| | | | ᠲᠣᠭᠠᠵᠢᠭᠤᠯᠤᠭᠰᠠᠨ ᠦᠵᠡᠵᠦ ᠰᠣᠨᠣᠰᠬᠤ ᠪᠣᠯ ᠮᠢᠩᠭᠠᠨ ᠲᠦᠮᠡᠨ ᠲᠠᠷᠢᠶᠠᠴᠢᠨ ᠡᠷᠦᠬᠡ ᠶᠢ ᠬᠤᠯᠪᠣᠬᠤ ᠴᠢᠬᠤᠯᠠ ᠠᠷᠭ᠎ᠠ ᠵᠠᠮ ᠮᠥᠨ᠂ ᠪᠠᠰᠠ ᠴᠤ | ᠲᠣᠭᠠᠵᠢᠭᠤᠯᠤᠭᠰᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠠᠶᠢᠵᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠷᠢᠭᠤᠴᠠᠯᠭ᠎ᠠ ᠡᠭᠦᠷᠭᠡ ᠶᠢ ᠡᠭᠦᠷᠭᠡᠯᠡᠵᠦ ᠪᠠᠶᠢᠳᠠᠭ ᠃ ᠤᠢᠢᠷ᠎ᠠ ᠶᠢᠨ ᠵᠢᠯ ᠤᠳ ᠠᠴᠠ᠂ ᠡᠯ᠎ᠡ ᠭᠠᠵᠠᠷ ᠤᠨ ᠷᠠᠳᠢᠣ᠋ ᠲᠧᠯᠸᠢᠰ | ᠵᠠᠭᠤᠴᠢᠯᠠᠭᠤᠷ ᠤᠨ ᠬᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠪᠠ ᠤᠶᠤᠨᠲᠤ ᠷᠠᠳᠢᠣ᠋ ᠲᠧᠯᠸᠢᠰ ᠤᠨ ᠰᠦᠯᠵᠢᠶᠡᠨ ᠤ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠰᠦᠪᠡᠭᠴᠢᠯᠡᠨ ᠦᠢᠯᠡᠳᠦᠯᠭᠡᠵᠢᠭᠦᠯᠬᠦ ᠳᠤᠮᠳᠠ ᠮᠠᠰᠢ ᠤᠯᠠᠨ ᠠᠰᠢᠭᠲᠠᠢ ᠦᠷ᠎ᠡ ᠪᠦᠲᠦᠭᠡᠯ ᠣᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠣᠨᠴᠠᠯᠢᠭ ᠲᠠᠢ ᠴᠢᠳᠠᠪᠤᠷᠢ | ᠣᠯᠭᠤᠬᠤ ᠲᠥᠰᠦᠯ ᠢ ᠬᠠᠩᠭᠠᠪᠠ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠲᠣᠳᠣᠷᠬᠠᠶᠢᠯᠠᠭᠰᠠᠨ ᠨᠢ ᠂ | ᠮᠡᠳᠡᠭᠡ ᠵᠠᠩᠭᠢ ᠶᠢᠨ ᠮᠡᠷᠭᠡᠵᠢᠯ ᠤᠨ ᠥᠳᠳᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠬᠤ ᠶᠢ ᠲᠦᠷᠭᠡᠳᠭᠡᠬᠦ ᠬᠡᠷᠡᠭᠲᠡᠢ︔ ᠠᠷᠠᠳ ᠲᠥᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ ᠃ | ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠰᠢᠨ᠎ᠡ ᠶᠢ ᠡᠭᠦᠳᠬᠦ ᠠᠵᠢᠯ ᠨᠢ ᠡᠮᠦᠨᠡᠬᠢ ᠬᠤᠭᠤᠴᠠᠭᠠᠨ ᠤ ᠰᠠᠶᠢᠨ ᠲᠤᠷᠰᠢᠯᠭ᠎ᠠ ᠰᠠᠶᠢᠨ ᠠᠷᠭ᠎ᠠ | ᠬᠢᠳᠡᠯ ᠢ ᠭᠦᠨᠵᠡᠭᠡᠶ ᠵᠠᠳᠠᠯᠤᠨ ᠳ᠋ᠦᠩᠨᠡᠭᠰᠡᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠪᠣᠳᠣᠯᠬᠢᠯᠠᠨ ᠰᠤᠳᠤᠯᠵᠤ᠂ | ᠲᠣᠭᠠᠵᠢᠭᠤᠯᠤᠭᠰᠠᠨ ᠰᠤᠷᠠᠭ ᠵᠠᠩᠭᠢ ᠶᠢᠨ ᠦᠢᠯᠡᠰ ᠤᠨ ᠠᠵᠤ ᠦᠢᠯᠡᠰ ᠢ ᠨᠠᠩ ᠰᠠᠶᠢᠲᠤᠷ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠪᠥᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠬᠦ ᠬᠡᠷᠡᠭᠲᠡᠶ ᠭᠡᠵᠡᠢ᠃ | ᠨᠢᠭᠡ᠂ ᠲᠣᠭᠠᠵᠢᠭᠤᠯᠤᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠲᠣᠭᠠᠵᠢᠭᠤᠯᠤᠭᠰᠠᠨ ᠦᠵᠡᠵᠦ ᠰᠣᠨᠣᠰᠬᠤ ᠶᠢᠨ ︽ᠨᠢᠭᠡ | ᠴᠣᠭᠴᠠᠵᠢᠭᠰᠠᠨ ᠬᠤᠶᠠᠷ ᠵᠢᠭᠦᠷ︾ ᠢ ᠪᠠᠶᠢᠭᠤᠯᠵᠤ᠂ ᠲᠣᠭᠠᠵᠢᠭᠤᠯᠤᠭᠰᠠᠨ ᠦᠵᠡᠵᠦ ᠰᠣᠨᠣᠰᠬᠤ ᠶᠢᠨ ᠦᠢᠯᠡᠴᠢᠯᠡᠭᠡᠨ ᠤ ᠳᠠᠭᠠᠭᠠᠴᠠ ᠶᠢᠨ ᠴᠢᠳᠠᠪᠤᠷᠢ ᠶᠢ | ᠳᠡᠭᠡᠭᠰᠢᠯᠡᠭᠦᠯᠪᠡ | ᠳᠤᠮᠳᠠᠳᠤ ᠤᠯᠤᠰ ᠤᠨ ᠷᠠᠳᠢᠣ᠋ ᠲᠧᠯᠸᠢᠰ ᠤᠨ ︽ᠪᠥᠬᠦ ᠤᠯᠤᠰ ᠤᠨ ᠨᠢᠭᠡ ᠲᠣᠤᠷ︾ ᠢ ᠡᠮᠬᠢᠯᠡᠨ ᠨᠡᠶᠢᠯᠡᠭᠦᠯᠬᠦ ᠪᠠ ᠰᠢᠶᠠᠨ ᠤ ᠱᠠᠲᠤᠨ ᠤ ᠬᠠᠮ | ᠵᠠᠭᠤᠴᠢᠯᠠᠭᠤᠷ ᠤᠨ ᠥᠭᠡᠷᠡᠴᠢᠯᠡᠯᠲᠡ ᠶᠢᠨ ᠭᠦᠨᠵᠡᠭᠡᠶ ᠠᠭᠢᠬᠤ ᠶᠢ ᠳᠠᠭᠠᠯᠳᠤᠨ᠂ ︽ᠰᠢᠶᠠᠨ ᠤ ᠱᠠᠲᠤᠨ ᠤ ᠬᠠᠮ ᠵᠠᠭᠤᠴᠢᠯᠠᠭᠤᠷ + ᠰᠢᠶᠠᠨ ᠤ ᠱᠠᠲᠤᠨ ᠤ ᠷᠠᠳᠢᠣ᠋ | ᠲᠧᠯᠸᠢᠰ ᠤᠨ ᠲᠣᠤᠷ ᠰᠦᠯᠵᠢᠶ᠎ᠡ︾ ᠶᠢᠨ ᠬᠠᠮᠵᠢᠯᠴᠠᠬᠤ ᠦᠢᠯᠡᠳᠦᠯ ᠢ ᠣᠯᠠᠨ ᠭᠠᠵᠠᠷ ᠣᠷᠣᠨ ᠳᠤ ᠤᠯᠠᠮ ᠨᠢᠭᠡ ᠠᠯᠬᠤᠮ ᠪᠠᠳᠠᠷᠠᠭᠤᠯᠵᠤ᠂ ᠰᠢᠶᠠᠨ ᠤ ᠷᠠᠳᠢᠣ᠋ | ᠲᠧᠯᠸᠢᠰ ᠤᠨ ᠰᠦᠯᠵᠢᠶᠡᠨ ᠤ ᠺᠣᠮᠫᠠᠨᠢ ᠪᠠ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠲᠣᠭᠠᠵᠢᠭᠤᠯᠤᠭᠰᠠᠨ ᠦᠵᠡᠵᠦ ᠰᠣᠨᠣᠰᠬᠤ ᠪᠠᠶᠢᠭᠤᠯᠤᠯᠲᠠ ᠶᠢᠨ ︽ | ᠨᠢᠭᠡ ᠴᠣᠭᠴᠠᠵᠢᠭᠰᠠᠨ ᠬᠤᠶᠠᠷ ᠵᠢᠭᠦᠷ︾ ᠢ ᠬᠠᠮᠲᠤ ᠪᠠᠷ ᠡᠭᠦᠷᠭᠡᠯᠡᠭᠦᠯᠪᠡ᠃ ᠬᠥᠳᠡᠭᠡ ᠲᠣᠰᠬᠤᠨ ᠤ ᠷᠠᠳᠢᠣ᠋ ᠲᠧᠯᠸᠢᠰ ᠤᠨ ᠰᠠᠭᠤᠷᠢ ᠲᠥᠬᠦᠭᠡᠷᠦᠮᠵᠢ ᠶᠢ | ᠥᠭᠡᠷᠡᠴᠢᠯᠡᠨ ᠲᠡᠰ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠷᠠᠳᠢᠣ᠋ ᠲᠧᠯᠸᠢᠰ ᠤᠨ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤ ᠪᠠᠷ | ᠬᠦᠷᠲᠡᠬᠦ ᠶᠢ ᠠᠬᠢᠭᠤᠯᠵᠤ᠂ ᠮᠡᠳᠡᠭᠡ ᠵᠠᠩᠭᠢᠵᠢᠯᠲᠠ ᠪᠠᠷ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠬᠦᠳᠦᠯᠦᠨ ᠳᠠᠭᠠᠭᠤᠯᠬᠤ ᠬᠡᠷᠡᠭᠲᠡᠢ᠃ | ᠲᠣᠭᠠᠵᠢᠭᠤᠯᠤᠭᠰᠠᠨ ᠦᠵᠡᠵᠦ ᠰᠣᠨᠣᠰᠬᠤ ᠶᠢᠨ ᠳᠠᠪᠠᠭᠤᠯᠢᠭ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠡᠳᠡᠭᠡ ᠵᠠᠩᠭᠢ ᠪᠠᠷ ᠲᠠᠷᠢᠶᠠᠴᠢᠳ ᠲᠤ ᠠᠰᠢᠭ ᠬᠦᠷᠲᠡᠭᠡᠬᠦ᠂ ᠲᠦᠷᠦᠯ ᠲᠡᠮᠲᠡᠭᠲᠦ ᠪᠠᠷ ᠲᠠᠷᠢᠶᠠᠯᠠᠩ ᠢ | ᠬᠦᠴᠦᠷᠬᠡᠭᠵᠢᠭᠦᠯᠬᠦ᠂ ᠬᠡᠷᠡᠭᠯᠡᠭᠡ ᠪᠠᠷ ᠲᠠᠷᠢᠶᠠᠴᠢᠳ ᠢ ᠪᠠᠶᠠᠵᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠤᠨᠴᠠᠯᠢᠬᠳᠤ ᠡᠬᠢ ᠪᠠᠶᠠᠯᠢᠭ ᠢ ᠳᠡᠯᠭᠡᠨ | ᠦᠵᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠨᠴᠠᠯᠢᠭ ᠢᠶᠠᠨ ᠲᠠᠰᠤᠷᠠᠯᠲᠠ ᠦᠭᠡᠢ ᠢᠯᠡᠷᠡᠭᠦᠯᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃ | ᠣᠳᠣᠬᠠᠨ ᠤ ᠣᠶᠤᠨᠲᠤ ᠷᠠᠳᠢᠣ᠋ ᠲᠧᠯᠸᠢᠰ ᠤᠨ ᠲᠥᠷᠥᠯ ᠵᠦᠢᠯ ᠤᠨ ᠣᠯᠠᠩᠬᠢ ᠨᠢ ᠡᠯ᠎ᠡ ᠭᠠᠵᠠᠷ ᠤᠨ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ ᠪᠠᠷ | ᠭᠤᠣᠯ ᠪᠣᠯᠭᠠᠭᠰᠠᠨ ᠣᠳᠣᠬᠢ ᠪᠠᠶᠢᠳᠠᠯ ᠳᠤ ᠰᠠᠭᠤᠷᠢᠯᠠᠵᠤ᠂ ᠦᠨᠳᠦᠰᠦᠨ ᠱᠠᠲᠤᠨ ᠤ ᠣᠶᠤᠨᠲᠤ ᠷᠠᠳᠢᠣ᠋ ᠲᠧᠯᠸᠢᠰ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠠᠵᠢᠭᠤᠯᠤᠭᠰᠠᠨ ᠦᠵᠡᠵᠦ ᠰᠣᠨᠣᠰᠬᠤ ᠦᠢᠯᠡᠴᠢᠯᠡᠭᠡᠨ ᠤ | ᠳᠠᠭᠠᠭᠠᠴᠠ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠷᠠᠳᠢᠣ᠋ ᠲᠧᠯᠸᠢᠰ ᠤᠨ ᠰᠦᠯᠵᠢᠶ᠎ᠡ ᠳᠤ ᠰᠠᠭᠤᠷᠢᠯᠠᠭᠰᠠᠨ ᠤᠯᠤᠰ ᠤᠨ ᠲᠠᠰ ᠤᠨ ᠪᠠ ᠮᠤᠵᠢ ᠶᠢᠨ ᠲᠠᠰ ᠤᠨ | ᠨᠠᠮ ᠤᠨ ᠠᠵᠢᠯ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠲᠣᠭᠲᠠᠯᠴᠠᠭ᠎ᠠ ᠶᠢ | ᠰᠦᠪᠡᠭᠴᠢᠯᠡᠨ ᠪᠠᠶᠢᠭᠤᠯᠪᠠ ᠃ ᠨᠢᠭᠡ ᠳᠤ᠂ ᠲᠥᠯᠥᠭᠡᠯᠡᠬᠦ ᠴᠢᠨᠠᠷᠲᠠᠢ ᠲᠣᠭᠤᠷᠢᠭ ᠰᠢᠶᠠᠨ ᠢ ᠰᠣᠩᠭᠤᠵᠤ ᠲᠤᠷᠰᠢᠯᠲᠠ ᠶᠢᠨ ᠴᠡᠭ ᠪᠣᠯᠭᠠᠵᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠬᠦᠷᠲᠡᠬᠦ ᠲᠣᠭᠠᠵᠢᠭᠤᠯᠤᠯᠲᠠ ᠂ ᠤᠶᠤᠨᠴᠢᠯᠠᠭᠰᠠᠨ ᠲᠠᠪᠴᠠᠩ ᠤᠨ ᠦᠢᠯᠡᠴᠢᠯᠡᠭᠡᠨ ᠤ ᠬᠡᠷᠡᠭᠵᠢᠭᠦᠯᠵᠦ ᠪᠣᠯᠬᠤᠶᠢᠴᠠ ᠠᠷᠭ᠎ᠠ ᠵᠠᠮ ᠢ ᠰᠦᠪᠡᠭᠴᠢᠯᠡᠵᠦ᠂ | ᠨᠡᠶᠢᠳᠡᠮ ᠬᠡᠷᠡᠭᠯᠡᠬᠦ ᠲᠠᠪᠴᠠᠩ ᠤᠨ ᠴᠢᠳᠠᠪᠤᠷᠢ ᠪᠠ ᠪᠠᠷᠢᠮᠵᠢᠶ᠎ᠠ ᠶᠢᠨ ᠬᠡᠷᠡᠭᠯᠡᠯᠲᠡ ᠶᠢ ᠰᠤᠳᠤᠯᠤᠨ ᠪᠠᠶᠢᠭᠤᠯᠬᠤ ᠶᠢᠨ ᠬᠠᠮᠲᠤ ᠪᠤᠰᠤᠳ ᠰᠢᠶᠠᠨ ︵ᠬᠤᠲᠠ᠂ ᠲᠣᠭᠤᠷᠢᠭ | ︶ ᠳᠤ ᠵᠢᠷᠤᠮᠯᠠᠨ ᠳᠠᠭᠠᠵᠤ ᠳᠡᠯᠭᠡᠷᠡᠭᠦᠯᠪᠡ ᠃ ᠬᠤᠶᠠᠷ ᠲᠤ᠂ ᠪᠠᠯᠠ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠬᠦ ᠴᠢᠬᠤᠯᠠᠲᠠᠶ ᠪᠠᠶᠢᠵᠤ᠂ ᠣᠷᠣᠨ ᠨᠤᠲᠤᠭ ᠤᠨ | ᠡᠯ᠎ᠡ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠪᠣᠯ ᠨᠢᠭᠡᠨ ᠬᠡᠷᠡᠭᠵᠢᠭᠦᠯᠵᠦ ᠪᠣᠯᠬᠤᠶᠢᠴᠠ ᠪᠡᠶᠡᠯᠡᠭᠦᠯᠬᠦ ᠠᠷᠭ᠎ᠠ ᠵᠠᠮ | ᠮᠥᠨ᠃ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠲᠣᠭᠠᠵᠢᠭᠤᠯᠤᠯᠲᠠ ᠂ ᠮᠡᠳᠡᠭᠡ ᠵᠠᠩᠭᠢᠵᠢᠯᠲᠠ ᠶᠢᠨ ᠲᠤᠬᠠᠶᠢᠯᠠᠭᠰᠠᠨ ᠠᠵᠢᠯ ᠤᠨ ᠲᠠᠪᠴᠠᠩ ᠤᠨ | ᠪᠠᠶᠢᠭᠤᠯᠤᠯᠲᠠ ᠶᠢᠨ ᠡᠭᠦᠷᠭᠡ ᠵᠢᠴᠢ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠬᠤ ᠶᠢ | ᠴᠢᠩᠭᠠᠳᠬᠠᠪᠠ ᠃ ᠷᠠᠳᠢᠣ᠋ ᠲᠧᠯᠸᠢᠰ ᠤᠨ ᠣᠶᠣᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠶᠤᠨᠲᠤ ᠷᠠᠳᠢᠣ᠋ ᠲᠧᠯᠸᠢᠰ ᠤᠨ ᠲᠣᠭᠠᠵᠢᠭᠤᠯᠤᠭᠰᠠᠨ ᠨᠡᠶᠢᠭᠡᠮ᠂ | ᠲᠣᠭᠠᠵᠢᠭᠤᠯᠤᠭᠰᠠᠨ ᠵᠠᠰᠠᠭ ᠤᠨ ᠣᠷᠳᠣᠨ᠂ ᠲᠣᠭᠠᠵᠢᠭᠤᠯᠤᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠵᠦ᠂ ᠡᠮᠦᠨᠡᠬᠢ | ᠬᠤᠭᠤᠴᠠᠭᠠᠨ ᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠪᠠᠷ ᠲᠣᠯᠢᠯᠠᠵᠤ ᠂ ᠬᠤᠷᠢᠶᠠᠩᠭᠤᠶ ᠬᠡᠷᠡᠭᠯᠡᠭᠡᠨ ᠤ ᠵᠢᠱᠢᠶ᠎ᠡ | ᠦᠵᠡᠭᠦᠯᠬᠦ ᠦᠵᠡᠭᠳᠡᠯ ᠤᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠥᠷᠭᠡᠳᠭᠡᠪᠡ ᠃ | ᠬᠤᠶᠠᠷ᠂ ᠵᠠᠭᠤᠴᠢᠯᠠᠭᠤᠷ ᠤᠨ ᠠᠭᠤᠰᠤᠯᠴᠠᠨ ᠳᠠᠮᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠪᠡ | ᠣᠯᠠᠨ ᠭᠠᠵᠠᠷ ᠤᠨ ᠬᠢᠨ ᠰᠢᠶᠠᠨ ᠤ ᠱᠠᠲᠤᠨ ᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠤ ᠲᠥᠷᠥ ᠶᠢᠨ ᠪᠣᠳᠣᠯᠭ᠎ᠠ ᠶᠢ ᠣᠨᠣᠪᠴᠢᠲᠠᠶ | ᠬᠡᠷᠡᠭᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠵᠠᠭᠤᠴᠢᠯᠠᠭᠤᠷ ᠤᠨ ᠠᠭᠤᠰᠤᠯᠴᠠᠨ ᠳᠠᠮᠵᠢᠭᠤᠯᠬᠤ ᠶᠢ ᠠᠬᠢᠭᠤᠯᠤᠨ᠂ | ᠰᠢᠶᠠᠨ ᠤ ᠱᠠᠲᠤᠨ ᠤ ᠷᠠᠳᠢᠣ᠋ ᠲᠧᠯᠸᠢᠰ ᠬᠤᠷᠢᠶ᠎ᠠ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠸᠢᠴᠠᠲ ᠲᠠᠪᠴᠠᠩ ᠂ ᠸᠢᠳᠢᠣ᠋ ᠳ᠋ᠤᠭᠠᠷ᠂ ᠲᠡᠷᠢᠭᠦᠨ ᠵᠤᠷᠪᠤᠰ ᠤᠨ | ᠳ᠋ᠤᠭᠠᠷ ᠵᠡᠷᠭᠡ ᠶᠢ ᠬᠠᠮ ᠵᠠᠭᠤᠴᠢᠯᠠᠭᠤᠷ ᠤᠨ ᠶᠡᠷᠦᠩᠬᠡᠶᠢᠯᠡᠭᠰᠡᠨ ᠲᠠᠪᠴᠠᠩ ᠪᠣᠯᠭᠠᠵᠤ᠂ ︽ᠲᠧᠯᠸᠢᠰ + ᠷᠠᠳᠢᠣ᠋ + ᠭᠠᠷ ᠤᠲᠠᠰᠤᠨ ᠤ ᠰᠣᠨᠢᠨ + ᠰᠦᠯᠵᠢᠶ᠎ᠡ + | ᠰᠢᠨ᠎ᠡ ᠵᠠᠭᠤᠴᠢᠯᠠᠭᠤᠷ︾ ᠤᠨ ᠦᠨᠳᠦᠰᠦᠨ ᠪᠦᠲᠦᠴᠡ ᠶᠢ ᠪᠣᠶ ᠪᠣᠯᠭᠠᠵᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠭᠰᠠᠭᠠᠯ ᠢ ᠲᠡᠭᠦᠯᠳᠡᠷᠵᠢᠭᠦᠯᠪᠡ᠃ | ᠭᠤᠣᠯ ᠳᠠᠭᠠᠷᠢᠯᠲᠠ ᠶᠢᠨ ᠲᠠᠪᠴᠠᠩ ᠤᠨ ᠰᠦᠯᠵᠢᠶᠡᠨ ᠤ ᠬᠠᠷᠢᠯᠴᠠᠨ ᠬᠥᠳᠡᠯᠦᠯᠴᠡᠵᠦ ᠳᠠᠮᠵᠢᠭᠤᠯᠬᠤ ᠂ ︽ᠰᠢᠨ᠎ᠡ ᠵᠠᠭᠤᠴᠢᠯᠠᠭᠤᠷ ᠤᠨ ᠪᠦᠰᠡᠯᠡᠯᠲᠡ︾ ᠠᠴᠠ | ᠭᠤᠣᠯᠳᠠᠯᠭ᠎ᠠ ᠲᠠᠢ ᠪᠠᠷ ᠠᠳᠬᠤᠵᠤ᠂ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠭᠤᠯᠭ᠎ᠠ ᠶᠢᠨ ᠲᠣᠭᠤᠷᠢᠨ ᠳᠤ ᠰᠢᠨ᠎ᠡ ᠵᠠᠭᠤᠴᠢᠯᠠᠭᠤᠷ ᠤᠨ | ᠳᠠᠮᠵᠢᠭᠤᠯᠭ᠎ᠠ ᠪᠠ ᠰᠢᠯᠵᠢᠮᠡᠯ ᠤᠩᠰᠢᠯᠭ᠎ᠠ ᠶᠢᠨ ᠳᠠᠳᠬᠠᠯ ᠳᠤ ᠨᠡᠶᠢᠴᠡᠬᠦ ᠬᠡᠪ ᠨᠠᠮᠪᠠ ᠶᠢᠨ ᠠᠭᠤᠯᠭ᠎ᠠ ᠶᠢ ᠡᠷᠢᠨ ᠣᠯᠵᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠷ ᠭᠤᠣᠯ ᠰᠡᠳᠦᠪ ᠪᠣᠯᠭᠠᠭᠰᠠᠨ ᠸᠢᠳᠢᠣ᠋ ᠪᠦᠲᠦᠭᠡᠯ ᠢ | ᠴᠣᠭᠴᠠᠯᠠᠨ ᠪᠠᠶᠢᠭᠤᠯᠪᠠ ᠃ | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠤᠬᠠᠭᠤᠯᠭ᠎ᠠ ᠶᠢᠨ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ ᠤᠬᠠᠭᠤᠯᠭ᠎ᠠ ᠶᠢᠨ | ᠠᠵᠢᠯ ᠤᠨ ︽ᠡᠴᠦᠰ ᠤᠨ ᠨᠢᠭᠡ ᠺᠢᠯᠣᠮᠧᠲᠷ︾ ᠢ ᠪᠦᠲᠦᠮᠵᠢᠲᠡᠶ ᠪᠠᠷ ᠨᠡᠪᠲᠡᠷᠡᠭᠦᠯᠪᠡ᠃ ᠣᠯᠠᠨ ᠭᠠᠵᠠᠷ ᠤᠨ ᠬᠢᠨ 5G ᠣᠶᠤᠨᠴᠢ ᠷᠠᠳᠢᠣ᠋ ᠨᠡᠪᠲᠡᠷᠡᠭᠦᠯᠭᠡ ᠶᠢᠨAI | ᠳᠠᠭᠤᠨ ᠳᠠᠪᠲᠠᠮᠵᠢ ᠶᠢᠨ ᠨᠡᠪᠲᠡᠷᠡᠭᠦᠯᠭᠡ ᠶᠢᠨ ᠮᠡᠷᠭᠡᠵᠢᠯ ᠵᠡᠷᠭᠡ ᠬᠡᠯᠪᠡᠷᠢ ᠶᠢ ᠠᠰᠢᠭᠯᠠᠨ ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠤᠨ | ︽ᠡᠳᠦᠷ ᠪᠦᠷᠢ ᠶᠢᠨ ᠠᠯᠲᠠᠨ ᠥᠭᠦᠯᠡᠪᠦᠷᠢ︾ ᠪᠤᠯᠤᠩ ᠤᠨ ᠠᠭᠤᠯᠭ᠎ᠠ ᠶᠢ ᠳᠠᠮᠵᠢᠭᠤᠯᠤᠨ ᠨᠡᠪᠲᠡᠷᠡᠭᠦᠯᠬᠦ ᠪᠠᠷ ᠳᠠᠮᠵᠢᠭᠤᠯᠤᠨ᠂ ︽ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠵᠡᠷᠭᠡ ᠪᠤᠯᠤᠩ ᠢ ᠨᠡᠭᠡᠭᠡᠵᠦ᠂ ᠭᠤᠤᠯ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ | ᠠᠵᠢᠯ ᠢ ᠠᠮᠢᠳᠤᠯᠢᠭ ᠰᠠᠶᠢᠬᠠᠨ ᠬᠢᠪᠡ᠃ | ᠠᠷᠠᠳ ᠣᠯᠠᠨ ᠤ ᠣᠶᠤᠨ ᠤ ᠪᠠ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠣᠷᠣᠨ ᠪᠦᠰᠡ ᠶᠢᠨ | ᠣᠨᠴᠠᠯᠢᠭ ᠲᠠᠢ ᠲᠣᠭᠠᠵᠢᠭᠤᠯᠤᠭᠰᠠᠨ ᠦᠵᠡᠵᠦ ᠰᠣᠨᠣᠰᠬᠤ ᠠᠭᠤᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠪᠡ ᠃ ᠭᠠᠵᠠᠷ ᠣᠷᠣᠨ ᠤ ᠲᠣᠭᠠᠵᠢᠭᠤᠯᠤᠭᠰᠠᠨ ᠦᠵᠡᠵᠦ | ᠰᠣᠨᠣᠰᠬᠤ ᠫᠷᠤᠭ᠍ᠷᠠᠮ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠭᠠᠵᠠᠷ ᠣᠷᠣᠨ ᠤ ᠴᠢᠨᠠᠷᠲᠠᠶ ᠲᠡᠤᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ | ᠠᠭᠤᠳᠠᠯᠵᠤ᠂ ᠲᠤᠬᠠᠶ ᠶᠢᠨ ᠭᠠᠵᠠᠷ ᠤᠨ ᠰᠣᠶᠣᠯ ᠤᠨ ᠣᠨᠴᠠᠯᠢᠭ ᠪᠠ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠫᠷᠤᠭ᠍ᠷᠠᠮ ᠤᠨ ᠠᠭᠤᠯᠭ᠎ᠠ ᠶᠢ | ᠪᠠᠶᠠᠯᠢᠭᠵᠢᠭᠤᠯᠤᠨ ᠰᠢᠯᠢᠳᠡᠭᠵᠢᠭᠦᠯᠵᠦ᠂ ᠣᠷᠤᠨ ᠨᠤᠲᠤᠭᠴᠢᠯᠠᠭᠰᠠᠨ ᠠᠷᠠᠳ ᠤᠨ ᠠᠮᠢᠳᠤᠷᠠᠯ ᠤᠨ ᠫᠷᠤᠭ᠍ᠷᠠᠮ ᠢ ᠭᠠᠷᠭᠠᠵᠤ᠂ ᠣᠷᠣᠨ ᠨᠤᠲᠤᠭ ᠤᠨ ᠨᠤᠲᠤᠭ ᠤᠨ | ᠠᠶᠠᠯᠭᠤ ᠶᠢᠨ ᠷᠠᠳᠢᠣ᠋ ᠲᠧᠯᠸᠢᠰ ᠤᠨ ᠫᠷᠤᠭ᠍ᠷᠠᠮ ᠢ ᠪᠡᠶ᠎ᠡ ᠪᠠᠨ ᠳᠠᠭᠠᠭᠠᠨ ᠲᠣᠭᠲᠠᠭᠠᠵᠤ᠂ ︽ ᠨᠤᠲᠤᠭ ᠤᠨ ᠬᠡᠯᠡ ᠠᠶᠠᠯᠭᠤ︾ ᠶᠢᠨ ᠬᠡᠪᠯᠡᠯ ᠤᠨ ᠴᠢᠨᠠᠷ ᠰᠠᠶᠢᠲᠠᠶ | ᠠᠭᠤᠯᠭ᠎ᠠ ᠪᠠᠷ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠲᠣᠭᠠᠵᠢᠭᠤᠯᠤᠭᠰᠠᠨ ᠦᠵᠡᠵᠦ ᠰᠣᠨᠣᠰᠬᠤ ᠰᠣᠳᠣᠨ ᠠᠭᠤᠯᠭ᠎ᠠ ᠶᠢᠨ ᠬᠠᠩᠭᠠᠯᠭ᠎ᠠ ᠶᠢ ᠪᠠᠲᠤᠯᠠᠪᠠ ᠃ | | ᠲᠣᠭᠠᠵᠢᠭᠤᠯᠤᠭᠰᠠᠨ ᠦᠵᠡᠵᠦ ᠰᠣᠨᠣᠰᠬᠤ ᠰᠣᠳᠣᠨ ᠪᠦᠲᠦᠭᠡᠯ ᠢ ᠡᠭᠦᠳᠴᠦ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠢ ᠰᠠᠶᠢᠲᠤᠷ | ᠶᠠᠷᠢᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠬᠦ ᠠᠭᠤᠤ ᠶᠡᠭᠡ ᠦᠢᠯᠡᠳᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠦᠳᠡᠭᠡ | ᠲᠤᠰᠬᠤᠨ ᠤ ᠯᠤᠲᠤ ᠶᠡᠭᠡ ᠬᠤᠪᠢᠷᠠᠯᠲᠠ ᠶᠢ ᠢᠯᠡᠷᠡᠭᠦᠯᠵᠦ᠂ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ᠂ ᠰᠢᠨ᠎ᠡ ᠬᠤᠪᠢᠷᠠᠯᠲᠠ ᠶᠢ ᠲᠤᠰᠬᠠᠭᠰᠠᠨ ᠰᠣᠳᠣᠨ | ᠪᠦᠲᠦᠭᠡᠯ ᠭᠠᠷᠭᠠᠪᠠ᠃ | ᠭᠤᠷᠪᠠ᠂ ᠷᠠᠳᠢᠣ᠋ ᠲᠧᠯᠸᠢᠰ ᠤᠨ ᠰᠦᠯᠵᠢᠶᠡᠨ ᠤ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠠᠪᠴᠠᠩ ᠢ ᠪᠠᠬᠢᠵᠢᠭᠦᠯᠵᠦ᠂ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠵᠠᠰᠠᠯᠲᠠ ᠶᠢ ᠠᠬᠢᠭᠤᠯᠪᠠ | ᠷᠠᠳᠢᠣ᠋ ᠲᠧᠯᠸᠢᠰ ᠤᠨ ᠰᠦᠯᠵᠢᠶ᠎ᠡ ᠪᠠᠷ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠪᠴᠠᠩ ᠳᠤ ᠰᠠᠭᠤᠷᠢ ᠪᠣᠯᠭᠠᠵᠤ ᠂ ᠣᠷᠣᠨ ᠨᠤᠲᠤᠭ ᠨᠢ ᠨᠢᠭᠡ | ᠪᠦᠯᠦᠭ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ᠂ ᠳᠠᠶᠢᠴᠢᠯᠠᠬᠤ ᠴᠢᠨᠠᠷ ᠢᠶᠠᠷ ᠥᠷᠭᠡᠨ ᠲᠣᠭᠠᠵᠢᠭᠤᠯᠤᠭᠰᠠᠨ ᠬᠡᠷᠡᠭᠯᠡᠭᠡᠨ ᠤ ᠦᠵᠡᠭᠳᠡᠯ ᠢ ᠡᠭᠦᠳᠴᠦ᠂ | ᠬᠡᠷᠡᠭᠯᠡᠭᠡᠨ ᠤ ᠲᠠᠯᠠᠪᠤᠷ ᠲᠠᠢ ᠤᠶᠠᠯᠳᠤᠭᠤᠯᠤᠨ ᠲᠣᠭᠠᠵᠢᠭᠤᠯᠤᠭᠰᠠᠨ ᠦᠵᠡᠵᠦ ᠰᠣᠨᠣᠰᠬᠤ ᠬᠥᠭᠵᠢᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ | ᠃ ᠲᠠᠷᠢᠶᠠᠯᠠᠩ ᠤᠨ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠡ ᠪᠦᠯᠦᠭ ᠰᠦᠯᠵᠢᠶᠡᠨ ᠳᠡᠭᠡᠷ᠎ᠡ | ᠪᠠ ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠭᠰᠡᠨ᠂ ᠣᠯᠠᠨ ᠲᠦᠮᠡᠨ ᠤ ᠣᠶᠢᠯᠠᠭᠠᠵᠤ ᠪᠣᠯᠬᠤ ᠪᠣᠳᠠᠲᠤ ᠶᠠᠪᠤᠳᠠᠯ ᠢ ᠰᠠᠶᠢᠲᠤᠷ ᠠᠳᠬᠤᠪᠠ ᠃ | ᠲᠣᠭᠠᠵᠢᠭᠤᠯᠤᠭᠰᠠᠨ ᠮᠡᠳᠡᠭᠡ ᠵᠠᠩᠭᠢᠵᠢᠯᠲᠠ ᠶᠢᠨ ᠳ᠋ᠠᠶᠢᠲ᠋ᠠ ᠶᠢᠨ ᠬᠡᠷᠡᠭᠯᠡᠯᠲᠡ ᠶᠢ ᠪᠠᠶᠠᠯᠢᠭᠵᠢᠭᠤᠯᠪᠠ ᠃ ᠵᠢᠱᠢᠶᠡᠯᠡᠪᠡᠯ᠂ ︽ᠲᠣᠭᠠᠵᠢᠭᠤᠯᠤᠭᠰᠠᠨ ᠣᠶᠤᠨᠴᠢ | ᠲᠠᠷᠢᠶᠠᠯᠠᠩ ᠤᠨ ᠲᠠᠯᠠᠪᠠᠢ︾ ᠪᠠᠷ ᠦᠵᠡᠮᠵᠢ ᠶᠢᠨ ᠲᠣᠰᠬᠤᠨ ᠤ ᠠᠭᠤᠰᠤᠯᠴᠠᠯ᠂ ᠲᠠᠷᠢᠶᠠᠯᠠᠩ ᠵᠤᠭᠠᠴᠠᠯ ᠤᠨ ᠠᠭᠤᠰᠤᠯᠴᠠᠯ᠂ ᠣᠶᠤᠨᠴᠢ ᠠᠭᠤᠰᠤᠯᠴᠠᠯ ᠢ ᠠᠬᠢᠭᠤᠯᠪᠠ | ︔ ︽ᠨᠢᠭᠡ ᠳᠠᠷᠤᠪᠴᠢ ᠪᠠᠷ ᠡᠮᠨᠡᠭᠦᠯᠬᠦ︾ ᠪᠠᠷ ᠬᠥᠳᠡᠭᠡ ᠲᠣᠰᠬᠤᠨ ᠤ ᠭᠠᠵᠠᠷ ᠣᠷᠣᠨ ᠤ ︽ᠨᠠᠰᠤᠲᠠᠢ ᠨᠢᠯᠬ᠎ᠠ ︾ ᠶᠢᠨ ᠡᠷᠡᠭᠦᠯ ᠮᠡᠨᠳᠦ ᠶᠢᠨ ᠪᠠᠲᠤᠯᠠᠭ᠎ᠠ ᠶᠢᠨ | ᠣᠶᠣᠨᠲᠤ ᠪᠡᠶᠡᠴᠢ ᠣᠶᠢᠯᠠᠭᠠᠯᠲᠠ ᠶᠢ ᠴᠢᠩᠭᠠᠷᠠᠭᠤᠯᠪᠠ ︔ ︽ᠬᠦᠴᠦᠷᠬᠡᠭ ᠤᠯᠤᠰ TV︾ ᠪᠠᠷ ᠨᠡᠶᠢᠭᠡᠮ ᠲᠣᠭᠤᠷᠢᠭ᠂ ᠬᠥᠳᠡᠭᠡ ᠲᠣᠰᠬᠤᠨ ᠤ ᠨᠠᠮ ᠤᠨ | ᠭᠡᠰᠢᠭᠦᠨ ᠤ ᠤᠨᠤᠯ ᠪᠠ ᠴᠠᠭ ᠤᠨ ᠪᠠᠶᠢᠳᠠᠯ ᠤᠨ ᠰᠤᠷᠤᠯᠴᠠᠯᠭ᠎ᠠ ᠥᠷᠨᠢᠭᠦᠯᠪᠡ︔ ︽ᠲᠤᠰ ᠭᠠᠵᠠᠷ ᠤᠨ ᠬᠦᠷᠢᠶ᠎ᠡ︾ ᠵᠡᠷᠭᠡ ᠪᠠᠷ ᠬᠡᠷᠡᠭᠯᠡᠭᠡᠨ ᠤ ᠮᠡᠳᠡᠭᠡ ᠵᠠᠩᠭᠢ ᠶᠢ | ᠬᠠᠩᠭᠠᠵᠤ᠂ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠴᠣ᠋ ᠰᠢᠨ᠎ᠡ ᠳᠦᠷᠰᠦ ᠪᠠᠶᠢᠳᠠᠯ ᠢᠶᠠᠷ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ | ᠠᠭᠤᠰᠤᠯᠴᠠᠭᠤᠯᠪᠠ᠃ ᠰᠢᠶᠠᠨ ᠤ ᠬᠡᠪᠴᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠲᠠᠪᠴᠠᠩ ᠢ ᠪᠠᠶᠢᠭᠤᠯᠪᠠ ᠃ ᠵᠢᠱᠢᠶᠡᠯᠡᠪᠡᠯ᠂ ᠣᠷᠣᠨ | ᠨᠤᠲᠤᠭ ᠤᠨ APP ᠶᠢᠨ ᠲᠡᠷᠢᠭᠦᠨ ᠨᠢᠭᠤᠷ ᠤᠨ ᠠᠩᠬᠠᠨ ᠤ ᠳᠡᠯᠭᠡᠴᠡ ᠳᠤ ᠵᠠᠰᠠᠭ ᠤᠨ ᠶᠠᠪᠤᠳᠠᠯ ᠤᠨ ᠪᠤᠯᠤᠩ ᠢ ᠨᠡᠭᠡᠭᠡᠵᠦ᠂ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ᠂ 12345 ᠬᠤᠲᠠ ᠶᠢᠨ ᠠᠷᠠᠳ ᠤᠨ ᠬᠠᠯᠠᠮᠰᠢᠯ ᠤᠲᠠᠰᠤ ᠶᠢ ᠬᠤᠯᠪᠣᠵᠤ᠂ ᠡᠬᠢ ᠪᠠᠶᠠᠯᠢᠭ ᠢ ᠬᠠᠮᠲᠤ ᠪᠠᠷ ᠬᠦᠷᠲᠡᠬᠦ ᠪᠠ ᠲᠠᠪᠴᠠᠩ ᠤᠨ ᠬᠠᠷᠢᠯᠴᠠᠨ | ᠬᠥᠳᠡᠯᠦᠯᠴᠡᠬᠦ ᠶᠢ ᠪᠡᠶᠡᠯᠡᠭᠦᠯᠵᠦ᠂ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ 24 ᠴᠠᠭ ᠤᠨ ᠲᠤᠷᠰᠢ ᠬᠡᠷᠡᠭᠯᠡᠭᠴᠢ ᠶᠢᠨ ᠬᠠᠷᠢᠯᠴᠠᠨ ᠨᠡᠪᠲᠡᠷᠡᠯᠴᠡᠬᠦ ᠬᠡᠷᠡᠭᠴᠡᠭᠡ ᠶᠢ | ᠬᠠᠩᠭᠠᠪᠠ ᠃ | ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠪᠠ ᠃ ᠣᠯᠠᠨ ᠭᠠᠵᠠᠷ ᠲᠤ | ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ︵ᠸᠢᠳᠢᠣ᠋ ᠨᠡᠪᠲᠡᠷᠡᠭᠦᠯᠭᠡ ᠶᠢ ᠨᠢᠭᠡ ᠴᠤᠭᠴᠠᠵᠢᠭᠤᠯᠬᠤ︶ ᠶᠢᠨ ᠲᠣᠭᠲᠠᠯᠴᠠᠭ᠎ᠠ ᠶᠢᠨ ᠰᠠᠭᠤᠷᠢ | ᠪᠡᠯᠡᠳᠬᠡᠮᠵᠢ ᠳᠤ ᠰᠠᠭᠤᠷᠢᠯᠠᠨ᠂ ᠤᠰᠤᠨ ᠳᠤ ᠵᠢᠪᠬᠦ ᠶᠢ ᠰᠡᠷᠭᠡᠶᠢᠯᠡᠬᠦ᠂ ᠣᠶ ᠰᠢᠭᠤᠶ ᠶᠢᠨ ᠭᠠᠯ ᠢ ᠰᠡᠷᠭᠡᠶᠢᠯᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠵᠡᠷᠭᠡ ᠬᠡᠷᠡᠭᠯᠡᠭᠡᠨ ᠤ ᠠᠬᠤᠢ ᠲᠠᠯᠠᠪᠠᠶ ᠶᠢᠨ ᠲᠠᠯ᠎ᠠ ᠪᠠᠷ ᠬᠢᠴᠢᠶᠡᠯ ᠬᠢᠵᠦ᠂ ᠷᠠᠳᠢᠣ᠋ ᠲᠧᠯᠸᠢᠰ ᠤᠨ ᠰᠦᠯᠵᠢᠶᠡᠨ ᠤ ᠳᠠᠪᠠᠭᠤᠯᠢᠭ ᠢ ᠪᠠᠳᠠᠷᠠᠭᠤᠯᠤᠨ᠂ ᠣᠶᠣᠨᠲᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠰᠠᠭᠤᠭᠠᠯᠢ ᠲᠣᠭᠤᠷᠢᠭ᠂ ᠰᠢᠤᠸᠠᠢ ᠯᠢᠶᠠᠩ ᠢᠨᠵᠧᠨᠧᠷᠢᠩ ᠵᠡᠷᠭᠡ ᠠᠷᠤ ᠲᠠᠪᠴᠠᠩ ᠢ ᠨᠡᠪᠲᠡᠷᠡᠭᠦᠯᠵᠦ᠂ ᠬᠠᠶᠢᠭᠤᠷ᠂ ᠲᠠᠭᠤᠨ ᠤ | ᠪᠠᠭᠠᠨ᠎ᠠ᠂ ᠪᠦᠷᠢᠶ᠎ᠡ ᠶᠢ ᠰᠢᠨᠡᠳᠬᠡᠵᠦ᠂ ︽1 + 1 > 2 ︾ ᠤᠨ ᠪᠣᠳᠠᠲᠤ ᠦᠷ᠎ᠡ ᠪᠦᠲᠦᠮᠵᠢ ᠶᠢ ᠪᠡᠶᠡᠯᠡᠭᠦᠯᠪᠡ᠃ ᠰᠢᠶᠠᠨ ᠤ ᠱᠠᠲᠤᠨ ᠤ ᠬᠤᠪᠢᠶᠠᠷᠢ | ᠲᠠᠪᠴᠠᠩ ᠤᠨ ᠳᠠᠪᠬᠤᠷᠭ᠎ᠠ ᠳᠤ ᠪᠠᠴᠢᠮ ᠪᠠᠶᠢᠳᠠᠯ ᠢ ᠠᠷᠭᠠᠴᠠᠭᠠᠬᠤ ᠂ ᠤᠰᠤᠨ ᠠᠰᠢᠭᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠢ | ᠳᠠᠶᠢᠴᠢᠯᠠᠨ ᠲᠤᠬᠠᠶᠢᠯᠠᠭᠰᠠᠨ ᠠᠵᠢᠯ ᠤᠨ ᠥᠪᠡᠷᠲᠡᠭᠡᠨ ᠵᠣᠬᠢᠶᠠᠭᠰᠠᠨ ᠴᠢᠨᠠᠷ ᠰᠠᠶᠢᠲᠠᠶ ᠠᠭᠤᠯᠭ᠎ᠠ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠳᠤ | ᠲᠥᠬᠦᠮ ᠦᠵᠡᠭᠦᠯᠬᠦ ᠭᠤᠣᠯ ᠳᠠᠭᠤᠨ ᠤ ᠵᠠᠮ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ︔ ᠰᠢᠶᠠᠩ ᠪᠠᠯᠭᠠᠰᠤ᠂ ᠲᠣᠰᠬᠤᠨ ᠤ ᠳᠠᠪᠬᠤᠷᠭ᠎ᠠ ᠳᠤ | ᠲᠤᠷᠰᠢᠯᠲᠠ ᠶᠢᠨ ᠴᠡᠭ ᠪᠠᠶᠢᠭᠤᠯᠤᠨ ᠦᠨᠳᠦᠰᠦᠨ ᠱᠠᠲᠤ ᠪᠠ ᠣᠯᠠᠨ ᠲᠦᠮᠡᠨ ᠤ ᠳᠠᠭᠤᠨ ᠢ ᠴᠤᠤᠷᠢᠶᠠᠲᠤᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ | ᠨᠡᠪᠲᠡᠷᠡᠭᠦᠯᠭᠡ ᠶᠢᠨ ᠲᠣᠭᠲᠠᠯᠴᠠᠭᠠᠨ ᠤ ᠴᠢᠳᠠᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠ ᠥᠷᠭᠡᠳᠬᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠮᠡᠳᠡᠭᠡ ᠵᠠᠩᠭᠢ ᠶᠢ ᠨᠡᠪᠲᠡᠷᠡᠯᠴᠡᠭᠦᠯᠬᠦ᠂ ᠲᠤᠭ᠎ᠠ ᠪᠠᠷᠢᠮᠲᠠ ᠶᠢ ᠬᠤᠯᠪᠣᠭᠠᠯᠠᠬᠤ᠂ ᠰᠢᠰᠲ᠋ᠧᠮ ᠲᠠᠢ ᠨᠡᠪᠲᠡᠷᠡᠭᠦᠯᠬᠦ ᠶᠢ ᠪᠡᠶᠡᠯᠡᠭᠦᠯᠪᠡ ᠃ ᠳᠣᠲᠣᠭᠠᠳᠤ ᠶᠢ ᠬᠠᠮᠠᠭᠠᠯᠠᠬᠤ᠂ | ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠣᠶ ᠰᠢᠭᠤᠶ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠯᠦᠭᠡ ᠬᠥᠨᠳᠡᠯᠡᠨ ᠢᠶᠠᠷ ᠬᠤᠯᠪᠣᠯᠳᠤᠵᠤ᠂ | ᠬᠡᠷ ᠤᠨ ᠭᠠᠳᠠᠨᠠᠬᠢ ᠲᠣᠮᠣ ᠳᠡᠯᠭᠡᠴᠡ ᠵᠡᠷᠭᠡ ᠣᠷᠣᠨ ᠪᠦᠰᠡ ᠶᠢᠨ ᠷᠠᠳᠢᠣ᠋ ᠨᠡᠪᠲᠡᠷᠡᠭᠦᠯᠭᠡ ᠶᠢᠨ ᠪᠡᠯᠡᠳᠬᠡᠮᠵᠢ ᠲᠠᠢ ᠵᠣᠯᠭᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | ᠷᠠᠳᠢᠣ᠋ ᠨᠡᠪᠲᠡᠷᠡᠭᠦᠯᠭᠡ ᠶᠢ ᠨᠢᠭᠡ ᠴᠣᠭᠴᠠᠵᠢᠭᠤᠯᠤᠨ ᠨᠡᠶᠢᠭᠡᠮ ᠲᠣᠭᠤᠷᠢᠭ᠂ ᠦᠵᠡᠮᠵᠢ ᠶᠢᠨ ᠣᠷᠣᠨ᠂ ᠰᠤᠷᠭᠠᠭᠤᠯᠢ᠂ ᠣᠯᠠᠨ ᠨᠡᠶᠢᠲᠡ ᠶᠢᠨ ᠲᠠᠯᠠᠪᠤᠷ ᠲᠤ | ᠣᠷᠣᠭᠤᠯᠬᠤ ᠶᠢ ᠠᠬᠢᠭᠤᠯᠵᠤ᠂ ︽ᠦᠵᠡᠵᠦ ᠪᠣᠯᠬᠤ᠂ ᠬᠠᠰᠭᠢᠷᠴᠤ ᠪᠣᠯᠬᠤ᠂ ᠬᠠᠮᠢᠶᠠᠷᠴᠤ ᠪᠣᠯᠬᠤ᠂ ᠡᠵᠡᠮᠳᠡᠵᠦ ᠪᠣᠯᠬᠤ︾ ᠶᠢ ᠪᠡᠶᠡᠯᠡᠭᠦᠯᠵᠦ᠂ ︽ᠠᠮᠤᠷ | ᠲᠦᠪᠰᠢᠨ ᠤ ᠤᠷᠢᠳᠴᠢᠯᠠᠨ ᠰᠡᠷᠡᠮᠵᠢᠯᠡᠭᠦᠯᠬᠦ + ᠣᠯᠠᠨ ᠨᠡᠶᠢᠲᠡ ᠶᠢᠨ ᠷᠠᠳᠢᠣ᠋ ᠨᠡᠪᠲᠡᠷᠡᠭᠦᠯᠭᠡ︾ ᠶᠢᠨ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠪᠡ ᠃ | ᠳᠥᠷᠪᠡ᠂ ᠣᠷᠣᠨ ᠪᠦᠰᠡ ᠶᠢᠨ ᠠᠵᠤ ᠦᠢᠯᠡᠰ ᠤᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠪᠠ | ᠲᠣᠭᠠᠵᠢᠭᠤᠯᠤᠭᠰᠠᠨ ᠦᠵᠡᠵᠦ ᠰᠣᠨᠣᠰᠬᠤ ᠨᠢ ᠨᠢᠭᠡᠨᠲᠡ ᠲᠣᠭᠠᠵᠢᠭᠤᠯᠤᠭᠰᠠᠨ ᠠᠵᠤ ᠠᠬᠤᠶ ᠶᠢᠨ ᠬᠠᠮᠤᠭ ᠤᠨ ᠬᠥᠭᠵᠢᠶᠡᠨᠲᠡᠶ ᠬᠦᠴᠦᠨ᠂ ᠭᠤᠤᠯ ᠬᠡᠰᠡᠭ ᠪᠠ | ᠴᠢᠬᠤᠯᠠ ᠬᠥᠳᠡᠯᠭᠡᠭᠦᠷ ᠪᠣᠯᠵᠠᠶ᠃ ᠲᠣᠭᠠᠵᠢᠭᠤᠯᠤᠭᠰᠠᠨ ᠦᠵᠡᠵᠦ ᠰᠣᠨᠣᠰᠬᠤ ᠠᠵᠤ ᠦᠢᠯᠡᠰ ᠨᠢ ᠰᠢᠶᠠᠨ ᠤ ᠬᠡᠪᠴᠢᠶᠡᠨ ᠤ ᠲᠣᠭᠠᠵᠢᠭᠤᠯᠤᠭᠰᠠᠨ ᠠᠵᠤ ᠠᠬᠤᠢ ᠶᠢᠨ | ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ | ᠠᠬᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ | ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠦᠷᠳᠡᠭ ᠤᠨ ᠡᠯᠧᠮᠧᠨ᠋ᠲ ᠪᠣᠯᠤᠨ ᠦᠵᠡᠭᠳᠡᠯ ᠤᠨ ᠳᠤᠬᠢᠷᠠᠭᠤᠯᠤᠯᠳᠠ ᠶᠢ ᠠᠬᠢᠭᠤᠯᠬᠤ ᠶᠠᠪᠤᠳᠠᠯ ᠪᠣᠯᠤᠨ᠎ᠠ᠃ | | ︽ᠰᠢᠭᠤᠳ ᠨᠡᠪᠲᠡᠷᠡᠭᠦᠯᠭᠡ + ᠣᠬᠤᠷ ᠸᠢᠳᠢᠣ᠋ ︾ ᠶᠢᠨ ᠠᠭᠤᠯᠭ᠎ᠠ ᠶᠢ ᠲᠠᠰᠤᠷᠠᠯᠲᠠ ᠥᠬᠡᠶ ᠳᠣᠷᠣᠭᠰᠢ ᠪᠠᠭᠤᠯᠭᠠᠵᠤ᠂ ᠬᠥᠳᠡᠭᠡ ᠲᠣᠰᠬᠤᠨ ᠤ ᠠᠮᠢᠳᠤᠷᠠᠯ ᠢ | ︽ᠭᠤᠤᠯ ᠤᠷᠤᠰᠬᠠᠯ ᠤᠨ ᠴᠡᠭᠡᠨ ᠳᠡᠯᠭᠡᠴᠡ︾ ᠳᠤ ᠨᠡᠭᠦᠯᠭᠡᠵᠦ᠂ ᠵᠢᠷᠤᠭ ᠳᠦᠷᠰᠦ ᠶᠢ ᠳᠠᠮᠵᠢᠭᠤᠯᠬᠤ ᠰᠢᠨ᠎ᠡ ᠦᠷ᠎ᠡ ᠪᠦᠲᠦᠮᠵᠢ ᠶᠢ ᠪᠠᠳᠠᠷᠠᠭᠤᠯᠪᠠ ᠃ ᠣᠶᠢᠷ᠎ᠠ ᠶᠢᠨ | ᠵᠢᠯ ᠤᠨ ᠲᠤᠷᠰᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠦᠳᠲᠡᠷ ᠲᠦᠷᠭᠡᠨ ᠬᠥᠭᠵᠢᠵᠦ᠂ ᠤᠯᠠᠮᠵᠢᠯᠠᠯᠲᠤ ᠵᠠᠭᠤᠴᠢᠯᠠᠭᠤᠷ ᠤᠨ ᠡᠷᠬᠡ ᠰᠦᠷᠲᠦ ᠴᠢᠨᠠᠷ | ᠪᠠ ᠭᠠᠵᠠᠷ ᠣᠷᠣᠨ ᠤ ᠣᠶᠢᠷᠠᠯᠴᠠᠭ᠎ᠠ ᠪᠠᠶᠢᠬᠤ ᠳᠠᠪᠠᠭᠤᠯᠢᠭ ᠢ ᠠᠰᠢᠭᠯᠠᠨ᠂ ᠲᠠᠷᠢᠶᠠᠯᠠᠩ ᠳᠤ ᠬᠤᠯᠪᠣᠭᠳᠠᠬᠤ ᠡᠭᠴᠡ ᠬᠦᠷᠢᠶ᠎ᠡ ᠴᠠᠷᠠᠭ᠎ᠠ ᠳᠤ ᠨᠠᠷᠢᠯᠢᠭ | ᠣᠨᠣᠴᠠᠲᠠᠶ ᠪᠠᠷ ᠬᠦᠴᠦᠯᠡᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠲᠣᠤᠷ ᠰᠦᠯᠵᠢᠶ᠎ᠡ ᠶᠢ ᠪᠠᠶᠢᠭᠤᠯᠵᠤ᠂ ︽ᠠᠭᠤᠯᠠᠨ ᠭᠠᠷᠤᠯᠲᠠ ᠶᠢ | ᠠᠭᠤᠯᠠᠨ ᠠᠴᠠ ᠭᠠᠷᠭᠠᠬᠤ︾ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠳᠤ ᠵᠠᠬᠢᠶᠠᠯᠠᠭ᠎ᠠ ᠶᠢᠨ ᠦᠢᠯᠡᠴᠢᠯᠡᠭᠡ ᠬᠠᠩᠭᠠᠪᠠ᠃ | ᠲᠣᠭᠠᠵᠢᠭᠤᠯᠤᠭᠰᠠᠨ ᠦᠵᠡᠵᠦ ᠰᠣᠨᠣᠰᠬᠤ ᠰᠢᠨ᠎ᠡ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠶᠢᠨ ᠦᠢᠯᠡᠳᠦᠯ ᠢ ᠪᠠᠳᠠᠷᠠᠭᠤᠯᠵᠤ᠂ ᠤᠨᠴᠠᠯᠢᠬᠳᠤ | ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠲᠦᠷᠦᠯ ᠲᠡᠮᠲᠡᠭᠲᠦ ᠶᠢᠨ ᠲᠣᠭᠲᠠᠯᠴᠠᠭ᠎ᠠ ᠶᠢ ᠪᠠᠶᠢᠭᠤᠯᠬᠤ ᠳᠤ ᠬᠦᠴᠦᠨ ᠨᠡᠮᠡᠷᠢᠯᠡᠪᠡ ᠃ ᠤᠯᠠᠨ | ᠭᠠᠵᠠᠷ ᠲᠤ ᠲᠣᠭᠠᠵᠢᠭᠤᠯᠤᠭᠰᠠᠨ ᠲᠠᠷᠢᠶᠠᠯᠠᠩ ᠤᠨ ᠲᠠᠷᠢᠮᠠᠯ ᠤᠨ ᠣᠶᠤᠨᠴᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠤᠶᠤᠨᠲᠤ | ᠲᠠᠷᠢᠶᠠᠯᠠᠩ ᠤᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ ᠪᠠᠶᠢᠭᠤᠯᠵᠤ᠂ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ᠂ ᠦᠢᠯᠡᠴᠢᠯᠡᠭᠡᠨ ᠤ | ᠲᠣᠭᠠᠵᠢᠭᠤᠯᠤᠭᠰᠠᠨ ᠬᠡᠷᠡᠭᠯᠡᠯᠲᠡ ᠶᠢ ᠪᠡᠶᠡᠯᠡᠭᠦᠯᠵᠦ᠂ ᠨᠠᠷᠢᠯᠢᠬᠵᠢᠭᠰᠠᠨ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠲᠠᠷᠢᠶᠠᠯᠠᠩ ᠤᠨ ᠶᠠᠪᠤᠳᠠᠯ ᠤᠨ ᠬᠠᠮᠢᠶᠠᠷᠤᠯᠲᠠ ᠶᠢ | ᠪᠡᠶᠡᠯᠡᠭᠦᠯᠵᠦ᠂ ᠡᠬᠢ ᠡᠭᠦᠰᠦᠯ ᠢ ᠨᠢ ᠡᠷᠢᠵᠦ ᠪᠣᠯᠬᠤ ᠪᠣᠬᠢᠷᠲᠤᠯ ᠦᠭᠡᠢ ᠠᠮᠤᠷ ᠲᠦᠪᠰᠢᠨ ︽ᠭᠠᠷᠤᠯᠲᠠ ᠶᠢᠨ ᠭᠠᠵᠠᠷ ᠤᠨ IP︾ ᠶᠢ ᠡᠭᠦᠳᠴᠦ᠂ ᠣᠷᠣᠨ | ᠪᠦᠰᠡ ᠶᠢᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠲᠦᠷᠦᠯ ᠲᠡᠮᠲᠡᠭᠲᠦ ᠶᠢᠨ ᠦᠷᠳᠡᠭ ᠢ ᠳᠡᠭᠡᠭᠰᠢᠯᠡᠭᠦᠯᠪᠡ᠃ | ᠲᠣᠭᠠᠵᠢᠭᠤᠯᠤᠭᠰᠠᠨ ᠦᠵᠡᠵᠦ ᠰᠣᠨᠣᠰᠬᠤ ᠪᠠᠷ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠬᠥᠳᠡᠯᠭᠡᠬᠦ ᠬᠦᠴᠦᠨ ᠢ ᠬᠥᠭᠵᠢᠭᠡᠪᠡ ᠃ ᠷᠠᠳᠢᠣ᠋ | ᠲᠧᠯᠸᠢᠰ ᠢᠶᠠᠷ ᠬᠦᠴᠦᠨ ᠨᠡᠮᠡᠷᠢᠯᠡᠭᠦᠯᠵᠦ ᠰᠣᠶᠣᠯ ᠵᠢᠭᠤᠯᠴᠢᠯᠠᠯ ᠤᠨ ᠬᠥᠭᠵᠢᠯᠲᠡ ᠶᠢ ᠣᠷᠣᠨ ᠨᠤᠲᠤᠭ ᠤᠨ ᠬᠦᠷᠲᠡᠭᠡᠯ ᠢ ᠣᠯᠵᠤ᠂ ︽ᠷᠠᠳᠢᠣ᠋ ᠲᠧᠯᠸᠢᠰ + ᠰᠣᠶᠣᠯ | ᠵᠢᠭᠤᠯᠴᠢᠯᠠᠯ︾ ᠤᠨ ᠪᠠᠶᠢᠳᠠᠯ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠳᠤ ᠰᠠᠶᠢᠨ ᠰᠠᠭᠤᠷᠢ ᠲᠠᠯᠪᠢᠵᠤ᠂ | ᠵᠢᠭᠤᠯᠴᠢᠯᠠᠭᠰᠠᠳ ᠲᠤ ᠨᠠᠩ ᠳᠥᠭᠦᠮ ᠳᠥᠲᠡ ᠨᠠᠩ ᠥᠪᠡᠷᠮᠢᠴᠡ ᠣᠨᠴᠠᠯᠢᠭ ᠲᠠᠢ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡ ᠪᠠ ᠪᠡᠶᠡᠴᠢ ᠣᠶᠢᠯᠠᠭᠠᠯᠲᠠ ᠶᠢ ᠬᠠᠩᠭᠠᠪᠠ ᠃ ᠵᠢᠭᠤᠯᠴᠢᠯᠠᠭᠰᠠᠳ ᠰᠦᠯᠵᠢᠶᠡᠨ ᠳᠡᠭᠡᠷ᠎ᠡ ︽ᠤᠳᠠᠭᠠᠨ ᠰᠢᠭᠤᠳ ᠨᠡᠪᠲᠡᠷᠡᠭᠦᠯᠭᠡ︾ ᠶᠢ ᠦᠵᠡᠵᠦ᠂ ︽ | ᠬᠡᠶᠢᠰᠪᠦᠷᠢ ᠵᠢᠭᠤᠯᠴᠢᠯᠠᠯ︾ ᠢ ᠰᠣᠨᠢᠷᠬᠠᠵᠤ᠂ ᠣᠷᠣᠨ ᠨᠤᠲᠤᠭ ᠤᠨ ᠰᠡᠯᠡᠭᠦᠴᠡᠯ ᠵᠢᠭᠤᠯᠴᠢᠯᠠᠯ ᠤᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ | ᠦᠵᠡᠮᠵᠢ ᠶᠢᠨ ᠣᠷᠣᠨ ᠢ ᠪᠡᠶᠡᠴᠢᠯᠡᠨ ᠣᠶᠢᠯᠠᠭᠠᠵᠤ᠂ ᠣᠶᠤᠨᠴᠢ ᠵᠢᠭᠤᠯᠴᠢᠯᠠᠯ ᠤᠨ ᠵᠠᠮᠴᠢᠯᠠᠭᠴᠢ ᠶᠢ ᠠᠰᠢᠭᠯᠠᠵᠤ᠂ ᠨᠡᠩ ᠲᠠᠭᠠᠯᠠᠮᠵᠢᠲᠠᠶ ᠵᠤᠭᠠᠴᠠᠯ ᠵᠢᠭᠤᠯᠴᠢᠯᠠᠯ ᠢ | ᠪᠡᠶᠡᠴᠢᠯᠡᠨ ᠣᠶᠢᠯᠠᠭᠠᠪᠠ ᠃ | ᠲᠠᠪᠤ᠂ ᠴᠢᠨᠠᠷ ᠰᠠᠶᠢᠲᠠᠶ ᠲᠣᠭᠠᠵᠢᠭᠤᠯᠤᠭᠰᠠᠨ ᠦᠵᠡᠵᠦ ᠰᠣᠨᠣᠰᠬᠤ ᠪᠣᠯᠪᠠᠰᠤᠷᠠᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠴᠢᠩᠭᠠᠷᠠᠭᠤᠯᠵᠤ ᠂ ᠳᠣᠲᠣᠭᠠᠳᠤ | ᠬᠥᠳᠡᠯᠭᠡᠬᠦ ᠬᠦᠴᠦᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ | ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠶᠢᠨ ᠬᠦᠴᠦᠨ ᠵᠦᠢᠯ ᠪᠣᠯᠤᠨ᠎ᠠ᠂ | ᠪᠣᠯᠪᠠᠰᠤᠷᠠᠭᠤᠯᠤᠨ ᠬᠥᠮᠦᠵᠢᠭᠦᠯᠬᠦ᠂ ᠬᠡᠷᠡᠭᠯᠡᠵᠦ ᠬᠠᠮᠢᠶᠠᠷᠬᠤ ᠵᠡᠷᠭᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠤᠷᠳᠤ ᠬᠤᠭᠤᠴᠠᠭ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠳᠡᠭ ᠃ | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ ᠲᠤᠯᠭᠠᠭᠤᠷᠢᠯᠠᠯ ᠢ ᠴᠢᠩᠭᠠᠷᠠᠭᠤᠯᠪᠠ ᠃ | ᠲᠥᠪᠯᠡᠷᠡᠭᠦᠯᠦᠨ ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠬᠦᠷᠭᠡᠬᠦ᠂ ᠰᠦᠯᠵᠢᠶᠡᠨ ᠤ ᠪᠣᠯᠪᠠᠰᠤᠷᠠᠯ ᠬᠦᠷᠲᠡᠭᠡᠬᠦ ᠵᠡᠷᠭᠡ ᠶᠢ | ᠦᠷᠭᠦᠯᠵᠢᠯᠡᠨ ᠥᠷᠨᠢᠭᠦᠯᠵᠦ᠂ ᠺᠠᠳ᠋ᠷ ᠤᠨ ᠡᠩᠨᠡᠭᠡᠨ ᠤ ᠲᠣᠭᠠᠵᠢᠭᠤᠯᠤᠭᠰᠠᠨ ᠦᠵᠡᠵᠦ ᠰᠣᠨᠣᠰᠬᠤ ᠲᠤᠬᠠᠶ ᠲᠠᠨᠢᠯᠲᠠ ᠶᠢ ᠨᠢ ᠳᠠᠬᠢᠨ ᠱᠤᠭᠤᠵᠤ᠂ ᠢᠨᠲ᠋ᠧᠷ | ᠰᠦᠯᠵᠢᠶᠡᠨ ᠤ ᠰᠡᠳᠬᠢᠬᠦᠶ ᠶᠢᠨ ᠣᠶᠢᠯᠠᠭᠠᠭᠳᠠᠬᠤᠨ ᠲᠠᠢ ᠪᠠᠶᠢᠵᠤ᠂ ᠰᠦᠯᠵᠢᠶᠡᠨ ᠤ ᠦᠵᠡᠵᠦ ᠰᠣᠨᠣᠰᠬᠤ ᠠᠷᠭ᠎ᠠ ᠤᠷ᠎ᠠ ᠮᠡᠷᠭᠡᠵᠢᠯ ᠢ ᠡᠵᠡᠮᠰᠢᠭᠰᠡᠨ ᠳᠠᠭᠠᠭᠤᠯᠤᠭᠴᠢ | ᠪᠠ ᠬᠥᠳᠡᠭᠡ ᠠᠵᠤ ᠠᠬᠤᠶ ᠬᠥᠳᠡᠭᠡ ᠲᠣᠰᠬᠤᠨ ᠢ ᠣᠶᠢᠯᠠᠭᠠᠭᠰᠠᠨ ᠪᠥᠭᠡᠳ ᠲᠣᠭᠠᠵᠢᠭᠤᠯᠤᠭᠰᠠᠨ ᠮᠡᠷᠭᠡᠵᠢᠯ ᠢ ᠮᠡᠳᠡᠬᠦ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ | ᠪᠣᠯᠪᠠᠰᠤᠷᠠᠭᠤᠯᠤᠨ ᠬᠦᠮᠦᠵᠢᠭᠦᠯᠪᠡ ᠃ ᠴᠢᠳᠠᠪᠤᠷᠢᠲᠠᠨ ᠤ ᠡᠩᠨᠡᠭᠡ ᠶᠢᠨ ᠪᠠᠷᠠᠯᠠᠯᠬᠢᠲᠤ ᠴᠢᠨᠠᠷᠲᠠᠢ ᠪᠣᠳᠣᠯᠬᠢᠯᠠᠯ ᠢ ᠬᠦᠳᠦᠯᠦᠨ ᠵᠢᠯᠣᠭᠤᠳᠴᠤ ᠪᠠᠶᠢᠭᠠᠳ | ᠲᠣᠭᠠᠵᠢᠭᠤᠯᠤᠭᠰᠠᠨ ᠦᠵᠡᠵᠦ ᠰᠣᠨᠣᠰᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢ ᠲᠥᠯᠥᠪᠵᠢᠭᠦᠯᠵᠦ᠂ ᠢᠯᠠᠩᠭᠤᠶ᠎ᠠ ᠦᠵᠡᠯ | ᠤᠬᠠᠮᠰᠠᠷ ᠤᠨ ᠬᠡᠯᠪᠡᠷᠢ᠂ ᠤᠯᠠᠨ ᠨᠡᠶᠢᠲᠡ ᠶᠢᠨ ᠦᠢᠯᠡᠴᠢᠯᠡᠭᠡ᠂ ᠬᠥᠳᠡᠭᠡ ᠲᠣᠰᠬᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠲᠠᠢ | ᠤᠶᠠᠯᠳᠤᠭᠤᠯᠤᠨ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠰᠦᠪᠡᠭᠴᠢᠯᠡᠪᠡ ᠃ | ᠭᠠᠳᠠᠨ᠎ᠠ ᠠᠴᠠ ᠣᠷᠣᠭᠤᠯᠵᠤ ᠳᠣᠲᠣᠭᠠᠳᠤ ᠳᠤ ᠪᠠᠨ ᠪᠣᠯᠪᠠᠰᠤᠷᠠᠯ ᠬᠦᠷᠲᠡᠭᠡᠵᠦ᠂ ᠲᠣᠭᠠᠵᠢᠭᠤᠯᠤᠭᠰᠠᠨ ᠰᠦᠯᠵᠢᠶ᠎ᠡ ᠪᠠᠷ ᠦᠵᠡᠵᠦ ᠰᠣᠨᠣᠰᠬᠤ ᠣᠷᠣᠨ | ᠨᠤᠲᠤᠭ ᠤᠨ ᠬᠦᠴᠦᠨ ᠢ ᠪᠣᠢ ᠪᠣᠯᠭᠠᠪᠠ ᠃ ᠰᠢᠶᠠᠨ ᠤ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠲᠦᠰᠢᠭᠯᠡᠨ | ᠲᠣᠭᠠᠵᠢᠭᠤᠯᠤᠭᠰᠠᠨ ᠰᠦᠯᠵᠢᠶᠡᠨ ᠤ ᠦᠵᠡᠵᠦ ᠰᠣᠨᠣᠰᠬᠤ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠪᠡ ᠃ ᠬᠦᠴᠦᠨ ᠢᠶᠠᠨ | ᠲᠥᠪᠯᠡᠷᠡᠭᠦᠯᠦᠨ ᠣᠷᠣᠨ ᠨᠤᠲᠤᠭ ᠤᠨ ᠦᠵᠡᠭᠳᠡᠯ ᠤᠨ ᠲᠠᠰ ᠤᠨ ᠰᠦᠯᠵᠢᠶᠡᠨ ᠣᠳᠣᠳ ᠢ ᠪᠣᠶ ᠪᠣᠯᠭᠠᠵᠤ᠂ ︽ᠡᠯᠧᠺᠲᠷᠣᠨ ᠬᠤᠳᠠᠯᠳᠤᠭᠠᠨ ᠤ ᠲᠤᠰᠬᠠᠶ ᠠᠩᠭᠢ︾ | ᠶᠢ ᠵᠣᠬᠢᠶᠠᠨ ᠪᠠᠶᠢᠭᠤᠯᠵᠤ᠂ ᠣᠷᠣᠨ ᠨᠤᠲᠤᠭ ᠤᠨ ᠳᠠᠯᠳᠠ ᠬᠦᠴᠦᠨ ᠤ ︽ᠰᠦᠯᠵᠢᠶᠡᠨ ᠤ ᠨᠡᠷᠡᠳᠦ ᠴᠢᠳᠠᠪᠤᠷᠢᠲᠠᠨ︾ ᠤ ᠲᠦᠷᠭᠡᠨ ᠴᠤᠭᠯᠠᠷᠠᠬᠤ᠂ ᠬᠡᠪ ᠴᠢᠨᠠᠷ ᠢ | ᠪᠦᠲᠦᠮᠵᠢᠲᠡᠶ ᠳᠡᠭᠡᠭᠰᠢᠯᠡᠭᠦᠯᠬᠦ ᠶᠢ ᠠᠬᠢᠭᠤᠯᠵᠤ᠂ ᠨᠢᠭᠡ ᠪᠦᠯᠦᠭ ᠨᠤᠲᠤᠭ ᠤᠰᠤ ᠪᠠᠨ ᠬᠠᠶᠢᠷᠠᠯᠠᠬᠤ᠂ ︽ᠬᠢᠵᠦ ᠪᠦᠲᠦᠭᠡᠬᠦ ︾ ᠳᠤ ᠴᠢᠳᠠᠮᠠᠭᠠᠶ ᠲᠣᠭᠠᠵᠢᠭᠤᠯᠤᠭᠰᠠᠨ | ᠦᠵᠡᠵᠦ ᠰᠣᠨᠣᠰᠬᠤ ᠵᠠᠯᠠᠭᠤ ᠴᠢᠳᠠᠪᠤᠷᠢᠲᠠᠨ ᠢ ᠪᠣᠶ ᠪᠣᠯᠭᠠᠪᠠ ᠃ | ᠣᠷᠳᠣ ᠬᠤᠭᠤᠴᠠᠭᠠᠨ ᠤ ᠪᠦᠲᠦᠮᠵᠢᠲᠡᠶ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠲᠤᠯᠭᠠᠭᠤᠷᠢᠯᠠᠯ ᠢ ᠥᠷᠨᠢᠭᠦᠯᠪᠡ ᠃ ᠰᠢᠭᠤᠳ | ᠨᠡᠪᠲᠡᠷᠡᠭᠦᠯᠭᠡ ᠶᠢᠨ ᠳᠠᠭᠠᠭᠤᠯᠢ ᠣᠳᠣ ᠶᠢ ᠡᠷᠦᠬᠡ ᠪᠣᠯᠭᠠᠨ ᠳᠤ ᠨᠡᠪᠲᠡᠷᠡᠭᠦᠯᠬᠦ᠂ ᠲᠣᠰᠬᠤᠨ ᠪᠣᠯᠭᠠᠨ ᠳᠤ ᠨᠡᠪᠲᠡᠷᠡᠭᠦᠯᠬᠦ ᠲᠠᠪᠴᠠᠩ᠂ ᠤᠲᠠᠰᠤᠲᠤ ᠲᠧᠯᠸᠢᠰ ᠤᠨ | ᠰᠦᠯᠵᠢᠶ᠎ᠡ ᠪᠠ ᠷᠠᠳᠢᠣ᠋ ᠲᠧᠯᠸᠢᠰ ᠤᠨ 5G ᠰᠦᠯᠵᠢᠶ᠎ᠡ ᠶᠢ ᠢᠳᠡᠪᠬᠢᠲᠡᠶ ᠠᠰᠢᠭᠯᠠᠨ᠂ ︽ᠰᠢᠭᠤᠳ ᠨᠡᠪᠲᠡᠷᠡᠭᠦᠯᠭᠡ ᠶᠢᠨ ᠬᠢᠴᠢᠶᠡᠯ ᠤᠨ ᠲᠠᠩᠬᠢᠮ︾ ᠤᠨ ᠵᠢᠭᠠᠨ | ᠰᠤᠷᠭᠠᠯᠲᠠ ᠶᠢ ᠥᠷᠨᠢᠭᠦᠯᠵᠦ᠂ ᠶᠡᠭᠡ ᠬᠡᠮᠵᠢᠶᠡᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠤᠷᠠᠮᠳᠤᠭᠤᠯᠤᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠴᠢᠯᠡᠭᠡ ᠂ ᠰᠦᠯᠵᠢᠶᠡᠨ ᠤ ᠦᠵᠡᠵᠦ ᠰᠣᠨᠣᠰᠬᠤ ᠬᠥᠮᠦᠵᠢᠯ | ᠪᠣᠯᠪᠠᠰᠤᠷᠠᠯ᠂ ᠰᠦᠯᠵᠢᠶᠡᠨ ᠤ ᠠᠯᠤᠰ ᠡᠵᠡᠮᠰᠢᠯᠲᠦ ᠰᠤᠷᠭᠠᠨ ᠬᠥᠮᠦᠵᠢᠯ ᠢ ᠥᠷᠨᠢᠭᠦᠯᠪᠡ ᠃ | ᠲᠣᠭᠠᠵᠢᠭᠤᠯᠤᠭᠰᠠᠨ ᠦᠵᠡᠵᠦ ᠰᠣᠨᠣᠰᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠷᠠᠳᠢᠣ᠋ ᠲᠧᠯᠸᠢᠰ ᠤᠨ ᠦᠵᠡᠵᠦ ᠰᠣᠨᠣᠰᠬᠤ | ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠬᠠᠨᠳᠤᠰᠢ ᠶᠢᠨ ᠨᠢᠭᠡ ᠪᠣᠯᠤᠨ᠎ᠠ᠂ ︽ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠ | ᠣᠬᠤᠷ ᠸᠢᠳᠢᠣ᠋᠂ ᠪᠢᠴᠢᠯ ᠣᠬᠤᠷ ᠵᠦᠴᠦᠭᠡ ᠵᠡᠷᠭᠡ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠤ ᠤᠷᠤᠯᠳᠤᠭᠠᠨ ᠤ ᠵᠠᠮ ᠪᠣᠯᠬᠤ ᠪᠠᠷ ᠪᠠᠷᠠᠬᠤ ᠥᠬᠡᠶ᠂ ᠪᠠᠰᠠ ᠴᠤ ︽ᠪᠠᠭ᠎ᠠ ᠵᠣᠭᠤᠰ ᠢᠶᠠᠷ ᠶᠡᠭᠡ ᠶᠠᠪᠤᠳᠠᠯ ᠪᠦᠲᠦᠭᠡᠬᠦ︾ ᠤᠷᠤᠯᠳᠤᠭᠠᠨ ᠤ ᠵᠠᠮ ᠪᠣᠯᠤᠨ᠎ᠠ | ᠃ ᠢᠷᠡᠭᠡᠳᠦᠢ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠲᠣᠭᠠᠵᠢᠭᠤᠯᠤᠭᠰᠠᠨ | ᠦᠵᠡᠵᠦ ᠰᠣᠨᠣᠰᠬᠤ ᠠᠵᠤ ᠦᠢᠯᠡᠰ ᠢ ᠠᠯᠬᠤᠮ ᠠᠯᠬᠤᠮ ᠢᠶᠠᠷ ᠪᠤᠶᠢᠵᠢᠭᠤᠯᠤᠨ ᠪᠤᠵᠠᠭᠠᠶᠢᠷᠠᠭᠤᠯᠵᠤ᠂ ︽ᠴᠡᠭ ᠱᠤᠭᠤᠮ ᠪᠦᠬᠦ ᠲᠠᠯ᠎ᠠ︾ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠷᠠᠳᠢᠣ᠋ ᠲᠧᠯᠸᠢᠰ ᠤᠨ ᠬᠦᠴᠦᠨ ᠢᠶᠠᠷ ᠲᠣᠭᠠᠵᠢᠭᠤᠯᠤᠭᠰᠠᠨ ᠦᠵᠡᠵᠦ ᠰᠣᠨᠣᠰᠬᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠠᠮ ᠢ ᠰᠦᠪᠡᠭᠴᠢᠯᠡᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ | ᠪᠣᠯᠣᠨ᠎ᠠ ᠃ | |