ᠠᠷᠭ᠎ᠠ ᠪᠤᠳᠤᠯᠭ᠎ᠠ ᠰᠤᠷᠤᠯᠴᠠᠨ  ᠰᠢᠨ᠎ᠡ ᠶᠢ ᠡᠭᠦᠳᠴᠦ ᠨᠠᠶᠢᠳᠠᠪᠤᠷᠢᠵᠢᠭᠤᠯᠤᠯᠲᠠ ᠶᠢ ᠠᠳᠬᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠭᠤᠸᠠᠩᠰᠢ ᠶᠢᠨ ᠬᠠᠭᠤᠳᠠᠰᠤ ᠶᠢ ᠪᠢᠴᠢᠭᠯᠡᠬᠦ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠪᠡ
ᠨᠡᠶᠢᠲᠡᠯᠡᠭᠰᠡᠨ ᠴᠠᠭ᠄
2024/11/26
  ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ  ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ  ᠶᠢᠨ ᠫᠢᠩ ᠤᠨ ᠭᠤᠸᠠᠩᠰᠢ ᠶᠢᠨ ᠴᠢᠬᠤᠯᠠ ᠶᠡᠭᠡ ᠠᠷᠭ᠎ᠠ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠶᠤᠨᠴᠢ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠲᠧᠯᠸᠢᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ᠂ ᠦᠵᠡᠵᠦ ᠰᠣᠨᠣᠰᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠣᠯᠠᠨ ᠤᠯᠤᠰ ᠤᠨ ᠳᠠᠮᠵᠢᠭᠤᠯᠭ᠎ᠠ ᠵᠡᠷᠭᠡ ᠣᠯᠠᠨ ᠵᠦᠢᠯ ᠤᠨ ᠠᠵᠢᠯ ᠳᠤ ᠢᠳᠡᠪᠬᠢᠲᠡᠶ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠭᠤᠸᠠᠩᠰᠢ ᠶᠢᠨ ᠬᠠᠭᠤᠳᠠᠰᠤ ᠶᠢ ᠪᠢᠴᠢᠭᠯᠡᠬᠦ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠪᠡ᠃  ᠨᠢᠭᠡ᠂ ᠭᠤᠤᠯ ᠰᠡᠳᠦᠪ ᠭᠤᠤᠯ ᠱᠤᠭᠤᠮ ᠤᠨ ᠤᠬᠠᠭᠤᠯᠭ᠎ᠠ ᠳᠤ ᠬᠦᠴᠦ ᠪᠠᠨ ᠲᠥᠪᠯᠡᠷᠡᠭᠦᠯᠵᠦ ᠠᠩᠬᠠᠷᠤᠯ ᠢᠶᠠᠨ ᠲᠥᠪᠯᠡᠷᠡᠭᠦᠯᠪᠡ  ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠠᠶᠢᠭᠤᠯᠤᠮᠵᠢ ᠪᠣᠯᠤᠨ ᠲᠠᠪᠴᠠᠩ ᠢ ᠵᠢᠯᠣᠭᠤᠳᠤᠨ ᠳᠡᠮᠵᠢᠵᠦ ︽ᠮᠠᠨ ᠤ ᠰᠢᠨ᠎ᠡ ᠠᠶᠠᠨ︾ ᠵᠡᠷᠭᠡ ᠪᠤᠯᠤᠩ ᠢ ᠭᠠᠷᠭᠠᠵᠤ᠂ ︽ᠭᠠᠳᠠᠭᠠᠳᠤ ᠳᠤ ᠭᠠᠷᠴᠤ ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠲᠡᠮᠳᠡᠭᠯᠡᠯ︾ ᠵᠡᠷᠭᠡ ᠬᠠᠮ ᠵᠠᠭᠤᠴᠢᠯᠠᠭᠤᠷ ᠤᠨ ᠫᠷᠤᠭ᠍ᠷᠠᠮ ᠢ ᠲᠥᠰᠦᠪᠯᠡᠨ ᠭᠠᠷᠭᠠᠪᠠ᠃ ᠭᠤᠸᠠᠩᠰᠢ ᠶᠢᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢ ᠪᠠᠶᠢᠭᠤᠯᠵᠤ᠂ ᠡᠯ᠎ᠡ ᠬᠤᠲᠠ᠂ ᠰᠢᠶᠠᠨ ᠤ ᠬᠠᠮ ᠵᠠᠭᠤᠴᠢᠯᠠᠭᠤᠷ ᠲᠠᠢ ᠬᠤᠯᠪᠣᠭᠠᠯᠠᠨ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ︽ᠬᠠᠮᠲᠤᠷᠠᠭᠰᠠᠨ ᠬᠥᠯᠭᠡ ᠣᠩᠭᠤᠴᠠᠲᠤ ᠠᠩᠭᠢ︾ ᠶᠢ ᠦᠷᠭᠦᠯᠵᠢᠯᠡᠨ ᠪᠣᠢ ᠪᠣᠯᠭᠠᠪᠠ ᠃ ᠰᠢᠨ᠎ᠡ ᠵᠠᠭᠤᠴᠢᠯᠠᠭᠤᠷ ᠤᠨ ᠬᠤᠯᠪᠣᠭ᠎ᠠ ᠪᠠᠶᠢᠭᠤᠯᠤᠭᠳᠠᠭᠰᠠᠨ ᠠᠴᠠ ᠨᠠᠭᠠᠰᠢ ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠦᠵᠡᠰᠭᠦᠯᠡᠩ ᠤᠨ ᠴᠤᠭᠯᠠᠭᠠᠨ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠣᠶᠤᠲᠠᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠭᠤᠣᠯᠳᠠᠯᠭ᠎ᠠ ᠲᠠᠢ ᠮᠡᠳᠡᠭᠡᠯᠡᠯ ᠢ ᠳᠡᠪᠰᠢᠭᠦᠯᠵᠦ ᠂ ᠪᠦᠬᠦ ᠤᠯᠤᠰ ᠤᠨ ᠰᠢᠨ᠎ᠡ ᠵᠠᠭᠤᠴᠢᠯᠠᠭᠤᠷ ᠲᠤ ᠳᠠᠮᠵᠢᠭᠤᠯᠤᠭᠰᠠᠨ ᠬᠡᠮᠵᠢᠶ᠎ᠡ 18 ᠳ᠋ᠦᠩᠰᠢᠭᠤᠷ ᠢ ᠳᠠᠪᠠᠪᠠ᠃  ᠬᠤᠶᠠᠷ᠂ ᠦᠵᠡᠵᠦ ᠰᠣᠨᠣᠰᠬᠤ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠳᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠪᠡ  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠡᠳᠦᠪ ᠭᠤᠣᠯ ᠰᠢᠵᠢᠮ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠴᠢᠬᠤᠯᠠ ᠶᠡᠭᠡ ᠰᠡᠳᠦᠪ ᠤᠨ ᠰᠣᠳᠣᠨ ᠦᠢᠯᠡᠳᠪᠦᠷᠢᠯᠡᠯ ᠤᠨ ᠦᠢᠯᠡᠳᠪᠦᠷᠢᠯᠡᠯ ᠳᠤ ᠦᠢᠯᠡᠴᠢᠯᠡᠵᠦ᠂ ︽ᠵᠢᠭᠰᠠᠭᠠᠯ ᠤᠨ ᠭᠠᠵᠠᠷ︾ ︵ᠲᠦᠷ ᠨᠡᠷ᠎ᠡ︶ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠴᠢᠬᠤᠯᠠ ᠶᠡᠭᠡ ᠰᠡᠳᠦᠪᠲᠦ ᠲᠧᠯᠸᠢᠰ ᠵᠦᠴᠦᠭᠡ ᠶᠢᠨ ᠰᠡᠳᠦᠪ ᠲᠣᠭᠲᠠᠭᠠᠨ ᠢᠯᠡ ᠨᠡᠶᠢᠲᠡᠯᠡᠬᠦ ᠶᠢ ᠬᠦᠷᠲᠡᠪᠡ ᠂ ᠪᠠᠷᠢᠮᠲᠠᠲᠤ ᠺᠢᠨᠣ᠋ ︽ᠯᠢ ᠵᠢᠶᠠᠩ ︾᠂ ︽ᠫᠢᠩ ᠯᠦ ᠲᠠᠲᠠᠮᠠᠯ ᠭᠤᠣᠯ︾ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ︽ᠰᠢᠨ᠎ᠡ ᠴᠠᠭ ᠦᠶ᠎ᠡ ᠶᠢᠨ ᠲᠡᠮᠳᠡᠭᠯᠡᠯ ︾ ᠤᠨ ᠰᠣᠳᠣᠨ ᠲᠡᠳᠬᠦᠬᠦ ᠲᠦᠷᠦᠯ ᠵᠦᠢᠯ ᠳᠤ ᠰᠣᠩᠭᠤᠭᠳᠠᠪᠠ᠃ ︽ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠣᠳᠣᠨ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 - 2025 ᠣᠨ︶︾ ᠢ ᠬᠡᠷᠡᠭᠵᠢᠭᠦᠯᠵᠦ᠂ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠪᠠᠶᠢᠭᠤᠯᠤᠮᠵᠢ ᠪᠠ ᠪᠦᠲᠦᠭᠡᠯ ᠳᠤ ᠳᠡᠮᠵᠢᠯᠭᠡ ᠦᠵᠡᠭᠦᠯᠪᠡ ᠃ ᠲᠧᠯᠸᠢᠰ ᠤᠨ ᠫᠷᠤᠭ᠍ᠷᠠᠮ ︽ᠦᠨᠳᠦᠰᠦᠲᠡᠨ ᠤ ᠰᠣᠶᠣᠯ • ᠭᠤᠸᠠᠩᠰᠢ ᠶᠢᠨ ᠰᠢᠨ᠎ᠡ ᠠᠷᠠᠳ ᠤᠨ ᠳᠠᠭᠤᠤ ᠶᠢᠨ ᠶᠡᠭᠡ ᠬᠤᠷᠠᠯ ᠤᠨ ᠣᠨᠴᠠᠭᠠᠶ ᠫᠷᠤᠭ᠍ᠷᠠᠮ︾ ᠵᠡᠷᠭᠡ 20 ᠭᠠᠷᠤᠶ ᠪᠦᠲᠦᠭᠡᠯ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ 2023 ᠣᠨ ᠤ ᠪᠦᠲᠦᠭᠡᠯ ᠤᠨ ᠰᠢᠯᠢᠳᠡᠭᠵᠢᠬᠦᠯᠬᠦ ᠪᠠ ᠲᠡᠳᠬᠦᠬᠦ ᠲᠥᠷᠥᠯ ᠵᠦᠢᠯ ᠳᠤ ᠰᠣᠩᠭᠤᠭᠳᠠᠬᠤ ᠶᠢ ᠠᠬᠢᠭᠤᠯᠪᠠ ᠃ ᠲᠧᠯᠸᠢᠰ ᠤᠨ ᠣᠬᠤᠷ ᠹᠢᠯᠢᠮ ᠤᠨ ᠤᠷᠤᠯᠳᠤᠭᠠᠨ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ᠂ ᠰᠦᠯᠵᠢᠶᠡᠨ ᠤ ᠣᠬᠤᠷ ᠸᠢᠳᠢᠤ᠋ ᠶᠢᠨ ᠤᠷᠤᠯᠳᠤᠭᠠᠨ ᠵᠡᠷᠭᠡ ᠶᠢ ᠡᠷᠬᠢᠯᠡᠵᠦ᠂ ᠨᠡᠶᠢᠲᠡ 3560 ᠪᠦᠲᠦᠭᠡᠯ ᠢ ᠡᠯᠰᠡᠨ ᠨᠡᠪᠲᠡᠷᠡᠭᠦᠯᠵᠦ᠂ ᠣᠷᠣᠨ ᠪᠦᠰᠡ ᠶᠢᠨ ᠴᠢᠨᠠᠷᠲᠠᠶ ᠤᠬᠠᠭᠤᠯᠭ᠎ᠠ ᠶᠢᠨ ᠨᠡᠷᠡᠲᠦ ᠲᠡᠮᠲᠡᠭᠲᠦ ᠶᠢ ᠡᠭᠦᠳᠪᠡ᠃ ᠭᠤᠸᠠᠩᠰᠢ ᠷᠠᠳᠢᠣ᠋ ᠲᠧᠯᠸᠢᠰ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠪᠡ᠃  ᠭᠤᠷᠪᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ  ᠲᠥᠪ ᠤᠨ ᠪᠠ ᠥᠪᠡᠷᠲᠡᠭᠡᠨ ᠵᠠᠰᠠᠬᠤ ᠣᠷᠣᠨ ᠤ 1.6 ᠳ᠋ᠦᠩᠰᠢᠭᠤᠷ ᠲᠥᠭᠦᠷᠢᠭ ᠠᠴᠠ ᠳᠠᠪᠠᠭᠰᠠᠨ ᠪᠡᠯᠡ ᠮᠥᠩᠭᠦ ᠶᠢ ᠨᠢᠭᠡᠳᠦᠯᠲᠡᠢ ᠲᠥᠯᠦᠪᠯᠡᠵᠦ ᠂ ᠤᠶᠤᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠥᠷᠨᠢᠭᠦᠯᠬᠦ ᠶᠢᠨ ᠬᠠᠮᠲᠤ ︽ᠭᠤᠸᠠᠩᠰᠢ ᠶᠢᠨ ᠲᠤᠷᠰᠢᠯᠭ᠎ᠠ︾ ᠶᠢ ᠪᠦᠷᠢᠯᠳᠦᠭᠦᠯᠵᠦ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠭᠤᠸᠠᠩᠰᠢ ᠶᠢᠨ ᠳ᠋ᠦᠩ ᠰᠢᠩ ᠬᠤᠳᠠ ᠳᠤ ᠪᠦᠬᠦ ᠤᠯᠤᠰ ᠤᠨ ᠤᠶᠤᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠤᠨ ᠠᠬᠤᠢ ᠲᠠᠯᠠᠪᠤᠷ ᠤᠨ ᠬᠤᠷᠠᠯ ᠬᠤᠷᠠᠯᠳᠤᠭᠤᠯᠵᠤ᠂ ᠭᠤᠸᠠᠩᠰᠢ ᠶᠢᠨ ᠲᠤᠷᠰᠢᠯᠭ᠎ᠠ ᠬᠢᠳᠡᠯ ᠢ ᠨᠤᠲᠠᠯᠠᠪᠠ᠃ ᠪᠦᠬᠦ ᠲᠤᠭᠤᠷᠢᠭ ᠤᠨ ᠪᠤᠶ ᠪᠦᠬᠦᠢ ᠰᠢᠶᠠᠨ ︵ᠬᠤᠲᠠ︶ ᠨᠤᠭᠤᠳ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠠᠮᠢᠶ᠎ᠠ ᠪᠦᠬᠦᠢ ᠦᠷ᠎ᠡ ᠪᠦᠲᠦᠮᠵᠢ ᠶᠢ 2024 ᠣᠨ ᠳᠤ ᠭᠤᠸᠠᠩᠰᠢ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠵᠢᠭᠰᠠᠭᠠᠨ ᠣᠷᠤᠭᠤᠯᠪᠠ ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠰᠠᠨ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠪᠦᠬᠦ ᠰᠤᠪᠠᠭ ᠢ ᠥᠨᠳᠥᠷ ᠲᠤᠳᠤᠷᠠᠴᠠᠲᠤ ᠪᠠᠷ ᠨᠡᠪᠲᠡᠷᠡᠭᠦᠯᠬᠦ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠰᠢᠶᠠᠨ ᠤ ᠱᠠᠲᠤᠨ ᠤ ᠲᠧᠯᠸᠢᠰ ᠤᠨ ᠰᠤᠪᠠᠭ ᠢ ᠥᠨᠳᠥᠷ ᠲᠤᠳᠤᠷᠠᠴᠠᠲᠤᠵᠢᠭᠤᠯᠬᠤ ᠥᠭᠡᠷᠡᠴᠢᠯᠡᠯᠲᠡ ᠶᠢᠨ ᠨᠣᠷᠮ᠎ᠠ 45.3% ᠳᠤ ᠬᠦᠷᠪᠡ᠃ ᠪᠥᠬᠦ ᠤᠯᠤᠰ ᠤᠨ ᠤᠶᠤᠨᠲᠤ ᠷᠠᠳᠢᠣ᠋ ᠲᠧᠯᠸᠢᠰ ᠤᠨ ᠬᠥᠳᠡᠭᠡ ᠲᠣᠰᠬᠤᠨ ᠤ ᠢᠨᠵᠧᠨᠧᠷᠢᠩ ᠤᠨ ᠲᠤᠷᠰᠢᠯᠲᠠ ᠶᠢᠨ ᠴᠡᠭ ᠪᠠ ᠰᠢᠶᠠᠨ ᠤ ᠱᠠᠲᠤᠨ ᠤ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠷᠠᠳᠢᠣ᠋ ᠲᠧᠯᠸᠢᠰ ᠤᠨ 5G ᠶᠢᠨ ᠠᠭᠤᠰᠤᠯᠴᠠᠨ ᠬᠥᠭᠵᠢᠬᠦ ᠶᠢ ᠡᠮᠬᠢ ᠵᠢᠷᠤᠮ ᠲᠠᠢ ᠠᠬᠢᠭᠤᠯᠪᠠ ᠃ ᠭᠤᠸᠠᠩᠰᠢ ᠮᠤᠵᠢ ᠶᠢᠨ ᠷᠠᠳᠢᠣ᠋ ᠲᠧᠯᠸᠢᠰ ᠤᠨ ᠲᠣᠪᠴᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠥᠪᠡᠷᠲᠡᠭᠡᠨ ᠵᠠᠰᠠᠬᠤ ᠣᠷᠣᠨ ᠤ ︽ᠦᠵᠡᠯ ᠰᠠᠨᠠᠭ᠎ᠠ ᠪᠠᠨ ᠴᠢᠯᠥᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠲᠡᠷᠢᠭᠦᠨ ᠤ ᠬᠠᠮᠲᠤ ᠨᠡᠶᠢᠲᠡ ᠶᠢ ᠬᠦᠷᠲᠡᠪᠡ ᠃  ᠳᠥᠷᠪᠡ᠂ ᠠᠵᠢᠯ ᠲᠥᠷᠥᠯ ᠤᠨ ᠶᠡᠷᠦᠩᠬᠡᠶᠢᠯᠡᠭᠰᠡᠨ ᠵᠠᠰᠠᠯᠲᠠ ᠶᠢᠨ ᠪᠣᠳᠠᠲᠠᠶ ᠶᠢ ᠡᠷᠬᠢᠮᠯᠡᠨ ᠦᠷ᠎ᠡ ᠪᠦᠲᠦᠮᠵᠢ ᠤᠯᠪᠠ  ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠰᠠᠭᠤᠳᠠᠯ ᠢ ᠵᠠᠰᠠᠬᠤ ᠶᠠᠪᠤᠳᠠᠯ ᠢ ᠤᠯᠤᠰ ᠲᠥᠷᠥ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠰᠢᠰᠲ᠋ᠧᠮᠲᠦ ᠢᠨᠵᠧᠨᠧᠷᠢᠩ ᠪᠣᠯᠭᠠᠵᠤ᠂ ᠪᠥᠬᠦ ᠤᠯᠤᠰ ᠤᠨ ᠲᠤᠷᠰᠢᠯᠲᠠ ᠶᠢᠨ ᠴᠡᠭ ᠤᠨ ᠮᠤᠵᠢ ᠣᠷᠣᠨ ᠲᠠᠢ ᠲᠤᠰᠬᠠᠶ ᠵᠠᠰᠠᠯᠲᠠ ᠶᠢᠨ ᠠᠵᠢᠯ ᠢ ᠵᠡᠷᠭᠡ ᠪᠠᠷ ᠠᠬᠢᠭᠤᠯᠪᠠ ᠃ ᠵᠠᠰᠠᠯᠲᠠ ᠪᠠᠷ ᠳᠡᠮᠵᠢᠨ᠂ ᠪᠥᠬᠦ ᠣᠷᠣᠨ ᠤ 590 ᠲᠦᠮᠡᠨ ᠲᠧᠯᠸᠢᠰ ᠤᠨ ᠳᠠᠪᠲᠠᠮᠵᠢ ᠬᠤᠷᠢᠶᠠᠭᠤᠷ ᠤᠨ ︽ᠮᠠᠰᠢᠨ ᠢᠶᠠᠨ ᠨᠡᠭᠡᠭᠡᠵᠦ ᠰᠢᠭᠤᠳ ᠨᠡᠪᠲᠡᠷᠡᠭᠦᠯᠭᠡ ᠦᠵᠡᠬᠦ᠂ ᠡᠷᠭᠢᠭᠦᠯᠵᠦ ᠦᠵᠡᠬᠦ᠂ ᠰᠦᠢᠳᠬᠡᠯ ᠬᠤᠷᠢᠶᠠᠬᠤ ᠥᠬᠡᠶ ᠫᠷᠤᠭ᠍ᠷᠠᠮ ᠢ ᠦᠵᠡᠬᠦ︾ ᠬᠠᠷᠠᠯᠲᠠ ᠡᠭᠦᠷᠭᠡ ᠶᠢ ᠪᠡᠶᠡᠯᠡᠭᠦᠯᠵᠦ᠂ ᠰᠦᠢᠳᠬᠡᠯ ᠬᠤᠷᠢᠶᠠᠬᠤ ᠪᠤᠭᠤᠲᠠᠯ ᠢ ᠶᠡᠭᠡ ᠪᠠᠷ ᠪᠠᠭᠠᠰᠬᠠᠵᠤ ᠂ ᠮᠠᠰᠢᠨ ᠨᠡᠭᠡᠭᠡᠬᠦ ᠵᠠᠷ ᠮᠡᠳᠡᠭᠡ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠮᠠᠰᠢᠨ ᠨᠡᠭᠡᠭᠡᠬᠦ ᠴᠠᠭ ᠢ ᠶᠡᠭᠡ ᠪᠠᠷ ᠪᠠᠭᠠᠰᠬᠠᠵᠤ᠂ ᠵᠠᠰᠠᠯᠲᠠ ᠶᠢᠨ ᠠᠵᠢᠯ ᠨᠢ ᠺᠠᠳ᠋ᠷ ᠣᠯᠠᠨ ᠲᠦᠮᠡᠨ ᠤ ᠰᠠᠶᠢᠨ ᠦᠨᠡᠯᠡᠯᠲᠡ ᠶᠢ ᠥᠷᠭᠡᠨ ᠢᠶᠠᠷ ᠣᠯᠤᠭᠰᠠᠨ ᠪᠠᠶᠢᠨ᠎ᠠ᠃ ᠭᠤᠸᠠᠩᠰᠢ ᠶᠢᠨ ᠷᠠᠳᠢᠣ᠋ ᠲᠧᠯᠸᠢᠰ ᠤᠨ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠶᠢᠳᠠᠯ ᠢ ᠣᠶᠢᠯᠠᠭᠠᠬᠤ ᠲᠠᠪᠴᠠᠩ ᠢ ᠪᠠᠶᠢᠭᠤᠯᠵᠤ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠫᠷᠤᠭ᠍ᠷᠠᠮ᠂ ᠭᠤᠣᠯᠳᠠᠯᠭ᠎ᠠ ᠪᠣᠯᠬᠤ ᠴᠠᠭ ᠦᠶ᠎ᠡ ᠶᠢᠨ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ︽ ᠴᠡᠪᠡᠷ ᠲᠤᠩᠭᠠᠯᠠᠭ ᠦᠵᠡᠵᠦ ᠰᠣᠨᠣᠰᠬᠤ ︾ ᠵᠡᠷᠭᠡ ᠲᠤᠰᠬᠠᠶ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠰᠠᠶᠢᠨ ᠰᠠᠶᠢᠬᠠᠨ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠪᠠ ᠃  ᠲᠠᠪᠤ᠂ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠳᠤ ᠰᠢᠨ᠎ᠡ ᠶᠢ ᠡᠭᠦᠳᠴᠦ ᠰᠢᠪᠲᠤᠯᠤᠯᠲᠠ ᠲᠠᠢ ᠪᠣᠯᠪᠠ  ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ 5 ᠳ᠋ᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠦᠵᠡᠵᠦ ᠰᠣᠨᠣᠰᠬᠤ ᠭᠠᠷᠠᠭ ᠤᠨ ᠠᠵᠢᠯᠯᠠᠭ᠎ᠠ ᠶᠢ ᠠᠩᠬ᠎ᠠ ᠤᠳᠠᠭ᠎ᠠ ᠡᠷᠭᠢᠯᠡᠵᠦ᠂ 43 ᠪᠦᠯᠦᠭ 271 ᠲᠥᠪᠯᠡᠷᠡᠭᠦᠯᠦᠨ ᠦᠵᠡᠵᠦ ᠰᠣᠨᠣᠰᠬᠤ ᠫᠷᠤᠭ᠍ᠷᠠᠮ ᠢ ᠬᠤᠣᠰ ᠴᠢᠭᠯᠡᠯ ᠢᠶᠠᠷ ᠣᠷᠴᠢᠭᠤᠯᠤᠨ ᠨᠡᠪᠲᠡᠷᠡᠭᠦᠯᠵᠦ᠂ ᠳᠡᠯᠭᠡᠨ ᠨᠡᠪᠲᠡᠷᠡᠭᠦᠯᠬᠦ ᠦᠶ᠎ᠡ ᠳᠤ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠰᠢᠨᠬᠤᠸᠠ ᠬᠤᠷᠢᠶ᠎ᠠ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠭᠤᠤᠯ ᠵᠠᠭᠤᠴᠢᠯᠠᠭᠤᠷ ᠵᠢᠴᠢ ᠲᠦᠷᠦᠭᠦᠴᠢ ᠶᠢᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠪᠥᠬᠦ ᠲᠠᠯ᠎ᠠ ᠪᠠᠷ ᠤᠬᠠᠭᠤᠯᠭ᠎ᠠ ᠬᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠪᠡ᠃ ᠦᠵᠡᠵᠦ ᠰᠣᠨᠣᠰᠬᠤ ᠭᠠᠷᠠᠭ ᠨᠢ 2023 - 2024 ᠣᠨ ᠤ ᠤᠯᠤᠰ ᠤᠨ ᠰᠣᠶᠣᠯ ᠤᠨ ᠭᠠᠳᠠᠭᠠᠳᠤ ᠳᠤ ᠭᠠᠷᠭᠠᠬᠤ ᠭᠤᠣᠯᠳᠠᠯᠭ᠎ᠠ ᠲᠠᠢ ᠲᠦᠷᠦᠯ ᠵᠦᠢᠯ ᠪᠠ 2023 ᠰᠣᠶᠣᠯ ᠤᠨ ᠠᠷᠠᠯᠵᠢᠶᠠᠨ ᠤ ︽ᠮᠢᠩᠭᠠᠨ ᠳᠠᠷᠪᠠᠭᠤᠯ ᠢ ᠳᠠᠯᠠᠢ ᠳᠤ ᠭᠠᠷᠭᠠᠬᠤ︾ ᠠᠵᠢᠯᠯᠠᠭ᠎ᠠ ᠶᠢᠨ ᠲᠥᠯᠥᠪᠯᠡᠭᠡ ᠶᠢᠨ ᠭᠤᠣᠯᠳᠠᠯᠭ᠎ᠠ ᠲᠠᠢ ᠲᠦᠷᠦᠯ ᠵᠦᠢᠯ ᠳᠤ ᠰᠣᠩᠭᠤᠭᠳᠠᠵᠤ᠂ ᠠᠯᠬᠤᠮ ᠠᠯᠬᠤᠮ ᠢᠶᠠᠷ ᠳᠤᠮᠳᠠᠳᠤ ᠤᠯᠤᠰ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠴᠢᠬᠤᠯᠠ ᠲᠦᠷᠦᠯ ᠲᠡᠮᠲᠡᠭᠲᠦ ᠪᠠ ᠦᠵᠡᠵᠦ ᠰᠣᠨᠣᠰᠬᠤ ᠰᠣᠯᠢᠯᠴᠠᠭ᠎ᠠ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ᠃ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠣᠯᠠᠨ ᠤᠯᠤᠰ ᠤᠳ ᠤᠨ ᠳᠠᠮᠵᠢᠭᠤᠯᠭ᠎ᠠ ᠶᠢᠨ ᠢᠨᠵᠧᠨᠧᠷᠢᠩ ᠪᠠ ︽ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠬᠠᠮᠲᠤᠷᠠᠨ ᠰᠡᠭᠦᠳᠡᠷᠯᠡᠬᠦ ᠲᠥᠯᠥᠪᠯᠡᠭᠡ︾ ᠨᠢ ᠦᠨᠡᠨ ᠬᠦ ᠦᠷ᠎ᠡ ᠪᠦᠲᠦᠮᠵᠢ ᠣᠯᠪᠠ ᠃  ᠵᠢᠷᠭᠤᠭ᠎ᠠ᠂ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠨᠢ ᠲᠥᠪᠯᠡᠷᠡᠵᠦ ᠬᠦᠴᠦᠨ ᠨᠢ ᠨᠢᠭᠲᠠᠷᠠᠪᠠ  ︽ᠭᠤᠸᠠᠩᠰᠢ ᠶᠢᠨ ᠦᠵᠡᠵᠦ ᠰᠣᠨᠣᠰᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠨᠠᠶᠢᠷᠠᠭᠤᠯᠤᠨ ᠵᠣᠬᠢᠶᠠᠵᠤ᠂ ︽ᠪᠥᠬᠦ ᠣᠷᠣᠨ ᠤ ᠦᠵᠡᠵᠦ ᠰᠣᠨᠣᠰᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ︽ᠨᠢᠭᠡ ᠲᠥᠪ ᠨᠢᠭᠡ ᠭᠠᠷᠠᠮ ᠨᠢᠭᠡ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠪᠡ ᠃ ︽ᠭᠤᠸᠠᠩᠰᠢ ᠶᠢ ᠰᠡᠭᠦᠳᠡᠷᠯᠡᠬᠦ ︾ ᠦᠵᠡᠵᠦ ᠰᠣᠨᠣᠰᠬᠤ + ᠠᠭᠤᠰᠤᠯᠴᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠭᠤᠸᠠᠩᠰᠢ ᠶᠢᠨ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠨᠡᠶᠢᠭᠡᠮᠯᠢᠭ ᠢ ᠪᠠᠶᠢᠭᠤᠯᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠪᠦᠯᠦᠭᠯᠡᠨ ᠬᠥᠭᠵᠢᠬᠦ ᠶᠢ ᠬᠥᠲᠥᠯᠥᠨ ᠵᠢᠯᠣᠭᠤᠳᠪᠠ᠃  ᠲᠤᠯᠤᠭ᠎ᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠦᠷᠭᠦᠯᠵᠢᠯᠡᠨ ᠰᠢᠯᠢᠳᠡᠭᠵᠢᠪᠡ  ᠵᠠᠯᠠᠭᠤ ᠺᠠᠳ᠋ᠷᠴᠤᠳ ᠢ ᠶᠡᠭᠡ ᠪᠠᠷ ᠬᠡᠷᠡᠭᠯᠡᠨ᠂ ᠭᠤᠸᠠᠩᠰᠢ ᠶᠢᠨ ᠲᠣᠪᠴᠢᠶᠠᠨ ᠤ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠵᠦ᠂ ᠲᠣᠪᠴᠢᠶᠠᠨ ᠤ ᠰᠢᠰᠲ᠋ᠧᠮ ᠨᠢ 40 ᠨᠠᠰᠤᠨ ᠠᠴᠠ ᠳᠣᠷᠣᠭᠰᠢᠬᠢ ᠭᠠᠵᠠᠷ ᠤᠨ ᠲᠠᠰ ᠤᠨ ᠺᠠᠳ᠋ᠷ 8% ᠠᠴᠠ ᠪᠠᠨ ᠳᠡᠭᠡᠭᠰᠢᠯᠡᠭᠡᠳ 19.4% ᠪᠣᠯᠵᠤ᠂ ᠲᠣᠪᠴᠢᠶᠠᠨ ᠤ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠪᠠᠭ 80 ᠣᠨ ᠠᠴᠠ ᠰᠡᠭᠦᠯᠡᠷᠬᠢ ᠺᠠᠳ᠋ᠷᠴᠤᠳ3% ᠪᠠᠶᠢᠭᠰᠠᠨ ᠠᠴᠠ 23% ᠪᠣᠯᠲᠠᠯ᠎ᠠ ᠳᠡᠭᠡᠭᠰᠢᠯᠡᠵᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ ᠃ ︽ᠭᠤᠸᠠᠩᠰᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠠᠭᠤᠨ ᠴᠢᠳᠠᠪᠤᠷᠢᠲᠠᠨ᠂ ᠰᠢᠨ᠎ᠡ ᠶᠢ ᠡᠭᠦᠳᠬᠦ ᠵᠠᠯᠠᠭᠤᠴᠤᠳ ᠤᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠨᠡᠶᠢᠲᠡ 138 ᠴᠢᠳᠠᠪᠤᠷᠢᠲᠠᠨ ᠢ ᠬᠥᠮᠦᠵᠢᠭᠦᠯᠵᠦ᠂ 24 ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠢ ᠬᠥᠮᠦᠵᠢᠭᠦᠯᠪᠡ᠃ 2023 ᠣᠨ ᠤ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ︽ᠬᠤᠶᠠᠷ ᠴᠢᠳᠠᠪᠤᠷᠢᠲᠠᠨ︾ ᠤ ᠢᠨᠵᠧᠨᠧᠷᠢᠩ᠂ ︽ ᠶᠢᠨ ᠱᠧᠩ ᠱᠠᠩᠨᠠᠯ︾ ᠵᠡᠷᠭᠡ ᠶᠢᠨ ᠲᠠᠨᠢᠯᠴᠠᠭᠤᠯᠭ᠎ᠠ ᠶᠢ ᠵᠣᠬᠢᠶᠠᠨ ᠪᠠᠶᠢᠭᠤᠯᠵᠤ᠂ 1 ᠬᠥᠮᠦᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠡᠪᠲᠡᠷᠡᠭᠦᠯᠭᠡ ᠬᠥᠳᠥᠯᠦᠭᠴᠢ ᠶᠢᠨ ︽ ᠶᠢᠨ ᠱᠧᠩ ᠱᠠᠩᠨᠠᠯ︾ ᠤᠨ ᠰᠢᠯᠢᠳᠡᠭ ᠷᠠᠳᠢᠣ᠋ ᠨᠡᠪᠲᠡᠷᠡᠭᠦᠯᠭᠡ ᠶᠢᠨ ᠨᠡᠪᠲᠡᠷᠡᠭᠦᠯᠦᠭᠴᠢ ᠬᠥᠲᠦᠯᠦᠭᠴᠢ ᠪᠠᠷ ᠦᠨᠡᠯᠡᠭᠳᠡᠵᠦ᠂ ᠭᠤᠸᠠᠩᠰᠢ ᠶᠢᠨ ᠡᠨᠡ ᠬᠦ ᠱᠠᠩᠨᠠᠯ ᠤᠨ ᠵᠦᠢᠯ ᠳᠠᠬᠢ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ