ᠲᠥᠪᠡᠳ ᠤᠨ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ
ᠨᠡᠶᠢᠲᠡᠯᠡᠭᠰᠡᠨ ᠴᠠᠭ᠄
2024/12/13
  2023 ᠣᠨ ᠳᠤ᠂ ᠲᠥᠪᠡᠳ ᠤᠨ ᠷᠠᠳᠢᠣ᠋ ᠲᠧᠯᠸᠢᠰ ᠤᠨ ᠰᠢᠰᠲ᠋ᠧᠮ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠪᠠᠨ ᠲᠥᠪᠯᠡᠷᠡᠭᠦᠯᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠣᠭᠰᠠᠨ ᠪᠠᠶᠢᠨ᠎ᠠ ᠃  ᠭᠤᠣᠯ ᠤᠬᠠᠭᠤᠯᠭ᠎ᠠ ᠶᠢ ᠴᠢᠩᠭᠠᠷᠠᠭᠤᠯᠵᠤ ᠂ ᠭᠤᠣᠯ ᠦᠵᠡᠯ ᠰᠠᠨᠠᠭᠠᠨ ᠤ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠪᠠ  ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠵᠠᠭᠤᠴᠢᠯᠠᠭᠤᠷ ᠤᠨ ︽ᠲᠡᠷᠢᠭᠦᠨ ᠵᠤᠷᠪᠤᠰ︾ ᠤᠨ ᠪᠠᠶᠢᠭᠤᠯᠤᠯᠲᠠ ᠪᠠ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ︽ᠲᠡᠷᠢᠭᠦᠨ ᠨᠢᠭᠤᠷ ᠲᠡᠷᠢᠭᠦᠨ ᠳᠡᠯᠭᠡᠴᠡ ᠲᠡᠷᠢᠭᠦᠨ ᠵᠤᠷᠪᠤᠰ︾ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ  ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ︽ᠡᠳᠦᠷ ᠪᠦᠷᠢ ᠢᠯᠡᠷᠡᠭᠦᠯᠵᠦ᠂ ᠡᠳᠦᠷ ᠪᠦᠷᠢ ᠭᠦᠨᠵᠡᠭᠡᠶᠢᠷᠡᠭᠦᠯᠵᠦ᠂ ᠡᠳᠦᠷ ᠪᠦᠷᠢ ᠰᠢᠨᠡᠴᠢᠯᠡᠬᠦ︾ ᠶᠢ ᠪᠡᠶᠡᠯᠡᠭᠦᠯᠪᠡ ᠃ ︽2023 ᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠬᠤᠯᠠ ᠶᠡᠭᠡ ᠭᠤᠤᠯ ᠰᠡᠳᠦᠪᠲᠦ ᠲᠥᠰᠦᠪᠯᠡᠯ ᠤᠨ ᠲᠥᠰᠦᠯ︾ ᠢ ᠲᠣᠭᠲᠠᠭᠠᠵᠤ᠂ ᠡᠯ᠎ᠡ ᠱᠠᠲᠤᠨ ᠤ ᠷᠠᠳᠢᠣ᠋ ᠲᠧᠯᠸᠢᠰ ᠤᠨ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠵᠠᠭᠤᠴᠢᠯᠠᠭᠤᠷ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠵᠢᠯᠣᠭᠤᠳᠤᠨ ᠵᠣᠬᠢᠴᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠦᠨᠳᠦᠰᠦᠲᠡᠨ ᠤ ᠪᠦᠯᠬᠦᠮᠳᠡᠯ ᠵᠡᠷᠭᠡ 29 ᠴᠢᠬᠤᠯᠠ ᠶᠡᠭᠡ ᠭᠤᠤᠯ ᠰᠡᠳᠦᠪ ᠢ ᠤᠬᠠᠭᠤᠯᠤᠨ ᠬᠥᠲᠥᠯᠥᠨ ᠵᠢᠯᠣᠭᠤᠳᠴᠤ᠂ ︽ᠶᠡᠷᠦᠩᠬᠡᠶ ᠱᠦᠵᠢ ᠬᠢᠭᠡᠳ ᠰᠢᠨ᠎ᠡ ᠲᠥᠪᠡᠳ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠤᠯ ᠰᠡᠳᠦᠪᠲᠦ ᠮᠡᠳᠡᠭᠡᠯᠡᠯ ᠢ 2 ᠲᠦᠮᠡ ᠭᠠᠷᠤᠶ ᠵᠤᠷᠪᠤᠰ ᠤᠳᠠᠭ᠎ᠠ ᠭᠠᠷᠭᠠᠵᠤ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠪᠠ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠠᠢ ᠬᠠᠮᠲᠤᠷᠠᠨ ︽ᠰᠢᠨ᠎ᠡ ᠴᠠᠭ ᠦᠶ᠎ᠡ ᠰᠢᠨ᠎ᠡ ᠲᠥᠪᠡᠳ ᠰᠢᠨ᠎ᠡ ᠠᠶᠠᠨ︾ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠰᠢᠯᠢᠳᠡᠭ ᠬᠠᠮ ᠵᠠᠭᠤᠴᠢᠯᠠᠭᠤᠷ ᠤᠨ ᠪᠦᠲᠦᠭᠡᠯ ᠢ ᠴᠤᠭᠯᠠᠭᠤᠯᠤᠨ ᠨᠡᠪᠲᠡᠷᠡᠭᠦᠯᠬᠦ ᠠᠵᠢᠯᠯᠠᠭ᠎ᠠ ᠥᠷᠨᠢᠭᠦᠯᠵᠦ᠂ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠦᠵᠡᠯ ᠰᠠᠨᠠᠭ᠎ᠠ ᠪᠠ ᠤᠳᠤᠷᠢᠳᠤᠭᠴᠢ ᠶᠢᠨ ᠲᠦᠷᠢ ᠲᠥᠷᠬᠦ ᠶᠢᠨ ᠤᠬᠠᠭᠤᠯᠭ᠎ᠠ ᠶᠢᠨ ᠴᠠᠭ ᠦᠶ᠎ᠡ ᠶᠢᠨ ᠬᠠᠮᠤᠭ ᠤᠨ ᠴᠢᠩᠭ᠎ᠠ ᠲᠠᠭᠤᠨ ᠢ ᠢᠮᠠᠭᠲᠠ ᠪᠠᠷᠢᠮᠲᠠᠯᠠᠪᠠ ᠃  ᠠᠭᠤᠯᠭ᠎ᠠ ᠶᠢᠨ ᠦᠢᠯᠡᠳᠪᠦᠷᠢᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠰᠢᠨ᠎ᠡ ᠠᠮᠵᠢᠯᠲᠠ ᠣᠯᠪᠠ  ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠳᠬ᠎ᠠ ᠤᠷᠠᠯᠢᠭ ᠤᠨ ᠭᠤᠤᠯ ᠰᠡᠳᠦᠪᠲᠦ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠰᠡᠳᠦᠪ ᠰᠣᠩᠭᠤᠬᠤ ᠲᠥᠯᠥᠪᠵᠢᠭᠦᠯᠭᠡ ᠶᠢ ᠲᠣᠭᠲᠠᠭᠠᠵᠤ᠂ ᠠᠭᠤᠯᠭ᠎ᠠ ᠶᠢᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠶᠢ ᠦᠷᠭᠦᠯᠵᠢᠯᠡᠨ ᠠᠬᠢᠭᠤᠯᠪᠠ᠃ ︽ᠲᠥᠪᠡᠳ ᠢ ᠰᠣᠨᠣᠰᠬᠤᠢ ︾᠂ ︽ᠴᠢᠶᠠᠩ ᠳᠠᠩ ᠱᠧᠩ ᠯᠢᠩ︾᠂ ︽ᠴᠠᠢ ᠲᠡᠭᠡᠭᠡᠪᠦᠷᠢᠯᠡᠭᠰᠡᠨ ᠡᠷᠲᠡᠨ ᠤ ᠵᠠᠮ ᠢᠶᠠᠷ ᠠᠶᠠᠯᠬᠤ ᠳᠤ︾ ᠵᠡᠷᠭᠡ 27 ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠨᠢ ᠤᠯᠤᠰ ᠤᠨ ᠱᠠᠩᠨᠠᠯ ᠢ ᠬᠦᠷᠲᠡᠵᠦ᠂ ᠲᠧᠯᠸᠢᠰ ᠵᠦᠴᠦᠭᠡ ︽ᠨᠡᠷᠡᠨ ᠭᠡᠷᠡᠯᠲᠦ ᠬᠤᠲᠠ︾ ᠵᠡᠷᠭᠡ 21 ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠨᠢ ᠵᠠᠯᠭᠠᠭ᠎ᠠ ᠪᠠᠷ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠳᠡᠮᠵᠢᠯᠭᠡ ᠶᠢ ᠣᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠦᠯᠵᠢᠶᠡᠨ ᠤ ᠪᠢᠴᠢᠯ ᠣᠬᠤᠷ ᠵᠦᠴᠦᠭᠡ ︽ᠷᠦ᠋ ᠢ ᠵᠣᠴᠢᠳ ᠤᠨ ᠪᠠᠭᠤᠳᠠᠯ︾ ᠨᠢ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠃ ᠰᠦᠯᠵᠢᠶᠡᠨ ᠤ ᠺᠢᠨᠣ᠋ ︽ᠲᠡᠮᠡᠴᠡᠭᠴᠢ︾᠂ ᠰᠦᠯᠵᠢᠶᠡᠨ ᠤ ᠵᠦᠴᠦᠭᠡ ︽ᠪᠠᠭᠠᠴᠤᠳ ᠤᠨ ᠶᠢᠷᠲᠢᠨᠴᠦ ︾ ᠶᠢ ᠠᠢ ᠴᠢ ᠢ ᠲᠠᠪᠴᠠᠩ ᠳᠤ ᠨᠡᠪᠲᠡᠷᠡᠭᠦᠯᠵᠦ᠂ ᠲᠥᠪᠡᠳ ᠤᠨ ᠦᠢᠯᠡᠳᠦᠭᠰᠡᠨ ᠰᠦᠯᠵᠢᠶᠡᠨ ᠤ ᠺᠢᠨᠣ᠋ ᠂ ᠰᠦᠯᠵᠢᠶᠡᠨ ᠤ ᠲᠧᠯᠸᠢᠰ ᠵᠦᠴᠦᠭᠡ ᠨᠢ ᠪᠦᠬᠦ ᠤᠯᠤᠰ ᠤᠨ ᠭᠤᠣᠯᠳᠠᠯᠭ᠎ᠠ ᠲᠠᠢ ᠰᠦᠯᠵᠢᠶᠡᠨ ᠤ ᠦᠵᠡᠵᠦ ᠰᠣᠨᠣᠰᠬᠤ ᠲᠠᠪᠴᠠᠩ ᠳᠡᠭᠡᠷ᠎ᠡ ᠨᠡᠪᠲᠡᠷᠡᠭᠦᠯᠦᠭᠰᠡᠨ ᠬᠤᠭᠤᠰᠣᠨ ᠪᠠᠶᠢᠭᠰᠠᠨ ᠢ ᠨᠥᠬᠦᠪᠥᠷᠢᠯᠡᠪᠡ᠃ ᠲᠠᠪᠤᠨ ᠥᠪᠡᠷᠲᠡᠭᠡᠨ ᠵᠠᠰᠠᠬᠤ ᠣᠷᠣᠨ ᠲᠠᠢ ᠬᠠᠮᠲᠤᠷᠠᠨ ︽ᠭᠠᠷ ᠬᠤᠯᠪᠣᠨ ᠰᠡᠳᠬᠢᠯ ᠨᠢᠭᠡᠳᠦᠨ ᠰᠢᠨ᠎ᠡ ᠠᠶᠠᠨ ᠵᠠᠮ ᠳᠤ ᠪᠠᠨ ᠡᠷᠡᠯᠬᠡᠭᠯᠡᠨ ᠤᠷᠤᠭᠰᠢᠯᠠᠬᠤ ︾ ᠰᠦᠯᠵᠢᠶᠡᠨ ᠤ ᠣᠬᠤᠷ ᠸᠢᠳᠢᠤ᠋ ᠶᠢᠨ ᠤᠷᠤᠯᠳᠤᠭᠠᠨ ᠢ ᠡᠷᠬᠢᠯᠡᠵᠦ᠂ ︽ᠠᠨᠠᠷ ᠤᠨ ᠦᠷ᠎ᠡ ᠶᠢᠨ ᠰᠡᠳᠭᠢᠯᠭᠡ ᠶᠢ ᡀᠠᠰᠠ ᠲᠠᠢ ᠬᠤᠯᠪᠣᠬᠤ︾ ᠵᠡᠷᠭᠡ 10 ᠪᠦᠲᠦᠭᠡᠯ ᠱᠠᠩᠨᠠᠯ ᠣᠯᠤᠭᠰᠠᠨ ᠪᠥᠭᠡᠳ ᠳᠤᠮᠳᠠᠳᠤ ᠤᠯᠤᠰ ᠤᠨ ᠲᠥᠪᠡᠳ ᠤᠨ ᠲᠠᠭᠤᠨ ᠢ ᠬᠦᠴᠦᠲᠡᠢ ᠳᠠᠮᠵᠢᠭᠤᠯᠵᠠᠢ᠃  ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ  ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠢ ᠥᠷᠨᠢᠭᠦᠯᠵᠦ᠂ 3500 ᠤᠲᠠᠰᠤᠲᠤ ᠲᠧᠯᠸᠢᠰ ᠤᠨ ᠳᠠᠪᠲᠠᠮᠵᠢ ᠬᠤᠷᠢᠶᠠᠭᠤᠷ ᠵᠢᠴᠢ 23 ᠲᠦᠮᠡᠨ IPTV ᠶᠢᠨ ᠲᠧᠯᠸᠢᠰ ᠤᠨ ᠳᠠᠪᠲᠠᠮᠵᠢ ᠬᠤᠷᠢᠶᠠᠭᠤᠷ ᠤᠨ ᠠᠵᠢᠯᠯᠠᠭᠠᠨ ᠤ ᠵᠠᠰᠠᠯᠲᠠ ᠶᠢ ᠳᠥᠭᠦᠮᠴᠢᠯᠡᠵᠦ᠂ ᠤᠲᠠᠰᠤᠲᠤ ᠲᠧᠯᠸᠢᠰ ᠤᠨ ᠬᠡᠷᠡᠭᠯᠡᠭᠴᠢ ᠪᠤᠴᠠᠬᠤ ᠬᠠᠨᠳᠤᠰᠢ ᠢᠯᠡᠷᠡᠵᠦ᠂ ᠤᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠ ᠮᠡᠳᠡᠷᠡᠬᠦ ᠬᠡᠮᠵᠢᠶ᠎ᠡ ᠶᠡᠭᠡ ᠪᠠᠷ ᠳᠡᠭᠡᠭᠰᠢᠯᠡᠵᠡᠢ᠃ ︽ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠵᠢᠭᠦᠯᠬᠦ ᠪᠠᠷᠢᠮᠵᠢᠶ᠎ᠠ︾᠂ ︽ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠶᠠᠨ ᠤ ᠱᠠᠲᠤᠨ ᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠲᠥᠰᠦᠯ︾ ᠢ ᠲᠣᠭᠲᠠᠭᠠᠵᠤ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠵᠢᠷᠤᠮᠵᠢᠭᠤᠯᠤᠨ ᠳᠦᠷᠢᠮᠵᠢᠭᠦᠯᠬᠦ ᠶᠢ ᠲᠠᠰᠤᠷᠠᠯᠲᠠ ᠥᠬᠡᠶ ᠠᠬᠢᠭᠤᠯᠪᠠ᠃ ᠲᠧᠯᠸᠢᠰ ᠵᠦᠴᠦᠭᠡ ᠶᠢᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠪᠠᠷ ᠣᠷᠴᠢᠭᠤᠯᠵᠤ ᠦᠢᠯᠡᠳᠬᠦ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠰᠠᠷ᠎ᠠ ᠶᠢᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ 38 ᠲᠧᠯᠸᠢᠰ ᠵᠦᠴᠦᠭᠡ ᠶᠢᠨ 1383 ᠪᠦᠯᠦᠭ ᠢ ᠣᠷᠴᠢᠭᠤᠯᠵᠤ ᠦᠢᠯᠡᠳᠬᠦ ᠲᠧᠯᠸᠢᠰ ᠵᠦᠴᠦᠭᠡ ᠶᠢᠨ ᠢᠷᠡᠯᠲᠡ ᠶᠢ ᠬᠤᠪᠢᠶᠠᠷᠢᠯᠠᠬᠤ ᠠᠵᠢᠯ ᠢ ᠪᠡᠶᠡᠯᠡᠭᠦᠯᠪᠡ᠃ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠨᠢᠭᠡᠪᠦᠷᠢ ᠡᠳᠦᠷ ᠪᠦᠷᠢ ᠲᠣᠭᠲᠠᠭᠰᠠᠨ ᠴᠠᠭ ᠲᠤ ᠷᠠᠳᠢᠣ᠋ ᠨᠡᠪᠲᠡᠷᠡᠭᠦᠯᠭᠡ ᠨᠡᠪᠲᠡᠷᠡᠭᠦᠯᠬᠦ ᠶᠢ 90 ᠮᠢᠨᠦ᠋ᠲ ᠳᠤ ᠬᠦᠷᠭᠡᠬᠦ ᠶᠢ ᠪᠠᠶᠢᠷᠢᠯᠠᠭᠤᠯᠤᠨ ᠠᠬᠢᠭᠤᠯᠵᠤ᠂ ᠳᠤᠮᠳᠠᠴᠢ ᠨᠡᠪᠲᠡᠷᠡᠭᠦᠯᠭᠡ ᠶᠢᠨ ᠨᠤᠷᠮ᠎ᠠ ᠶᠢ 80% ᠠᠴᠠ ᠳᠡᠭᠡᠭᠰᠢ ᠳᠤ ᠬᠦᠷᠭᠡᠵᠦ ᠂ ᠲᠥᠪᠡᠳ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠠᠵᠢᠯ ᠤᠨ 29 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠷᠠᠳᠢᠣ᠋ ᠲᠧᠯᠸᠢᠰ ᠤᠨ ᠮᠡᠳᠡᠭᠡ ᠵᠠᠩᠭᠢ ᠶᠢᠨ ᠰᠦᠯᠵᠢᠶᠡᠨ ᠤ ᠦᠵᠡᠰᠭᠦᠯᠡᠩ ᠳᠡᠭᠡᠷ᠎ᠡ ᠲᠡᠷᠢᠭᠦᠨ ᠤ ᠬᠡᠷᠡᠭ ᠤᠨ ᠵᠢᠱᠢᠶ᠎ᠡ ᠶᠢᠨ ᠦᠵᠡᠭᠦᠯᠭᠡ ᠬᠢᠪᠡ᠃ ᠡᠯ᠎ᠡ ᠱᠠᠲᠤᠨ ᠤ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠨ ᠰᠢᠨ᠎ᠡ ᠨᠢᠭᠡ ᠦᠶ᠎ᠡ ᠶᠢᠨ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠤᠳᠤᠨ ᠤ ᠬᠦᠯᠢᠶᠡᠨ ᠠᠪᠬᠤ ᠲᠥᠬᠦᠭᠡᠷᠦᠮᠵᠢ ᠶᠢ 4.8 ᠲᠦᠮᠡ ᠭᠠᠷᠤᠢ ᠢᠵᠢ ᠰᠣᠯᠢᠬᠤ ᠶᠢ ᠠᠬᠢᠭᠤᠯᠵᠤ᠂ ᠲᠥᠪᠡᠳ ᠤᠨ ᠷᠠᠳᠢᠣ᠋ ᠲᠧᠯᠸᠢᠰ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠤᠷᠮ᠎ᠠ ᠲᠤᠰ ᠲᠤᠰ 99.5%᠂ 99.66% ᠳᠤ ᠬᠦᠷᠪᠡ᠃ ᡀᠠᠰᠠ ᠶᠢᠨ ᠴᠢᠦᠢ ᠱᠦᠢ ᠰᠢᠶᠠᠨ᠂ ᠱᠠᠨ ᠨᠠᠨ ᠤ ᠼᠦᠸᠧ ᠨᠠ ᠬᠤᠳᠠ ᠶᠢᠨ ᠪᠦᠭᠦ ᠤᠯᠤᠰ ᠤᠨ ᠷᠠᠳᠢᠤ᠋ ᠲᠧᠯᠸᠢᠰ ᠤᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠪᠠᠷᠢᠮᠵᠢᠶᠠᠵᠢᠭᠤᠯᠤᠯᠳᠠ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠬᠡᠷᠡᠭᠵᠢᠬᠦᠯᠵᠦ᠂ ᠦᠨᠳᠦᠰᠦᠳᠡᠨ ᠤ ᠭᠠᠵᠠᠷ ᠤᠷᠤᠨ ᠤ ᠤᠳᠠᠰᠤᠳᠤ ᠦᠨᠳᠦᠷ ᠲᠤᠳᠤᠷᠠᠴᠠᠲᠤ ᠲᠣᠭᠠᠵᠢᠭᠤᠯᠤᠭᠰᠠᠨ ᠲᠧᠯᠸᠢᠰ ᠤᠨ ᠳᠠᠪᠲᠠᠮᠵᠢ ᠬᠤᠷᠢᠶᠠᠭᠤᠷ ᠢ ᠲᠡᠯᠬᠡᠷᠡᠬᠦᠯᠬᠦ ᠲᠦᠷᠦᠯ ᠵᠦᠢᠯ ᠢ ᠬᠡᠷᠡᠭᠵᠢᠬᠦᠯᠵᠦ᠂ ᠷᠠᠳᠢᠤ᠋ ᠲᠧᠯᠸᠢᠰ ᠢ ᠴᠢᠳᠠᠮᠵᠢᠳᠤ ᠲᠤᠬᠠᠶᠢᠯᠠᠬᠰᠠᠨ ᠠᠵᠢᠯ ᠤᠨ ᠬᠡᠯᠪᠡᠷᠢ ᠠᠴᠠ ᠪᠠᠨ ᠰᠢᠨ᠎ᠠ ᠶᠢ ᠡᠭᠦᠳᠭᠦ ᠦᠢᠯᠡᠴᠢᠯᠡᠬᠡᠨ ᠤ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠪᠠ ᠃  ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠵᠢᠯ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠲᠦᠷᠭᠡᠳᠭᠡᠪᠡ  ᠷᠠᠳᠢᠣ᠋ ᠲᠧᠯᠸᠢᠰ ᠤᠨ ᠬᠦᠷᠢᠶᠡᠨ ᠳᠠᠬᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠳᠤᠮᠳᠠ ᠬᠤᠭᠤᠴᠠᠭᠠᠨ ᠤ ᠰᠢᠯᠢᠳᠡᠭᠵᠢᠭᠦᠯᠦᠨ ᠲᠣᠬᠢᠷᠠᠭᠤᠯᠬᠤ ᠰᠠᠨᠠᠭᠤᠯᠭ᠎ᠠ ᠶᠢᠨ ᠲᠥᠰᠦᠯ ᠪᠠ ︽ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠤᠲᠠᠰᠤᠲᠤ ᠲᠧᠯᠸᠢᠰ ᠤᠨ ᠰᠦᠯᠵᠢᠶ᠎ᠡ ᠶᠢ ᠡᠮᠬᠢᠯᠡᠨ ᠨᠡᠶᠢᠯᠡᠭᠦᠯᠵᠦ ᠬᠥᠭᠵᠢᠭᠦᠯᠬᠦ ᠬᠡᠷᠡᠭᠵᠢᠭᠦᠯᠬᠦ ᠲᠥᠰᠦᠯ︾ ᠢ ᠲᠣᠭᠲᠠᠭᠠᠨ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠪᠠ ᠃ ᠣᠶᠣᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ᠂ ︽ᠭᠤᠷᠪᠠᠨ ᠣᠷᠣᠨ ᠭᠤᠷᠪᠠᠨ ᠵᠧᠦ︾ ᠶᠢᠨ ᠬᠤᠲᠠ ᠶᠢᠨ ᠲᠠᠰ ᠤᠨ ᠷᠠᠳᠢᠣ᠋ ᠲᠧᠯᠸᠢᠰ ᠢ ᠠᠭᠤᠰᠤᠯᠴᠠᠭᠤᠯᠤᠨ ᠳᠡᠭᠡᠭᠰᠢᠯᠡᠭᠦᠯᠬᠦ ᠢᠨᠵᠧᠨᠧᠷᠢᠩ᠂ ᠲᠥᠪᠡᠳ ᠤᠨ ᠺᠢᠨᠣ᠋ ᠲᠧᠯᠸᠢᠰ ᠳᠠᠭᠤ ᠳᠦᠷᠰᠦ ᠮᠠᠲ᠋ᠧᠷᠢᠶᠠᠯ ᠤᠨ ᠬᠥᠮᠥᠷᠭᠡ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠷᠠᠳᠢᠣ᠋ ᠲᠧᠯᠸᠢᠰ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ ᠃ ᠲᠥᠪᠡᠳ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠬᠤᠯᠪᠣᠭ᠎ᠠ ᠶᠢ ᠪᠠᠶᠢᠭᠤᠯᠵᠤ᠂ ᠲᠣᠭᠤᠷᠢᠭ᠂ ᠬᠤᠲᠠ ᠂ ᠰᠢᠶᠠᠨ ᠤ 300 ᠭᠠᠷᠤᠶ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠬᠠᠮᠵᠢᠯᠴᠠᠨ ᠬᠥᠳᠡᠯᠦᠯᠴᠡᠬᠦ ᠤᠬᠠᠭᠤᠯᠭ᠎ᠠ ᠶᠢᠨ ᠲᠣᠭᠲᠠᠴᠠ ᠶᠢ ᠪᠦᠷᠢᠯᠳᠦᠭᠦᠯᠵᠦ᠂ ᠷᠠᠳᠢᠣ᠋ ᠲᠧᠯᠸᠢᠰ ᠤᠨ ᠭᠤᠤᠯ ᠬᠦᠴᠦᠨ ᠤ ᠢᠨᠲ᠋ᠧᠷ ᠰᠦᠯᠵᠢᠶᠡᠨ ᠤ ᠭᠤᠤᠯ ᠲᠡᠶᠢᠨ ᠤ ᠲᠠᠯᠠᠪᠤᠷ ᠲᠤ ᠣᠷᠣᠬᠤ ᠶᠢ ᠬᠦᠴᠦᠲᠡᠶ ᠠᠬᠢᠭᠤᠯᠪᠠ᠃ ᠪᠦᠬᠦ ᠣᠷᠣᠨ ᠤ ᠥᠷᠲᠡᠭᠡ ᠭᠠᠵᠠᠷ ᠤᠨ ᠳᠡᠭᠡᠷᠡᠬᠢ ᠲᠣᠭᠠᠵᠢᠭᠤᠯᠤᠭᠰᠠᠨ ᠲᠧᠯᠸᠢᠰ ᠤᠨ 700 ᠰᠠᠶ᠎ᠠ ᠳᠠᠪᠲᠠᠮᠵᠢ ᠶᠢ ᠨᠡᠭᠦᠯᠭᠡᠬᠦ ᠠᠵᠢᠯ ᠢ ᠪᠡᠶᠡᠯᠡᠭᠦᠯᠪᠡ ᠃ ᠨᠡᠪᠲᠡᠷᠡᠭᠦᠯᠬᠦ ᠵᠥᠪᠰᠢᠶᠡᠷᠡᠯ ᠤᠨ ᠦᠨᠡᠮᠯᠡᠯ 76᠂ ᠳᠠᠪᠲᠠᠮᠵᠢ ᠶᠢᠨ ᠰᠤᠪᠠᠭ ᠤᠨ ᠵᠥᠪᠰᠢᠶᠡᠷᠡᠯ ᠤᠨ ᠦᠨᠡᠮᠯᠡᠯ 111 ᠪᠠᠶᠢᠵᠤ᠂ 90 ᠭᠠᠷᠤᠶ ᠦᠢᠯᠡᠳᠬᠦ ᠪᠠᠶᠢᠭᠤᠯᠤᠮᠵᠢ ᠶᠢᠨ ᠣᠨ ᠤ ᠬᠢᠨᠠᠯᠲᠠ ᠶᠢᠨ ᠠᠵᠢᠯ ᠢ ᠪᠡᠶᠡᠯᠡᠭᠦᠯᠵᠦ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠪᠠᠶᠢᠭᠤᠯᠤᠮᠵᠢ ᠶᠢ 29 ᠰᠢᠨ᠎ᠡ ᠪᠠᠷ ᠨᠡᠮᠡᠭᠳᠡᠭᠦᠯᠪᠡ᠃  ᠨᠤᠲᠤᠭ ᠳᠡᠪᠢᠰᠬᠡᠷ ᠢᠶᠠᠨ ᠬᠠᠮᠠᠭᠠᠯᠠᠬᠤ ᠳᠤ ᠰᠠᠭᠤᠷᠢᠯᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠷᠠᠳᠢᠣ᠋ ᠲᠧᠯᠸᠢᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤᠵᠢᠭᠤᠯᠪᠠ  ᠬᠢᠨᠠᠨ ᠰᠣᠨᠣᠰᠴᠤ ᠬᠢᠨᠠᠨ ᠦᠵᠡᠬᠦ ᠪᠠ ᠤᠬᠠᠭᠤᠯᠬᠤ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠢᠨᠠᠨ ᠬᠠᠮᠢᠶᠠᠷᠴᠤ ᠦᠨᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠵᠢᠯ ᠳᠤ ︽ᠬᠢᠨᠠᠨ ᠰᠣᠨᠣᠰᠴᠤ ᠬᠢᠨᠠᠨ ᠦᠵᠡᠵᠦ ᠲᠦᠷᠭᠡᠨ ᠮᠡᠳᠡᠭᠡ ︾ ᠶᠢ 33 ᠬᠤᠭᠤᠴᠠᠭ᠎ᠠ᠂ ︽ᠦᠵᠡᠵᠦ ᠰᠣᠨᠣᠰᠬᠤ ᠦᠨᠡᠯᠡᠯᠲᠡ︾ ᠶᠢ 24 ᠬᠤᠭᠤᠴᠠᠭ᠎ᠠ ᠨᠠᠶᠢᠷᠠᠭᠤᠯᠤᠨ ᠲᠠᠷᠬᠠᠭᠠᠪᠠ᠃ ᠷᠠᠳᠢᠣ᠋ ᠲᠧᠯᠸᠢᠰ ᠤᠨ ᠫᠷᠤᠭ᠍ᠷᠠᠮ᠂ ᠰᠦᠯᠵᠢᠶᠡᠨ ᠤ ᠦᠵᠡᠵᠦ ᠰᠣᠨᠣᠰᠬᠤ ᠠᠭᠤᠯᠭ᠎ᠠ ᠵᠢᠴᠢ ᠠᠵᠢᠯᠳᠠᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ︽ᠵᠤᠭ᠎ᠠ ᠴᠡᠩᠭᠡᠯ ᠤᠨ ᠬᠦᠷᠢᠶ᠎ᠡ︾᠂ ︽ᠬᠤᠭᠤᠯᠠᠨ ᠤ ᠬᠦᠷᠢᠶ᠎ᠡ︾ ᠶᠢᠨ ᠡᠷᠦᠶ ᠬᠤᠷᠤᠶ ᠥᠬᠡᠶ ᠦᠵᠡᠭᠳᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠪᠡ ᠃ ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠬᠡᠮᠵᠢ ᠶᠢᠨ ᠲᠤᠰᠬᠠᠶ ᠴᠡᠭᠴᠡᠯᠡᠨ ᠵᠠᠰᠠᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠪᠥᠬᠦ ᠣᠷᠣᠨ ᠢ ᠵᠣᠬᠢᠶᠠᠨ ᠪᠠᠶᠢᠭᠤᠯᠤᠨ ︽ᠬᠠᠷ᠎ᠠ ᠷᠠᠳᠢᠣ᠋ ᠨᠡᠪᠲᠡᠷᠡᠭᠦᠯᠭᠡ︾᠂ ︽ᠪᠠᠷᠠᠭᠠᠨ ᠷᠠᠳᠢᠣ᠋ ᠨᠡᠪᠲᠡᠷᠡᠭᠦᠯᠭᠡ︾᠂ ︽ᠬᠠᠭᠤᠷᠮᠠᠭ ᠰᠠᠭᠤᠷᠢ ᠥᠷᠲᠡᠭᠡ︾ ᠶᠢᠨ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯᠯᠠᠭ᠎ᠠ ᠶᠢ 5.5 ᠲᠦᠮᠡ ᠭᠠᠷᠤᠶ ᠤᠳᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠦᠲᠦᠮᠵᠢᠲᠡᠶ ᠬᠠᠮᠠᠭᠠᠯᠠᠪᠠ᠃ ᠦᠨᠳᠦᠰᠦᠨ ᠱᠠᠲᠤᠨ ᠤ ᠬᠤᠷᠢᠶ᠎ᠠ ᠥᠷᠲᠡᠭᠡ ᠶᠢᠨ ᠨᠡᠪᠲᠡᠷᠡᠭᠦᠯᠬᠦ ᠰᠢᠰᠲ᠋ᠧᠮ ᠤᠨ ᠣᠶᠤᠨᠴᠢᠯᠠᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ ᠂ ᠳᠤᠮᠳᠠ ᠳᠣᠯᠭᠢᠶᠠᠨ᠂ ᠲᠤᠷᠰᠢᠯᠲᠠ᠂ ᠬᠢᠨᠠᠨ ᠬᠡᠮᠵᠢᠯᠲᠡ ᠵᠡᠷᠭᠡ ᠴᠢᠬᠤᠯᠠ ᠠᠮᠤᠷ ᠲᠦᠪᠰᠢᠨ ᠨᠡᠪᠲᠡᠷᠡᠭᠦᠯᠭᠡ ᠨᠢᠭᠡᠴᠢ ᠶᠢᠨ ᠠᠵᠢᠯᠯᠠᠭᠠᠨ ᠢ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠪᠠ ᠃ ᠬᠤᠶᠠᠲᠣᠭᠠᠷ ᠬᠤᠭᠤᠴᠠᠭᠠᠨ ᠤ ᠲᠥᠪᠡᠳ ᠤᠨ ᠷᠠᠳᠢᠣ᠋ ᠲᠧᠯᠸᠢᠰ ᠤᠨ ᠮᠠᠷᠭᠡᠵᠢᠯ ᠤᠨ ᠴᠢᠲᠠᠪᠤᠷᠢᠲᠠᠨ ᠤ ᠣᠷᠣᠯᠳᠣᠭᠠᠨ ᠢ ᠡᠷᠭᠢᠯᠠᠵᠤ᠂ ᠳᠣᠰᠬᠠᠢ ᠮᠠᠷᠭᠡᠵᠢᠯ ᠤᠨ ᠭᠤᠣᠯᠯᠠᠭᠴᠢ ᠶᠢ ᠰᠢᠯᠢᠨ ᠰᠣᠩᠭᠤᠵᠤ ᠂ ᠠᠶᠣᠯᠭᠦᠢ ᠳᠠᠮᠵᠢᠭᠤᠯᠭ᠎ᠠ ᠶᠢᠨ ᠪᠠᠲᠣᠯᠠᠭ᠎ᠠ ᠶᠢᠨ ᠬᠦᠴᠦᠨ ᠢ ᠪᠠᠯᠠᠣᠠᠭᠡᠭᠦ ᠶᠢᠨ ᠬᠠᠮᠲᠤ ᠪᠦᠭᠦ ᠤᠯᠤᠰ ᠤᠨ ᠮᠠᠷᠭᠡᠵᠢᠯ ᠤᠨ ᠴᠢᠲᠠᠪᠤᠷᠢᠲᠠᠨ ᠤ ᠣᠷᠣᠯᠲᠣᠭᠠᠨ ᠳᠤ ᠵᠣᠭᠢᠶᠠᠨ ᠪᠠᠶᠢᠭᠤᠯᠵᠤ᠂ ᠠᠩᠬ᠎ᠠ ᠤᠳᠠᠭ᠎ᠠ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ ᠪᠠ ᠬᠤᠪᠢ ᠬᠥᠮᠦᠨ ᠤ ᠰᠦᠯᠵᠢᠶᠡᠨ ᠤ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ