠨ ᠲᠠᠢ ᠬᠤᠭᠤᠴᠠᠭ᠎ᠠ ᠨᠢ ᠲᠣᠯᠣᠭᠰᠠᠨ 32 ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠲᠤ | ᠲᠥᠪᠯᠡᠷᠡᠭᠦᠯᠦᠨ ᠦᠨᠡᠮᠯᠡᠯ ᠢ ᠦᠷᠭᠦᠯᠵᠢᠯᠡᠨ ᠭᠦᠢᠴᠡᠳᠬᠡᠬᠦ ᠠᠵᠢᠯ ᠢ ᠥᠷᠨᠢᠭᠦᠯᠪᠡ᠃ ᠮᠤᠵᠢ ᠶᠢᠨ ᠳᠣᠲᠣᠷᠠᠬᠢ 7 ᠨᠢᠭᠡᠴᠢ ᠶᠢ ᠲᠠᠨᠢᠯᠴᠠᠭᠤᠯᠤᠨ ᠪᠥᠬᠦ ᠤᠯᠤᠰ ᠤᠨ | ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠳᠤ ᠣᠷᠣᠯᠴᠠᠭᠤᠯᠵᠤ᠂ 112 ᠷᠠᠳᠢᠣ᠋ ᠲᠧᠯᠸᠢᠰ ᠤᠨ ᠬᠠᠷᠢᠶ᠎ᠠ ᠰᠢᠨ᠎ᠡ ᠵᠠᠭᠤᠴᠢᠯᠠᠭᠤᠷ ᠪᠠ | ᠲᠠᠪᠴᠠᠩ ᠤᠨ ᠲᠠᠩᠰᠠᠨ ᠨᠣᠮᠧᠷ ᠢ ᠪᠥᠬᠦ ᠮᠤᠵᠢ ᠶᠢᠨ ᠴᠢᠬᠤᠯᠠ ᠶᠡᠭᠡ ᠤᠬᠠᠭᠤᠯᠭ᠎ᠠ ᠶᠢᠨ ᠬᠠᠮᠵᠢᠯᠴᠠᠬᠤ ᠲᠣᠭᠲᠠᠴᠠ ᠳᠤ ᠣᠷᠣᠭᠤᠯᠪᠠ᠃ | ᠠᠵᠤ ᠦᠢᠯᠡᠰ ᠤᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠭᠡᠪᠡ | ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠪᠠᠭ ᠤᠨ ᠠᠭᠤᠯᠭ᠎ᠠ ᠶᠢᠨ ᠪᠠᠶᠢᠭᠤᠯᠤᠯᠲᠠ ᠶᠢ | ᠰᠢᠯᠢᠳᠡᠭᠵᠢᠭᠦᠯᠵᠦ᠂ ᠪᠦᠬᠦ ᠮᠤᠵᠢ ᠶᠢᠨ ᠲᠧᠯᠸᠢᠰ ᠤᠨ ᠰᠤᠪᠠᠭ ᠤᠨ ᠲᠤᠰᠬᠠᠶᠢᠵᠢᠭᠰᠠᠨ ᠪᠠᠶᠢᠭᠤᠯᠤᠯᠲᠠ ᠶᠢᠨ ᠦᠨᠡᠯᠡᠯᠲᠡ ᠶᠢᠨ ᠠᠵᠢᠯ ᠢ ᠪᠦᠯᠦᠭ ᠬᠤᠪᠢᠶᠠᠨ | ᠥᠷᠨᠢᠭᠦᠯᠪᠡ᠃ ᠵᠢᠶᠠᠩᠰᠦ ᠮᠤᠵᠢ ᠶᠢᠨ ᠤᠲᠠᠰᠤᠲᠤ ᠬᠡᠷᠡᠭᠯᠡᠭᠴᠢ ᠶᠢᠨ ᠲᠤᠭ᠎ᠠ 1200 ᠲᠦᠮᠡᠨ ᠡᠷᠦᠬᠡ ᠣᠷᠴᠢᠮ ᠳᠤ ᠲᠣᠭᠲᠠᠪᠤᠷᠢᠵᠢᠵᠤ᠂ ᠴᠣᠩᠬᠤᠪᠴᠢ ᠶᠢᠨ | ᠬᠤᠭᠤᠴᠠᠭ᠎ᠠ ᠶᠢ ᠠᠳᠬᠤᠨ ᠷᠠᠳᠢᠣ᠋ ᠲᠧᠯᠸᠢᠰ 5G ᠶᠢᠨ ᠬᠡᠷᠡᠭᠯᠡᠭᠴᠢ ᠶᠢ ᠢᠳᠡᠪᠬᠢᠲᠡᠶ ᠬᠥᠭᠵᠢᠭᠦᠯᠵᠦ᠂ ᠳ᠋ᠤᠭᠠᠷ ᠤᠨ ᠲᠤᠭ᠎ᠠ 270 ᠲᠦᠮᠡ ᠳᠤ ᠬᠦᠷᠴᠦ᠂ ᠪᠥᠬᠦ | ᠤᠯᠤᠰ ᠲᠤ ᠲᠡᠷᠢᠭᠦᠯᠡᠪᠡ᠃ IPTV ᠪᠠ OTT ᠶᠢᠨ ᠦᠵᠦᠭᠦᠷ ᠤᠨ ᠬᠡᠮᠵᠢᠶ᠎ᠡ ᠲᠤᠰ ᠲᠤᠰ 1068 ᠲᠦᠮᠡᠨ ᠪᠠ 3853 ᠲᠦᠮᠡᠨ ᠲᠥᠭᠦᠷᠢᠭ ᠲᠤ ᠬᠦᠷᠴᠡᠢ᠃ | ᠦᠵᠡᠵᠦ ᠰᠣᠨᠣᠰᠬᠤ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠵᠢᠯ ᠳᠤ | ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠪᠠᠶᠢᠭᠤᠯᠤᠮᠵᠢ ᠶᠢ 359 ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠲᠤᠭ᠎ᠠ ᠨᠢ 2100 ᠶᠢ ᠳᠠᠪᠠᠪᠠ᠃ | ᠵᠢᠶᠠᠩᠰᠦ ᠰᠤᠪᠠᠭ᠂ ᠵᠢᠶᠠᠩᠰᠦ ᠶᠢᠨ ᠤᠲᠠᠰᠤᠲᠤ ᠪᠥ᠋ᠬᠦ ᠤᠯᠤᠰ ᠤᠨ ᠰᠤᠶᠤᠯ ᠤᠨ ᠠᠵᠤ ᠠᠬᠤᠶᠢᠯᠠᠯ ᠤᠨ 30 ᠬᠦᠴᠦᠷᠬᠡᠭ ᠲᠤ ᠰᠣᠩᠭᠤᠭᠳᠠᠵᠤ᠂ ᠳ᠋ᠤᠤ ᠼᠣᠤ | ᠰᠢᠶᠦ᠋ᠩ ᠺᠢᠨᠣ᠋ ᠶᠢᠨ ᠦᠢᠯᠡᠰ᠂ ᠰᠢᠤᠸᠠᠨ ᠵᠢᠶᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ 4 ᠠᠵᠤ ᠠᠬᠤᠶᠢᠯᠠᠯ ᠲᠠᠪᠤᠳᠤᠭᠠᠷ ᠬᠤᠭᠤᠴᠠᠭᠠᠨ ᠤ ᠪᠥᠬᠦ | ᠮᠤᠵᠢ ᠶᠢᠨ ᠠᠷᠠᠳ ᠠᠴᠠ ᠡᠵᠡᠩᠨᠡᠭᠰᠡᠨ ᠰᠤᠶᠤᠯ ᠤᠨ ᠠᠵᠤ ᠠᠬᠤᠶᠢᠯᠠᠯ ᠳᠤ ᠰᠣᠩᠭᠤᠭᠳᠠᠪᠠ᠃ ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠥᠬᠦ ᠮᠤᠵᠢ ᠶᠢᠨ ᠷᠠᠳᠢᠣ᠋ ᠲᠧᠯᠸᠢᠰ ᠤᠨ ᠰᠢᠰᠲ᠋ᠧᠮ ᠤᠨ 8 ᠲᠥᠷᠥᠯ ᠵᠦᠢᠯ ᠨᠢ ︽ᠳᠤᠮᠳᠠᠳᠤ ᠤᠯᠤᠰ ᠤᠨ ᠺᠢᠨᠣ᠋ ᠲᠧᠯᠸᠢᠰ ᠤᠨ | ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠳᠠᠪᠰᠢᠯᠲᠠ ᠶᠢᠨ ᠱᠠᠩᠨᠠᠯ︾᠂ 3 ᠲᠥᠷᠥᠯ ᠵᠦᠢᠯ ᠨᠢ ︽ᠸᠠᠩ ᠰᠢᠤᠸᠠᠨ ᠰᠣᠨᠢᠨ ᠮᠡᠳᠡᠭᠡᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠱᠠᠩᠨᠠᠯ︾ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ 4 ᠲᠥᠷᠥᠯ ᠵᠦᠢᠯ ᠨᠢ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠣᠨ ᠤ ︽ᠪᠥᠬᠦ ᠤᠯᠤᠰ ᠤᠨ ᠤᠶᠤᠨᠲᠤ ᠷᠠᠳᠢᠣ᠋ ᠲᠧᠯᠸᠢᠰ ᠤᠨ ᠰᠦᠯᠵᠢᠶᠡᠨ ᠤ ᠰᠢᠨ᠎ᠡ ᠦᠢᠯᠡᠴᠢᠯᠡᠭᠡ︾ ᠶᠢᠨ ᠬᠡᠷᠡᠭ ᠤᠨ ᠵᠢᠱᠢᠶ᠎ᠡ ᠳᠤ | ᠰᠣᠩᠭᠤᠭᠳᠠᠵᠤ᠂ 17 ᠲᠥᠷᠥᠯ ᠵᠦᠢᠯ ᠨᠢ ᠪᠥᠬᠦ ᠤᠯᠤᠰ ᠤᠨ ︽ᠳᠡᠭᠡᠳᠦ ᠰᠢᠨ᠎ᠡ ᠮᠡᠷᠭᠡᠵᠢᠯ ᠤᠨ ᠸᠢᠳᠢᠣ᠋ ᠶᠢᠨ ᠰᠢᠨ᠎ᠡ ᠶᠢ ᠡᠭᠦᠳᠬᠦ ᠬᠡᠷᠡᠭᠯᠡᠯᠲᠡ︾ ᠪᠠ ︽ᠷᠠᠳᠢᠣ᠋ | ᠲᠧᠯᠸᠢᠰ ᠤᠨ ᠦᠵᠡᠵᠦ ᠰᠣᠨᠣᠰᠬᠤ ᠵᠣᠬᠢᠶᠠᠮᠠᠯ ᠣᠶᠣᠨ ᠤ ᠬᠡᠷᠡᠭᠯᠡᠯᠲᠡ︾ ᠶᠢᠨ ᠰᠢᠨ᠎ᠡ ᠶᠢ ᠡᠭᠦᠳᠬᠦ ᠤᠷᠤᠯᠳᠤᠭᠠᠨ ᠤ ᠱᠠᠩᠨᠠᠯ ᠢ ᠭᠥᠷᠳᠡᠪᠡ᠃ ᠬᠥᠬᠡᠮᠥ᠋ᠷᠡᠨ ᠤ | ᠭᠤᠷᠪᠠᠯᠵᠢᠨ ᠬᠤᠶᠢᠭ ︵ᠶᠠᠨ ᠴᠧᠩ︶ ᠤᠨ ᠲᠣᠭᠠᠵᠢᠭᠤᠯᠤᠭᠰᠠᠨ ᠦᠵᠡᠵᠦ ᠰᠣᠨᠣᠰᠬᠤ ᠠᠵᠤ ᠦᠢᠯᠡᠰ ᠤᠨ ᠰᠠᠭᠤᠷᠢᠨ ᠭᠠᠵᠠᠷ ᠡᠬᠢᠯᠡᠨ ᠠᠵᠢᠯᠯᠠᠵᠤ᠂ ᠠᠷᠠᠳ ᠤᠨ | ᠳᠡᠭᠡᠳᠦ ᠵᠡᠷᠭᠡ ᠶᠢᠨ ᠰᠢᠭᠦᠬᠦ ᠬᠤᠷᠢᠶᠠᠨ ᠤ ᠺᠢᠨᠣ ᠲᠧᠯᠸᠢᠰ ᠤᠨ ᠲᠥᠪ ᠤᠨ ᠵᠣᠬᠢᠶᠠᠨ ᠪᠦᠲᠦᠭᠡᠵᠦ ᠰᠡᠭᠦᠳᠡᠷᠯᠡᠬᠦ ᠰᠠᠭᠤᠷᠢᠨ ᠭᠠᠵᠠᠷ ᠨᠢ ᠡᠦ ᠰᠢ ᠳᠤ ᠫᠠᠶᠢᠰᠠ ᠪᠠᠨ | ᠰᠡᠬᠦᠪᠡ᠃ ᠮᠤᠵᠢ ᠶᠢᠨ ᠷᠠᠳᠢᠣ᠋ ᠲᠧᠯᠸᠢᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ | 39 ᠭᠤᠤᠯᠳᠠᠯᠭ᠎ᠠ ᠲᠠᠢ ᠲᠥᠷᠥᠯ ᠵᠦᠢᠯ ᠢ 3730 ᠲᠦᠮᠡᠨ ᠲᠥᠭᠦᠷᠢᠭ ᠢᠶᠠᠷ ᠲᠡᠳᠬᠦᠪᠡ᠃ | ᠠᠵᠢᠯ ᠲᠦᠷᠦᠯ ᠤᠨ ᠬᠠᠮᠢᠶᠠᠷᠤᠯᠲᠠ ᠶᠢ ᠨᠡᠩ ᠵᠢᠷᠤᠮᠵᠢᠭᠤᠯᠪᠠ | ᠬᠢᠯᠢ ᠶᠢᠨ ᠭᠠᠳᠠᠨᠠᠬᠢ ᠳᠠᠭᠠᠭᠤᠯᠢ ᠣᠳᠣᠨ ᠤ ᠲᠧᠯᠸᠢᠰ ᠤᠨ ᠳᠠᠮᠵᠢᠭᠤᠯᠭ᠎ᠠ ᠶᠢᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ᠂ ᠬᠠᠤᠯᠢ ᠪᠤᠰᠤ ᠪᠠᠷ | ᠬᠢᠯᠢ ᠶᠢᠨ ᠭᠠᠳᠠᠨᠠᠬᠢ ᠲᠧᠯᠸᠢᠰ ᠤᠨ ᠲᠥᠬᠦᠭᠡᠷᠦᠮᠵᠢ ᠶᠢ ᠭᠥᠯᠢᠶᠡᠨ ᠠᠪᠬᠤ ᠲᠤᠰᠬᠠᠶ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠥᠷᠨᠢᠭᠦᠯᠵᠦ᠂ 23 ᠡᠷᠡᠭᠦᠦ ᠶᠢᠨ | ᠬᠡᠷᠡᠭ ᠢ ᠳᠡᠩᠨᠡᠨ ᠰᠢᠢᠳᠪᠦᠷᠢᠯᠡᠵᠦ᠂ ᠬᠢᠯᠢ ᠶᠢᠨ ᠭᠠᠳᠠᠨᠠᠬᠢ ᠰᠦᠯᠵᠢᠶᠡᠨ ᠤ ᠳᠠᠮᠵᠢᠭᠤᠯᠬᠤ ᠦᠢᠯᠡᠴᠢᠯᠡᠭᠡᠨ ᠤ ᠱᠤᠭᠤᠮ ᠢ 42 ᠵᠤᠷᠪᠤᠰ ᠲᠠᠰᠤᠯᠵᠤ᠂ ᠬᠠᠤᠯᠢ ᠪᠤᠰᠤ | ᠲᠥᠬᠦᠭᠡᠷᠦᠮᠵᠢ ᠶᠢ 560 ᠭᠠᠷᠤᠶ ᠪᠠᠶᠢᠴᠠᠭᠠᠨ ᠦᠯᠡᠳᠡᠭᠡᠵᠦ᠂ ᠬᠠᠤᠯᠢ ᠪᠤᠰᠤ ᠳᠠᠩᠰᠠᠨ ᠳ᠋ᠤᠭᠠᠷ ᠢ 3.4 ᠲᠦᠮᠡ ᠬᠦᠴᠦᠨ ᠥᠬᠡᠶ ᠪᠣᠯᠭᠠᠵᠤ᠂ ᠬᠢᠯᠢ ᠶᠢᠨ | ᠭᠠᠳᠠᠨᠠᠬᠢ ᠳᠠᠭᠠᠭᠤᠯᠢ ᠣᠳᠣᠨ ᠤ ᠲᠧᠯᠸᠢᠰ ᠤᠨ ᠳᠠᠮᠵᠢᠭᠤᠯᠭ᠎ᠠ ᠶᠢᠨ ᠡᠮᠬᠢ ᠳᠢᠭᠯᠢᠮ ᠢ ᠢᠯᠡᠳᠲᠡ ᠰᠠᠶᠢᠵᠢᠷᠠᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ︽ᠭᠤᠷᠪᠠᠨ ᠴᠠᠬᠢᠯᠭᠠᠨ︾ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ︽ᠬᠠᠷ᠎ᠠ ᠷᠠᠳᠢᠣ᠋ | ᠨᠡᠪᠲᠡᠷᠡᠭᠦᠯᠭᠡ︾ ᠶᠢ 20 ᠤᠳᠠᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠶᠢ ᠵᠥᠷᠢᠴᠡᠭᠰᠡᠨ 20 ᠢᠵᠢ ᠲᠥᠬᠦᠭᠡᠷᠦᠮᠵᠢ ᠶᠢ ᠬᠤᠷᠢᠶᠠᠨ ᠲᠤᠰᠢᠶᠠᠯᠭᠠᠪᠠ᠃ | ᠴᠢᠬᠤᠯᠠ ᠪᠠᠲᠤᠯᠠᠭ᠎ᠠ ᠶᠢᠨ ᠬᠤᠭᠤᠴᠠᠭᠠᠨ ᠤ ᠨᠡᠶᠢᠲᠡ 18 ᠡᠳᠦᠷ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠴᠢᠬᠤᠯᠠ ᠬᠤᠭᠤᠴᠠᠭ᠎ᠠ ᠳᠤ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢ ᠪᠡᠶᠡᠯᠡᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ | ᠰᠢᠯᠢᠳᠡᠭᠵᠢᠭᠦᠯᠵᠦ᠂ ᠪᠥᠬᠦ ᠵᠢᠯ ᠳᠤ ᠰᠦᠯᠵᠢᠶ᠎ᠡ ᠪᠠᠷ ᠭᠦᠢᠴᠡᠳᠭᠡᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠰᠡᠨ 2062 ᠬᠤᠪᠢ ᠪᠠᠶᠢᠵᠤ᠂ ᠡᠭᠦᠨ ᠳᠤ | ᠳᠠᠷᠤᠶᠢᠬᠠᠨ ᠭᠦᠢᠴᠡᠳᠭᠡᠬᠦ ᠵᠦᠢᠯ ᠤᠨ ᠡᠵᠡᠯᠡᠬᠦ ᠬᠠᠷᠢᠴᠠᠯ ᠨᠢ 87.6% ᠳᠤ ᠬᠦᠷᠴᠦ᠂ ᠰᠢᠯᠢᠳᠡᠭ ᠦᠨᠡᠯᠡᠯᠲᠡ ᠶᠢᠨ ᠨᠣᠷᠮ᠎ᠠ ᠨᠢ 100% ᠳᠤ ᠬᠦᠷᠪᠡ᠃ | |