ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ︽ᠳᠤᠮᠳᠠᠳᠤ ᠤᠯᠤᠰ ᠤᠨ ᠦᠵᠡᠵᠦ ᠰᠣᠨᠣᠰᠬᠤ ᠪᠦᠬᠦ ᠪᠥᠮᠪᠥᠷᠴᠡᠭ ᠤᠨ | ᠨᠡᠪᠲᠡᠷᠡᠭᠦᠯᠭᠡ︾ ᠶᠢᠨ ᠠᠵᠢᠯᠯᠠᠭ᠎ᠠ 2024 ᠣᠨ ᠤ ᠡᠬᠢ ᠠᠴᠠ ᠡᠬᠢᠯᠡᠭᠰᠡᠨ ᠠᠴᠠ ᠨᠠᠭᠠᠰᠢ᠂ ︽ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ︾᠂ ︽ᠪᠦᠬᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ︾᠂ ︽ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ︾᠂ ︽ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ︾ ᠵᠡᠷᠭᠡ ᠲᠠᠪᠤᠨ ᠶᠡᠭᠡ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠪᠠᠷᠤᠭ 300 ᠭᠠᠷᠤᠢ ᠤᠳᠠᠭ᠎ᠠ ᠤᠯᠠᠨ ᠬᠡᠯᠡᠨ ᠤ ᠦᠵᠡᠵᠦ ᠰᠣᠨᠣᠰᠬᠤ ᠪᠦᠲᠦᠭᠡᠯ 100 ᠭᠠᠷᠤᠢ ᠭᠠᠳᠠᠭᠠᠳᠤ ᠶᠢᠨ ᠭᠤᠣᠯ ᠵᠠᠭᠤᠴᠢᠯᠠᠭᠤᠷ ᠪᠣᠯᠤᠨ | ᠰᠢᠨ᠎ᠡ ᠵᠠᠭᠤᠴᠢᠯᠠᠭᠤᠷ ᠤᠨ ᠲᠠᠪᠴᠠᠩ ᠳᠤ ᠨᠡᠪᠲᠡᠷᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠵᠦᠴᠦᠭᠡ ᠶᠢ ᠭᠠᠳᠠᠭᠠᠳᠤ ᠳᠤ ᠬᠦᠯᠢᠶᠡᠨ ᠠᠪᠴᠤ ᠦᠵᠡᠬᠦ ᠬᠠᠯᠠᠭᠤᠨ | ᠥᠷᠨᠢᠯᠲᠡ ᠶᠢ ᠪᠤᠢ ᠪᠣᠯᠭᠠᠪᠠ᠃ ︽ᠠᠯᠲᠠᠢ ᠮᠢᠨᠢ︾᠂ ︽ᠰᠢᠨ᠎ᠡ ᠠᠮᠢᠳᠤᠷᠠᠯ︾ ᠵᠡᠷᠭᠡ ᠪᠣᠳᠠᠲᠤ ᠰᠡᠳᠦᠪᠲᠦ ᠵᠦᠴᠦᠭᠡ ᠶᠢᠨ ᠲᠡᠭᠦᠪᠦᠷᠢ ᠭᠠᠳᠠᠭᠠᠳᠤ ᠳᠤ ᠠᠮᠵᠢᠯᠲᠠ | ᠣᠯᠵᠤ᠂ ︽ᠪᠠᠶᠠᠷᠲᠤ ᠣᠨ 2︾᠂ ︽ᠪᠠᠷᠠᠭᠠᠨ ᠪᠣᠷᠣᠭᠠᠨ ᠡᠭᠦᠯᠡᠨ ᠤ ᠳᠤᠮᠳᠠ︾ ᠵᠡᠷᠭᠡ ᠡᠷᠲᠡᠨ ᠤ ᠰᠡᠳᠦᠪᠲᠦ ᠵᠦᠴᠦᠭᠡ ᠶᠢ ᠣᠯᠠᠨ ᠤᠯᠤᠰ ᠤᠨ ᠵᠠᠭᠤᠴᠢᠯᠠᠭᠤᠷ ᠤᠨ | ᠲᠠᠪᠴᠠᠩ ᠳᠤ ᠨᠡᠪᠲᠡᠷᠡᠭᠦᠯᠪᠡ᠃ ︽ᠳᠤᠮᠳᠠᠳᠤ ᠤᠯᠤᠰ ᠤᠨ ᠦᠵᠡᠵᠦ ᠰᠣᠨᠣᠰᠬᠤ ᠪᠦᠬᠦ ᠪᠥᠮᠪᠥᠷᠴᠡᠭ ᠤᠨ ᠨᠡᠪᠲᠡᠷᠡᠭᠦᠯᠭᠡ︾ ᠨᠠᠷᠠᠲᠤ ᠲᠡᠮᠳᠡᠭᠲᠦ ᠶᠢᠨ ᠨᠥᠯᠥᠭᠡ ᠪᠠ | ᠳᠠᠮᠵᠢᠭᠤᠯᠭ᠎ᠠ ᠶᠢᠨ ᠥᠷᠲᠡᠭ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠠᠵᠢᠯᠯᠠᠭ᠎ᠠ ᠶᠢᠨ ᠳᠠᠶᠢᠴᠢᠯᠠᠯᠲᠠ ᠳᠣᠤᠷ᠎ᠠ᠂ ᠳᠤᠮᠳᠠᠳᠤ ᠤᠯᠤᠰ ᠤᠨ ᠵᠦᠴᠦᠭᠡ ᠶᠢᠨ ᠲᠡᠭᠦᠪᠦᠷᠢ ᠴᠦ | ᠪᠥᠬᠦ ᠪᠥᠮᠪᠥᠷᠴᠡᠭ ᠤᠨ ᠴᠢᠬᠤᠯᠠ ᠰᠣᠶᠣᠯ ᠤᠨ ᠪᠦᠲᠦᠭᠡᠭᠳᠡᠬᠦᠨ ᠪᠣᠯᠵᠣ᠂ ᠠᠭᠤᠯᠭ᠎ᠠ ᠨᠢ ᠨᠠᠷᠢᠯᠢᠭ᠂ ᠰᠡᠳᠦᠪ ᠨᠢ ᠣᠯᠠᠨ ᠶᠠᠩᠵᠤᠴᠢᠯᠠᠭᠰᠠᠨ᠂ ᠠᠷᠭ᠎ᠠ ᠵᠠᠮ ᠢ ᠪᠣᠰᠤᠭ᠎ᠠ | ᠴᠣᠭᠴᠠᠵᠢᠭᠤᠯᠤᠭᠰᠠᠨ᠂ ᠨᠡᠪᠲᠡᠷᠡᠭᠦᠯᠭᠡ ᠶᠢ ᠵᠡᠷᠭᠡ ᠪᠠᠷ ᠤᠷᠤᠭᠰᠢᠯᠠᠭᠤᠯᠤᠭᠰᠠᠨ ᠰᠢᠨ᠎ᠡ ᠣᠨᠴᠠᠯᠢᠭ ᠢᠯᠡᠷᠡᠪᠡ᠃ | ᠨᠢᠭᠡ᠂ ᠠᠭᠤᠯᠭ᠎ᠠ ᠡᠯᠪᠡᠭ ᠪᠠᠶᠠᠯᠢᠭ ᠰᠡᠳᠦᠪ ᠣᠯᠠᠨ ᠶᠠᠩᠵᠤ ᠶᠢᠨ ᠪᠠᠶᠢᠵᠤ᠂ ᠳᠤᠮᠳᠠᠳᠤ ᠤᠯᠤᠰ ᠤᠨ ᠵᠦᠴᠦᠭᠡ ᠶᠢᠨ ᠲᠡᠭᠦᠪᠦᠷᠢ ᠭᠠᠳᠠᠭᠠᠳᠤ ᠶᠢᠨ ᠦᠵᠡᠭᠴᠢᠳ ᠤᠨ | ᠮᠠᠭᠲᠠᠭᠠᠯ ᠰᠠᠶᠢᠰᠢᠶᠠᠯ ᠢ ᠲᠠᠰᠤᠷᠠᠯᠲᠠ ᠦᠭᠡᠢ ᠬᠦᠷᠲᠡᠵᠦ ᠪᠠᠶᠢᠨ᠎ᠠ | ᠰᠢᠨᠵᠢᠯᠡᠬᠦ ᠤᠬᠠᠭᠠᠨ ᠤ ᠵᠥᠩᠨᠡᠯ ᠤᠨ ᠵᠦᠴᠦᠭᠡ ᠨᠢ ᠭᠤᠶᠢᠲᠠ ᠰᠠᠶᠢᠬᠠᠨ ᠬᠠᠷᠠᠭᠠᠨ ᠰᠠᠷᠠᠯ ᠤᠨ ᠢᠯᠡᠷᠡᠯ ᠢᠶᠠᠷ᠂ ᠬᠥᠮᠦᠨ ᠨᠡᠶᠢᠭᠡᠮ᠋ ᠤᠨ ᠭᠦᠨ ᠭᠦᠨᠵᠡᠭᠡᠢ ᠬᠠᠶᠢᠷ᠎ᠠ | ᠰᠡᠳᠭᠢᠯᠭᠡ ᠪᠠᠷ ᠢᠶᠠᠨ ᠭᠠᠳᠠᠭᠠᠳᠤ ᠶᠢᠨ ᠵᠠᠬ᠎ᠠ ᠳᠡᠯᠭᠡᠭᠦᠷ ᠤᠨ ᠵᠥᠪᠰᠢᠶᠡᠷᠡᠯ ᠢ ᠣᠯᠵᠠᠢ᠃ ᠲᠧᠩ ᠰᠢᠶᠦ᠋ᠨ ᠤ ︽ᠭᠤᠷᠪᠠᠨ ᠪᠡᠶᠡᠲᠦ︾ ᠶᠢ 2023 ᠣᠨ ᠤ 1 ᠳ᠋ᠦ᠋ᠭᠡᠷ | ᠰᠠᠷ᠎ᠠ ᠳᠤ ᠨᠡᠪᠲᠡᠷᠡᠭᠦᠯᠦᠭᠰᠡᠨ ᠠᠴᠠ ᠨᠠᠭᠠᠰᠢ᠂ ᠤᠯᠤᠰ ᠤᠨ ᠳᠣᠲᠣᠭᠠᠳᠤ ᠶᠢᠨ ᠦᠵᠡᠭᠴᠢᠳ ᠤᠨ ᠠᠩᠬᠠᠷᠤᠯ ᠢ ᠶᠡᠭᠡ ᠪᠠᠷ ᠲᠠᠲᠠᠵᠤ᠂ ᠤᠮᠠᠷᠠᠲᠤ ᠠᠮᠧᠷᠢᠺᠠ᠂ ᠧᠦ᠋ᠷᠣᠫᠠ | ᠲᠢᠪ ᠵᠡᠷᠭᠡ ᠣᠯᠠᠨ ᠭᠠᠵᠠᠷ ᠣᠷᠣᠨ ᠳᠤ ᠨᠡᠪᠲᠡᠷᠡᠭᠦᠯᠦᠭᠰᠡᠨ ᠬᠡᠮᠵᠢᠶ᠎ᠡ ᠨᠢ ᠴᠦ ᠡᠮᠦᠨ᠎ᠡ ᠡᠩᠨᠡᠭᠡᠨ ᠳᠤ ᠣᠷᠣᠵᠤ᠂ ᠭᠠᠳᠠᠭᠠᠳᠤ ᠶᠢᠨ ᠭᠤᠣᠯ ᠸᠢᠳᠢᠣ᠋ ᠲᠠᠪᠴᠠᠩ Viki | ᠳᠡᠭᠡᠷᠡᠬᠢ ︽ᠭᠤᠷᠪᠠᠨ ᠪᠡᠶᠡᠲᠦ ︾ ᠶᠢᠨ ᠦᠨᠡᠯᠡᠯᠲᠡ ᠨᠢ 9.2 ᠳᠤ ᠬᠦᠷᠴᠡᠢ᠃ 2023 ᠣᠨ ᠤ 9 ᠳ᠋ᠦ᠋ᠭᠡᠷ ᠰᠠᠷ᠎ᠠ ᠳᠤ ᠠᠮᠧᠷᠢᠺᠠ ᠶᠢᠨ PBS ᠲᠧᠯᠸᠢᠰ ᠤᠨ ᠰᠤᠪᠠᠭ | ᠪᠠ ᠰᠢᠨ᠎ᠡ ᠵᠠᠭᠤᠴᠢᠯᠠᠭᠤᠷ ᠤᠨ ᠲᠠᠪᠴᠠᠩ ᠳᠤ ᠨᠡᠪᠲᠡᠷᠡᠭᠦᠯᠦᠭᠰᠡᠨ ᠤ ᠳᠠᠷᠠᠭ᠎ᠠ᠂ 2024 ᠣᠨ ᠤ 2 ᠳ᠋ᠤᠭᠠᠷ ᠰᠠᠷ᠎ᠠ ᠳᠤ ︽ᠭᠤᠷᠪᠠᠨ ᠪᠡᠶᠡᠲᠦ︾ ᠨᠢ ᠠᠮᠧᠷᠢᠺᠠ ᠶᠢᠨ | NBCU ᠣᠷᠣᠰᠬᠠᠯ ᠤᠨ ᠵᠠᠭᠤᠴᠢᠯᠠᠭᠤᠷ ᠤᠨ ᠲᠠᠪᠴᠠᠩ ᠤᠨ Peacock ᠰᠦᠯᠵᠢᠶᠡᠨ ᠳᠡᠭᠡᠷ᠎ᠡ ᠨᠡᠪᠲᠡᠷᠡᠭᠦᠯᠦᠨ ᠮᠡᠳᠡᠭᠡᠯᠡᠵᠦ᠂ ᠷᠦᠲ᠋ᠧᠷ ᠬᠤᠷᠢᠶ᠎ᠠ᠂ ᠠᠮᠧᠷᠢᠺᠠ ᠶᠢᠨ | ᠤᠲᠠᠰᠤᠲᠤ ᠲᠧᠯᠸᠢᠰ ᠤᠨ ᠰᠣᠨᠢᠨ ᠮᠡᠳᠡᠭᠡᠨ ᠤ ᠰᠦᠯᠵᠢᠶ᠎ᠡ ᠵᠡᠷᠭᠡ ᠧᠦ᠋ᠷᠣᠫᠠ ᠠᠮᠧᠷᠢᠺᠠ ᠶᠢᠨ ᠭᠤᠣᠯ ᠵᠠᠭᠤᠴᠢᠯᠠᠭᠤᠷ ᠤᠨ ᠮᠡᠳᠡᠭᠡᠯᠡᠭᠰᠡᠨ ᠢᠶᠠᠷ᠂ ︽ᠳᠤᠮᠳᠠᠳᠤ ᠤᠯᠤᠰ ᠤᠨ | ᠬᠡᠪᠯᠡᠯ ᠤᠨ ︿ ᠭᠤᠷᠪᠠᠨ ᠪᠡᠶᠡᠲᠦ ﹀ ᠨᠢ ᠣᠭ ᠪᠦᠲᠦᠭᠡᠯ ᠲᠠᠢ ᠨᠡᠩ ᠣᠶᠢᠷᠠᠳᠴᠤ ᠂ ᠬᠡᠰᠡᠭ ᠦᠵᠡᠭᠴᠢᠳ ᠠᠮᠧᠷᠢᠺᠠ ᠶᠢᠨ ᠬᠡᠪᠯᠡᠯ ᠠᠴᠠ ᠴᠤ ᠰᠠᠶᠢᠬᠠᠨ ᠭᠡᠵᠦ ᠦᠵᠡᠵᠡᠭᠡᠪᠡ ᠃ | ᠣᠷᠣᠰ ᠲᠤ᠂ ᠲᠤᠬᠠᠢ ᠶᠢᠨ ᠭᠠᠵᠠᠷ ᠤᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠ ᠶᠢᠨ ᠤᠷᠤᠰᠬᠠᠯ ᠵᠠᠭᠤᠴᠢᠯᠠᠭᠤᠷ ᠤᠨ ᠲᠠᠪᠴᠠᠩ OKKO ︽ᠭᠤᠷᠪᠠᠨ | ᠪᠡᠶᠡᠲᠦ ︾ ᠶᠢ ᠣᠷᠣᠭᠤᠯᠤᠨ ᠥᠪᠡᠷ ᠢᠶᠠᠨ ᠠᠪᠢᠶ᠎ᠠ ᠲᠠᠭᠠᠷᠠᠭᠤᠯᠤᠨ ᠨᠡᠪᠲᠡᠷᠡᠭᠦᠯᠵᠦ᠂ ᠲᠤᠰᠬᠠᠯ ᠨᠢ ᠬᠠᠯᠠᠭᠤᠨ ᠪᠠᠶᠢᠵᠤ᠂ ᠦᠵᠡᠭᠴᠢᠳ ᠤᠨ ᠦᠨᠡᠯᠡᠯᠲᠡ ᠨᠢ 8.1 ᠪᠠᠶᠢᠪᠠ᠃ | 2024 ᠣᠨ ᠤ 5 ᠳ᠋ᠤᠭᠠᠷ ᠰᠠᠷ᠎ᠠ ᠳᠤ ︽ᠭᠤᠷᠪᠠᠨ ᠪᠡᠶᠡᠲᠦ︾ ᠶᠢ ᠪᠧᠩᠭᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ Bongo ᠳᠤ ᠨᠡᠪᠲᠡᠷᠡᠭᠦᠯᠵᠦ᠂ ᠲᠡᠷᠡ | ᠳᠠᠷᠤᠢ ᠳᠤ ᠨᠢ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠶᠡᠭᠡ ᠶᠠᠷᠢᠯᠴᠠᠭ᠎ᠠ ᠶᠢ ᠡᠭᠦᠰᠭᠡᠪᠡ᠂ ᠠᠯᠳᠠᠷᠲᠤ ᠵᠣᠬᠢᠶᠠᠯᠴᠢ ᠠᠪᠳᠤᠯᠯᠠ • ᠢᠪᠳᠧᠨ • ᠮᠠᠬᠠᠮᠦ᠋ᠳ | ᠨᠢᠭᠤᠷ ᠨᠣᠮ ᠳᠡᠭᠡᠷ᠎ᠡ ᠰᠢᠭᠦᠮᠵᠢ ᠨᠡᠶᠢᠲᠡᠯᠡᠵᠦ᠂ ︽ᠭᠤᠷᠪᠠᠨ ᠪᠡᠶᠡᠲᠦ︾ ᠨᠢ ᠮᠢᠨᠦ ᠬᠠᠮᠤᠭ ᠤᠨ ᠳᠤᠷᠠᠲᠠᠢ ᠲᠧᠯᠸᠢᠰ ᠵᠦᠴᠦᠭᠡ ᠶᠢᠨ ᠨᠢᠭᠡ ᠪᠣᠯᠵᠣ᠂ ᠪᠧᠩᠭᠠᠯ ᠬᠡᠯᠡᠨ ᠳᠤ | ᠣᠷᠴᠢᠭᠤᠯᠤᠭᠰᠠᠨ ᠬᠡᠪᠯᠡᠯ ᠢ ᠦᠵᠡᠭᠡᠳ ᠰᠡᠳᠬᠢᠯ ᠮᠠᠰᠢ ᠳᠣᠭᠳᠣᠯᠵᠠᠢ ᠭᠡᠵᠡᠢ᠃ ᠣᠳᠣᠬᠠᠨ ᠳᠤ᠂ ︽ᠭᠤᠷᠪᠠᠨ ᠪᠡᠶᠡᠲᠦ︾ ᠶᠢ ᠶᠸᠦ ᠲᠤ ᠲᠠᠪᠴᠠᠩ ᠳᠤ ᠨᠡᠪᠲᠡᠷᠡᠭᠦᠯᠦᠭᠰᠡᠨ | ᠤᠳᠠᠭ᠎ᠠ ᠮᠢᠩᠭᠠᠨ ᠲᠦᠮᠡ ᠶᠢ ᠳᠠᠪᠠᠵᠤ᠂ ᠦᠵᠡᠭᠰᠡᠨ ᠴᠠᠭ ᠨᠢ 1 ᠳ᠋ᠦᠩᠰᠢᠭᠤᠷ ᠮᠢᠨᠦ᠋ᠲ ᠠᠴᠠ ᠳᠠᠪᠠᠵᠤ᠂ ᠨᠢᠭᠡᠨᠲᠡ ᠪᠦᠬᠦ ᠪᠥᠮᠪᠥᠷᠴᠡᠭ ᠤᠨ 20 ᠭᠠᠷᠤᠢ ᠭᠤᠣᠯ | ᠵᠠᠭᠤᠴᠢᠯᠠᠭᠤᠷ ᠤᠨ ᠲᠠᠪᠴᠠᠩ ᠳᠤ ᠲᠠᠷᠬᠠᠭᠠᠭᠰᠠᠨ ᠪᠥᠭᠡᠳ ᠧᠦ᠋ᠷᠣᠫᠠ ᠲᠢᠪ᠂ ᠠᠹᠷᠢᠺᠠ ᠲᠢᠪ ᠪᠣᠯᠤᠨ ᠯᠠᠲ᠋ᠢᠨ ᠠᠮᠧᠷᠢᠺᠠ ᠶᠢᠨ ᠦᠵᠡᠭᠴᠢᠳ ᠲᠠᠢ ᠤᠳᠠᠬᠤ ᠦᠭᠡᠢ | ᠠᠭᠤᠯᠵᠠᠬᠤ ᠪᠣᠯᠤᠨ᠎ᠠ᠃ | ᠣᠳᠣ ᠦᠶ᠎ᠡ ᠶᠢᠨ ᠵᠦᠴᠦᠭᠡ ᠨᠢ ᠠᠩᠬᠠᠷᠤᠯ ᠲᠠᠯᠪᠢᠨ᠂ ᠠᠮᠢᠳᠤ ᠴᠣᠪᠣᠭᠤᠯᠢᠭ ᠪᠠᠶᠢᠵᠤ᠂ ᠭᠠᠳᠠᠭᠠᠳᠤ ᠶᠢᠨ ᠦᠵᠡᠭᠴᠢᠳ ᠤᠨ ᠰᠡᠳᠬᠢᠯ ᠵᠢᠷᠦᠬᠡ ᠶᠢ | ᠴᠤᠤᠷᠢᠶᠠᠲᠤᠭᠤᠯᠪᠠ᠃ ︽ᠠᠯᠲᠠᠢ ᠮᠢᠨᠢ︾ ᠶᠢ 2024 ᠣᠨ ᠤ ᠹᠷᠠᠨᠼᠢ ᠶᠢᠨ ᠭᠠᠨᠠ ᠶᠢᠨ ᠲᠧᠯᠸᠢᠰ ᠤᠨ ᠨᠠᠶᠢᠷ ᠤᠨ ᠭᠤᠣᠯ ᠤᠷᠤᠯᠳᠤᠭᠠᠨ ᠤ ᠨᠢᠭᠡᠴᠢ ᠳᠤ | ᠣᠷᠤᠭᠤᠯᠤᠭᠰᠠᠨ ᠪᠥᠭᠡᠳ ᠠᠮᠵᠢᠯᠲᠠ ᠲᠠᠢ ᠳᠡᠯᠭᠡᠨ ᠦᠵᠡᠭᠦᠯᠵᠦ᠂ ᠵᠦᠴᠦᠭᠡ ᠶᠢᠨ ᠳᠣᠲᠣᠷ᠎ᠠ ᠬᠥᠮᠦᠨ ᠤ ᠰᠡᠳᠭᠢᠯ ᠢ ᠵᠠᠰᠠᠵᠤ ᠴᠢᠳᠠᠬᠤ ᠬᠢᠯᠢ ᠬᠢᠵᠠᠭᠠᠷ ᠤᠨ ᠭᠤᠸ᠎ᠠ | ᠰᠠᠶᠢᠬᠠᠨ᠂ ᠰᠤᠯᠠ ᠵᠠᠳᠠᠭᠠᠢ ᠠᠮᠢᠳᠤᠷᠠᠯ ᠤᠨ ᠠᠷᠭ᠎ᠠ ᠬᠡᠯᠪᠡᠷᠢ᠂ ᠨᠠᠷᠢᠯᠢᠭ ᠪᠣᠷᠣᠭᠵᠢᠭᠤᠨ ᠠᠮᠢ ᠨᠠᠰᠤᠨ ᠤ ᠬᠠᠶᠢᠨ ᠰᠦᠪᠡᠭᠴᠢᠯᠡᠯᠲᠡ ᠶᠢᠨ ᠶᠠᠪᠤᠴᠠ ᠳᠤ ᠣᠷᠣᠵᠤ᠂ | ᠭᠠᠳᠠᠭᠠᠳᠤ ᠶᠢᠨ ᠲᠤᠰᠬᠠᠢ ᠮᠡᠷᠭᠡᠵᠢᠯ ᠤᠨ ᠵᠠᠭᠤᠴᠢᠯᠠᠭᠤᠷ ᠪᠣᠯᠤᠨ ᠦᠵᠡᠭᠴᠢᠳ ᠤᠨ ᠣᠯᠠᠨ ᠰᠢᠯᠢᠳᠡᠭ ᠦᠨᠡᠯᠡᠯᠲᠡ ᠶᠢ ᠣᠯᠵᠤ᠂ ᠭᠠᠨᠠ ᠶᠢᠨ ᠪᠠᠶᠠᠷ ᠤᠨ ᠵᠣᠬᠢᠶᠠᠨ | ᠪᠠᠶᠢᠭᠤᠯᠤᠭᠰᠠᠨ ᠺᠣᠮᠢᠰ ᠠᠴᠠ ︽ᠡᠨᠡ ᠵᠦᠴᠦᠭᠡ ᠶᠢᠨ ᠦᠵᠡᠭᠳᠡᠯ ᠤᠨ ᠰᠠᠶᠢᠬᠠᠨ᠂ ᠬᠤᠱᠣᠩ ᠶᠥᠮᠦᠷᠯᠢᠭ᠂ ᠬᠤᠪᠢᠷᠠᠯᠲᠠ ᠶᠢᠨ ᠠᠶᠢᠵᠠᠮ ᠵᠢᠴᠢ ᠰᠢᠯᠦᠭ ᠤᠨ ᠰᠡᠳᠭᠢᠯ ᠤᠨ | ᠳᠣᠲᠣᠭᠠᠳᠤ ᠴᠥᠮ᠎ᠡ ᠨᠢ ᠲᠠᠨ ᠳᠤ ᠪᠠᠶᠠᠷ ᠪᠠᠭ᠋ᠠᠳᠤᠯ ᠢ ᠬᠦᠷᠭᠡᠬᠦ ᠶᠤᠮ︾ ᠭᠡᠵᠡᠢ᠃ ᠠᠮᠧᠷᠢᠺᠠ ᠶᠢᠨ ︽ᠶᠡᠷᠦᠩᠬᠡᠶᠢᠯᠡᠭᠰᠡᠨ ᠤᠷᠠᠯᠢᠭ︾ ᠰᠡᠳᠬᠦᠯ ᠠᠴᠠ ︽ᠬᠥᠮᠦᠨ ᠢ | ᠰᠣᠴᠢᠭᠠᠮ᠎ᠠ ᠪᠠᠶᠢᠭᠠᠯᠢ ᠶᠢᠨ ᠭᠤᠸ᠎ᠠ ᠰᠠᠶᠢᠬᠠᠨ ᠵᠢᠴᠢ ᠣᠯᠠᠨ ᠦᠨᠳᠦᠰᠦᠲᠡᠨ ᠤ ᠰᠣᠶᠣᠯ ᠤᠨ ᠷᠤᠮᠠᠨᠲ᠋ᠢᠭ ᠬᠠᠮᠲᠤ ᠶᠢᠨ ᠵᠦᠢᠯ ᠢ ᠵᠢᠷᠤᠭᠯᠠᠵᠠᠶ︾ ᠭᠡᠪᠡ᠃ ᠲᠡᠷᠢᠭᠦᠯᠡᠭᠴᠢ | ᠰᠢ ᠶᠢᠨ ᠫᠢᠩ ᠺᠠᠽᠠᠭᠰᠲ᠋ᠠᠨ ᠳᠤ ᠠᠶᠢᠯᠴᠢᠯᠠᠵᠤ ᠪᠠᠶᠢᠭ᠎ᠠ ᠲᠠᠰᠢᠷᠠᠮ ᠳᠤ᠂ ︽ᠠᠯᠳᠠᠢ ᠮᠢᠨᠢ︾ ᠶᠢ ᠺᠠᠽᠠᠭᠰᠲ᠋ᠠᠨ ᠤ 7 ᠰᠤᠪᠠᠭ ᠲᠤ ᠡᠬᠢᠯᠡᠨ ᠨᠡᠪᠲᠡᠷᠡᠭᠦᠯᠵᠦ᠂ ᠰᠤᠪᠠᠭ ᠤᠨ | ᠶᠡᠷᠦᠩᠬᠡᠶ ᠵᠠᠬᠢᠷᠤᠭᠴᠢ ᠢᠷᠬᠠᠮ • ᠡᠮᠪᠦᠷᠡᠭ ᠢᠯᠡᠷᠬᠡᠶᠢᠯᠡᠬᠦ ᠳᠤ ᠪᠠᠨ ᠂ ᠲᠤᠰ ᠵᠦᠴᠦᠭᠡ ᠨᠢ ᠦᠨᠳᠦᠰᠦᠲᠡᠨ ᠤ ᠢᠯᠡ ᠲᠣᠳᠣ ᠬᠡᠪ ᠨᠠᠮᠪᠠ ᠲᠠᠢ᠂ ᠪᠦᠲᠦᠭᠡᠯ ᠤᠨ ᠶᠠᠷᠢᠭᠰᠠᠨ | ᠦᠯᠢᠭᠡᠷ ᠪᠠ ᠢᠯᠡᠷᠡᠭᠦᠯᠦᠭᠰᠡᠨ ᠰᠣᠶᠣᠯ ᠤᠨ ᠬᠠᠮᠲᠤ ᠶᠢᠨ ᠴᠢᠨᠠᠷ ᠢ ᠲᠤᠬᠠᠶ ᠶᠢᠨ ᠭᠠᠵᠠᠷ ᠤᠨ ᠦᠵᠡᠭᠴᠢᠳ ᠲᠤ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ᠂ | ᠡᠨᠡ ᠨᠢ ᠪᠠᠰᠠ ᠳᠤᠮᠳᠠᠳᠤ ᠺᠠᠽᠠᠭᠰᠲ᠋ᠠᠨ ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ ᠭᠡᠵᠡᠢ᠃ ᠣᠳᠣ | ᠦᠶ᠎ᠡ ᠶᠢᠨ ᠰᠡᠵᠢᠭᠲᠦ ᠵᠦᠴᠦᠭᠡ ︽ᠤᠰᠤᠨ ᠤ ᠥᠩᠭᠡᠷᠡᠭᠰᠡᠨ ᠤ ᠶᠠᠪᠤᠳᠠᠯ︾ ᠨᠢ ᠶᠸᠦ ᠺᠦ᠋ ᠣᠯᠠᠨ ᠤᠯᠤᠰ ᠤᠨ ᠬᠡᠪᠯᠡᠯ ᠪᠠ YouTube ᠰᠤᠪᠠᠭ ᠨᠢ ᠠᠩᠭ᠍ᠯᠢ᠂ | ᠢᠰᠫᠠᠨᠢ᠂ ᠫᠣᠷᠲ᠋ᠦ᠋ᠭᠠᠯ ᠂ ᠲᠠᠢ ᠤᠯᠤᠰ ᠂ ᠢᠨᠳᠣᠨᠧᠰᠢᠶ᠎ᠠ᠂ ᠮᠠᠯᠠᠶᠢᠰᠢᠶ᠎ᠠ᠂ ᠸᠢᠶᠧᠲᠨᠠᠮ ᠬᠡᠯᠡ ᠵᠡᠷᠭᠡ ᠣᠯᠠᠨ ᠬᠡᠯᠡᠨ ᠤ ᠦᠰᠦᠭ ᠤᠨ ᠳᠡᠯᠭᠡᠴᠡ ᠲᠠᠢ ᠶᠢ ᠵᠡᠷᠭᠡ ᠪᠠᠷ | ᠨᠡᠪᠲᠡᠷᠡᠭᠦᠯᠵᠦ᠂ ᠭᠠᠳᠠᠭᠠᠳᠤ ᠶᠢᠨ ᠦᠵᠡᠭᠴᠢᠳ ᠤᠨ ᠥᠨᠳᠥᠷ ᠦᠨᠡᠯᠡᠯᠲᠡ ᠶᠢ ᠣᠯᠵᠠᠢ ᠂ ᠲᠤᠰ ᠵᠦᠴᠦᠭᠡ ᠶᠢ ︽ᠰᠡᠳᠬᠢᠯ ᠵᠢᠷᠦᠬᠡ ᠶᠢ ᠳᠣᠭᠳᠤᠯᠤᠭᠤᠯᠤᠭᠰᠠᠨ ︾᠂ ︽ | ᠰᠡᠭᠦᠳᠡᠷᠯᠡᠬᠦ ᠠᠷᠭ᠎ᠠ ᠨᠢ ᠶᠡᠷᠦ ᠪᠤᠰᠤ ᠶᠢᠨ ︾᠂ ︽ᠠᠭᠤᠯᠭ᠎ᠠ ᠨᠢ ᠪᠠᠶᠠᠯᠢᠭ ᠪᠠᠶᠢᠵᠤ᠂ ᠬᠥᠮᠦᠰ ᠤᠨ ᠠᠩᠬᠠᠷᠤᠯ ᠢ ᠲᠠᠲᠠᠭᠰᠠᠨ ︾᠂ ︽ᠥᠨᠳᠦᠷᠴᠡ ᠲᠠᠢ ᠵᠦᠴᠦᠭᠡ ᠶᠢᠨ | ᠦᠢᠯᠡ ᠠᠵᠢᠯᠯᠠᠭ᠎ᠠ ᠨᠢ ᠬᠦᠮᠦᠰ ᠢ ᠮᠠᠰᠢ ᠰᠤᠭᠲᠤᠭᠤᠷᠠᠭᠤᠯᠤᠭᠰᠠᠨ ︾ ᠭᠡᠵᠦ ᠦᠵᠡᠵᠡᠭᠡᠪᠡ ᠃ ᠰᠡᠵᠢᠭᠲᠦ ᠵᠦᠴᠦᠭᠡ ᠶᠢᠨ ᠲᠡᠭᠦᠪᠦᠷᠢ ᠨᠢ ᠪᠦᠲᠦᠭᠡᠯᠴᠢ ᠴᠢᠳᠠᠪᠤᠷᠢ ᠪᠠ | ᠤᠷᠠᠯᠢᠭ ᠤᠨ ᠴᠢᠨᠠᠷ ᠢ ᠲᠦᠷᠭᠡᠨ ᠳᠡᠭᠡᠭᠰᠢᠯᠡᠭᠦᠯᠵᠦ᠂ ᠪᠣᠳᠠᠲᠤ ᠰᠡᠳᠦᠪᠲᠦ ᠵᠦᠴᠦᠭᠡ ᠶᠢᠨ ᠣᠯᠠᠨ ᠤᠯᠤᠰ ᠲᠤ ᠳᠠᠮᠵᠢᠭᠤᠯᠬᠤ ᠥᠪᠡᠷᠮᠢᠴᠡ ᠲᠥᠷᠥᠯ ᠬᠡᠯᠪᠡᠷᠢ ᠪᠣᠯᠵᠣ᠂ | ᠬᠥᠮᠦᠰ ᠤᠨ ᠰᠡᠳᠬᠢᠯ ᠢ ᠲᠠᠲᠠᠭᠰᠠᠨ ᠥᠯᠢᠭᠡᠷ ᠤᠨ ᠦᠢᠯᠡ ᠶᠠᠪᠤᠳᠠᠯ᠂ ᠥᠳᠬᠡᠨ ᠵᠤᠵᠠᠭᠠᠨ ᠪᠣᠳᠠᠲᠤ ᠠᠬᠤᠢ ᠶᠢᠨ ᠰᠠᠭᠤᠷᠢ ᠥᠩᠭᠡ᠂ ᠨᠠᠷᠢᠯᠢᠭ ᠰᠠᠶᠢᠬᠠᠨ ᠦᠢᠯᠡᠳᠬᠦ ᠬᠢᠷᠢ | ᠲᠦᠪᠰᠢᠨ ᠵᠢᠴᠢ ᠨᠡᠶᠢᠭᠡᠮ ᠤᠨ ᠠᠰᠠᠭᠤᠳᠠᠯ ᠢ ᠠᠮᠢᠳᠤᠯᠢᠭ ᠳᠦᠷᠰᠦᠯᠡᠨ ᠵᠢᠷᠤᠭᠯᠠᠬᠤ ᠪᠠ ᠭᠦᠨᠵᠡᠭᠡᠶ ᠪᠣᠳᠣᠯᠬᠢᠯᠠᠵᠤ᠂ ᠶᠡᠭᠡ ᠬᠡᠮᠵᠢᠶᠡᠨ ᠤ ᠭᠠᠳᠠᠭᠠᠳᠤ ᠶᠢᠨ ᠦᠵᠡᠭᠴᠢᠳ ᠢ | ᠲᠠᠲᠠᠪᠠ ᠃ | ᠡᠷᠲᠡᠨ ᠤ ᠰᠡᠳᠦᠪᠲᠦ ᠵᠦᠴᠦᠭᠡ ᠳᠤᠮᠳᠠᠳᠤ ᠤᠯᠤᠰ ᠤᠨ ᠰᠣᠶᠣᠯ ᠤᠨ ᠰᠢᠨ᠎ᠡ ᠡᠭᠦᠳᠦᠯᠲᠡ ᠶᠢᠨ ᠢᠯᠡᠳᠭᠡᠯ ᠪᠠ ᠡᠯᠪᠡᠭ ᠪᠠᠶᠠᠯᠢᠭ ᠰᠠᠭᠤᠷᠢ ᠪᠠᠷ ᠭᠠᠳᠠᠭᠠᠳᠤ ᠶᠢᠨ | ᠦᠵᠡᠭᠴᠢᠳ ᠤᠨ ᠬᠦᠷᠢᠶᠡᠯᠡᠯ ᠢ ᠣᠯᠵᠠᠢ᠃ ᠡᠷᠲᠡᠨ ᠤ ᠰᠡᠳᠦᠪᠲᠦ ᠵᠦᠴᠦᠭᠡ ᠨᠢ ᠳᠤᠮᠳᠠᠳᠤ ᠶᠢᠨ ᠲᠡᠦᠬᠡ ᠶᠢᠨ ᠣᠢ ᠰᠠᠨᠠᠮᠵᠢ ᠪᠠ ᠦᠵᠡᠵᠦ ᠰᠣᠨᠣᠰᠬᠤ ᠤᠷᠠᠯᠢᠭ ᠢ | ᠠᠭᠤᠰᠤᠯᠴᠠᠭᠤᠯᠵᠤ᠂ ᠰᠡᠳᠦᠪ ᠨᠢ ᠣᠯᠠᠨ ᠶᠠᠩᠵᠤ ᠶᠢᠨ᠂ ᠵᠢᠷᠤᠭ ᠨᠢ ᠭᠤᠶᠢᠲᠠ ᠰᠠᠶᠢᠬᠠᠨ ᠪᠠᠶᠢᠵᠤ᠂ ︽ᠳᠣᠷᠣᠨᠠᠳᠠᠬᠢᠨ ᠤ ᠭᠤᠸ᠎ᠠ ᠵᠦᠢ︾ ᠪᠠᠷ ᠲᠠᠰᠤᠷᠠᠯᠲᠠ ᠦᠭᠡᠢ | ᠭᠠᠳᠠᠭᠠᠳᠤ ᠶᠢᠨ ᠰᠢᠨ᠎ᠡ ᠦᠵᠡᠭᠴᠢᠳ ᠢ ᠲᠠᠲᠠᠵᠤ᠂ ᠳᠤᠮᠳᠠᠳᠤ ᠶᠢᠨ ᠰᠢᠯᠢᠳᠡᠭ ᠰᠣᠶᠣᠯ ᠢ ᠳᠠᠮᠵᠢᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃ 2024 ᠣᠨ ᠤ | 6 ᠳ᠋ᠤᠭᠠᠷ ᠰᠠᠷ᠎ᠠ ᠳᠤ᠂ ᠡᠷᠲᠡᠨ ᠤ ᠰᠡᠳᠦᠪᠲᠦ ᠬᠠᠶᠢᠷ᠎ᠠ ᠰᠡᠳᠭᠢᠯᠭᠡ ᠶᠢᠨ ᠵᠦᠴᠦᠭᠡ ︽ᠪᠠᠷᠠᠭᠠᠨ ᠪᠣᠷᠤᠭᠠᠨ ᠡᠭᠦᠯᠡᠨ ᠤ ᠳᠤᠮᠳᠠ︾ ᠶᠢ ᠠᠩᠭ᠍ᠯᠢ᠂ ᠢᠰᠫᠠᠨᠢ᠂ ᠫᠣᠷᠲ᠋ᠦ᠋ᠭᠠᠯ᠂ | ᠲᠠᠢ ᠤᠯᠤᠰ᠂ ᠢᠨᠳᠦ᠋ᠨᠧᠰᠢᠶ᠎ᠠ᠂ ᠮᠠᠯᠠᠶᠢᠰᠢᠶ᠎ᠠ᠂ ᠸᠢᠶᠧᠲᠨᠠᠮ ᠬᠡᠯᠡ ᠵᠡᠷᠭᠡ ᠣᠯᠠᠨ ᠬᠡᠯᠡ ᠪᠠᠷ ᠣᠷᠴᠢᠭᠤᠯᠵᠤ᠂ ᠪᠦᠬᠦ ᠪᠥᠮᠪᠥᠷᠴᠡᠭ ᠤᠨ ᠤᠷᠤᠰᠬᠠᠯ ᠵᠠᠭᠤᠴᠢᠯᠠᠭᠤᠷ ᠤᠨ | ᠲᠠᠪᠴᠠᠩ ᠨᠠᠢ ᠹᠧᠢ ᠵᠢᠴᠢ ᠤᠮᠠᠷᠠᠲᠤ ᠠᠮᠧᠷᠢᠺᠠ᠂ ᠲᠠᠢ ᠤᠯᠤᠰ᠂ ᠮᠠᠯᠠᠶᠢᠰᠢᠶ᠎ᠠ᠂ ᠶᠠᠫᠣᠨ᠂ ᠺᠣᠷᠢᠶᠠ ᠵᠡᠷᠭᠡ ᠣᠯᠠᠨ ᠣᠷᠣᠨ ᠪᠦᠰᠡ ᠶᠢᠨ ᠤᠷᠤᠰᠬᠠᠯ ᠵᠠᠭᠤᠴᠢᠯᠠᠭᠤᠷ ᠤᠨ | ᠲᠠᠪᠴᠠᠩ ᠳᠡᠭᠡᠷ᠎ᠡ ᠨᠡᠪᠲᠡᠷᠡᠭᠦᠯᠵᠦ᠂ ᠣᠳᠣᠬᠠᠨ ᠳᠤ ᠭᠠᠳᠠᠭᠠᠳᠤ ᠶᠢᠨ ᠪᠦᠬᠦ ᠲᠠᠪᠴᠠᠩ ᠳᠤ ᠪᠠᠷᠤᠭ 2 ᠳ᠋ᠦᠩᠰᠢᠭᠤᠷ ᠰᠢᠬᠠᠮ ᠤᠳᠠᠭ᠎ᠠ ᠨᠡᠪᠲᠡᠷᠡᠭᠦᠯᠵᠦ᠂ ᠭᠠᠳᠠᠭᠠᠳᠤ ᠶᠢᠨ | ᠲᠠᠪᠴᠠᠩ ᠳᠤ 4 ᠳ᠋ᠦᠩᠰᠢᠭᠤᠷ ᠰᠢᠬᠠᠮ ᠢᠯᠡᠴᠢᠯᠡᠵᠦ᠂ ᠤᠷᠢᠳ ᠬᠤᠵᠢᠳ ᠲᠠᠢ ᠤᠯᠤᠰ ᠤᠨ TrueID ᠲᠠᠪᠴᠠᠩ᠂ ᠺᠣᠷᠢᠶᠠ ᠶᠢᠨ MOA ᠲᠠᠪᠴᠠᠩ ᠵᠡᠷᠭᠡ ᠬᠤᠶᠠᠷ | ᠶᠡᠭᠡ ᠲᠠᠪᠴᠠᠩ ᠳᠤ ᠨᠡᠪᠲᠡᠷᠡᠭᠦᠯᠵᠦ ᠂ ᠵᠠᠯᠭᠠᠭ᠎ᠠ ᠪᠠᠷ ᠣᠯᠠᠨ ᠡᠳᠦᠷ ᠶᠧᠦ ᠺᠦ᠋ ᠣᠯᠠᠨ ᠤᠯᠤᠰ ᠤᠨ ᠬᠡᠪᠯᠡᠯ ᠤᠨ ᠪᠦᠬᠦ ᠬᠡᠯᠡᠨ ᠤ ᠬᠠᠯᠠᠮᠰᠢᠯ ᠵᠦᠴᠦᠭᠡ ᠶᠢᠨ ᠲᠡᠭᠦᠪᠦᠷᠢ ᠶᠢᠨ | ᠲᠡᠷᠢᠭᠦᠨ ᠪᠠᠶᠢᠷᠢ ᠶᠢ ᠡᠵᠡᠯᠡᠵᠦ᠂ IMDB ᠢᠨᠲ᠋ᠧᠷ ᠰᠦᠯᠵᠢᠶᠡᠨ ᠤ ᠺᠢᠨᠣ᠋ ᠶᠢᠨ ᠮᠠᠲ᠋ᠧᠷᠢᠶᠠᠯ ᠤᠨ ᠬᠥᠮᠥᠷᠭᠡ ᠳᠤ 8.6 ᠬᠤᠪᠢ ᠣᠯᠵᠤ᠂ ᠠᠽᠢᠶ᠎ᠠ ᠲᠢᠪ ᠤᠨ ᠵᠦᠴᠦᠭᠡ ᠶᠢᠨ | ᠲᠡᠭᠦᠪᠦᠷᠢ ᠶᠢᠨ ᠰᠢᠭᠦᠮᠵᠢ ᠰᠦᠯᠵᠢᠶ᠎ᠡ MyDramaList ᠳᠤ 8.7 ᠬᠤᠪᠢ ᠣᠯᠪᠠ᠂ ᠨᠠᠢ ᠹᠧᠢ ᠠᠯᠪᠠᠨ ᠤ ᠲᠠᠯ᠎ᠠ ᠶᠢᠨ Instagram ᠳᠠᠩᠰᠠᠨ ᠨᠣᠮᠧᠷ ᠲᠤ | ᠨᠡᠶᠢᠲᠡᠯᠡᠭᠰᠡᠨ ︽ ᠪᠠᠷᠠᠭᠠᠨ ᠪᠣᠷᠤᠭᠠᠨ ᠡᠭᠦᠯᠡᠨ ᠤ ᠳᠤᠮᠳᠠ ︾ ᠶᠢ ᠤᠬᠠᠭᠤᠯᠤᠨ ᠲᠠᠨᠢᠯᠴᠠᠭᠤᠯᠤᠭᠰᠠᠨ ᠮᠡᠳᠡᠭᠡ ᠵᠠᠩᠭᠢ ᠨᠢ ᠣᠯᠠᠨ ᠤ ᠮᠠᠭᠲᠠᠭᠠᠯ ᠢ ᠣᠯᠪᠠ᠃ | ᠬᠤᠶᠠᠷ᠂ ︽ᠣᠡᠭᠭᠤᠴᠠ ᠦᠢᠯᠡᠳᠭᠦ︾ ᠪᠠ ︽ᠣᠡᠭᠭᠤᠴᠠ ᠵᠢᠭᠡᠯᠡᠬᠦ︾ ᠶᠢ ᠵᠡᠷᠭᠡ ᠪᠠᠷ ᠬᠡᠷᠡᠭᠵᠢᠭᠦᠯᠵᠦ᠂ ᠳᠤᠮᠳᠠᠳᠤ ᠤᠯᠤᠰ ᠤᠨ ᠵᠦᠴᠦᠭᠡ ᠶᠢᠨ ᠲᠡᠭᠦᠪᠦᠷᠢ ᠣᠯᠠᠨ | ᠠᠷᠭ᠎ᠠ ᠵᠠᠮ ᠢᠶᠠᠷ ᠭᠠᠳᠠᠭᠠᠳᠤ ᠶᠢᠨ ᠦᠵᠡᠭᠴᠢᠳ ᠲᠠᠢ ᠣᠶᠢᠷᠠᠲᠤᠪᠠ | ᠪᠡᠶ᠎ᠡ ᠪᠠᠨ ᠳᠠᠭᠠᠭᠠᠭᠰᠠᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠪᠠᠶᠢᠭᠤᠯᠤᠯᠲᠠ ᠪᠠ ᠭᠠᠳᠠᠭᠠᠳᠤ ᠶᠢᠨ ᠰᠤᠪᠠᠭ ᠤᠨ ᠳᠠᠩᠰᠠᠨ ᠨᠣᠮᠧᠷ ᠤᠨ ᠪᠠᠶᠢᠭᠤᠯᠤᠯᠲᠠ ᠢᠵᠢᠯ | ᠴᠢᠭᠯᠡᠯ ᠳᠤ ᠬᠦᠴᠦᠯᠡᠪᠡ᠃ ᠠᠢ ᠴᠢ ᠢ᠂ ᠶᠧᠦ ᠺᠦ᠋᠂ ᠲᠧᠩ ᠰᠢᠶᠦ᠋ᠨ᠂ ᠮᠠᠩᠭᠦ᠋ᠸᠧ TV ᠵᠡᠷᠭᠡ ᠳᠤᠮᠳᠠᠳᠤ ᠤᠯᠤᠰ ᠤᠨ ᠰᠦᠯᠵᠢᠶᠡᠨ ᠤ ᠦᠵᠡᠵᠦ ᠰᠣᠨᠣᠰᠬᠤ | ᠲᠠᠪᠴᠠᠩ ᠨᠢ ᠭᠠᠳᠠᠭᠠᠳᠤ ᠶᠢᠨ ᠵᠠᠬ᠎ᠠ ᠳᠡᠯᠭᠡᠭᠦᠷ ᠢ ᠰᠠᠨᠠᠭᠠᠴᠢᠯᠠᠭ᠎ᠠ ᠠᠴᠠ ᠪᠠᠨ ᠪᠠᠶᠢᠷᠢᠯᠠᠭᠤᠯᠵᠤ ᠂ ᠲᠤᠰ ᠭᠠᠵᠠᠷ ᠣᠷᠣᠨ ᠤ ᠪᠠᠨ ᠰᠦᠯᠵᠢᠶᠡᠨ ᠲᠠᠪᠴᠠᠩ ᠪᠠ ᠰᠢᠨ᠎ᠡ | ᠵᠠᠭᠤᠴᠢᠯᠠᠭᠤᠷ ᠤᠨ ᠬᠡᠷᠡᠭᠯᠡᠯᠲᠡ ᠶᠢ ᠢᠳᠡᠪᠬᠢᠲᠡᠢ ᠪᠠᠷ ᠪᠣᠢ ᠪᠣᠯᠭᠠᠵᠤ᠂ ᠵᠦᠴᠦᠭᠡ ᠶᠢᠨ ᠳᠠᠯᠠᠢ ᠳᠤ ᠭᠠᠷᠬᠤ ᠳᠤ ᠪᠡᠶ᠎ᠡ ᠪᠠᠨ ᠳᠠᠭᠠᠭᠠᠵᠤ ᠨᠡᠪᠲᠡᠷᠡᠭᠦᠯᠬᠦ ᠲᠠᠪᠴᠠᠩ ᠢ | ᠪᠠᠶᠢᠭᠤᠯᠪᠠ ᠃ ᠡᠭᠦᠨ ᠤ ᠬᠠᠮᠲᠤ᠂ ᠭᠤᠤᠯᠳᠠᠯᠭ᠎ᠠ ᠲᠠᠢ ᠷᠠᠳᠢᠣ᠋ ᠲᠧᠯᠸᠢᠰ ᠤᠨ ᠦᠵᠡᠵᠦ ᠰᠣᠨᠣᠰᠬᠤ ᠫᠷᠤᠭ᠍ᠷᠠᠮ ᠲᠠᠷᠬᠠᠭᠠᠬᠤ ᠪᠠᠶᠢᠭᠤᠯᠤᠮᠵᠢ ᠨᠢ ᠭᠠᠳᠠᠭᠠᠳᠤ ᠶᠢᠨ ᠭᠤᠤᠯ | ᠵᠠᠭᠤᠴᠢᠯᠠᠭᠤᠷ ᠤᠨ ᠲᠠᠪᠴᠠᠩ ᠳᠤ ᠰᠤᠪᠠᠭ ᠪᠠᠶᠢᠭᠤᠯᠵᠤ᠂ ᠲᠠᠩᠰᠠᠨ ᠨᠣᠮᠧᠷ ᠪᠠᠶᠢᠭᠤᠯᠵᠤ ᠂ ᠳᠤᠮᠳᠠᠳᠤ ᠤᠯᠤᠰ ᠤᠨ ᠠᠭᠤᠯᠭ᠎ᠠ ᠶᠢᠨ ︽ᠵᠡᠷᠭᠡ ᠪᠠᠷ ᠭᠠᠳᠠᠭᠠᠳᠤ ᠳᠤ | ᠨᠡᠪᠲᠡᠷᠡᠭᠦᠯᠬᠦ︾ ᠶᠢ ᠠᠯᠬᠤᠮ ᠠᠯᠬᠤᠮ ᠢᠶᠠᠷ ᠳᠥᠯᠭᠢᠨ ᠠᠬᠢᠭᠤᠯᠪᠠ᠃ ᠵᠧᠵᠢᠶᠠᠩ ᠤᠨ ᠬᠤᠸᠠ ᠼᠧ᠂ ᠱᠢ ᠵᠢᠢ ᠶᠸᠦ ᠶᠸᠦ ᠂ ᠱᠧᠨᠵᠧᠨ ᠤ ᠶᠠ ᠸᠧᠨ ᠵᠡᠷᠭᠡ ᠠᠵᠤ | ᠠᠬᠤᠶᠢᠯᠠᠯ ᠶᠸᠦ ᠲᠤ᠂ ᠨᠠᠶ ᠹᠸᠢ ᠵᠡᠷᠭᠡ ᠲᠠᠪᠴᠠᠩ ᠳᠤ ᠣᠯᠠᠨ ᠬᠡᠯᠡᠨ ᠤ ᠰᠤᠪᠠᠭ ᠢ ᠨᠡᠭᠡᠭᠡᠨ ᠡᠵᠡᠩᠨᠡᠵᠦ᠂ ︽ ᠤᠷᠢᠬᠠᠨ ᠰᠠᠯᠬᠢ ᠲᠠᠢ ᠭᠠᠵᠠᠷ ᠣᠴᠢᠶ᠎ᠠ ︾᠂ ︽ᠭᠤᠷᠪᠠᠨ | ᠬᠤᠪᠢ ᠶᠢᠨ ᠬᠡᠭᠡᠷ᠎ᠡ ᠭᠠᠳᠠᠨ᠎ᠠ︾᠂ ︽ᠭᠡᠷ ᠤᠨ ᠬᠦᠮᠦᠨ ᠤ ᠨᠡᠷ᠎ᠡ ᠪᠠᠷ ︾ ᠵᠡᠷᠭᠡ ᠵᠦᠴᠦᠭᠡ ᠶᠢ ᠤᠯᠤᠰ ᠤᠨ ᠳᠣᠲᠣᠨ᠎ᠠ ᠭᠠᠳᠠᠨ᠎ᠠ ᠵᠡᠷᠭᠡ ᠪᠠᠷ ᠨᠡᠪᠲᠡᠷᠡᠭᠦᠯᠵᠦ᠂ ᠳᠤᠮᠳᠠᠳᠤ | ᠤᠯᠤᠰ ᠤᠨ ᠵᠦᠴᠦᠭᠡ ᠶᠢᠨ ᠲᠡᠭᠦᠪᠦᠷᠢ ᠨᠢ ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠥᠮᠥᠨ ᠢᠶᠠᠷ ᠨᠤᠲᠤᠭ ᠣᠷᠣᠨ ᠤ ᠬᠡᠷᠡᠭᠯᠡᠭᠴᠢᠳ ᠤᠨ ᠬᠦᠷᠢᠶ᠎ᠡ ᠴᠠᠷᠠᠭ᠎ᠠ ᠶᠢ | ᠡᠪᠳᠡᠬᠦ ᠶᠢ ᠢᠳᠡᠪᠬᠢᠲᠡᠶ ᠠᠬᠢᠭᠤᠯᠪᠠ ᠃ | ᠰᠦᠯᠵᠢᠶᠡᠨ ᠤ ᠪᠢᠴᠢᠯ ᠣᠬᠤᠷ ᠵᠦᠴᠦᠭᠡ ᠨᠢ ᠣᠯᠠᠨ ᠤᠯᠤᠰ ᠲᠤ ᠳᠠᠮᠵᠢᠭᠤᠯᠤᠭᠳᠠᠵᠤ᠂ ᠭᠠᠳᠠᠭᠠᠳᠤ ᠶᠢᠨ ᠬᠢᠨ ᠢ ᠳᠠᠪᠠᠭ᠋ᠤ ᠪᠠᠶᠢᠳᠠᠯ ᠲᠠᠢ ᠪᠣᠯᠪᠠ᠃ ᠣᠶᠢᠷ᠎ᠠ ᠶᠢᠨ | ᠵᠢᠯ ᠤᠨ ᠲᠤᠷᠰᠢ ᠣᠯᠠᠨ ᠤ ᠠᠩᠬᠠᠷᠤᠯ ᠢ ᠶᠡᠬᠡᠳᠡ ᠲᠠᠲᠠᠭᠰᠠᠨ ᠨᠢᠭᠡ ᠵᠦᠢᠯ ᠤᠨ ᠦᠵᠡᠵᠦ ᠰᠣᠨᠣᠰᠬᠤ ᠳᠠᠮᠵᠢᠭᠤᠯᠭ᠎ᠠ ᠶᠢᠨ ᠬᠡᠯᠪᠡᠷᠢ ᠪᠣᠯᠤᠭᠰᠠᠨ ᠤ ᠬᠤᠪᠢ ᠳᠤ᠂ ᠳᠤᠮᠳᠠᠳᠤ | ᠤᠯᠤᠰ ᠤᠨ ᠪᠢᠴᠢᠯ ᠣᠬᠤᠷ ᠵᠦᠴᠦᠭᠡ ᠶᠢᠨ ᠡᠬᠢᠯᠡᠯᠲᠡ ᠨᠢ ᠨᠡᠯᠢᠶᠡᠳ ᠡᠷᠲᠡ ᠪᠠᠶᠢᠵᠤ᠂ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠲᠤ ᠤᠷᠢᠳ ᠢᠶᠠᠷ ᠬᠥᠭᠵᠢᠬᠦ | ᠳᠠᠪᠠᠭᠤᠯᠢᠭ ᠲᠠᠢ᠂ ᠥᠷᠢᠰᠦᠯᠳᠦᠬᠦ ᠬᠦᠴᠦᠨ ᠨᠢ ᠢᠯᠡᠷᠬᠡᠢ ᠪᠠᠶᠢᠵᠤ᠂ ᠳᠤᠮᠳᠠᠳᠤ ᠤᠯᠤᠰ ᠤᠨ ᠵᠦᠴᠦᠭᠡ ᠶᠢᠨ ᠣᠯᠠᠨ ᠤᠯᠤᠰ ᠲᠤ ᠳᠠᠮᠵᠢᠭᠤᠯᠤᠭᠳᠠᠬᠤ ᠰᠢᠨ᠎ᠡ ᠵᠠᠬ᠎ᠠ | ᠳᠡᠯᠭᠡᠭᠦᠷ ᠪᠣᠯᠪᠠ᠃ ᠹᠧᠩ ᠶᠧ ᠬᠠᠷᠢᠯᠴᠠᠨ ᠬᠥᠳᠡᠯᠦᠯᠴᠡᠬᠦ ReelShort᠂ ᠠᠨ ᠶᠤᠸᠠᠢ ᠰᠦᠯᠵᠢᠶ᠎ᠡ FlexTV᠂ ᠳ᠋ᠢᠶᠠᠨ ᠵᠦᠩ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ DramaBox᠂ ᠰᠢᠨ ᠶᠤᠸᠠᠢ ᠴᠠᠭ ᠦᠶ᠎ᠡ GoodShort ᠵᠡᠷᠭᠡ ᠲᠠᠪᠴᠠᠩ ᠨᠢ ᠡᠩ ᠲᠡᠷᠢᠭᠦᠨ ᠳᠤ ᠭᠠᠳᠠᠭᠠᠳᠤ ᠶᠢᠨ ᠰᠦᠯᠵᠢᠶᠡᠨ ᠳᠤ ᠭᠠᠷᠭᠠᠵᠤ᠂ | ᠭᠠᠳᠠᠭᠠᠳᠤ ᠶᠢᠨ ᠣᠯᠠᠨ ᠵᠠᠬ᠎ᠠ ᠳᠡᠯᠭᠡᠭᠦᠷ ᠳᠡᠭᠡᠷ᠎ᠡ ᠶᠡᠭᠡ ᠬᠡᠮᠵᠢᠶᠡᠨ ᠤ ᠬᠡᠷᠡᠭᠯᠡᠭᠴᠢ ᠣᠯᠵᠤ᠂ ᠨᠢᠳᠦ ᠭᠢᠯᠠᠰᠤᠭᠤᠯᠣᠮᠠ ᠪᠠᠶᠢᠪᠠ᠃ ᠠᠩᠭ᠍ᠯᠢ ᠶᠢᠨ ︽ᠠᠵᠤ ᠠᠬᠤᠢ ᠶᠢᠨ | ᠤᠬᠠᠭᠠᠨᠲᠠᠨ︾ ᠳᠤ ︽ReelShort ᠪᠤᠯ ᠳᠤᠮᠳᠠᠳᠤ ᠤᠯᠤᠰ ᠤᠨ ᠠᠮᠧᠷᠢᠺᠠ ᠤᠯᠤᠰ ᠢ ᠡᠷᠬᠡᠰᠢᠶᠡᠵᠦ ᠪᠠᠶᠢᠭ᠎ᠠ ᠬᠠᠮᠤᠭ ᠰᠢᠨ᠎ᠡ ᠭᠠᠳᠠᠭᠠᠳᠤ ᠳᠤ | ᠭᠠᠷᠭᠠᠭᠰᠠᠨ ᠪᠦᠲᠦᠭᠡᠭᠳᠡᠬᠦᠨ ᠮᠥᠨ ︾ ᠭᠡᠵᠡᠢ ᠃ AppMagic ᠶᠢᠨ ᠲᠤᠭ᠎ᠠ ᠪᠠᠷᠢᠮᠲᠠ ᠶᠢᠨ ᠬᠠᠷᠠᠭᠤᠯᠤᠭᠰᠠᠨ ᠢᠶᠠᠷ᠂ ReelShort 2024 ᠣᠨ ᠤ 1 ᠳ᠋ᠦ᠋ᠭᠡᠷ | ᠰᠠᠷ᠎ᠠ ᠶᠢᠨ ᠳᠣᠲᠣᠷ᠎ᠠ ᠬᠤᠳᠠᠯᠳᠤᠨ ᠠᠪᠤᠭᠰᠠᠨ ᠣᠷᠣᠯᠭ᠎ᠠ ᠨᠢ ᠠᠩᠬ᠎ᠠ ᠤᠳᠠᠭ᠎ᠠ 1000 ᠲᠦᠮᠡᠨ ᠳ᠋ᠣᠯᠯᠠᠷ ᠠᠴᠠ ᠳᠠᠪᠠᠵᠤ᠂ ᠠᠳᠠᠯᠢ ᠬᠤᠭᠤᠴᠠᠭᠠᠨ ᠤ DramaBox | ᠪᠠ ShortMax ᠤᠨ ᠲᠤᠰ ᠲᠤᠰ 400 ᠲᠦᠮᠡᠨ ᠳ᠋ᠣᠯᠯᠠᠷ ᠪᠠ 186 ᠲᠦᠮᠡᠨ ᠳ᠋ᠣᠯᠯᠠᠷ ᠪᠠᠶᠢᠪᠠ᠃ 2024 ᠣᠨ ᠤ 8 ᠳ᠋ᠤᠭᠠᠷ ᠰᠠᠷ᠎ᠠ ᠳᠤ᠂ ReelShort | ᠪᠣᠯᠤᠨ DramaBox ᠨᠢ ᠨᠢᠭᠡᠨᠲᠡ 2000 ᠲᠦᠮᠡᠨ ᠳ᠋ᠣᠯᠯᠠᠷ ᠠᠴᠠ ᠳᠠᠪᠠᠭᠰᠠᠨ ᠣᠬᠤᠷ ᠵᠦᠴᠦᠭᠡ ᠶᠢᠨ App ᠪᠣᠯᠵᠤ᠂ ShortMax ᠨᠢ ᠪᠠᠰᠠ 1500 | ᠭᠠᠷᠤᠢ ᠲᠦᠮᠡᠨ ᠳ᠋ᠣᠯᠯᠠᠷ ᠲᠤ ᠬᠦᠷᠪᠡ᠃ | ᠭᠤᠷᠪᠠ᠂ ᠵᠡᠷᠭᠡ ᠳᠤ ᠨᠢ ᠤᠬᠠᠭᠤᠯᠵᠤ᠂ ᠵᠠᠬ᠎ᠠ ᠳᠡᠯᠭᠡᠭᠦᠷ ᠢ ᠨᠠᠷᠢᠨ ᠬᠤᠪᠢᠶᠠᠷᠢᠯᠠᠵᠤ᠂ ᠳᠤᠮᠳᠠᠳᠤ ᠤᠯᠤᠰ ᠤᠨ ᠵᠦᠴᠦᠭᠡ ᠶᠢᠨ ᠭᠠᠳᠠᠭᠠᠲᠤ ᠳᠤ ᠭᠠᠷᠬᠤ ᠬᠡᠪ | ᠵᠠᠭᠪᠤᠷ ᠤᠨ ᠰᠢᠨ᠎ᠡ ᠶᠢ ᠡᠭᠦᠳᠦᠨ ᠲᠠᠰ ᠳᠡᠪᠰᠢᠭᠦᠯᠪᠡ | ᠤᠷᠢᠳᠴᠢᠯᠠᠨ ᠲᠥᠯᠥᠪᠯᠡᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠡᠷᠭᠡ ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ | ᠣᠯᠠᠨ ᠵᠢᠯ ᠤᠨ ᠬᠤᠷᠠᠮᠳᠤᠭᠤᠯᠭ᠎ᠠ ᠪᠠᠷ ᠳᠤᠮᠳᠠᠳᠤ ᠤᠯᠤᠰ ᠤᠨ ᠵᠦᠴᠦᠭᠡ ᠶᠢᠨ ᠲᠡᠭᠦᠪᠦᠷᠢ ᠨᠢ ᠴᠢᠨᠠᠷ ᠰᠠᠶᠢᠲᠠᠶ ᠪᠠᠷ ᠢᠶᠠᠨ ᠭᠠᠳᠠᠭᠠᠳᠤ ᠶᠢᠨ ᠵᠠᠬ᠎ᠠ ᠳᠡᠯᠭᠡᠭᠦᠷ ᠤᠨ ᠢᠲᠡᠭᠡᠯ ᠢ | ᠣᠯᠵᠤ᠂ ᠤᠯᠠᠮ ᠠᠴᠠ ᠤᠯᠠᠮ ᠣᠯᠠᠨ ᠳᠤᠮᠳᠠᠳᠤ ᠤᠯᠤᠰ ᠤᠨ ᠵᠦᠴᠦᠭᠡ ᠶᠢᠨ ᠲᠡᠭᠦᠪᠦᠷᠢ ᠶᠢ ᠤᠯᠤᠰ ᠤᠨ ᠳᠣᠲᠣᠭᠠᠳᠤ ᠭᠠᠳᠠᠭᠠᠳᠤ ᠳᠤ ᠵᠡᠷᠭᠡ ᠪᠠᠷ ᠨᠡᠪᠲᠡᠷᠡᠭᠦᠯᠵᠦ ᠪᠣᠢ᠃ | ᠰᠢᠨ ᠯᠢ᠂ ᠲᠧᠩ ᠰᠢᠶᠦ᠋ᠨ᠂ ᠶᠸᠦ ᠺᠦ᠋᠂ ᠬᠤᠸᠠ ᠼᠧ ᠵᠡᠷᠭᠡ ᠤᠯᠤᠰ ᠤᠨ ᠳᠣᠲᠣᠭᠠᠳᠤ ᠶᠢᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠠᠶᠢᠭᠤᠯᠤᠮᠵᠢ ᠪᠣᠯᠤᠨ | ᠳ᠋ᠢᠰᠨᠢ᠂ ᠨᠠᠢ ᠹᠸᠢ ᠵᠡᠷᠭᠡ ᠭᠠᠳᠠᠭᠠᠳᠤ ᠶᠢᠨ ᠭᠤᠣᠯ ᠵᠠᠭᠤᠴᠢᠯᠠᠭᠤᠷ ᠯᠤᠭ᠎ᠠ ᠭᠦᠨ ᠵᠤᠵᠠᠭᠠᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ︽ᠪᠠᠷᠠᠭᠠᠨ ᠪᠣᠷᠤᠭᠠᠨ | ᠡᠭᠦᠯᠡᠨ ᠤ ᠳᠤᠮᠳᠠ︾᠂ ︽ᠹᠧᠩ ᠰᠢᠩ︾ ᠵᠡᠷᠭᠡ ᠵᠦᠴᠦᠭᠡ ᠶᠢᠨ ᠲᠡᠭᠦᠪᠦᠷᠢ ᠶᠢ ᠦᠢᠯᠡᠳᠬᠦ ᠡᠬᠢᠨ ᠤ ᠬᠤᠭᠤᠴᠠᠭᠠᠨ ᠳᠤ ᠭᠠᠳᠠᠭᠠᠳᠤ ᠶᠢᠨ ᠬᠠᠮᠲᠤᠷᠠᠯᠴᠠᠭᠠᠨ ᠤ ᠲᠠᠯ᠎ᠠ ᠲᠠᠢ | ᠵᠡᠷᠭᠡ ᠪᠠᠷ ᠨᠡᠪᠲᠡᠷᠡᠭᠦᠯᠬᠦ ᠪᠠᠷ ᠲᠣᠭᠲᠠᠪᠠ᠃ ᠫᠷᠣᠭ᠍ᠷᠠᠮ ᠢ ᠨᠠᠶᠢᠷᠠᠭᠤᠯᠵᠤ ᠳᠠᠭᠤᠰᠬᠠᠭᠰᠠᠨ ᠤ ᠳᠠᠷᠠᠭ᠎ᠠ᠂ ᠭᠠᠳᠠᠭᠠᠳᠤ ᠶᠢᠨ ᠬᠠᠮᠲᠤᠷᠠᠨ ᠠᠵᠢᠯᠯᠠᠬᠤ ᠲᠠᠯ᠎ᠠ ᠶᠢᠨ ᠬᠢᠨ | ᠨᠡᠪᠲᠡᠷᠡᠭᠦᠯᠭᠡ ᠶᠢ ᠤᠷᠢᠳ ᠢᠶᠠᠷ ᠲᠣᠬᠢᠷᠠᠭᠤᠯᠬᠤ ᠶᠢᠨ ᠬᠠᠮᠲᠤ ᠤᠯᠤᠰ ᠤᠨ ᠳᠣᠲᠣᠭᠠᠳᠤ ᠶᠢᠨ ᠨᠡᠪᠲᠡᠷᠡᠭᠦᠯᠭᠡ ᠳᠤ ᠪᠠᠨ ᠲᠣᠬᠢᠷᠠᠭᠤᠯᠤᠯᠲᠠ ᠬᠢᠵᠦ ᠨᠡᠪᠲᠡᠷᠡᠭᠦᠯᠬᠦ | ᠲᠥᠯᠥᠪᠯᠡᠭᠡ ᠪᠠᠨ ᠦᠨᠳᠦᠰᠦᠯᠡᠨ᠂ ᠡᠴᠦᠰ ᠲᠤ ᠪᠠᠨ ᠤᠯᠤᠰ ᠤᠨ ᠳᠣᠲᠣᠭᠠᠳᠤ ᠭᠠᠳᠠᠭᠠᠳᠤ ᠶᠢᠨ ᠵᠡᠷᠭᠡ ᠪᠠᠷ ᠨᠡᠪᠲᠡᠷᠡᠭᠦᠯᠬᠦ ᠶᠢ ᠪᠡᠶᠡᠯᠡᠭᠦᠯᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠢᠨ ᠤ ᠵᠦᠴᠦᠭᠡ ᠦᠵᠡᠬᠦ ︽ᠴᠠᠭ ᠤᠨ ᠵᠥᠷᠢᠶ᠎ᠡ︾ ᠶᠢ ᠪᠣᠭᠤᠨᠢᠰᠬᠠᠵᠤ᠂ ᠫᠷᠣᠭ᠍ᠷᠠᠮ ᠤᠨ ᠭᠠᠳᠠᠭᠠᠳᠤ ᠳᠤ ᠳᠠᠮᠵᠢᠭᠤᠯᠬᠤ ᠬᠦᠴᠦᠨ ᠲᠠᠢ ᠬᠤᠭᠤᠴᠠᠭ᠎ᠠ ᠶᠢ | ᠳᠡᠭᠡᠭᠰᠢᠯᠡᠭᠦᠯᠪᠡ᠃ | ᠵᠡᠷᠭᠡ ᠪᠠᠷ ᠤᠬᠠᠭᠤᠯᠤᠨ ᠳᠡᠯᠭᠡᠷᠡᠭᠦᠯᠵᠦ᠂ ᠢᠵᠢᠯ ᠳᠠᠪᠲᠠᠮᠵᠢ ᠪᠠᠷ ᠤᠷᠤᠭᠰᠢᠯᠠᠵᠤ᠂ ᠬᠠᠯᠠᠮᠰᠢᠯ ᠤᠨ ᠠᠩᠬᠠᠷᠤᠯ ᠲᠠᠯᠪᠢᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ | ᠳᠤᠮᠳᠠᠳᠤ ᠤᠯᠤᠰ ᠤᠨ ᠵᠦᠴᠦᠭᠡ ᠶᠢᠨ ᠲᠡᠭᠦᠪᠦᠷᠢ ᠨᠢ ᠭᠠᠳᠠᠭᠠᠳᠤ ᠳᠤ ᠤᠯᠠᠮ ᠠᠴᠠ ᠤᠯᠠᠮ ᠬᠦᠷᠢᠶᠡᠯᠡᠯ ᠣᠯᠬᠤ ᠶᠢ ᠳᠠᠭᠠᠯᠳᠤᠨ ᠬᠡᠪᠯᠡᠯ ᠬᠤᠯᠠᠭᠠᠶᠢᠯᠠᠬᠤ ᠦᠵᠡᠭᠳᠡᠯ | ᠤᠯᠠᠮ ᠬᠦᠨᠳᠦ ᠨᠣᠴᠢᠲᠠᠢ ᠪᠣᠯᠵᠤ ᠪᠠᠶᠢᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠵᠡᠷᠭᠡ ᠪᠠᠷ ᠤᠬᠠᠭᠤᠯᠤᠨ ᠳᠡᠯᠭᠡᠷᠡᠭᠦᠯᠵᠦ᠂ ᠢᠵᠢᠯ ᠳᠠᠪᠲᠠᠮᠵᠢ ᠪᠠᠷ | ᠤᠷᠤᠭᠰᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠴᠢᠳ ᠢᠳᠡᠪᠬᠢᠲᠡᠶ ᠪᠠᠷ ᠬᠠᠷᠢᠯᠴᠠᠨ ᠬᠥᠳᠡᠯᠦᠯᠴᠡᠵᠦ᠂ ᠫᠷᠤᠭ᠍ᠷᠠᠮ ᠤᠨ ᠬᠠᠯᠠᠮᠰᠢᠯ ᠤᠨ ᠬᠡᠮᠵᠢᠶ᠎ᠡ ᠪᠣᠯᠤᠨ | ᠬᠤᠳᠠᠯᠳᠤᠭᠠᠨ ᠤ ᠠᠰᠢᠭ ᠣᠯᠵᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠭᠠᠳᠠᠭᠠᠳᠤ ᠶᠢᠨ ᠦᠵᠡᠭᠴᠢᠳ ᠤᠨ ᠬᠦᠯᠢᠶᠡᠨ ᠠᠪᠬᠤ ᠬᠡᠷᠡᠭᠴᠡᠭᠡ ᠶᠢ ᠨᠡᠩ | ᠰᠠᠶᠢᠲᠤᠷ ᠬᠠᠩᠭᠠᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠬᠦᠴᠦᠲᠡᠢ ᠳᠡᠭᠡᠭᠰᠢᠯᠡᠭᠦᠯᠵᠦ ᠪᠠᠶᠢᠨ᠎ᠠ᠃ ︽ᠰᠢᠨ᠎ᠡ ᠰᠤᠷᠤᠭᠴᠢ︾ 5 ᠳ᠋ᠤᠭᠠᠷ | ᠰᠠᠷ᠎ᠠ ᠶᠢᠨ 6 ᠤ ᠡᠳᠦᠷ ᠶᠧᠦ ᠺᠦ᠋ ᠵᠢᠴᠢ ᠶᠧᠦ ᠲᠤ ᠰᠤᠪᠠᠭ ᠲᠤ ᠨᠡᠪᠲᠡᠷᠡᠭᠦᠯᠦᠭᠰᠡᠨ ᠤ ᠳᠠᠷᠠᠭ᠎ᠠ᠂ 5 ᠳ᠋ᠤᠭᠠᠷ ᠰᠠᠷ᠎ᠠ ᠶᠢᠨ 7 ᠤ ᠡᠳᠦᠷ ᠨᠠᠢ ᠹᠧᠢ ᠲᠠᠪᠴᠠᠩ ᠳᠤ | ᠭᠠᠷᠭᠠᠵᠤ᠂ ᠵᠠᠯᠭᠠᠭ᠎ᠠ ᠪᠠᠷ ᠬᠡᠳᠦᠨ ᠡᠳᠦᠷ ᠲᠠᠶᠢᠸᠠᠨ ᠣᠷᠣᠨ ᠤ ᠡᠳᠦᠷ ᠤᠨ ᠵᠢᠭᠰᠠᠭᠠᠯ ᠳᠤ ᠭᠠᠷᠴᠤ᠂ ᠣᠯᠠᠨ ᠤ ᠬᠦᠷᠢᠶᠡᠯᠡᠯ ᠢ ᠣᠯᠣᠭᠰᠠᠨ ᠺᠣᠷᠢᠶᠠ ᠵᠦᠴᠦᠭᠡ ︽ | ᠨᠢᠯᠪᠤᠰᠤ ᠠᠰᠬᠠᠷᠠᠭᠤᠯᠤᠭᠰᠠᠨ ᠡᠮᠡᠭᠲᠡᠢ ᠸᠠᠩ︾ ᠨᠢ ᠠᠽᠢᠶ᠎ᠠ ᠲᠢᠪ ᠤᠨ ᠵᠦᠴᠦᠭᠡ ᠶᠢᠨ ᠲᠡᠭᠦᠪᠦᠷᠢ ᠶᠢᠨ ᠰᠢᠭᠦᠮᠵᠢ ᠰᠦᠯᠵᠢᠶᠡᠨ ᠥᠷᠲᠡᠭᠡ MyDramaList ᠳᠡᠭᠡᠷ᠎ᠡ | 8.4 ᠬᠤᠪᠢ ᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ᠵᠠᠬ᠎ᠠ ᠳᠡᠯᠭᠡᠭᠦᠷ ᠢ ᠨᠠᠷᠢᠨ ᠬᠤᠪᠢᠶᠠᠵᠤ᠂ ᠬᠡᠷᠡᠭᠴᠡᠭᠡ ᠳᠤ ᠣᠶᠢᠷᠠᠳᠴᠤ᠂ ᠨᠠᠷᠢᠯᠢᠭ ᠣᠨᠣᠪᠴᠢᠲᠠᠢ ᠪᠠᠷ ᠳᠠᠮᠵᠢᠭᠤᠯᠪᠠ᠃ ᠫᠷᠤᠭ᠍ᠷᠠᠮ ᠤᠨ ᠬᠠᠮᠤᠭ ᠤᠨ ᠶᠡᠭᠡ | ᠬᠦᠷᠦᠯᠴᠡᠬᠦᠶᠢᠴᠡ ᠨᠤᠷᠮ᠎ᠠ ᠶᠢ ᠪᠠᠲᠤᠯᠠᠵᠤ᠂ ᠬᠠᠮᠤᠭ ᠤᠨ ᠰᠠᠶᠢᠨ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠪᠡᠶᠡᠯᠡᠭᠦᠯᠬᠦ ᠶᠢᠨ ᠲᠥᠯᠥᠭᠡ᠂ ᠵᠠᠬ᠎ᠠ ᠳᠡᠯᠭᠡᠭᠦᠷ ᠢ ᠨᠠᠷᠢᠨ | ᠬᠤᠪᠢᠶᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠣᠶᠢᠷᠠᠳᠬᠤ ᠨᠢ ᠨᠡᠶᠢᠳᠡᠮ ᠬᠡᠷᠡᠭᠯᠡᠬᠦ ᠠᠷᠭ᠎ᠠ ᠪᠣᠯᠤᠨ᠎ᠠ᠃ ︽ᠪᠠᠶᠠᠷᠲᠤ ᠣᠨ 2︾ ᠨᠢ ᠳ᠋ᠢᠰᠨᠢ ᠰᠢᠶᠠᠩᠭᠠᠩ | ᠲᠠᠶᠢᠸᠠᠨ ᠤ ᠭᠠᠵᠠᠷ ᠣᠷᠣᠨ ᠳᠤ ᠲᠤᠰᠠᠭᠠᠷ ᠺᠢᠨᠣ᠋ ᠨᠡᠪᠲᠡᠷᠡᠭᠦᠯᠬᠦ ᠪᠠᠷ ᠡᠷᠬᠡ ᠣᠯᠭᠤᠵᠤ᠂ ᠨᠡᠪᠲᠡᠷᠡᠭᠦᠯᠬᠦ ᠠᠴᠠ ᠡᠮᠦᠨ᠎ᠡ ᠬᠠᠮᠲᠤᠷᠠᠨ ᠣᠯᠠᠨ ᠲᠠᠯᠠᠪᠤᠷ ᠰᠦᠯᠵᠢᠶᠡᠨ ᠭᠠᠳᠠᠨ᠎ᠠ | ᠲᠠᠨᠢᠯᠴᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠰᠢᠯᠵᠢᠮᠡᠯ ᠺᠢᠨᠣ᠋ ᠭᠠᠷᠭᠠᠬᠤ ᠲᠡᠷᠭᠡ ᠵᠡᠷᠭᠡ ᠵᠠᠷ | ᠰᠤᠷᠲᠠᠯᠴᠢᠯᠠᠭ᠎ᠠ ᠲᠠᠢ ᠤᠶᠠᠯᠳᠤᠭᠤᠯᠤᠨ ᠤᠷᠢᠳᠴᠢᠯᠠᠨ ᠨᠡᠪᠲᠡᠷᠡᠭᠦᠯᠵᠦ᠂ ᠢᠳᠡᠪᠬᠢᠲᠡᠢ ᠲᠤᠰᠬᠠᠯ ᠭᠠᠷᠭᠠᠪᠠ᠃ 22 ᠳ᠋ᠤᠭᠠᠷ ᠤᠳᠠᠭᠠᠨ ᠤ ᠲᠠᠶᠢᠸᠠᠨ ᠬᠤᠭᠤᠯᠠᠶ ᠶᠢᠨ | ᠵᠠᠯᠠᠭᠤᠴᠤᠳ ᠤᠨ ᠶᠠᠷᠢᠯᠴᠠᠭᠠᠨ ᠤ ᠲᠠᠪᠴᠠᠩ ᠳᠡᠭᠡᠷ᠎ᠡ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠳᠡᠳ᠋ ᠲᠡᠷᠢᠭᠦᠯᠡᠭᠴᠢ ᠯᠢᠶᠠᠨ ᠱᠧᠩ ᠸᠧᠨ ᠬᠡᠯᠡᠬᠦ ᠳᠤ ᠪᠠᠨ᠂ ᠡᠨᠡ | ᠤᠳᠠᠭ᠎ᠠ ᠡᠬᠡ ᠬᠠᠭᠤᠷᠠᠶ ᠳᠤ ᠢᠷᠡᠬᠦ ᠠᠴᠠ ᠡᠮᠦᠨ᠎ᠡ᠂ ︽ᠪᠠᠶᠠᠷᠲᠤ ᠣᠨ 2︾ ᠢ ᠦᠵᠡᠵᠦ ᠪᠠᠷᠠᠭᠠᠵᠠᠢ᠂ ᠡᠨᠡ ᠵᠦᠴᠦᠭᠡ ᠲᠠᠶᠢᠸᠠᠨ ᠤ ᠵᠠᠯᠠᠭᠤᠴᠤᠳ ᠤᠨ ᠳᠤᠮᠳᠠ ᠮᠠᠰᠢ | ᠬᠠᠯᠠᠭᠤᠷᠠᠯ ᠲᠠᠢ ᠪᠠᠶᠢᠨ᠎ᠠ ᠭᠡᠪᠡ᠂ ᠲᠡᠷᠡ ᠵᠦᠴᠦᠭᠡ ᠳᠠᠬᠢ ︽ᠵᠥᠪᠬᠡᠨ ᠥᠪᠡᠷ ᠤᠨ ᠭᠡᠷᠡᠯ ᠭᠢᠯᠪᠠᠭ᠎ᠠ ᠪᠤᠰᠤᠳ ᠤᠨ ᠳᠡᠭᠡᠷ᠎ᠡ ᠲᠤᠰᠴᠣ ᠳᠡᠶᠢᠯᠬᠦ ᠦᠭᠡᠢ ᠠᠴᠠ ᠠᠶᠤᠨ᠎ᠠ︾ | ᠭᠡᠰᠡᠨ ᠦᠭᠡ ᠶᠢ ᠠᠰᠢᠭᠯᠠᠨ ᠣᠯᠠᠨ ᠲᠠᠢ ᠬᠤᠪᠢᠶᠠᠯᠴᠠᠪᠠ᠃ ᠲᠤᠰ ᠵᠦᠴᠦᠭᠡ ᠨᠢ ᠪᠠᠰᠠ 16 ᠳ᠋ᠤᠭᠠᠷ ᠬᠤᠭᠤᠴᠠᠭᠠᠨ ᠤ ᠲᠠᠶᠢᠸᠠᠨ ᠬᠤᠭᠤᠯᠠᠶ ᠶᠢᠨ ᠶᠠᠷᠢᠯᠴᠠᠭᠠᠨ ᠤ | ᠲᠠᠪᠴᠠᠩ • ᠲᠠᠶᠢᠸᠠᠨ ᠬᠤᠭᠤᠯᠠᠶ ᠶᠢᠨ ᠺᠢᠨᠣ᠋ ᠲᠧᠯᠸᠢᠰ ᠤᠨ ᠤᠯᠠᠷᠢᠯ ᠤᠨ ︽ᠲᠠᠶᠢᠸᠠᠨ ᠤ ᠦᠵᠡᠭᠴᠢᠳ ᠤᠨ ᠬᠠᠶᠢᠷ᠎ᠠ ᠶᠢ ᠬᠠᠮᠤᠭ ᠲᠠᠲᠠᠭᠰᠠᠨ ᠡᠬᠡ ᠬᠠᠭᠤᠷᠠᠶ ᠶᠢᠨ | ᠲᠧᠯᠧᠢᠰ ᠵᠦᠴᠦᠭᠡ ᠶᠢᠨ ᠱᠠᠩᠨᠠᠯ︾ ᠢ ᠬᠦᠷᠲᠡᠵᠡᠢ᠃ ᠧᠦ᠋ᠷᠣᠫᠠ ᠠᠮᠧᠷᠢᠺᠠ ᠶᠢᠨ ᠭᠠᠵᠠᠷ ᠣᠷᠣᠨ ᠤ ᠬᠠᠮᠤᠭ ᠤᠨ ᠶᠡᠭᠡ ᠪᠦᠷᠬᠦᠴᠡ ᠶᠢ ᠪᠡᠶᠡᠯᠡᠭᠦᠯᠬᠦ ᠶᠢᠨ ᠲᠥᠯᠥᠭᠡ᠂ ︽ | ᠪᠠᠶᠠᠷᠲᠤ ᠣᠨ 2︾ ᠢ ᠶᠸᠦ ᠲᠤ᠂ Viki ᠲᠠᠪᠴᠠᠩ ᠢᠶᠠᠷ ᠳᠠᠮᠵᠢᠭᠤᠯᠤᠨ ᠨᠡᠪᠲᠡᠷᠡᠭᠦᠯᠵᠦ᠂ ᠬᠤᠶᠠᠷ ᠰᠠᠷ᠎ᠠ ᠶᠢᠨ ᠳᠣᠲᠣᠷ᠎ᠠ ᠶᠸᠦ ᠲᠤ ᠲᠠᠪᠴᠠᠩ ᠳᠡᠭᠡᠷ᠎ᠡ ᠦᠵᠡᠭᠰᠡᠨ | ᠲᠤᠭ᠎ᠠ 780 ᠲᠦᠮᠡᠨ ᠤᠳᠠᠭ᠎ᠠ ᠶᠢ ᠳᠠᠪᠠᠵᠤ᠂ Viki ᠲᠠᠪᠴᠠᠩ ᠳᠡᠭᠡᠷ᠎ᠡ ᠹᠷᠠᠨᠼᠢ ᠬᠡᠯᠡ᠂ ᠭᠧᠷᠮᠠᠨ ᠬᠡᠯᠡ᠂ ᠢᠲ᠋ᠠᠯᠢ ᠬᠡᠯᠡ᠂ ᠫᠤᠯᠠᠨᠳ᠋ ᠬᠡᠯᠡ ᠵᠡᠷᠭᠡ 13 ᠲᠦᠷᠦᠯ ᠤᠨ | ᠬᠡᠯᠡ ᠪᠠᠷ ᠣᠷᠴᠢᠭᠤᠯᠵᠤ᠂ ᠨᠡᠪᠲᠡᠷᠡᠭᠦᠯᠦᠭᠰᠡᠨ ᠬᠡᠮᠵᠢᠶ᠎ᠡ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠲᠠᠪᠤ ᠳᠤ ᠣᠷᠤᠵᠤ᠂ ᠦᠨᠡᠯᠡᠯᠲᠡ ᠨᠢ 9.7 ᠬᠤᠪᠢ ᠳᠤ ᠬᠦᠷᠪᠡ᠃ | |