| | | | ᠡᠯ᠎ᠡ ᠠᠶᠢᠮᠠᠭ ᠬᠤᠲᠠ ᠪᠣᠯᠤᠨ ᠮᠠᠨᠵᠤᠤᠷ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ | ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠳᠤ᠄ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠤ ᠦᠵᠡᠵᠦ ᠰᠣᠨᠣᠰᠬᠤ | ᠠᠭᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢ ᠨᠠᠷᠢᠨ ᠨᠢᠮᠪᠠᠢ ᠪᠤᠢ ᠪᠣᠯᠭᠠᠵᠤ᠂ | ᠰᠢᠯᠢᠳᠡᠭ ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠬᠤ ᠶᠢᠨ ᠲᠤᠰᠠᠳᠠ ᠂ ᠮᠠᠨ ᠤ ᠲᠣᠪᠴᠢᠶ᠎ᠠ ᠠᠴᠠ 2024 — 2025 | ᠣᠨ ᠤ ︽ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ︾ ᠤᠨ ᠲᠡᠳᠬᠦᠬᠦ ᠲᠦᠷᠦᠯ | ᠵᠦᠢᠯ ᠢ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ | ᠲᠣᠪᠴᠢᠶ᠎ᠠ ᠶᠢᠨ ᠭᠤᠶᠤᠴᠢᠯᠠᠨ ᠮᠡᠳᠡᠭᠦᠯᠵᠦ ᠬᠢᠨᠠᠨ ᠲᠣᠭᠲᠠᠭᠠᠬᠤ ᠳᠤ ᠢᠳᠡᠪᠬᠢᠲᠡᠢ ᠣᠷᠣᠯᠴᠠᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | | ᠨᠢᠭᠡ᠂ ᠰᠢᠯᠭᠠᠷᠠᠭᠤᠯᠤᠯᠲᠠ ᠳᠤ ᠣᠷᠣᠯᠴᠠᠬᠤ ᠨᠢᠭᠡᠴᠢ | ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠨᠢᠭᠡᠴᠢ ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠪᠠᠶᠢᠭᠤᠯᠤᠮᠵᠢ᠂ | ᠬᠠᠮᠢᠶ᠎ᠠ ᠪᠦᠬᠦᠢ ᠠᠵᠢᠯ ᠲᠥᠷᠥᠯ ᠤᠨ ᠺᠢᠨᠣ᠋ ᠲᠧᠯᠸᠢᠰ ᠫᠷᠤᠭ᠍ᠷᠠᠮ ᠦᠢᠯᠡᠳᠬᠦ ᠪᠠᠶᠢᠭᠤᠯᠤᠮᠵᠢ᠃ | ᠬᠤᠶᠠᠷ᠂ ᠰᠢᠯᠭᠠᠷᠠᠭᠤᠯᠤᠯᠲᠠ ᠳᠤ ᠣᠷᠣᠯᠴᠠᠬᠤ ᠱᠠᠭᠠᠷᠳᠠᠯᠭ᠎ᠠ | ᠰᠢᠯᠭᠠᠷᠠᠭᠤᠯᠤᠯᠲᠠ ᠳᠤ ᠣᠷᠣᠯᠴᠠᠬᠤ ᠪᠦᠲᠦᠭᠡᠯ ᠨᠢ ᠵᠣᠬᠢᠶᠠᠨ ᠪᠦᠲᠦᠭᠡᠬᠦ ᠱᠠᠲᠤᠨ ᠳᠤ ᠪᠠᠶᠢᠭ᠎ᠠ ᠠᠩᠬᠠᠨ ᠤ ᠡᠭᠦᠳᠦᠯᠲᠡ ᠶᠢᠨ ᠰᠦᠯᠵᠢᠶᠡᠨ ᠤ ᠵᠦᠴᠦᠭᠡ᠂ | ᠰᠦᠯᠵᠢᠶᠡᠨ ᠤ ᠺᠢᠨᠣ᠋᠂ ᠪᠢᠴᠢᠯ ᠣᠬᠤᠷ ᠵᠦᠴᠦᠭᠡ᠂ ᠰᠦᠯᠵᠢᠶᠡᠨ ᠤ ᠪᠢᠴᠢᠯ ᠺᠢᠨᠣ᠋᠂ ᠰᠦᠯᠵᠢᠶᠡᠨ ᠤ ᠪᠠᠷᠢᠮᠲᠠᠲᠤ ᠺᠢᠨᠣ᠋ ᠂ ᠰᠦᠯᠵᠢᠶᠡᠨ ᠤ ᠺᠠᠷᠲ᠋ᠣᠨ ᠺᠢᠨᠣ᠋᠂ ᠰᠦᠯᠵᠢᠶᠡᠨ ᠤ | ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ᠂ ᠰᠦᠯᠵᠢᠶᠡᠨ ᠤ ᠲᠠᠭᠤᠨ ᠳᠠᠪᠲᠠᠮᠵᠢ ᠶᠢᠨ ᠫᠷᠤᠭ᠍ᠷᠠᠮ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠣᠬᠤᠷ ᠸᠢᠳᠢᠣ᠋ ᠵᠡᠷᠭᠡ | ᠪᠣᠯᠤᠨ᠎ᠠ᠃ ᠰᠢᠯᠭᠠᠷᠠᠭᠤᠯᠤᠯᠲᠠ ᠳᠤ ᠣᠷᠤᠯᠴᠠᠬᠤ ᠰᠦᠯᠵᠢᠶᠡᠨ ᠤ ᠵᠦᠴᠦᠭᠡ᠂ ᠰᠦᠯᠵᠢᠶᠡᠨ ᠤ ᠺᠢᠨᠣ᠋᠂ ᠰᠦᠯᠵᠢᠶᠡᠨ ᠤ ᠪᠢᠴᠢᠯ ᠣᠬᠤᠷ ᠵᠦᠴᠦᠭᠡ᠂ ᠰᠦᠯᠵᠢᠶᠡᠨ ᠤ | ᠺᠠᠷᠲ᠋ᠣᠨ ᠺᠢᠨᠣ᠋ ᠶᠢ ᠰᠦᠯᠵᠢᠶᠡᠨ ᠤ ᠵᠦᠴᠦᠭᠡ ᠶᠢᠨ ᠲᠥᠯᠥᠪᠵᠢᠭᠦᠯᠭᠡ ᠪᠠᠷ ᠳᠠᠮᠵᠢᠭᠤᠯᠤᠨ ᠰᠡᠳᠦᠪ ᠲᠣᠭᠲᠠᠭᠠᠵᠤ ᠳᠠᠩᠰᠠᠯᠠᠭᠤᠯᠬᠤ ᠪᠥᠭᠡᠳ ᠰᠦᠯᠵᠢᠶᠡᠨ ᠳᠤ ᠭᠠᠷᠭᠠᠵᠤ | ᠨᠡᠪᠲᠡᠷᠡᠭᠦᠯᠦᠭᠡ ᠥᠬᠡᠶ ᠪᠠᠶᠢᠬᠤ ᠬᠡᠷᠡᠭᠲᠡᠢ᠃ | ᠭᠤᠷᠪᠠ᠂ ᠬᠢᠨᠠᠨ ᠲᠣᠭᠲᠠᠭᠠᠬᠤ ᠵᠠᠷᠴᠢᠮ ᠪᠠ ᠲᠡᠳᠬᠦᠬᠦ ᠭᠤᠤᠯᠳᠠᠯᠭ᠎ᠠ | ᠰᠢᠯᠭᠠᠷᠠᠭᠤᠯᠤᠯᠲᠠ ᠳᠤ ᠣᠷᠣᠯᠴᠠᠬᠤ ᠪᠦᠲᠦᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ | ᠬᠠᠨᠳᠤᠰᠢ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠦᠵᠡᠯ ᠰᠠᠨᠠᠭ᠎ᠠ ᠨᠢ ᠭᠦᠨᠵᠡᠭᠡᠢ᠂ | ᠤᠷᠠᠯᠢᠭ ᠨᠢ ᠨᠠᠷᠢᠯᠢᠭ᠂ ᠵᠣᠬᠢᠶᠠᠨ ᠪᠦᠲᠦᠭᠡᠬᠦ ᠳᠤ ᠪᠠᠨ ᠨᠠᠷᠢᠯᠢᠭ ᠪᠠᠶᠢᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠳᠣᠣᠷᠡᠬᠢ ᠲᠠᠯ᠎ᠠ ᠶᠢᠨ ᠵᠣᠬᠢᠶᠠᠨ | ᠪᠦᠲᠦᠭᠡᠵᠦ ᠳᠠᠮᠵᠢᠭᠤᠯᠬᠤ ᠳᠠᠯᠳᠠ ᠬᠦᠴᠦᠨ ᠲᠠᠢ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠭᠤᠤᠯᠳᠠᠯᠭ᠎ᠠ ᠲᠠᠢ ᠳᠡᠳᠬᠦᠨ᠎ᠡ᠄ | ︵ᠨᠢᠭᠡ︶ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ᠎ᠡ ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠣᠯ ᠰᠡᠳᠦᠪ ᠭᠤᠣᠯ ᠰᠢᠵᠢᠮ ᠲᠠᠢ ᠨᠢᠭᠲᠠ | ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠴᠢᠬᠤᠯᠠ ᠶᠡᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ | ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ ᠠᠮᠢᠳᠤᠯᠢᠭ ᠢᠶᠠᠷ ᠢᠯᠡᠷᠡᠭᠦᠯᠬᠦ ᠬᠡᠷᠡᠭᠲᠡᠢ᠃ | ︵ᠬᠤᠶᠠᠷ︶ ᠡᠬᠡ ᠣᠷᠣᠨᠴᠢ ᠦᠵᠡᠯ ᠢ ᠢᠯᠡᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠎ᠠ ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠳᠤᠷᠠᠰᠬᠠᠬᠤ ᠶᠢᠨ ᠲᠣᠭᠤᠷᠢᠨ ᠳᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠠᠮᠢᠳᠤᠯᠢᠭ ᠢᠶᠠᠷ ᠢᠯᠡᠷᠡᠭᠦᠯᠵᠦ᠂ ᠡᠬᠡ ᠣᠷᠣᠨᠴᠢ ᠦᠵᠡᠯ᠂ ᠨᠡᠶᠢᠲᠡᠴᠢ | ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢᠶᠠᠨ ᠡᠷᠬᠢᠮᠯᠡᠬᠦ᠂ | ᠬᠤᠰᠢᠭᠤᠴᠢ ᠪᠣᠯᠬᠤ ᠪᠠᠷ ᠴᠢᠷᠮᠠᠶᠢᠬᠤ ᠶᠢ ᠠᠬᠢᠭᠤᠯᠵᠤ᠂ ᠬᠥᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ | ᠰᠠᠨᠠᠭ᠎ᠠ᠂ ᠵᠣᠬᠢᠶᠠᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠠᠷᠠᠳ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ᠃ | ︵ᠭᠤᠷᠪᠠ︶ ᠰᠣᠶᠣᠯ ᠤᠨ ᠢᠲᠡᠭᠡᠯ ᠢ ᠪᠠᠲᠤᠳᠬᠠᠵᠤ᠂ ᠰᠣᠶᠣᠯ ᠤᠨ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠶᠢ ᠠᠬᠢᠭᠤᠯᠤᠨ᠎ᠠ᠃ ᠳᠤᠮᠳᠠᠳᠤ ᠶᠢᠨ ᠰᠣᠶᠣᠯ ᠤᠨ | ᠵᠣᠭᠰᠣᠯᠲᠠ ᠶᠢ ᠪᠠᠲᠤ ᠰᠠᠬᠢᠵᠤ᠂ ᠡᠷᠲᠡᠨ ᠤ ᠬᠢ ᠶᠢ ᠡᠳᠦᠭᠡ ᠳᠤ ᠬᠡᠷᠡᠭᠯᠡᠬᠦ᠂ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠪᠣᠯᠪᠠᠰᠤᠨ ᠤ | ᠳᠤᠪᠤᠶᠢᠮ᠎ᠠ ᠦᠷᠭᠦᠯᠵᠢᠯᠡᠬᠦ᠋ᠢᠴᠡ ᠴᠢᠨᠠᠷ᠂ ᠰᠢᠨ᠎ᠡ ᠶᠢ ᠡᠭᠦᠳᠬᠦ ᠴᠢᠨᠠᠷ᠂ ᠨᠢᠭᠡᠳᠦᠮᠡᠯ ᠴᠢᠨᠠᠷ᠂ ᠪᠠᠭᠲᠠᠭᠠᠮᠵᠢᠲᠤ ᠴᠢᠨᠠᠷ᠂ ᠡᠶ᠎ᠡ ᠨᠠᠶᠢᠷᠠᠮᠳᠠᠭᠤ ᠴᠢᠨᠠᠷ ᠢ ᠠᠮᠢᠳᠤᠯᠢᠭ ᠢᠶᠠᠷ | ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ | ᠠᠬᠢᠭᠤᠯᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠲᠥᠪ ᠰᠤᠷᠲᠠᠯ ᠪᠠ ᠣᠮᠤᠭ ᠰᠦᠷ ᠢᠶᠠᠷ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠤᠳᠤ | ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃ | ︵ᠲᠦᠷᠪᠡ︶ ᠪᠣᠳᠠᠲᠤ ᠠᠮᠢᠳᠤᠷᠠᠯ ᠳᠤ ᠦᠨᠳᠦᠰᠦᠯᠡᠵᠦ᠂ ᠠᠷᠠᠳ ᠣᠯᠠᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠦᠨ᠎ᠡ ᠃ ᠠᠷᠠᠳ ᠤᠯᠠᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠤᠶᠤᠯ ᠤᠨ ᠬᠡᠷᠡᠭᠴᠡᠭᠡ ᠶᠢ ᠡᠵᠡᠮᠳᠡᠵᠦ᠂ ᠠᠷᠠᠳ ᠲᠦᠮᠡᠨ ᠤ ᠦᠢᠯᠡᠳᠦᠯᠭᠡ ᠳᠤ ᠦᠨᠳᠦᠰᠦᠯᠡᠵᠦ᠂ ᠴᠠᠭ ᠦᠶ᠎ᠡ ᠶᠢᠨ | ᠤᠷᠤᠰᠬᠠᠯ ᠢ ᠰᠠᠯᠤᠯ ᠦᠭᠡᠢ ᠳᠠᠭᠠᠵᠤ᠂ ᠠᠬᠤᠢᠢᠴᠢ ᠦᠵᠡᠯ ᠤᠨ ᠵᠤᠷᠢᠭ ᠰᠠᠨᠠᠭ᠎ᠠ ᠪᠠ ᠷᠤᠮᠠᠨᠲ᠋ᠢᠭ ᠦᠵᠡᠯ ᠤᠨ ᠬᠠᠶᠢᠷ᠎ᠠ ᠰᠡᠳᠭᠢᠯᠭᠡ ᠪᠠᠷ ᠠᠬᠤᠶᠢᠴᠢ ᠠᠮᠢᠳᠤᠷᠠᠯ ᠢ | ᠬᠠᠷᠠᠭᠠᠯᠵᠠᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠲᠤᠰᠬᠠᠵᠤ᠂ ᠲᠡᠮᠡᠴᠡᠯ ᠤᠨ | ᠠᠮᠢᠳᠤᠷᠠᠯ ᠢ ᠮᠠᠭᠲᠠᠨ ᠳᠠᠭᠤᠯᠠᠵᠤ᠂ ᠬᠠᠮᠤᠭ ᠤᠨ ᠭᠤᠶᠤ ᠬᠥᠮᠦᠰ ᠢ ᠵᠢᠷᠤᠭᠯᠠᠵᠤ᠂ ᠳᠤᠮᠳᠠᠳᠤ ᠶᠢᠨ ᠬᠥᠮᠦᠨ ᠤ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠵᠡᠭᠦᠳᠦ ᠪᠠᠨ | ᠴᠣᠭᠴᠠᠯᠠᠬᠤ ᠂ ᠵᠡᠭᠦᠳᠦ ᠪᠠᠨ ᠲᠡᠷᠭᠡᠯᠰᠢᠭᠦᠯᠦᠭᠰᠡᠨ ᠦᠯᠢᠭᠡᠷ ᠢ ᠰᠠᠶᠢᠲᠤᠷ ᠶᠠᠷᠢᠵᠤ᠂ ᠲᠠᠰᠤᠷᠠᠯᠳᠠ ᠦᠭᠡᠢ ᠤᠯᠠᠷᠢᠨ ᠮᠠᠨᠳᠤᠭᠰᠠᠨ ᠠᠷᠠᠳ ᠤᠨ ᠲᠤᠤᠯᠢᠰ ᠢ ᠪᠢᠴᠢᠭᠯᠡᠬᠦ | ᠬᠡᠷᠡᠭᠲᠡᠢ ᠃ | ︵ᠲᠠᠪᠤ︶ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠭᠠᠳᠠᠭᠠᠳᠤ ᠳᠤ ᠰᠠᠶᠢᠲᠤᠷ ᠶᠠᠷᠢᠨ᠎ᠠ ᠃ ᠤᠯᠠᠨ ᠤᠯᠤᠰ ᠤᠨ | ᠳᠠᠮᠵᠢᠭᠤᠯᠭ᠎ᠠ ᠶᠢᠨ ᠬᠦᠷᠢᠶᠡᠨ ᠤ ᠰᠢᠯᠵᠢᠯᠲᠡ᠂ ᠨᠡᠶᠢᠭᠡᠮ ᠤᠨ ᠬᠠᠷᠢᠯᠴᠠᠭ᠎ᠠ᠂ ᠦᠵᠡᠭᠳᠡᠬᠦ᠋ᠢᠴᠡ ᠬᠠᠨᠳᠤᠰᠢ ᠶᠢ ᠡᠵᠡᠮᠳᠡᠵᠦ᠂ ᠨᠡᠬᠡᠬᠡᠯᠲᠡᠲᠢ ᠪᠠᠭᠲᠠᠭᠠᠮᠵᠢᠲᠠᠢ ᠪᠠᠶᠢᠬᠤ ᠶᠢ | ᠪᠠᠷᠢᠮᠲᠠᠯᠠᠨ᠂ ᠭᠠᠳᠠᠭᠠᠳᠤ ᠶᠢᠨ ᠰᠢᠯᠢᠳᠡᠭ ᠤᠳᠬ᠎ᠠ ᠤᠷᠠᠯᠢᠭ ᠢ ᠰᠤᠷᠤᠯᠴᠠᠨ ᠲᠣᠯᠢᠯᠠᠵᠤ᠂ ᠭᠠᠳᠠᠨ᠎ᠠ ᠠᠴᠠ ᠢᠷᠡᠭᠰᠡᠨ ᠰᠣᠶᠣᠯ ᠢ ᠰᠤᠷᠤᠯᠴᠠᠨ ᠲᠤᠯᠢᠳᠠᠵᠤ᠂ ᠳᠤᠮᠳᠠᠳᠤ | ᠤᠯᠤᠰ ᠤᠨ ᠭᠤᠸ᠎ᠠ ᠰᠠᠶᠢᠬᠠᠨ ᠤ ᠵᠣᠷᠢᠯᠲᠠ ᠳᠤᠷ᠎ᠠ ᠰᠣᠨᠢᠷᠬᠠᠯ ᠢ ᠢᠯᠡᠷᠡᠭᠦᠯᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ ᠤᠯᠠᠮᠵᠢᠯᠠᠵᠤ᠂ | ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠲᠤᠰᠬᠠᠵᠤ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ | ᠭᠠᠳᠠᠭᠠᠳᠤ ᠶᠢᠨ ᠬᠦᠯᠢᠶᠡᠨ ᠠᠪᠤᠭᠴᠢᠳ ᠢ ᠣᠯᠵᠤ᠂ ᠢᠲᠡᠭᠡᠯᠲᠡᠢ᠂ ᠬᠠᠶᠢᠷᠠᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠃ | | ︵ᠵᠢᠷᠭᠤᠭ᠎ᠠ︶ ᠢᠳᠡᠪᠬᠢᠲᠡᠢ ᠪᠠᠷ ᠰᠢᠨ᠎ᠡ ᠶᠢ ᠡᠭᠦᠳᠦᠨ ᠪᠦᠲᠦᠭᠡᠵᠦ᠂ ᠰᠦᠯᠵᠢᠶᠡᠨ ᠤ ᠦᠵᠡᠵᠦ ᠰᠣᠨᠣᠰᠬᠤ ᠤᠳᠬ᠎ᠠ ᠤᠷᠠᠯᠢᠭ ᠤᠨ ᠰᠢᠨ᠎ᠡ ᠠᠬᠤᠢ ᠪᠠᠶᠢᠳᠠᠯ ᠢ | ᠨᠡᠭᠡᠭᠡᠨ᠎ᠡ᠃ ᠢᠨᠲ᠋ᠧᠷ ᠰᠦᠯᠵᠢᠶᠡᠨ ᠤ ᠮᠡᠷᠭᠡᠵᠢᠯ ᠪᠠ ᠰᠢᠨ᠎ᠡ ᠵᠠᠭᠤᠴᠢᠯᠠᠭᠤᠷ ᠤᠨ ᠤᠳᠬ᠎ᠠ ᠤᠷᠠᠯᠢᠭ ᠤᠨ ᠬᠡᠯᠪᠡᠷᠢ ᠳᠠᠬᠢ ᠭᠦᠨᠵᠡᠭᠡᠢ ᠨᠥᠯᠥᠭᠡ ᠶᠢ ᠡᠵᠡᠮᠰᠢᠵᠦ᠂ ᠭᠤᠣᠯ | ᠤᠷᠤᠰᠬᠠᠯ ᠤᠨ ᠥᠷᠲᠡᠭ ᠤᠨ ᠦᠵᠡᠯᠲᠡ ᠪᠠ ᠤᠳᠬ᠎ᠠ ᠤᠷᠠᠯᠢᠭ ᠤᠨ ᠭᠤᠸ᠎ᠠ ᠰᠠᠶᠢᠬᠠᠨ ᠤ ᠬᠥᠭᠡᠭᠡᠴᠡᠯᠳᠦᠯ ᠢ ᠪᠠᠲᠤ ᠰᠠᠬᠢᠳᠠᠭ ᠤᠷᠢᠲᠠᠯ ᠳᠣᠣᠷ᠎ᠠ᠂ ᠰᠦᠯᠵᠢᠶᠡᠨ ᠤ | ᠦᠵᠡᠵᠦ ᠰᠣᠨᠣᠰᠬᠤ ︽ᠤᠷᠠᠯᠢᠭ + ᠮᠡᠷᠭᠡᠵᠢᠯ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠶᠢᠯᠠᠭᠠᠭᠳᠠᠬᠤᠨ᠂ ᠠᠭᠤᠯᠭ᠎ᠠ᠂ ᠬᠡᠪ ᠨᠠᠮᠪᠠ᠂ ᠤᠷᠤᠰᠬᠠᠯ ᠪᠦᠯᠦᠭ ᠢ | ᠵᠣᠷᠢᠭᠲᠠᠢ ᠪᠠᠷ ᠰᠢᠨ᠎ᠡ ᠶᠢ ᠡᠭᠦᠳᠴᠦ᠂ ᠰᠡᠳᠦᠪ᠂ ᠴᠤᠭᠴᠠ᠂ ᠬᠡᠯᠪᠡᠷᠢ᠂ ᠠᠷᠭ᠎ᠠ ᠪᠠᠷᠢᠯ ᠢ ᠢᠳᠡᠪᠬᠢᠲᠡᠢ ᠰᠢᠨᠡᠴᠢᠯᠡᠵᠦ᠂ ᠪᠦᠲᠦᠭᠡᠯᠴᠢ ᠰᠡᠳᠬᠢᠮᠵᠢ ᠶᠢᠨ ᠬᠢᠷᠢ ᠲᠦᠪᠰᠢᠨ ᠢ | ᠶᠡᠭᠡ ᠪᠠᠷ ᠳᠡᠭᠡᠭᠰᠢᠯᠡᠭᠦᠯᠵᠦ᠂ ᠤᠷᠠᠯᠢᠭ ᠤᠨ ᠢᠯᠡᠳᠭᠡᠬᠦ ᠬᠡᠪᠴᠢᠶ᠎ᠡ ᠶᠢ ᠢᠳᠡᠪᠬᠢᠲᠡᠢ ᠥᠷᠭᠡᠳᠭᠡᠬᠦ ᠬᠡᠷᠡᠭᠲᠡᠢ ᠃ | ᠳᠥᠷᠪᠡ᠂ ᠮᠡᠳᠡᠭᠦᠯᠦᠨ ᠬᠦᠷᠭᠡᠬᠦ ᠵᠢᠴᠢ ᠰᠢᠯᠭᠠᠷᠠᠭᠤᠯᠬᠤ | ᠰᠣᠳᠣᠨ ᠪᠦᠲᠦᠭᠡᠯ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ ᠢ ᠮᠡᠳᠡᠭᠦᠯᠬᠦ ᠠᠵᠢᠯ ᠤᠨ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠶᠠᠪᠤᠭᠳᠠᠭᠤᠯᠤᠨ᠎ᠠ᠃ | ᠰᠢᠯᠭᠠᠷᠠᠭᠤᠯᠤᠯᠲᠠ ᠳᠤ ᠣᠷᠣᠯᠴᠠᠬᠤ ᠪᠠᠶᠢᠭᠤᠯᠤᠮᠵᠢ 2024 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠤᠯᠤᠰ ᠤᠨ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠣᠳᠣᠨ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ ᠤᠨ ᠳᠡᠳᠬᠦᠬᠦ ᠲᠥᠷᠥᠯ | ᠵᠦᠢᠯ ᠤᠨ ᠭᠤᠶᠤᠴᠢᠯᠠᠨ ᠮᠡᠳᠡᠭᠦᠯᠬᠦ ᠰᠢᠰᠲ᠋ᠧᠮ ︵http://jpcz.pingshen.nrta.gov.cn/hkpss/dist/site/jpcz ︶ ᠳᠤ ᠳᠠᠩᠰᠠᠯᠠᠭᠤᠯᠵᠤ ᠂ | ᠬᠡᠷᠡᠭᠯᠡᠭᠴᠢ ᠶᠢᠨ ᠭᠠᠷ ᠳᠡᠪᠲᠡᠷ ᠢ ᠨᠠᠷᠢᠨ ᠬᠢᠨᠠᠮᠠᠭᠠᠶ ᠤᠩᠰᠢᠵᠤ᠂ ᠲᠠᠪᠴᠠᠩ ᠤᠨ ᠬᠤᠯᠪᠣᠭᠳᠠᠯ ᠪᠥᠬᠦᠶ ᠲᠣᠳᠣᠷᠬᠠᠶᠢᠯᠠᠯᠲᠠ ᠶᠢ ᠦᠨᠳᠦᠰᠦᠯᠡᠨ᠂ ᠬᠡᠷᠡᠭᠰᠡᠬᠦ ᠮᠡᠳᠡᠭᠡ ᠵᠠᠩᠭᠢ ᠶᠢ | ᠪᠦᠷᠢᠨ ᠪᠦᠲᠦᠨ ᠲᠠᠭᠯᠠᠵᠤ᠂ ︽ᠳᠡᠭᠡᠳᠦ ᠱᠠᠲᠤᠨ ᠤ ᠬᠢᠨᠠᠨ ᠬᠠᠷᠭᠤᠭᠤᠯᠬᠤ ᠨᠢᠭᠡᠴᠢ ︾ ᠶᠢᠨ ᠨᠢᠭᠡ ᠪᠤᠯᠤᠩ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠷᠠᠳᠢᠣ᠋ ᠲᠧᠯᠸᠢᠰ ᠤᠨ ᠲᠣᠪᠴᠢᠶ᠎ᠠ︾ ᠪᠠᠷ ᠰᠣᠩᠭᠤᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠬᠡᠷᠡᠭᠲᠡᠢ ᠃ ᠮᠠᠨ ᠤ ᠲᠣᠪᠴᠢᠶ᠎ᠠ ᠲᠤᠰᠬᠠᠶ ᠮᠡᠷᠭᠡᠵᠢᠯᠲᠡᠨ ᠤ ᠬᠢᠨᠠᠨ | ᠲᠣᠭᠲᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ᠂ ᠴᠥᠭᠡᠨ ᠮᠥᠷᠲᠡᠭᠡᠨ ᠨᠠᠷᠢᠯᠢᠭ᠂ ᠳᠤᠲᠠᠭᠳᠠᠵᠤ ᠪᠣᠯᠤᠰᠢ ᠥᠬᠡᠶ | ᠵᠠᠷᠴᠢᠮ ᠶᠣᠰᠣᠭᠠᠷ᠂ ᠡᠯ᠎ᠡ ᠭᠠᠵᠠᠷ ᠡᠯ᠎ᠡ ᠨᠢᠭᠡᠴᠢ ᠶᠢᠨ ᠰᠣᠩᠭᠤᠨ ᠬᠦᠷᠭᠡᠭᠰᠡᠨ ᠮᠠᠲ᠋ᠧᠷᠢᠶᠠᠯ ᠳᠤ ᠠᠩᠬᠠᠨ ᠤ ᠦᠨᠡᠯᠡᠯᠲᠡ ᠬᠢᠭᠰᠡᠨ ᠤ ᠳᠠᠷᠠᠭ᠎ᠠ᠂ ᠤᠯᠤᠰ ᠤᠨ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠳᠤ ᠮᠡᠳᠡᠭᠦᠯᠦᠨ ᠬᠦᠷᠭᠡᠵᠦ ᠪᠥᠬᠦ ᠤᠯᠤᠰ ᠤᠨ ᠰᠢᠯᠭᠠᠷᠠᠭᠤᠯᠤᠯᠲᠠ ᠳᠤ ᠣᠷᠣᠯᠴᠠᠭᠤᠯᠬᠤ ᠪᠣᠯᠤᠨ᠎ᠠ᠃ | ᠲᠠᠪᠤ᠂ ᠰᠤᠩᠭᠤᠭᠳᠠᠭᠰᠠᠨ ᠪᠦᠲᠦᠭᠡᠯ ᠢ ᠳᠡᠳᠬᠦᠬᠦ | ᠪᠥᠬᠦ ᠤᠯᠤᠰ ᠤᠨ ᠰᠢᠯᠭᠠᠷᠠᠭᠤᠯᠬᠤ ᠳᠤ ᠣᠷᠣᠯᠴᠠᠬᠤ ᠪᠦᠲᠦᠭᠡᠯ ᠢ ᠲᠠᠨᠢᠯᠴᠠᠭᠤᠯᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠬᠢᠨᠠᠨ | ᠲᠣᠭᠲᠠᠭᠠᠵᠤ ᠰᠣᠩᠭᠤᠭᠳᠠᠭᠰᠠᠨ ᠤ ᠳᠠᠷᠠᠭ᠎ᠠ᠂ ᠫᠷᠤᠭ᠍ᠷᠠᠮ ᠦᠢᠯᠡᠳᠬᠦ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠯᠤᠭ᠎ᠠ ᠭᠤᠷᠪᠠᠨ | ᠲᠠᠯ᠎ᠠ ᠶᠢᠨ ᠬᠡᠯᠡᠯᠴᠡᠭᠡᠷ ᠲᠣᠭᠲᠠᠵᠤ᠂ ᠨᠢᠭᠡᠳᠦᠭᠡᠷ ᠬᠤᠭᠤᠴᠠᠭᠠᠨ ᠤ ᠳᠡᠳᠬᠦᠬᠦ ᠪᠠᠯᠠ ᠮᠥᠩᠭᠦ ᠲᠠᠷᠬᠠᠭᠠᠵᠤ᠂ ᠪᠦᠲᠦᠭᠡᠯ ᠤᠨ ᠵᠣᠬᠢᠶᠠᠨ ᠪᠦᠲᠦᠭᠡᠯᠭᠡ ᠶᠢ ᠪᠥᠬᠦ ᠶᠠᠪᠤᠴᠠ ᠪᠠᠷ | ᠮᠥᠷᠳᠡᠨ ᠠᠬᠢᠭᠤᠯᠵᠤ᠂ ᠲᠤᠰᠬᠠᠶ ᠵᠦᠢᠯ ᠤᠨ ᠵᠢᠯᠣᠭᠤᠳᠣᠯᠭ᠎ᠠ ᠣᠯᠭᠤᠨ᠎ᠠ᠃ ᠮᠠᠨ ᠤ ᠲᠣᠪᠴᠢᠶ᠎ᠠ ᠶᠢᠨ ᠠᠩᠬᠠᠨ ᠤ ᠬᠢᠨᠠᠯᠲᠠ᠂ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠤ ᠬᠡᠰᠡᠭ ᠬᠡᠰᠡᠭ ᠢᠶᠠᠷ ᠵᠥᠪᠯᠡᠨ ᠲᠣᠭᠲᠠᠭᠠᠭᠰᠠᠨ ᠪᠦᠲᠦᠭᠡᠯ ᠢ ᠦᠢᠯᠡᠳᠴᠦ ᠳᠠᠭᠤᠰᠬᠠᠭᠰᠠᠨ ᠪᠥᠭᠡᠳ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶ᠎ᠠ ᠠᠴᠠ ᠬᠤᠶᠠᠳᠤᠭᠠᠷ ᠬᠤᠭᠤᠴᠠᠭᠠᠨ ᠤ ᠳᠡᠳᠬᠦᠬᠦ ᠪᠠᠯᠠ ᠮᠥᠩᠭᠦ ᠲᠠᠷᠬᠠᠭᠠᠬᠤ ᠶᠢᠨ ᠬᠠᠮᠲᠤ ᠤᠬᠠᠭᠤᠯᠤᠨ ᠲᠠᠨᠢᠯᠴᠠᠭᠤᠯᠬᠤ ᠪᠠ ᠨᠡᠪᠲᠡᠷᠡᠭᠦᠯᠬᠦ ᠳᠡᠮᠵᠢᠯᠭᠡ | ᠦᠵᠡᠭᠦᠯᠦᠨ᠎ᠡ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 11 ᠳ᠋ᠦ᠋ᠭᠡᠷ ᠰᠠᠷ᠎ᠠ ᠶᠢᠨ 4 ᠤ ᠡᠳᠦᠷ | ︵ᠬᠠᠷᠢᠯᠴᠠᠬᠤ ᠬᠥᠮᠦᠨ᠄ ᠰᠢᠩ ᠶᠦᠩ ᠵᠢᠶᠧ᠂ ᠬᠠᠷᠢᠯᠴᠠᠬᠤ ᠤᠲᠠᠰᠤ᠄ 0471 – 4590042 ︶ | |