︽ᠡᠮᠦᠨ᠎ᠡ ᠡᠩᠨᠡᠭᠡᠨ ᠳᠤ ᠶᠠᠪᠤᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠨ᠂ ᠴᠢᠳᠠᠮᠠᠭᠠᠢ ᠪᠠᠷ ᠠᠵᠢᠯᠯᠠᠬᠤ︾ ᠶᠢ ᠪᠠᠷᠢᠮᠲᠠᠯᠠᠵᠤ ᠵᠢᠶᠠᠩᠰᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/11/7
  ᠵᠢᠶᠠᠩᠰᠢ ᠮᠤᠵᠢ ᠶᠢᠨ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ ᠡᠮᠦᠨ᠎ᠡ ᠡᠩᠨᠡᠭᠡᠨ ᠳᠤ ᠶᠠᠪᠤᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠨ᠂ ᠴᠢᠳᠠᠮᠠᠭᠠᠢ ᠪᠠᠷ ᠠᠵᠢᠯᠯᠠᠬᠤ︾ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ ᠂ ᠪᠥᠬᠦ ᠮᠤᠵᠢ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃  ︵ᠨᠢᠭᠡ︶ ᠰᠤᠨᠢᠨ ᠮᠡᠳᠡᠭᠡᠨ ᠤ ᠤᠬᠠᠭᠤᠯᠭ᠎ᠠ ᠤᠯᠠᠮ ᠬᠦᠴᠦᠲᠡᠢ ᠪᠣᠯᠪᠠ  ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠶᠡᠷᠦᠩᠬᠡᠢ ᠱᠦᠵᠢ ᠰᠢ  ᠶᠢᠨ ᠫᠢᠩ ᠤᠨ ᠭᠤᠷᠪᠠᠳᠤᠭᠠᠷ ᠤᠳᠠᠭ᠎ᠠ ᠵᠢᠶᠠᠩᠰᠢ ᠳᠤ ᠬᠦᠷᠴᠦ ᠰᠢᠨᠵᠢᠯᠡᠨ ᠪᠠᠶᠢᠴᠠᠭᠠᠬᠤ ᠲᠠᠢ ᠤᠶᠠᠯᠳᠤᠭᠤᠯᠵᠤ᠂︽ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠤᠯᠴᠠᠨ ᠲᠤᠭᠤᠰᠢᠯᠠᠭᠤᠯᠬᠤ ︾᠂ ︽ᠬᠤᠷᠢᠳᠤᠭᠠᠷ ᠶᠡᠭᠡ ᠬᠤᠷᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ ᠂ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠬᠦ︾ ᠵᠡᠷᠭᠡ ᠰᠢᠷᠢᠰ ᠳᠡᠯᠭᠡᠨ ᠦᠵᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠭᠤᠣᠯ ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠪᠡ ᠃ ᠪᠥᠬᠦ ᠮᠤᠵᠢ ᠶᠢᠨ 125 ᠭᠤᠤᠯ ᠳᠠᠩᠰᠠᠨ ᠨᠣᠮᠧᠷ ᠢ ᠵᠣᠬᠢᠶᠠᠨ ᠪᠠᠶᠢᠭᠤᠯᠵᠤ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯ ᠤᠨ ᠲᠣᠭᠲᠠᠴᠠ ᠳᠤ ᠣᠷᠣᠯᠴᠠᠭᠤᠯᠵᠤ᠂ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠠᠮᠵᠢᠯᠴᠠᠬᠤ ᠠᠵᠢᠯ ᠤᠨ ᠲᠣᠭᠲᠠᠴᠠ ᠶᠢ ᠤᠷᠢᠳ ᠢᠶᠠᠷ ᠪᠠᠶᠢᠭᠤᠯᠤᠭᠰᠠᠨ ᠮᠤᠵᠢ ᠶᠢᠨ ᠨᠢᠭᠡ ᠪᠣᠯᠪᠠ᠃ 10 ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠪᠦᠲᠦᠭᠡᠯ ᠨᠢ ᠳᠤᠮᠳᠠᠳᠤ ᠤᠯᠤᠰ ᠤᠨ ᠰᠣᠨᠢᠨ ᠮᠡᠳᠡᠭᠡᠨ ᠤ ᠱᠠᠩᠨᠠᠯ ᠢ ᠬᠦᠷᠲᠡᠵᠦ᠂ ᠱᠠᠩᠨᠠᠯ ᠬᠦᠷᠲᠡᠭᠰᠡᠨ ᠲᠤᠭ᠎ᠠ ᠨᠢ ᠪᠥᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ︔ 4 ᠪᠦᠲᠦᠭᠡᠯ ᠨᠢ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠡᠭᠡ ᠱᠠᠩᠨᠠᠯ ᠤᠨ ᠰᠢᠯᠭᠠᠷᠠᠭᠤᠯᠤᠯᠲᠠ ᠳᠤ ᠱᠠᠩᠨᠠᠭᠳᠠᠵᠤ ᠂ ᠱᠠᠩᠨᠠᠯ ᠬᠦᠷᠲᠡᠭᠰᠡᠨ ᠲᠤᠭ᠎ᠠ ᠨᠢ ᠪᠥᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ ᠳᠣᠯᠣᠳᠤᠭᠠᠷ ᠲᠤ ᠵᠢᠭᠰᠠᠭᠠᠭᠳᠠᠵᠠᠶ᠃  ︵ᠬᠤᠶᠠᠷ︶ ᠤᠳᠬ᠎ᠠ ᠤᠷᠠᠯᠢᠭ ᠤᠨ ᠪᠦᠲᠦᠭᠡᠯᠭᠡ  ᠨᠢ ᠨᠡᠩ ᠰᠠᠶᠢᠨ ᠪᠣᠯᠪᠠ  ᠵᠢᠶᠠᠩᠰᠢ ᠶᠢᠨ ᠭᠤᠣᠯ ᠡᠭᠦᠳᠦᠭᠰᠡᠨ ᠴᠢᠬᠤᠯᠠ ᠶᠡᠭᠡ ᠬᠤᠪᠢᠰᠬᠠᠯ ᠤᠨ ᠰᠡᠳᠦᠪᠲᠦ ᠲᠧᠯᠸᠢᠰ ᠵᠦᠴᠦᠭᠡ᠂ ᠶᠡᠷᠦᠩᠬᠡᠢ ᠬᠤᠷᠢᠶ᠎ᠠ ᠶᠢᠨ ᠲᠥᠪ ᠲᠧᠯᠸᠢᠰ ᠤᠨ ᠨᠢᠭᠡᠳᠦᠭᠡᠷ ᠰᠤᠪᠠᠭ ᠤᠨ ᠰᠢᠵᠢᠷ ᠠᠯᠲᠠᠨ ᠴᠠᠭ ᠦᠶ᠎ᠡ ᠳᠤ ᠠᠩᠬ᠎ᠠ ᠨᠡᠪᠲᠡᠷᠡᠭᠦᠯᠵᠦ᠂ ᠨᠡᠶᠢᠭᠡᠮ ᠤᠨ ᠲᠤᠰᠬᠠᠯ ᠰᠠᠶᠢᠨ ᠪᠥᠭᠡᠳ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠣᠨ ᠤ ᠵᠦᠴᠦᠭᠡ ᠶᠢᠨ ᠲᠡᠭᠦᠪᠦᠷᠢ ᠢᠶᠠᠷ ᠰᠣᠩᠭᠤᠭᠳᠠᠪᠠ᠃ ᠶᠡᠷᠦᠩᠬᠡᠢ ᠱᠦᠵᠢ ᠰᠢ  ᠶᠢᠨ ᠫᠢᠩ ᠵᠢᠶᠠᠩᠰᠢ ᠳᠤ ᠰᠢᠨᠵᠢᠯᠡᠨ ᠪᠠᠶᠢᠴᠠᠭᠠᠬᠤ ᠳᠤ ᠪᠠᠨ ᠂ ᠰᠠᠨᠠᠭᠠᠴᠢᠯᠠᠭ᠎ᠠ  ᠠᠴᠠ  ᠪᠠᠨ ︽ᠶᠡᠭᠡ ᠵᠠᠮ ᠤᠨ ᠭᠠᠯ︾ ᠢ ᠦᠵᠡᠭᠰᠡᠨ ᠪᠥᠭᠡᠳ ᠨᠤᠲᠠᠯᠠᠯᠲᠠ ᠥᠭᠪᠡ᠃ ᠬᠠᠮᠲᠤᠷᠠᠨ ᠦᠢᠯᠡᠳᠦᠭᠰᠡᠨ ᠲᠧᠯᠧᠢᠰ ᠤᠨ ᠪᠠᠷᠢᠮᠲᠠᠲᠤ ᠺᠢᠨᠣ᠋ ︽ᠷᠦᠶ ᠶᠢᠨ ᠠᠴᠠ ᠮᠣᠷᠳᠠᠯ᠎ᠠ︾  ᠨᠢ ᠶᠡᠷᠦᠩᠬᠡᠶ ᠲᠥᠪ ᠲᠧᠯᠧᠢᠰ ᠤᠨ ᠪᠠᠷᠢᠮᠵᠢᠶᠠᠲᠤ ᠰᠤᠪᠠᠭ ᠤᠨ ᠨᠡᠪᠲᠡᠷᠡᠭᠦᠯᠭᠡ ᠳᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠶ᠃ ᠬᠠᠮᠲᠤᠷᠠᠨ ᠦᠢᠯᠡᠳᠦᠭᠰᠡᠨ ᠲᠧᠯᠸᠢᠰ ᠤᠨ ᠪᠠᠷᠢᠮᠲᠠᠲᠤ ᠺᠢᠨᠣ᠋ ︽ᠬᠠᠯᠢᠮᠤ ᠪᠤᠴᠠᠵᠤ ᠢᠷᠡᠭᠰᠡᠨ ᠨᠢ︾᠂ ︽ᠬᠤᠪᠢᠰᠬᠠᠯᠲᠤ ᠪᠠᠩᠬᠢ ᠶᠢᠨ ᠵᠥᠪᠯᠡᠯᠲᠦ ᠶᠢᠨ ᠤᠯᠤᠰ ᠤᠨ ᠪᠠᠩᠬᠢ︾ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ 2022 ᠣᠨ ᠤ ᠤᠯᠤᠰ ᠤᠨ ᠰᠢᠯᠢᠳᠡᠭ ᠤᠯᠤᠰ ᠤᠨ ᠪᠠᠷᠢᠮᠲᠠᠲᠤ ᠺᠢᠨᠣ᠋ ᠪᠠᠷ ᠰᠣᠩᠭᠤᠭᠳᠠᠪᠠ᠃ ᠲᠧᠯᠸᠢᠰ ᠵᠦᠴᠦᠭᠡ ︽ᠪᠢᠴᠢᠬᠠᠨ ᠤᠯᠠᠭᠠᠨ ᠴᠢᠳᠭᠦᠷ︾ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ 2023 ᠣᠨ ᠤ ᠲᠧᠯᠸᠢᠰ ᠤᠨ ᠺᠠᠷᠲ᠋ᠣᠨ ᠵᠢᠷᠤᠭ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠰᠣᠩᠭᠤᠭᠳᠠᠪᠠ᠃ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ︽ᠮᠠᠷᠲᠠᠭᠳᠠᠰᠢ  ᠦᠭᠡᠢ  ᠮᠥᠷᠥᠭᠡᠳᠦᠯ︾᠂ ︽ᠨᠤᠲᠤᠭ ᠪᠤᠴᠠᠯᠲᠠ ︾ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ 2022 ᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠡᠳᠬᠦᠨ ᠳᠡᠮᠵᠢᠬᠦ ᠲᠥᠷᠥᠯ ᠵᠦᠢᠯ ᠳᠤ ᠰᠣᠩᠭᠤᠭᠳᠠᠵᠤ᠂ ᠲᠧᠯᠸᠢᠰ ᠤᠨ ᠲᠥᠷᠥᠯ ᠤᠨ ᠪᠦᠲᠦᠭᠡᠯ ᠤᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ ᠤᠨ ᠲᠡᠳᠬᠦᠮᠵᠢ ᠶᠢ ᠲᠣᠰ ᠲᠣᠰ ᠭᠥᠷᠳᠡᠵᠦ᠂ ᠪᠥᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ ᠨᠢᠭᠡᠳᠦᠭᠡᠷ ᠲᠤ ᠣᠷᠣᠪᠠ᠃  ︵ᠭᠤᠷᠪᠠ︶ ᠲᠤᠰᠬᠠᠢ ᠵᠠᠰᠠᠯᠲᠠ ᠨᠢ ᠨᠡᠩ ᠰᠠᠶᠢᠨ ᠪᠣᠯᠪᠠ  ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠢ ᠤᠯᠤᠰ ᠲᠥᠷᠥ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠬᠢᠭᠤᠯᠪᠠ ᠃ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠢ ᠵᠠᠰᠠᠬᠤ ᠲᠠᠯ᠎ᠠ ᠪᠠᠷ᠂ ᠲᠤᠰᠬᠠᠶ ᠠᠩᠭᠢ ᠪᠠᠶᠢᠭᠤᠯᠤᠨ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠮᠡᠷᠭᠡᠵᠢᠯ ᠤᠨ ᠬᠦᠴᠢᠷ ᠠᠰᠠᠭᠤᠳᠠᠯ ᠢ 37 ᠢᠯᠠᠨ ᠳᠠᠪᠠᠵᠤ᠂ ᠬᠡᠷᠡᠭᠯᠡᠭᠴᠢ ᠳᠤ ᠨᠡᠬᠡᠬᠡᠮᠡᠭᠴᠡ ᠪᠥᠬᠦ ᠳᠡᠯᠭᠡᠴᠡ ᠶᠢᠨ ᠰᠢᠭᠤᠳ ᠨᠡᠪᠲᠡᠷᠡᠭᠦᠯᠭᠡ ︵CCTV1 ᠰᠤᠪᠠᠭ︶ ᠳᠤ ᠣᠷᠤᠬᠤ ᠮᠡᠷᠭᠡᠵᠢᠯ ᠤᠨ ᠪᠠᠲᠤᠯᠠᠭ᠎ᠠ ᠬᠠᠩᠭᠠᠪᠠ᠃ ᠰᠠᠨᠠᠭᠠᠴᠢᠯᠠᠭ᠎ᠠ ᠠᠴᠠ ᠪᠠᠨ ᠭᠡᠷ ᠲᠤ ᠨᠢ ᠬᠦᠷᠴᠦ ᠦᠢᠯᠡᠴᠢᠯᠡᠵᠦ᠂ ᠳᠥᠭᠦᠮᠬᠡᠨ ᠢᠶᠠᠷ ᠲᠧᠯᠸᠢᠰ ᠦᠵᠡᠬᠦ᠂ ᠰᠢᠭᠤᠳ ᠨᠡᠪᠲᠡᠷᠡᠭᠦᠯᠭᠡ ᠶᠢ ᠦᠵᠡᠬᠦ ᠵᠠᠰᠠᠯᠲᠠ ᠶᠢᠨ ᠦᠷ᠎ᠡ ᠪᠦᠲᠦᠮᠵᠢ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ ᠃ ᠳᠠᠪᠲᠠᠨ ᠰᠦᠢᠳᠭᠡᠯ ᠬᠤᠷᠢᠶᠠᠬᠤ ᠶᠢ ᠵᠠᠰᠠᠬᠤ ᠲᠠᠯ᠎ᠠ ᠪᠠᠷ᠂ ︽ᠰᠦᠢᠳᠬᠡᠯ ᠬᠤᠷᠢᠶᠠᠬᠤ ᠢᠵᠢ ᠨᠢ ᠠᠷᠪᠢᠨ᠂ ᠰᠦᠢᠳᠭᠡᠯ ᠬᠤᠷᠢᠶᠠᠬᠤ ᠭᠤᠣᠯ ᠴᠣᠭᠴᠠ ᠨᠢ ᠣᠯᠠᠨ ᠂ ᠰᠦᠢᠳᠬᠡᠯ ᠬᠤᠷᠢᠶᠠᠬᠤ ᠨᠢ ᠢᠯᠡ ᠲᠣᠳᠣ ᠪᠢᠰᠢ︾ ᠵᠡᠷᠭᠡ ᠭᠤᠷᠪᠠᠨ ᠶᠡᠭᠡ ᠠᠰᠠᠭᠤᠳᠠᠯ ᠳᠤ ᠴᠢᠭᠯᠡᠭᠦᠯᠦᠨ᠂ ᠵᠢᠶᠠᠩᠰᠢ ᠶᠢᠨ ᠤᠲᠠᠰᠤᠲᠤ ᠲᠧᠯᠸᠢᠰ᠂ IPTV᠂ ᠢᠨᠲ᠋ᠧᠷ ᠰᠦᠯᠵᠢᠶᠡᠨ ᠤ ᠲᠧᠯᠸᠢᠰ ᠵᠡᠷᠭᠡ ᠭᠤᠷᠪᠠᠨ ᠶᠡᠭᠡ ᠬᠦᠷᠢᠶᠡᠨ ᠤ ᠬᠠᠭᠤᠳᠠᠰᠤ᠂ ᠰᠦᠢᠳᠬᠡᠯ ᠬᠤᠷᠢᠶᠠᠬᠤ᠂ ᠡᠵᠡᠩᠨᠡᠯᠲᠡ ᠶᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠪᠠ᠃ ᠮᠠᠰᠢᠨ ᠨᠡᠭᠡᠭᠡᠬᠦ ᠦᠶ᠎ᠡ ᠶᠢᠨ ᠵᠠᠷ ᠮᠡᠳᠡᠭᠡ ᠶᠢᠨ ᠵᠠᠰᠠᠯᠲᠠ ᠶᠢ ᠴᠢᠩᠭᠠᠳᠬᠠᠵᠤ᠂ ᠪᠦᠬᠦ ᠮᠤᠵᠢ ᠶᠢᠨ ᠤᠲᠠᠰᠤᠲᠤ ᠲᠧᠯᠸᠢᠰ ᠪᠠ IPTV ᠲᠧᠯᠸᠢᠰ ᠤᠨ ᠳᠠᠪᠲᠠᠮᠵᠢ ᠬᠤᠷᠢᠶᠠᠭᠤᠷ ᠤᠨ ᠨᠡᠭᠡᠭᠡᠬᠦ ᠴᠠᠭ ᠤᠨ ᠣᠷᠳᠣ ᠨᠢ ᠴᠥᠮ 35 ᠰᠧᠺᠦ᠋ᠨ᠋ᠳ᠋ ᠤᠨ ᠳᠣᠲᠣᠷ᠎ᠠ ᠪᠣᠯᠲᠠᠯ᠎ᠠ ᠪᠣᠭᠤᠨᠢᠰᠬᠠᠵᠤ᠂ ᠮᠠᠰᠢᠨ ᠨᠡᠭᠡᠭᠡᠬᠦ ᠦᠶ᠎ᠡ ᠶᠢᠨ ᠵᠠᠷ ᠮᠡᠳᠡᠭᠡ ︵ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠪᠠᠭᠲᠠᠭᠠᠬᠤ ᠥᠬᠡᠶ︶ ᠶᠢ ᠪᠦᠬᠦᠨ ᠢ ᠦᠭᠡᠢ ᠪᠣᠯᠭᠠᠪᠠ ᠃ ᠶᠡᠷᠦᠩᠬᠡᠢ ᠬᠤᠷᠢᠶᠠᠨ ᠤ ︽ᠠᠩᠬᠠᠷᠤᠯ ᠲᠥᠪᠯᠡᠷᠡᠯ ︾ ᠳᠤ ᠵᠢᠶᠠᠩᠰᠢ ᠶᠢᠨ ᠬᠠᠮᠢᠶᠠᠲᠠᠢ ᠵᠠᠰᠠᠭᠰᠠᠨ ᠦᠷ᠎ᠡ ᠪᠦᠲᠦᠮᠵᠢ ᠶᠢ ᠮᠡᠳᠡᠭᠡᠯᠡᠪᠡ ᠃  ︵ᠲᠦᠷᠪᠡ︶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ  ᠨᠢ ᠨᠡᠩ ᠰᠠᠶᠢᠨ ᠠᠷᠭ᠎ᠠ  ᠲᠠᠢ ᠪᠣᠯᠪᠠ  ᠠᠵᠢᠯ ᠤᠨ ᠪᠠᠶᠢᠷᠢ ᠶᠢᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠲᠤᠯᠠᠭ᠎ᠠ ᠶᠢᠨ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠂ ᠬᠦᠨᠳᠦ ᠬᠤᠭᠤᠴᠠᠭᠠᠨ ᠤ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠬᠤ ᠶᠢ ᠴᠢᠩᠭᠠᠷᠠᠭᠤᠯᠵᠤ ᠂ ᠲᠧᠯᠸᠢᠰ ᠵᠦᠴᠦᠭᠡ᠂ ᠰᠦᠯᠵᠢᠶᠡᠨ ᠤ ᠵᠦᠴᠦᠭᠡ᠂ ᠴᠢᠬᠤᠯᠠ ᠶᠡᠭᠡ ᠣᠨᠣᠯ ᠤᠨ ᠰᠤᠷᠪᠤᠯᠵᠢ ᠪᠢᠴᠢᠭ ᠤᠨ ᠲᠧᠯᠸᠢᠰ ᠤᠨ ᠹᠢᠯᠢᠮ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠵᠡᠷᠭᠡ ᠠᠭᠤᠯᠭ᠎ᠠ ᠶᠢ ᠬᠢᠨᠠᠨ ᠪᠠᠶᠢᠴᠠᠭᠠᠬᠤ ᠠᠷᠭ᠎ᠠ ᠶᠢ ᠲᠣᠭᠲᠠᠭᠠᠨ ᠨᠡᠶᠢᠲᠡᠯᠡᠪᠡ᠃ ᠬᠢᠯᠢ ᠶᠢᠨ ᠭᠠᠳᠠᠨᠠᠬᠢ ᠲᠧᠯᠸᠢᠰ ᠫᠷᠤᠭ᠍ᠷᠠᠮ ᠢ ᠬᠠᠤᠯᠢ ᠪᠤᠰᠤ ᠪᠠᠷ ᠬᠦᠯᠢᠶᠡᠨ ᠠᠪᠴᠤ ᠳᠠᠮᠵᠢᠭᠤᠯᠬᠤ ᠳᠤ ᠴᠣᠬᠢᠯᠲᠠ ᠥᠭᠴᠦ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠪᠤᠰᠤ ᠪᠠᠷ ᠬᠦᠯᠢᠶᠡᠨ ᠠᠪᠬᠤ ᠲᠥᠬᠦᠭᠡᠷᠦᠮᠵᠢ ᠶᠢ 3000 ᠭᠠᠷᠤᠶ ᠢᠵᠢ ᠲᠥᠪᠯᠡᠷᠡᠭᠦᠯᠦᠨ ᠤᠰᠠᠳᠬᠠᠵᠤ᠂ ᠬᠠᠤᠯᠢ ᠪᠤᠰᠤ ᠪᠠᠷ ᠪᠣᠷᠣᠯᠠᠭᠤᠯᠤᠭᠰᠠᠨ ᠪᠠ ᠤᠭᠰᠠᠷᠠᠵᠤ ᠬᠡᠷᠡᠭᠯᠡᠭᠰᠡᠨ 10 ᠬᠡᠷᠡᠭ ᠢ ᠪᠠᠶᠢᠴᠠᠭᠠᠨ ᠰᠢᠢᠳᠪᠦᠷᠢᠯᠡᠪᠡ ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠬᠢᠯᠢ ᠶᠢᠨ ᠭᠠᠳᠠᠨᠠᠬᠢ ᠲᠧᠯᠸᠢᠰ ᠤᠨ ᠳᠠᠮᠵᠢᠭᠤᠯᠭ᠎ᠠ ᠶᠢᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠮᠡᠳᠡᠭᠡᠯᠡᠯ︾ ᠢ 7 ᠤᠳᠠᠭ᠎ᠠ ᠨᠡᠷ᠎ᠡ ᠳᠤᠷᠠᠳᠤᠨ ᠵᠢᠶᠠᠩᠰᠢ ᠶᠢᠨ ᠠᠵᠢᠯ ᠤᠨ ᠠᠷᠭ᠎ᠠ ᠬᠢᠳᠡᠯ ᠢ ᠮᠠᠭᠲᠠᠨ ᠰᠠᠶᠢᠰᠢᠶᠠᠵᠤ᠂ ᠣᠯᠠᠨ ᠲᠦᠮᠡᠨ ᠤ ᠭᠥᠯᠢᠶᠡᠨ ᠠᠪᠴᠤ ᠰᠣᠨᠣᠰᠬᠤ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃  ︵ᠲᠠᠪᠤ︶ ᠠᠭᠤᠰᠤᠯᠴᠠᠨ ᠬᠡᠯᠪᠡᠷᠢ ᠪᠠᠨ ᠬᠤᠪᠢᠷᠠᠭᠤᠯᠤᠭᠰᠠᠨ ᠨᠢ ᠨᠠᠩ ᠪᠦᠲᠦᠮᠵᠢᠲᠡᠶ ᠪᠣᠯᠪᠠ  ᠺᠠᠷᠲ᠋ᠣᠨ ᠱᠤᠭ ᠵᠢᠷᠤᠭ ᠤᠨ ᠶᠡᠷᠦᠩᠬᠡᠢ ᠬᠡᠯᠲᠡᠰ ᠰᠠᠭᠤᠷᠢᠰᠢᠭᠰᠠᠨ ᠤ ᠳᠠᠷᠠᠭ᠎ᠠ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠠᠩᠬᠠᠳᠤᠭᠠᠷ ᠬᠤᠭᠤᠴᠠᠭᠠᠨ ᠤ ︽ᠬᠤᠲᠠ ᠶᠢᠨ ᠬᠡᠳᠦ IP ᠺᠠᠷᠲ᠋ᠤᠨ ᠵᠢᠷᠤᠭ ᠤᠨ ᠵᠢᠶᠠ ᠨᠢᠶᠠᠨ ᠬᠤᠸᠠ︾ ᠶᠢ ᠤᠷᠤᠭᠰᠢᠲᠠᠶ ᠡᠷᠭᠢᠯᠡᠵᠦ᠂ ᠰᠣᠶᠣᠯ ᠤᠨ ᠬᠦᠴᠦᠷᠬᠡᠭ ᠤᠯᠤᠰ ᠤᠨ ᠣᠷᠳᠣᠨ᠂ ︽ᠮᠠᠨ ᠭᠦ᠋ ᠲᠣᠭᠠᠵᠢᠭᠤᠯᠤᠭᠰᠠᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ︾ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃ 2023 ᠣᠨ ᠳᠤ ᠪᠥᠬᠦ ᠮᠤᠵᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠣᠳᠠᠲᠠᠶ ᠡᠭᠦᠳᠦᠭᠰᠡᠨ ᠣᠷᠣᠯᠭ᠎ᠠ 64.6 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠬᠢ ᠠᠴᠠ 31.78% ᠪᠠᠷ ᠨᠡᠮᠡᠭᠳᠡᠪᠡ᠃ ᠪᠦᠬᠦ ᠮᠤᠵᠢ ᠶᠢᠨ ᠳᠡᠰ ᠤᠨ ᠷᠠᠳᠢᠣ᠋ ᠨᠡᠪᠲᠡᠷᠡᠭᠦᠯᠭᠡ ᠲᠧᠯᠸᠢᠰ ᠨᠡᠪᠲᠡᠷᠡᠭᠦᠯᠭᠡ ᠶᠢᠨ ᠪᠠᠶᠢᠭᠤᠯᠤᠮᠵᠢ ᠶᠢᠨ 10 ᠲᠧᠯᠸᠢᠰ ᠰᠤᠪᠠᠭ ᠪᠣᠯᠤᠨ ᠪᠣᠢ ᠪᠦᠬᠦᠢ ᠲᠣᠭᠤᠷᠢᠭ ᠲᠠᠢ ᠬᠤᠲᠠ ᠶᠢᠨ ᠲᠧᠯᠸᠢᠰ ᠰᠤᠪᠠᠭ᠂ 65% ᠶᠢᠨ ᠰᠢᠶᠠᠨ ᠤ ᠳᠡᠰ ᠤᠨ ᠲᠧᠯᠸᠢᠰ ᠰᠤᠪᠠᠭ ᠢ ᠳᠡᠭᠡᠳᠦ ᠬᠡᠮᠵᠢᠶᠡᠨ ᠤ ᠲᠤᠳᠤᠷᠠᠴᠠᠲᠤᠵᠢᠭᠤᠯᠬᠤ ᠪᠠᠶᠢᠭᠤᠯᠤᠯᠲᠠ ᠶᠢ ᠪᠡᠶᠡᠯᠡᠭᠦᠯᠵᠦ᠂ ᠳᠡᠭᠡᠳᠦ ᠪᠠᠷᠢᠮᠵᠢᠶ᠎ᠠ ᠶᠢᠨ ᠲᠤᠳᠤᠷᠠᠴᠠᠲᠤ ᠪᠠᠷ ᠨᠡᠪᠲᠡᠷᠡᠭᠦᠯᠬᠦ ᠶᠢ ᠪᠡᠶᠡᠯᠡᠭᠦᠯᠪᠡ ᠃ 1 ᠲᠥᠷᠥᠯ ᠵᠦᠢᠯ ᠨᠢ 2023 ᠣᠨ ᠤ ᠪᠥᠬᠦ ᠤᠯᠤᠰ ᠤᠨ ᠷᠠᠳᠢᠣ᠋ ᠲᠧᠯᠸᠢᠰ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠵᠤ᠂ ᠵᠢᠶᠠᠩᠰᠢ ᠶᠢᠨ ᠲᠣᠪᠴᠢᠶ᠎ᠠ ︽2023 ᠣᠨ ᠤ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠬᠥᠮᠥᠷᠭᠡ ᠶᠢᠨ ᠰᠢᠯᠢᠳᠡᠭ ᠵᠣᠬᠢᠶᠠᠨ ᠪᠠᠶᠢᠭᠤᠯᠬᠤ ᠨᠢᠭᠡᠴᠢ ︾ ᠳᠤ ᠰᠣᠩᠭᠤᠭᠳᠠᠪᠠ᠃  ︵ᠵᠢᠷᠭᠤᠭ᠎ᠠ︶ ᠠᠷᠠᠳ ᠤᠨ ᠠᠮᠢᠳᠤᠷᠠᠯ ᠤᠨ ᠢᠨᠵᠧᠨᠧᠷᠢᠩ ᠨᠡᠩ ᠬᠠᠶᠢᠷ᠎ᠠ ᠰᠡᠳᠬᠢᠯᠭᠡ ᠲᠠᠢ ᠪᠣᠯᠪᠠ  ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ︽ ᠪᠠᠶᠢᠭᠤᠯᠬᠤ ᠬᠠᠮᠢᠶᠠᠷᠬᠤ ᠬᠡᠷᠡᠭᠯᠡᠬᠦ ︾ ᠶᠢ ᠠᠬᠢᠭᠤᠯᠬᠤ ᠶᠢ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠪᠣᠯᠭᠠᠵᠤ᠂ ︽ ᠪᠠᠶᠢᠭᠤᠯᠬᠤ ᠬᠠᠮᠢᠶᠠᠷᠬᠤ ᠬᠡᠷᠡᠭᠯᠡᠬᠦ ︾ ᠶᠢᠨ ᠰᠠᠯᠤᠩᠭᠢᠷᠠᠬᠤ ᠠᠰᠠᠭᠤᠳᠠᠯ ᠢ ᠪᠦᠲᠦᠮᠵᠢᠲᠡᠶ ᠰᠠᠶᠢᠲᠤᠷ ᠰᠢᠢᠳᠪᠦᠷᠢᠯᠡᠪᠡ ᠃ 2023 ᠣᠨ ᠤ ᠵᠠᠰᠠᠭ ᠵᠠᠬᠢᠷᠭᠠᠨ ᠤ ᠲᠣᠰᠬᠤᠨ ᠨᠢᠭᠡᠪᠦᠷᠢ ᠳᠤ 5 ᠦᠵᠦᠭᠦᠷᠯᠢᠭ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ 2023 ᠣᠨ ᠤ ᠡᠴᠦᠰ ᠪᠣᠯᠬᠤ ᠳᠤ ᠶᠡᠷᠦᠩᠬᠡᠶ ᠪᠠᠶᠢᠭᠤᠯᠤᠭᠰᠠᠨ ᠲᠤᠭ᠎ᠠ 10 ᠲᠦᠮᠡ ᠶᠢ ᠳᠠᠪᠠᠵᠤ᠂ ᠵᠢᠯ ᠤᠨ ᠡᠬᠢᠨ ᠤ 8.45 ᠲᠦᠮᠡᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ ᠤᠨ ᠰᠢᠰᠲ᠋ᠧᠮ ᠬᠢᠭᠡᠳ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠵᠣᠯᠭᠠᠭᠤᠯᠬᠤ ᠶᠢ ᠪᠡᠶᠡᠯᠡᠭᠦᠯᠪᠡ ᠃ ︽ ᠳ᠋ᠦ᠋ ᠰᠦ᠋ ᠷᠦᠢ ︾ ᠲᠠᠶᠢᠹᠧᠩ ᠰᠠᠯᠬᠢᠨ ᠤ ᠪᠠᠴᠢᠮ ᠪᠠᠶᠢᠳᠠᠯ ᠢ ᠠᠷᠭᠠᠴᠠᠭᠠᠬᠤ ᠡᠭᠦᠷᠭᠡ ᠳᠤ᠂ ᠵᠢᠶᠠᠩᠰᠢ ᠶᠡᠭᠡ ᠪᠦᠷᠢᠶ᠎ᠡ ᠶᠢ ᠠᠰᠢᠭᠯᠠᠨ ᠬᠤᠯᠪᠣᠭᠳᠠᠯ ᠪᠥᠬᠦᠶ ᠮᠡᠳᠡᠭᠡ ᠵᠠᠩᠭᠢ ᠶᠢ 5000 ᠭᠠᠷᠤᠶ ᠵᠤᠷᠪᠤᠰ ᠤᠳᠠᠭ᠎ᠠ ᠨᠡᠶᠢᠲᠡᠯᠡᠵᠦ᠂ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠬᠢᠷᠠᠭᠤᠯᠤᠯᠲᠠ ᠶᠢᠨ ᠲᠠᠪᠴᠠᠩ ᠢᠶᠠᠷ ᠳᠠᠮᠵᠢᠭᠤᠯᠤᠨ ᠣᠯᠠᠨ ᠭᠠᠵᠠᠷ ᠲᠤ 32 ᠤᠳᠠᠭ᠎ᠠ ᠴᠠᠭ ᠠᠭᠤᠷ᠂ ᠭᠠᠵᠠᠷ ᠰᠢᠨᠵᠢᠯᠡᠭᠡ᠂ ᠲᠠᠷᠢᠶᠠᠯᠠᠩ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠪᠲᠡᠷᠡᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠠᠶᠤᠯ ᠠᠴᠠ ᠵᠠᠶᠢᠯᠠᠬᠤ ᠵᠡᠷᠭᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃  ︵ᠳᠤᠯᠤᠭ᠎ᠠ︶ ᠵᠠᠰᠠᠭ ᠤᠨ ᠶᠠᠪᠤᠳᠠᠯ ᠤᠨ ᠥᠢᠯᠡᠴᠢᠯᠡᠭᠡ ᠨᠠᠩ ᠲᠤᠳᠤᠰᠤᠨᠤᠭ ᠪᠣᠯᠪᠠ  ︽ᠪᠥᠬᠦ ᠮᠤᠵᠢ ᠶᠢᠨ ᠷᠠᠳᠢᠣ᠋ ᠲᠧᠯᠸᠢᠰ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ᠂ ︽ᠰᠡᠳᠬᠢᠯ ᠢᠶᠠᠷ ᠢᠶᠠᠨ ᠰᠡᠳᠬᠢᠯ ᠢ ᠨᠢ ᠮᠡᠳᠡᠬᠦ ︾ ᠪᠠ ᠭᠠᠵᠠᠷ ᠤᠨ ᠳᠠᠷᠤᠭ᠎ᠠ ᠶᠢᠨ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢᠨ ︽ᠪᠡᠶᠡᠴᠢ ᠣᠶᠢᠯᠠᠭᠠᠯᠲᠠ︾ ᠶᠢᠨ ᠠᠵᠢᠯᠯᠠᠭ᠎ᠠ ᠶᠢ ᠥᠷᠨᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠲᠣᠪᠴᠢᠶ᠎ᠠ ᠶᠢᠨ ᠤᠳᠤᠷᠢᠳᠤᠯᠭ᠎ᠠ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠲᠥᠷᠥᠯ ᠬᠤᠪᠢᠶᠠᠨ ᠵᠢᠯᠣᠭᠤᠳᠴᠤ᠂ 6 ᠠᠵᠢᠯ ᠲᠥᠷᠥᠯ ᠤᠨ ᠳᠣᠲᠣᠷᠠᠬᠢ ᠨᠢᠭᠡᠴᠢ ᠲᠠᠢ ᠬᠤᠣᠰᠯᠠᠨ ᠬᠠᠪᠰᠤᠷᠤᠨ ᠲᠡᠳᠬᠦᠵᠦ᠂ 5 ᠭᠤᠤᠯᠳᠠᠯᠭ᠎ᠠ ᠲᠠᠢ ᠲᠥᠷᠥᠯ ᠵᠦᠢᠯ ᠳᠤ ᠨᠠᠷᠢᠯᠢᠭ ᠣᠨᠣᠪᠴᠢᠲᠠᠢ ᠦᠢᠯᠡᠴᠢᠯᠡᠭᠡ ᠥᠷᠨᠢᠭᠦᠯᠪᠡ᠃ ︽ᠢᠲᠡᠭᠡᠮᠵᠢ + ᠬᠢᠨᠠᠯᠲᠠ ᠬᠠᠮᠢᠶᠠᠷᠤᠯᠲᠠ︾ ᠶᠢ ᠠᠭᠤᠰᠤᠯᠴᠠᠭᠤᠯᠬᠤ᠂ ︽ᠰᠠᠯᠠᠭ᠎ᠠ ᠮᠥᠴᠢᠷ + ᠰᠠᠯᠠᠭ᠎ᠠ ᠮᠥᠴᠢᠷ︾ ᠢ ᠠᠭᠤᠰᠤᠯᠴᠠᠭᠤᠯᠬᠤ᠂ ︽ᠦᠷ᠎ᠡ ᠪᠦᠲᠦᠭᠡᠯ + ᠬᠡᠷᠡᠭᠯᠡᠯᠲᠡ︾ ᠶᠢ ᠠᠭᠤᠰᠤᠯᠴᠠᠭᠤᠯᠬᠤ ᠵᠡᠷᠭᠡ ᠠᠷᠭ᠎ᠠ ᠶᠢᠨ ᠰᠢᠨ᠎ᠡ ᠶᠢ ᠡᠭᠦᠳᠦᠨ ᠬᠡᠷᠡᠭᠯᠡᠵᠦ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠪᠠᠶᠢᠴᠠᠭᠠᠬᠤ ᠵᠦᠢᠯᠡᠰ ᠢ ᠰᠢᠯᠢᠳᠡᠭᠵᠢᠭᠦᠯᠵᠦ᠂ ᠬᠠᠮᠢᠶ᠎ᠠ ᠪᠥᠬᠦᠶ ᠠᠷᠭ᠎ᠠ ᠬᠢᠳᠡᠯ ᠢ ᠨᠢ ᠰᠢᠨᠬᠤᠸᠠ ᠰᠦᠯᠵᠢᠶ᠎ᠡ ᠵᠡᠷᠭᠡ ᠵᠠᠭᠤᠴᠢᠯᠠᠭᠤᠷ ᠤᠨ ᠬᠢᠨ ᠮᠡᠳᠡᠭᠡᠯᠡᠵᠦ ᠨᠡᠶᠢᠲᠡᠯᠡᠪᠡ᠃  ︵ᠨᠠᠢᠮᠠ︶ ᠡᠩᠨᠡᠭᠡᠨ ᠤ ᠪᠠᠶᠢᠭᠤᠯᠤᠯᠲᠠ ᠨᠡᠩ ᠨᠠᠶᠢᠳᠠᠪᠤᠷᠢᠲᠠᠢ ᠪᠣᠯᠪᠠ  ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ︽ᠳᠠᠭᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠᠨ ᠬᠠᠷᠢᠭᠤᠴᠠᠯᠭ᠎ᠠ ᠶᠢᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ ᠃ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠲᠠᠰᠤᠲᠤ ᠲᠧᠯᠸᠢᠰ ᠤᠨ ᠰᠦᠯᠵᠢᠶᠡᠨ ᠤ ᠬᠥᠭᠵᠢᠯᠲᠡ ᠵᠡᠷᠭᠡ 4 ᠰᠡᠳᠦᠪ ᠳᠠᠭᠠᠭᠤᠯᠤᠨ ᠪᠠᠶᠢᠴᠠᠭᠠᠨ ᠰᠤᠳᠤᠯᠬᠤ ᠰᠡᠳᠦᠪ ᠢ ᠣᠨᠣᠪᠴᠢᠲᠠᠶ ᠲᠣᠭᠲᠠᠭᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ 11 ᠨᠠᠷᠢᠨ ᠳᠠᠩᠰᠠ ᠶᠢ ᠪᠦᠷᠢᠯᠳᠦᠭᠦᠯᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠮᠤᠵᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠲᠦᠷᠦᠭᠦᠦ ᠪᠦᠯᠦᠭ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠪᠣᠯᠭᠠᠨ ᠳᠠᠷᠤᠮᠠᠯᠯᠠᠨ ᠲᠠᠷᠬᠠᠭᠠᠵᠤ ᠳᠡᠯᠭᠡᠷᠡᠭᠦᠯᠪᠡ᠃ ︽ᠠᠷᠠᠳ ᠲᠦᠮᠡᠨ ᠳᠤ ᠦᠢᠯᠡᠴᠢᠯᠡᠵᠦ ᠪᠣᠳᠠᠲᠤ ᠶᠠᠪᠤᠳᠠᠯ ᠬᠢᠬᠦ︾ ᠬᠢᠭᠡᠳ ᠷᠠᠳᠢᠣ᠋ ᠲᠧᠯᠸᠢᠰ ᠤᠨ ᠭᠤᠤᠯ ᠬᠠᠷᠢᠭᠤᠴᠠᠯᠭ᠎ᠠ ᠭᠤᠤᠯ ᠠᠵᠢᠯ ᠤᠨ ᠤᠶᠠᠯᠳᠤᠯ ᠤᠨ ᠴᠡᠭ ᠢ ᠣᠨᠣᠪᠴᠢᠲᠠᠶ ᠡᠷᠢᠨ ᠣᠯᠵᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ 6 ᠨᠠᠷᠢᠨ ᠲᠠᠩᠰᠠ ᠶᠢ ᠪᠠᠶᠢᠭᠤᠯᠵᠤ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠬᠤᠭᠤᠴᠠᠭᠠᠨ ᠳᠤ ᠥᠪᠡᠷᠲᠡᠭᠡᠨ ᠪᠠᠶᠢᠴᠠᠭᠠᠭᠰᠠᠨ 7 ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠤ ᠬᠠᠮᠲᠤ ᠳ᠋ᠤᠭᠠᠷ ᠢ ᠨᠢ ᠬᠠᠰᠤᠪᠠ᠃ ︽ᠳᠥᠷᠪᠡᠨ ᠴᠢᠩᠭᠠᠳᠬᠠᠬᠤ ︾ ᠨᠠᠮ ᠤᠨ ᠡᠭᠦᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠮᠤᠵᠢ ᠶᠢᠨ ᠰᠢᠭᠤᠳ ᠬᠠᠷᠢᠶ᠎ᠠ ᠠᠵᠢᠯ ᠤᠨ ᠬᠤᠷᠢᠶ᠎ᠠ ᠶᠢᠨ ᠬᠥᠬᠢᠭᠦᠯᠦᠯ ᠢ ᠬᠥᠷᠲᠡᠭᠰᠡᠨ ᠪᠠᠶᠢᠪᠠ ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ