ᠮᠠᠨ ᠤ ᠲᠣᠪᠴᠢᠶ᠎ᠠ ᠶᠢᠨ ᠰᠣᠩᠭᠤᠨ ᠬᠦᠷᠭᠡᠭᠰᠡᠨ ᠶᠠᠷᠢᠶ᠎ᠠ ᠢᠯᠡᠳᠬᠡᠯ ᠤᠨ ᠪᠦᠲᠦᠭᠡᠯ ︽ᠮᠣᠳᠣᠨ ᠤ ᠬᠠᠵᠠᠭᠤ︾ ᠬᠤᠶᠠᠳᠤᠭᠠᠷ ᠬᠤᠭᠤᠴᠠᠭᠠᠨ ᠤ ︽ᠢᠲᠡᠭᠡᠯ ᠪᠢᠰᠢᠷᠡᠯ ᠤᠨ ᠬᠦᠴᠦᠨ︾ ᠪᠦᠬᠦ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠵᠠᠯᠠᠭᠤᠴᠤᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠦᠯᠵᠢᠶᠡᠨ ᠳᠡᠭᠡᠷᠡᠬᠢ ᠶᠠᠷᠢᠶ᠎ᠠ ᠢᠯᠡᠳᠬᠡᠯ ᠤᠨ ᠬᠢᠷᠢ ᠬᠡᠮ ᠢ ᠣᠯᠪᠠ
ᠨᠡᠶᠢᠲᠡᠯᠡᠭᠰᠡᠨ ᠴᠠᠭ᠄
2024/11/27
  2024 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠬᠤᠶᠠᠳᠤᠭᠠᠷ ᠬᠤᠭᠤᠴᠠᠭᠠᠨ ᠤ ︽ᠢᠲᠡᠭᠡᠯ ᠪᠢᠰᠢᠷᠡᠯ ᠤᠨ ᠬᠦᠴᠦᠨ︾ ᠪᠥᠬᠦ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠵᠠᠯᠠᠭᠤᠴᠤᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠦᠯᠵᠢᠶᠡᠨ ᠳᠡᠭᠡᠷᠡᠬᠢ ᠶᠠᠷᠢᠶ᠎ᠠ ᠢᠯᠡᠳᠬᠡᠯ ᠢ ᠡᠷᠭᠢᠯᠡᠵᠦ᠂ ᠮᠠᠨ ᠤ ᠲᠣᠪᠴᠢᠶ᠎ᠠ ᠶᠢᠨ ᠰᠣᠩᠭᠤᠨ ᠬᠦᠷᠭᠡᠭᠰᠡᠨ ᠣᠷᠤᠯᠴᠠᠭᠴᠢ ᠳ᠋ᠢᠶᠤᠤ ᠢᠦᠶ ᠯᠠᠶ ᠬᠤᠶᠠᠳᠠᠬᠢ ᠤᠷᠤᠯᠳᠤᠭᠠᠨ ᠤ ᠰᠦᠯᠵᠢᠶᠡᠨ ᠳᠡᠭᠡᠷᠡᠬᠢ ᠶᠠᠷᠢᠶ᠎ᠠ ᠢᠯᠡᠳᠬᠡᠯ ᠤᠨ ᠬᠢᠷᠢ ᠬᠡᠮ ᠢ ᠣᠯᠪᠠ ᠃  ᠳ᠋ᠢᠶᠣᠣ ᠢᠦᠢ ᠯᠠᠢ ᠡᠷᠭᠦᠨ᠎ᠡ ᠬᠠᠮ ᠵᠠᠭᠤᠴᠢᠯᠠᠭᠤᠷ ᠤᠨ ᠲᠥᠪ ᠠᠴᠠ ᠢᠷᠡᠵᠦ᠂ ᠤᠷᠤᠯᠳᠤᠭᠠᠨ ᠳᠤ ᠣᠷᠣᠯᠴᠠᠭᠰᠠᠨ ︽ᠮᠣᠳᠣᠨ ᠤ ᠬᠠᠵᠠᠭᠤ ︾ ᠪᠦᠲᠦᠭᠡᠯ  ᠢᠶᠠᠷ   ᠢᠶᠠᠨ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾ ᠪᠠ ︽ᠪᠦᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ︾ ᠬᠦᠷᠲᠡᠭᠰᠡᠳ ᠤᠨ ᠶᠡᠭᠡ ᠬᠢᠩᠭᠠᠨ ᠳᠠᠪᠠᠭᠠᠨ ᠤ ᠬᠤᠶᠢᠲᠤ ᠬᠡᠰᠡᠭ ᠤᠨ 1.2 ᠲᠦᠮᠡᠨ ᠺᠦᠸᠠᠳ᠋ ᠺᠢᠯᠣᠮᠧᠲᠷ ᠤᠨ ᠪᠠᠯᠠᠷ ᠣᠢ ᠶᠢᠨ ᠣᠷᠣᠨ ᠢ ᠪᠠᠲᠤ ᠰᠠᠬᠢᠵᠤ᠂ ᠴᠢᠮᠡᠭᠡ ᠬᠤᠯᠪᠣᠭ᠎ᠠ ᠶᠢᠨ ᠵᠠᠮ ᠱᠤᠭᠤᠮ ᠢ ᠰᠠᠬᠢᠨ ᠬᠠᠮᠠᠭᠠᠯᠠᠵᠤ ᠪᠠᠶᠢᠭ᠎ᠠ ᠰᠡᠳᠬᠢᠯ ᠬᠥᠳᠡᠯᠭᠡᠮ᠎ᠡ ᠦᠯᠢᠭᠡᠷ ᠤᠳ ᠢ ᠶᠠᠷᠢᠵᠤ᠂ 80 ᠣᠨ ᠠᠴᠠ ᠰᠡᠭᠦᠯᠡᠷᠬᠢ ᠡᠪ ᠬᠠᠮᠲᠤᠴᠤᠳ ᠤᠨ ︽ᠢᠲᠡᠭᠡᠯ ᠪᠢᠰᠢᠷᠡᠯ ᠤᠨ ᠬᠦᠴᠦᠨ︾ ᠢ ᠠᠮᠢᠳᠤᠯᠢᠭ ᠢᠶᠠᠷ ᠲᠠᠶᠢᠯᠪᠤᠷᠢᠯᠠᠪᠠ ᠃︵ᠪᠠᠶᠢᠭᠤᠯᠭ᠎ᠠ ᠶᠢᠨ ᠨᠠᠮ ᠤᠨ ᠬᠤᠷᠢᠶ᠎ᠠ ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ