ᠳᠠᠮᠵᠢᠭᠤᠯᠤᠨ ᠰᠠᠴᠤᠷᠠᠭᠤᠯᠬᠤ ᠲᠥᠪ ᠤᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/11/16
  11 ᠳ᠋ᠦ᠋ᠭᠡᠷ ᠰᠠᠷ᠎ᠠ ᠶᠢᠨ 4 ᠤ ᠡᠳᠦᠷ᠂ ᠳᠠᠮᠵᠢᠭᠤᠯᠤᠨ ᠰᠠᠴᠤᠷᠠᠭᠤᠯᠬᠤ ᠲᠥᠪ ᠤᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠠᠩᠭᠢ ᠥᠪᠥᠷ ᠮᠣᠩᠭᠤᠯ ᠤᠨ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠭᠤᠯᠵᠤ ᠂ ᠲᠥᠪ ᠵᠢᠴᠢ 13 ᠬᠤᠪᠢᠶᠠᠷᠢ ᠪᠠᠶᠢᠭᠤᠯᠤᠮᠵᠢ ᠶᠢᠨ ᠨᠡᠶᠢᠲᠡ 41 ᠨᠠᠮ ᠤᠨ ᠭᠡᠰᠢᠭᠦᠨ ᠺᠠᠳ᠋ᠷ ᠪᠣᠯᠪᠠᠰᠤᠷᠠᠯ ᠳᠤ ᠣᠷᠣᠯᠴᠠᠪᠠ᠃
W020241106598273760075.jpg
  ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ︽ᠨᠠᠮᠴᠢ ᠴᠢᠨᠠᠷ ᠢ ᠴᠢᠩᠭᠠᠳᠬᠠᠬᠤ᠂ ᠬᠡᠪ ᠴᠢᠨᠠᠷ ᠢ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠨᠠᠮ ᠤᠨ ᠶᠠᠪᠤᠳᠠᠯ ᠵᠠᠰᠠᠭ ᠤᠨ ᠶᠠᠪᠤᠳᠠᠯ ᠤᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠺᠠᠳ᠋ᠷ ᠤᠨ ᠡᠩᠨᠡᠭᠡ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠬᠠᠮ ᠴᠢᠳᠠᠪᠤᠷᠢᠲᠠᠨ ᠢ ᠬᠥᠮᠦᠵᠢᠭᠦᠯᠪᠡ᠃ 5 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠳᠤᠮᠳᠠ᠂ ᠲᠤᠰᠬᠠᠶ ᠰᠡᠳᠦᠪᠲᠦ ᠲᠠᠶᠢᠯᠤᠮᠵᠢ᠂ ᠸᠢᠳᠢᠣ᠋ ᠵᠢᠭᠠᠨ ᠰᠤᠷᠭᠠᠯᠲᠠ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ᠂ ᠬᠠᠷᠢᠯᠴᠠᠨ ᠪᠡᠶᠡᠴᠢᠯᠡᠨ ᠣᠶᠢᠯᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠰᠢᠰᠲ᠋ᠧᠮ ᠲᠠᠢ ᠵᠢᠭᠠᠨ ᠰᠤᠷᠭᠠᠯᠲᠠ ᠬᠢᠵᠦ᠂ ᠦᠢᠯᠡᠳᠦᠯᠭᠡ ᠶᠢᠨ ᠳᠤᠮᠳᠠ ᠴᠢᠳᠠᠪᠤᠷᠢ ᠶᠢ ᠪᠣᠯᠪᠠᠰᠤᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠨᠢ ᠦᠨᠡᠨ ᠬᠦ ᠴᠢᠩᠭᠠᠳᠬᠠᠪᠠ ᠃︵ ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ