2024 ᠣᠨ ᠤ ᠭᠤᠷᠪᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠰᠢᠯᠭᠠᠷᠠᠭᠤᠯᠤᠭᠰᠠᠨ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2024/11/7
  ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠤᠯᠠᠷᠢᠯ ᠢᠶᠠᠷ ᠰᠢᠯᠢᠳᠡᠭᠵᠢᠭᠦᠯᠬᠦ ᠠᠵᠢᠯ ᠤᠨ ᠲᠣᠬᠢᠷᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ 2024 ᠣᠨ ᠤ ᠭᠤᠷᠪᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠤᠯᠠᠷᠢᠯ ᠢᠶᠠᠷ ᠰᠢᠯᠢᠳᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠢ ᠨᠡᠶᠢᠲᠡ 80 ᠬᠤᠪᠢ ᠭᠥᠯᠢᠶᠡᠨ ᠠᠪᠴᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠠᠷ ᠳᠡᠮᠵᠢᠨ᠂ ᠰᠢᠯᠢᠳᠡᠭ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠦᠲᠦᠭᠡᠯ ᠢ 16 ᠬᠤᠪᠢ ᠰᠢᠯᠭᠠᠷᠠᠭᠤᠯᠤᠨ ᠭᠠᠷᠭᠠᠵᠤ᠂ ᠡᠳᠦᠭᠡ ᠨᠡᠶᠢᠲᠡᠯᠡᠪᠡ᠃  ᠨᠡᠶᠢᠲᠡᠯᠡᠬᠦ ᠬᠤᠭᠤᠴᠠᠭ᠎ᠠ ᠨᠢ 2024 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠠᠴᠠ 13 ᠤ ᠡᠳᠦᠷ ᠪᠣᠯᠲᠠᠯ᠎ᠠ ᠶᠠᠪᠤᠭᠳᠠᠨ᠎ᠠ᠃ ᠨᠡᠶᠢᠲᠡᠯᠡᠬᠦ ᠬᠤᠭᠤᠴᠠᠭᠠᠨ ᠳᠤ ᠣᠨᠳᠣᠣ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠭᠠᠵᠠᠷ︶ ᠲᠤ ᠲᠤᠰᠬᠠᠭᠠᠷᠠᠢ ᠃  ᠬᠠᠷᠢᠯᠴᠠᠬᠤ ᠣᠳᠠᠰᠣ᠄ 0471 - 4590092︔ ᠹᠠᠺᠰ᠄ 0471 - 3288016᠃  ᠳᠠᠭᠠᠯᠳᠤᠭᠤᠯᠤᠯ᠄ 2024 ᠣᠨ ᠤ ᠭᠤᠷᠪᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠯᠢᠳᠡᠭ ᠪᠦᠲᠦᠭᠡᠯ ᠤᠨ ᠨᠡᠷᠡᠰ  2024 ᠣᠨ ᠤ ᠭᠤᠷᠪᠠᠳᠤᠭᠠᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠯᠢᠳᠡᠭ ᠪᠦᠲᠦᠭᠡᠯ ᠤᠨ ᠨᠡᠷᠡᠰ.docx 

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

2024 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ