ᠱᠠᠨᠰᠢ ᠶᠢᠨ ᠷᠠᠳᠢᠣ᠋ ᠲᠧᠯᠸᠢᠰ᠄ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠴᠠᠭ ᠦᠶ᠎ᠡ ᠶᠢᠨ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2024/12/18
  2023 ᠣᠨ ᠳᠤ᠂ ᠱᠠᠨᠰᠢ ᠶᠢᠨ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠵᠥᠪ ᠴᠢᠭᠯᠡᠯ ᠢ ᠪᠠᠲᠤ ᠡᠵᠡᠮᠳᠡᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠳᠠᠪᠤᠷᠢ ᠪᠠ ᠠᠵᠤ ᠦᠢᠯᠡᠰ ᠤᠨ ᠪᠣᠳᠠᠲᠤ ᠬᠦᠴᠦᠨ ᠢ ᠪᠥᠬᠦ ᠲᠠᠯ᠎ᠠ ᠪᠠᠷ ᠴᠢᠩᠭᠠᠳᠬᠠᠵᠤ᠂ ᠰᠣᠨᠢᠨ ᠮᠡᠳᠡᠭᠡᠨ ᠤ ᠤᠬᠠᠭᠤᠯᠭ᠎ᠠ᠂ ᠰᠣᠳᠣᠨ ᠦᠢᠯᠡᠳᠪᠦᠷᠢᠯᠡᠯ᠂ ᠣᠯᠠᠨ ᠨᠡᠶᠢᠲᠡ ᠶᠢᠨ ᠦᠢᠯᠡᠴᠢᠯᠡᠭᠡ᠂ ᠣᠯᠠᠨ ᠤᠯᠤᠰ ᠤᠨ ᠳᠠᠮᠵᠢᠭᠤᠯᠭ᠎ᠠ ᠵᠡᠷᠭᠡ ᠲᠠᠯ᠎ᠠ ᠪᠠᠷ ᠪᠥᠬᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ ᠱᠠᠨᠰᠢ ᠮᠤᠵᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠱᠠᠨᠰᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ᠂ ᠪᠠᠷᠠᠭᠤᠨ ᠣᠷᠣᠨ ᠤ ᠵᠢᠱᠢᠶ᠎ᠡ ᠦᠵᠡᠭᠦᠯᠬᠦ ᠠᠵᠢᠯ ᠳᠤ ᠢᠳᠡᠪᠬᠢᠲᠡᠶ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠪᠠ ᠃  ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠭᠰᠠᠭᠠᠯ ᠢ ᠪᠤᠢ ᠪᠣᠯᠭᠠᠵᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠰᠦᠷ ᠬᠦᠴᠦᠨ ᠢ ᠪᠣᠢ ᠪᠣᠯᠭᠠᠪᠠ  ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠳᠡᠵᠦ᠂ ᠷᠠᠳᠢᠣ᠋ ᠲᠧᠯᠸᠢᠰ ᠤᠨ ᠵᠠᠭᠤᠴᠢᠯᠠᠭᠤᠷ ᠪᠣᠯᠤᠨ ᠰᠦᠯᠵᠢᠶᠡᠨ ᠤ ᠦᠵᠡᠵᠦ ᠰᠣᠨᠣᠰᠬᠤ ᠲᠠᠪᠴᠠᠩ ᠢ ᠨᠢᠭᠡᠳᠦᠯᠲᠡᠶ ᠲᠦᠯᠦᠪᠯᠡᠵᠦ ᠂ ᠭᠤᠤᠯ ᠰᠡᠳᠦᠪ ᠭᠤᠤᠯ ᠰᠢᠵᠢᠮ ᠢ ᠴᠢᠩᠭ᠎ᠠ ᠡᠵᠡᠮᠳᠡᠨ ᠬᠠᠮᠵᠢᠯᠴᠠᠨ ᠬᠦᠴᠦᠯᠡᠵᠦ᠂ ᠵᠡᠷᠭᠡ ᠪᠠᠷ ᠤᠷᠤᠭᠰᠢᠯᠠᠵᠤ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠳᠠᠯ ᠢ ᠪᠣᠶ ᠪᠣᠯᠭᠠᠪᠠ ᠃ ᠨᠢᠭᠡ ᠳᠤ᠂ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠬᠢᠷᠢ ᠪᠦᠲᠦᠮᠵᠢ 5 ᠵᠢᠯ ᠤᠨ ᠳᠣᠲᠣᠷ᠎ᠠ ᠬᠠᠮᠤᠭ ᠤᠨ ᠰᠠᠶᠢᠨ ᠪᠣᠯᠪᠠ᠃ ᠪᠦᠬᠦ ᠵᠢᠯ ᠳᠤ ᠭᠤᠣᠯ ᠰᠡᠳᠦᠪᠲᠦ ᠬᠥᠮᠦᠵᠢᠯ ᠤᠨ ᠰᠣᠨᠢᠨ ᠮᠡᠳᠡᠭᠡ ᠶᠢ 1146 ᠵᠤᠷᠪᠤᠰ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠮᠡᠳᠡᠭᠡᠯᠡᠯ ᠢ 51000 ᠭᠠᠷᠤᠢ ᠤᠳᠠᠭ᠎ᠠ ᠨᠡᠪᠲᠡᠷᠡᠭᠦᠯᠵᠦ ᠮᠡᠳᠡᠭᠡᠯᠡᠨ ᠂ ᠶᠡᠷᠦᠩᠬᠡᠢ ᠳᠠᠮᠵᠢᠭᠤᠯᠭ᠎ᠠ ᠶᠢᠨ ᠬᠡᠮᠵᠢᠶ᠎ᠡ ᠨᠢ 16 ᠳ᠋ᠦᠩᠰᠢᠭᠤᠷ ᠢ ᠳᠠᠪᠠᠵᠤ᠂ ᠴᠠᠭ ᠦᠶ᠎ᠡ ᠶᠢᠨ ᠤᠯᠤᠰ ᠲᠦᠷᠦ ᠶᠢᠨ ᠠᠵᠢᠯᠯᠠᠭ᠎ᠠ ᠶᠢᠨ ᠮᠡᠳᠡᠭᠡᠯᠡᠯ ᠤᠨ ᠳᠠᠮᠵᠢᠭᠤᠯᠭ᠎ᠠ ᠶᠢᠨ ᠬᠡᠮᠵᠢᠶᠡᠨ ᠤ ᠰᠢᠨ᠎ᠡ ᠲᠡᠮᠳᠡᠭᠯᠡᠯ ᠢ ᠰᠢᠨᠡᠳᠬᠡᠪᠡ ᠃ 2 ᠪᠦᠲᠦᠭᠡᠯ ᠨᠢ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠡᠭᠡ ᠱᠠᠩᠨᠠᠯ ᠢ ᠬᠦᠷᠲᠡᠵᠦ᠂ 2 ᠪᠦᠲᠦᠭᠡᠯ ᠨᠢ ᠳᠤᠮᠳᠠᠳᠤ ᠤᠯᠤᠰ ᠤᠨ ᠰᠣᠨᠢᠨ ᠮᠡᠳᠡᠭᠡᠨ ᠤ ᠱᠠᠩᠨᠠᠯ ᠢ ᠬᠦᠷᠲᠡᠵᠦ᠂ 2 ᠪᠦᠲᠦᠭᠡᠯ ᠨᠢ ᠪᠦᠬᠦ ᠤᠯᠤᠰ ᠤᠨ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ︽ᠵᠠᠭᠤᠨ ᠰᠢᠯᠢᠳᠡᠭ︾ ᠢ ᠬᠦᠷᠲᠡᠵᠦ᠂ 6 ᠪᠦᠲᠦᠭᠡᠯ ᠨᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠣᠨ ᠤ ᠪᠠ ᠤᠯᠠᠷᠢᠯ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠦᠭᠰᠡᠨ ᠫᠷᠤᠭ᠍ᠷᠠᠮ ᠢᠶᠠᠷ ᠦᠨᠡᠯᠡᠭᠳᠡᠪᠡ᠃ ᠬᠤᠶᠠᠷ ᠲᠤ᠂ ᠰᠣᠨᠢᠨ ᠮᠡᠳᠡᠭᠡᠨ ᠤ ᠤᠬᠠᠭᠤᠯᠭ᠎ᠠ ᠶᠢᠨ ᠨᠠᠷᠠᠲᠤ ᠲᠥᠷᠥᠯ ᠲᠡᠮᠳᠡᠭᠲᠦ ᠲᠣᠪᠤᠶᠢᠮ᠎ᠠ ᠦᠢᠯᠡᠳᠦᠯ ᠦᠵᠡᠭᠦᠯᠪᠡ ᠃ ᠪᠦᠬᠦ ᠮᠤᠵᠢ ᠶᠢᠨ 120 ᠠᠯᠪᠠᠨ ᠵᠠᠭᠤᠴᠢᠯᠠᠭᠤᠷ ᠤᠨ ᠲᠠᠩᠰᠠᠨ ᠨᠣᠮᠧᠷ ᠢ ᠴᠤᠭᠯᠠᠭᠤᠯᠤᠨ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢ ᠪᠠᠶᠢᠭᠤᠯᠵᠤ᠂ ᠷᠠᠳᠢᠣ᠋ ᠲᠧᠯᠸᠢᠰ ᠤᠨ ᠰᠦᠯᠵᠢᠶᠡᠨ ᠤ ᠤᠬᠠᠭᠤᠯᠭ᠎ᠠ ᠶᠢᠨ ︽ᠬᠠᠮᠲᠤᠷᠠᠭᠰᠠᠨ ᠬᠥᠯᠭᠡ ᠣᠩᠭᠤᠴᠠ︾᠂ ︽ᠬᠥᠬᠡ ᠰᠢᠭᠤᠳ ᠨᠡᠪᠲᠡᠷᠡᠭᠦᠯᠭᠡ︾ ᠵᠡᠷᠭᠡ ᠭᠤᠣᠯ ᠵᠠᠭᠤᠴᠢᠯᠠᠭᠤᠷ ᠤᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠦᠷᠦᠯ ᠲᠡᠮᠳᠡᠭᠲᠦ ᠶᠢᠨ ᠦᠢᠯᠡᠳᠦᠯ ᠢ ᠪᠦᠷᠢᠯᠳᠦᠭᠦᠯᠵᠦ᠂ ︽ᠲᠣᠷᠭᠠᠨ ᠵᠠᠮ ᠤᠨ ᠲᠦᠮᠡᠨ ᠭᠠᠵᠠᠷ ᠤᠨ ᠠᠶᠠᠯᠠᠯ ᠂ ᠬᠠᠮᠲᠤ ᠪᠠᠷ ᠠᠰᠢᠭ ᠬᠦᠷᠳᠡᠬᠦ ᠵᠠᠮ︾ ᠲᠤᠮᠤ ᠬᠡᠯᠪᠡᠷᠢ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ ᠪᠠᠳᠠᠷᠠᠯᠲᠤ ᠳᠤᠮᠳᠠᠳᠤ ᠤᠯᠤᠰ︾ ᠰᠦᠯᠵᠢᠶᠡᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠶᠡᠷᠦᠩᠬᠡᠢ ᠳᠠᠮᠵᠢᠭᠤᠯᠭ᠎ᠠ ᠶᠢᠨ ᠬᠡᠮᠵᠢᠶ᠎ᠡ 5.01 ᠳ᠋ᠦᠩᠰᠢᠭᠤᠷ ᠲᠤ ᠬᠦᠷᠪᠡ ᠃ ᠭᠤᠷᠪᠠ ᠳᠤ᠂ ᠭᠠᠳᠠᠭᠠᠳᠤ ᠤᠬᠠᠭᠤᠯᠭ᠎ᠠ ᠶᠢᠨ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ︽2023 ᠲᠣᠷᠭᠠᠨ ᠵᠠᠮ ᠤᠨ ᠵᠢᠶᠠ ᠨᠢᠶᠠᠠ ᠬᠤᠸᠠ • ᠲᠣᠷᠭᠠᠨ ᠵᠠᠮ ᠤᠨ ᠴᠠᠭᠠᠨ ᠰᠠᠷ᠎ᠠ ᠶᠢᠨ ᠥᠳᠡᠰᠢᠯᠡᠭᠡ︾ ᠶᠢᠨ ᠦᠵᠡᠭᠰᠡᠨ ᠬᠡᠮᠵᠢᠶ᠎ᠡ 10 ᠲᠦᠮᠡᠨ ᠤᠳᠠᠭ᠎ᠠ ᠬᠦᠷᠴᠦ ᠂ ᠳᠤᠮᠳᠠᠳᠤ ᠤᠯᠤᠰ ᠪᠠ ᠠᠷᠠᠪ ᠤᠨ ᠬᠠᠮᠲᠤᠷᠠᠭᠰᠠᠨ ᠪᠠᠷᠢᠮᠲᠠᠲᠤ ᠺᠢᠨᠣ᠋ ︽ᠰᠠᠨ ᠶᠤᠸᠠᠨ ᠰᠠᠭᠤᠭᠳᠠᠯ ︾ ᠨᠢ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠷᠠᠳᠢᠣ᠋ ᠲᠧᠯᠸᠢᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠵᠢᠩᠬᠢᠨᠢ ᠪᠠᠷ ᠨᠡᠶᠢᠲᠡᠯᠡᠪᠡ᠃ ︽2024 ᠲᠣᠷᠭᠠᠨ ᠵᠠᠮ ᠤᠨ ᠴᠠᠭᠠᠨ ᠰᠠᠷ᠎ᠠ ᠶᠢᠨ ᠦᠳᠡᠰᠢᠯᠡᠭᠡ︾᠂ ︽ᠳᠤᠮᠳᠠᠳᠤ ᠤᠯᠤᠰ ᠤᠨ ᠬᠠᠭᠤᠴᠢ ᠰᠤᠳᠤᠯᠤᠯ︾᠂ ︽2023 ᠲᠣᠷᠭᠠᠨ ᠵᠠᠮ ᠤᠨ ᠲᠦᠮᠡᠨ ᠭᠠᠵᠠᠷ ᠤᠨ ᠠᠶᠠᠯᠠᠯ︾ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ︽ᠲᠣᠷᠭᠠᠨ ᠵᠠᠮ ᠤᠨ ᠦᠵᠡᠵᠦ ᠰᠣᠨᠣᠰᠬᠤ ᠢᠨᠵᠧᠨᠧᠷᠢᠩ︾ ᠳᠤ ᠰᠣᠩᠭᠤᠭᠳᠠᠵᠤ᠂ ︽ᠳᠤᠮᠳᠠᠳᠤ ᠶᠠᠫᠣᠨ ᠺᠣᠷᠢᠶᠠ ᠶᠢᠨ ᠵᠠᠯᠠᠭᠤᠴᠤᠳ ᠤᠨ ᠦᠭᠡ ︾ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠠᠽᠢᠶ᠎ᠠ ᠲᠢᠪ ᠤᠨ ᠺᠢᠨᠣ᠋ ᠲᠧᠯᠸᠢᠰ ᠤᠨ ᠬᠠᠮᠲᠤᠷᠠᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠳᠤ ᠰᠣᠩᠭᠤᠭᠳᠠᠭᠰᠠᠨ ᠪᠥᠭᠡᠳ ᠲᠤᠰᠠᠯᠠᠮᠵᠢ ᠭᠥᠷᠳᠡᠪᠡ᠃  ᠦᠢᠯᠡᠴᠢᠯᠡᠭᠡ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠠᠭᠤᠯᠭ᠎ᠠ ᠶᠢᠨ ᠦᠢᠯᠡᠳᠪᠦᠷᠢᠯᠡᠯ ᠤᠨ ᠶᠠᠰᠤ ᠴᠢᠨᠠᠷ ᠢ ᠰᠠᠶᠢᠵᠢᠷᠠᠭᠤᠯᠪᠠ  ᠰᠡᠳᠦᠪ ᠤᠨ ᠲᠥᠯᠥᠪᠵᠢᠭᠦᠯᠭᠡ᠂ ᠵᠣᠬᠢᠶᠠᠨ ᠪᠦᠲᠦᠭᠡᠬᠦ ᠶᠢ ᠬᠥᠲᠥᠯᠦᠨ ᠵᠢᠯᠣᠭᠤᠳᠬᠤ ᠪᠠ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ ᠂ 918 ᠲᠦᠮᠡᠨ ᠲᠥᠭᠦᠷᠢᠭ ᠢᠶᠠᠷ ᠰᠣᠳᠣᠨ ᠪᠦᠲᠦᠭᠡᠯ ᠤᠨ ᠪᠦᠲᠦᠭᠡᠯᠭᠡ ᠶᠢ ᠱᠠᠩᠨᠠᠵᠤ ᠨᠥᠬᠦᠪᠥᠷᠢᠯᠡᠵᠦ᠂ ᠵᠣᠬᠢᠶᠠᠨ ᠪᠦᠲᠦᠭᠡᠬᠦ ᠪᠠᠶᠢᠭᠤᠯᠤᠮᠵᠢ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠪᠠᠳᠠᠷᠠᠭᠤᠯᠵᠤ᠂ ᠰᠣᠳᠣᠨ ᠪᠦᠲᠦᠭᠡᠯ ᠤᠨ ᠪᠦᠲᠦᠭᠡᠯᠭᠡ ᠶᠢᠨ ᠭᠢᠯᠠᠰ ᠴᠡᠭ ᠬᠤᠶᠢᠨ᠎ᠠ ᠬᠤᠶᠢᠨ᠎ᠠ ᠠᠴᠠ ᠪᠠᠨ ᠲᠣᠳᠣᠷᠠᠵᠤ᠂ ᠤᠯᠠᠷᠢᠯ ᠤᠨ ᠰᠢᠯᠢᠳᠡᠭ ᠰᠢᠯᠭᠠᠷᠠᠭᠤᠯᠤᠯᠲᠠ ᠳᠤ ᠤᠳᠠᠭ᠎ᠠ ᠳᠠᠷᠠᠭᠠᠯᠠᠨ ᠵᠢᠭᠰᠠᠭᠠᠭᠳᠠᠵᠤ᠂ ᠤᠯᠤᠰ ᠤᠨ ᠲᠣᠮᠣ ᠱᠠᠩᠨᠠᠯ ᠤᠨ ᠵᠢᠭᠰᠠᠭᠠᠯᠲᠠ ᠳᠤ ᠣᠷᠤᠵᠤ ᠂ 8 ᠪᠦᠲᠦᠭᠡᠯ ᠨᠢ ᠱᠠᠨᠰᠢ ᠮᠣᠵᠢ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤ ᠨᠢᠭᠡ ᠶᠢᠨ ᠢᠨᠵᠧᠨᠧᠷᠢᠩ︾ ᠤᠨ ᠱᠠᠩᠨᠠᠯ ᠢ ᠬᠦᠷᠲᠡᠵᠦ ᠂ ᠭᠤᠷᠪᠠᠨ ᠤ ᠨᠢᠭᠡ ᠬᠤᠪᠢ ᠶᠢ ᠡᠵᠡᠯᠡᠪᠡ᠃ ᠨᠢᠭᠡ ᠳᠤ ᠂ ᠲᠧᠯᠸᠢᠰ ᠵᠦᠴᠦᠭᠡ ᠶᠢᠨ ᠵᠤᠬᠢᠶᠠᠨ ᠪᠦᠲᠦᠭᠡᠯᠭᠡ ᠦᠷᠭᠦᠯᠵᠢᠯᠡᠨ ᠴᠡᠴᠡᠭᠯᠡᠨ ᠬᠥᠭᠵᠢᠪᠡ᠃ ︽ᠪᠠᠷᠠᠭᠤᠨ ᠵᠧᠦ ᠶᠢᠨ ᠰᠠᠯᠬᠢᠨ︾᠂ ︽ᠲᠠᠰᠤᠯᠤᠯᠲᠠ ᠶᠢᠨ ᠪᠢᠴᠢᠭ︾ ᠨᠢ ᠨᠢᠭᠡᠳᠦᠭᠡᠷ ᠹᠷᠣᠨᠲ ᠤᠨ ᠣᠳᠣᠨ ᠲᠧᠯᠸᠢᠰ ᠤᠨ ᠰᠢᠵᠢᠷ ᠠᠯᠲᠠᠨ ᠴᠠᠭ ᠪᠠ ᠲᠡᠷᠢᠭᠦᠨ ᠬᠡᠰᠡᠭ ᠤᠨ ᠸᠢᠳᠢᠣ᠋ ᠶᠢᠨ ᠰᠦᠯᠵᠢᠶᠡᠨ ᠳᠡᠭᠡᠷ᠎ᠡ ᠬᠥᠭᠵᠢᠶᠡᠨᠲᠡᠶ ᠨᠡᠪᠲᠡᠷᠡᠭᠦᠯᠦᠭᠳᠡᠵᠦ ᠂ ︽ᠪᠠᠷᠠᠭᠤᠨ ᠬᠤᠶᠢᠲᠤ ᠶᠢᠨ ᠣᠨ ᠰᠠᠷ᠎ᠠ︾᠂ ︽ᠭᠤᠤᠯ ᠳᠦᠷᠢ︾ ᠵᠡᠷᠭᠡ ᠭᠤᠤᠯᠳᠠᠯᠭ᠎ᠠ ᠪᠣᠯᠬᠤ ᠵᠦᠴᠦᠭᠡ ᠨᠤᠭᠤᠳ ᠤᠷᠤᠭᠰᠢᠲᠠᠶ ᠠᠭᠢᠵᠤ᠂ ︽ᠪᠠᠷᠠᠭᠤᠨ ᠣᠷᠣᠨ ᠤ ᠺᠢᠨᠣ᠋ ᠲᠧᠯᠸᠢᠰ︾ ᠪᠠ ︽ᠤᠳᠬ᠎ᠠ ᠵᠣᠬᠢᠶᠠᠯ ᠤᠨ ᠱᠠᠨᠰᠢ ᠶᠢᠨ ᠴᠡᠷᠢᠭ︾ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠢᠵᠤ᠂ 5 ᠤᠳᠬ᠎ᠠ ᠵᠣᠬᠢᠶᠠᠯ ᠤᠨ ᠪᠦᠲᠦᠭᠡᠯ ᠢ ᠲᠧᠯᠸᠢᠰ ᠵᠦᠴᠦᠭᠡ ᠶᠢᠨ ᠪᠦᠲᠦᠭᠡᠯ ᠪᠣᠯᠭᠠᠨ ᠥᠭᠡᠷᠡᠴᠢᠯᠡᠨ ᠨᠠᠶᠢᠷᠠᠭᠤᠯᠬᠤ ᠰᠡᠳᠦᠪ ᠤᠨ ᠭᠤᠶᠤᠴᠢᠯᠠᠨ ᠮᠡᠳᠡᠭᠦᠯᠬᠦ ᠳᠠᠩᠰᠠᠯᠠᠯᠲᠠ ᠶᠢ ᠨᠡᠶᠢᠲᠡᠯᠡᠪᠡ᠃ ᠬᠤᠶᠠᠷ ᠲᠤ᠂ ᠪᠠᠷᠢᠮᠲᠠᠲᠤ ᠹᠢᠯᠢᠮ ᠤᠨ ᠪᠦᠲᠦᠭᠡᠯᠭᠡ ᠪᠦᠬᠦ ᠤᠯᠤᠰ ᠤᠨ ᠨᠢᠭᠡᠳᠦᠭᠡᠷ ᠵᠢᠭᠰᠠᠭᠠᠯ ᠳᠤ ᠣᠷᠣᠪᠠ᠃ ︽ᠴᠢᠨ ᠯᠢᠩ ᠳᠠᠪᠠᠭ᠎ᠠ ᠶᠢ ᠰᠠᠬᠢᠨ ᠪᠠᠷᠠᠯᠠᠬᠤᠶ᠎ᠠ︾᠂ ︽ᠬᠥᠳᠡᠭᠡ ᠶᠢᠨ ᠬᠤᠭᠤᠷᠤᠨᠳᠤ ︾ ᠵᠡᠷᠭᠡ 7 ᠪᠠᠷᠢᠮᠲᠠᠲᠤ ᠺᠢᠨᠣ᠋᠂ 3 ᠺᠠᠷᠲ᠋ᠣᠨ ᠺᠢᠨᠣ᠋ ᠶᠢ ᠶᠡᠷᠦᠩᠬᠡᠶ ᠬᠤᠷᠢᠶ᠎ᠠ ᠶᠢᠨ ᠰᠦᠯᠵᠢᠶᠡᠨ ᠳᠤ ᠭᠠᠷᠭᠠᠭᠰᠠᠨ ᠵᠡᠷᠭᠡ ᠭᠤᠤᠯ ᠲᠠᠪᠴᠠᠩ ᠳᠡᠭᠡᠷ᠎ᠡ ᠭᠠᠷᠭᠠᠵᠤ᠂ 13 ᠪᠠᠷᠢᠮᠲᠠᠲᠤ ᠺᠢᠨᠣ᠋ ᠨᠢ 2023 ᠵᠣᠨ ᠤ ᠠᠮᠠᠷᠠᠯᠲᠠ ᠶᠢᠨ ᠶᠡᠷᠦᠩᠬᠡᠶ ᠬᠤᠷᠢᠶ᠎ᠠ ᠶᠢᠨ ᠪᠠᠷᠢᠮᠲᠠᠲᠤ ᠺᠢᠨᠤ᠋ ᠶᠢᠨ ᠦᠵᠡᠭᠦᠯᠭᠡ ᠶᠢᠨ ᠤᠯᠠᠷᠢᠯ ᠳᠤ ᠰᠣᠩᠭᠤᠭᠳᠠᠵᠤ᠂ ᠪᠠᠷᠢᠮᠲᠠᠲᠤ ᠺᠢᠨᠣ᠋ ︽ᠭᠤᠸᠠ ᠪᠣᠯᠪᠠᠰᠤᠷᠠᠪᠠ ︾ ᠵᠡᠷᠭᠡ ᠨᠢ ᠲᠣᠰ ᠲᠣᠰ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠢᠮᠲᠠᠲᠤ ᠺᠢᠨᠤ᠋ ᠶᠢᠨ ᠶᠡᠭᠡ ᠬᠤᠷᠠᠯ ᠤᠨ ᠱᠠᠩᠨᠠᠯ ᠢ 5 ᠬᠦᠷᠲᠡᠪᠡ᠃ ᠭᠤᠷᠪᠠ ᠳᠤ᠂ ᠷᠠᠳᠢᠣ᠋ ᠵᠦᠴᠦᠭᠡ ᠦᠢᠯᠡᠳᠴᠦ ᠨᠡᠪᠲᠡᠷᠡᠭᠦᠯᠬᠦ ᠠᠵᠢᠯ ᠰᠢᠨ᠎ᠡ ᠠᠬᠢᠴᠠ ᠲᠠᠢ ᠪᠣᠯᠪᠠ᠃ 49 ᠷᠠᠳᠢᠣ᠋ ᠵᠦᠴᠦᠭᠡ ᠲᠥᠪ ᠤᠨ ᠲᠠᠪᠴᠠᠩ ᠳᠤ ᠭᠠᠷᠴᠤ᠂ ︽ᠲᠤᠩᠭᠠᠯᠠᠭ ᠤᠰᠤᠨ ᠠᠴᠠ ᠤᠮᠠᠷᠠᠰᠢ︾ ᠨᠢ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠢ ᠬᠦᠷᠲᠡᠪᠡ᠃ ᠲᠦᠷᠪᠡ ᠳᠤ᠂ ᠰᠦᠯᠵᠢᠶᠡᠨ ᠤ ᠦᠵᠡᠵᠦ ᠰᠣᠨᠣᠰᠬᠤ ᠲᠣᠭᠯᠠᠯᠲᠠ ᠥᠷᠨᠢᠨ ᠬᠥᠭᠵᠢᠪᠡ᠃ 60% ᠶᠢᠨ ᠲᠠᠷᠬᠠᠭᠠᠯᠲᠠ ᠶᠢᠨ ᠬᠡᠮᠵᠢᠶ᠎ᠡ ᠨᠢ ᠮᠢᠩᠭᠠᠨ ᠲᠦᠮᠡᠨ ᠳᠡᠰ ᠠᠴᠠ ᠳᠡᠭᠡᠭᠰᠢᠬᠢ ᠵᠢᠵᠢᠭ ᠵᠦᠴᠦᠭᠡ ᠶᠢ ᠱᠠᠨᠰᠢ ᠮᠣᠵᠢ ᠶᠢᠨ ᠵᠣᠬᠢᠶᠠᠨ ᠪᠦᠲᠦᠭᠡᠬᠦ ᠪᠠᠶᠢᠭᠤᠯᠤᠮᠵᠢ ᠠᠴᠠ ᠬᠠᠷᠢᠭᠤᠴᠠᠨ ᠦᠢᠯᠡᠳᠪᠡ ᠃ ︽ᠰᠠᠷᠠᠨ ᠲᠥᠭᠦᠷᠢᠭ︾ ︽ ᠴᠢᠨ ᠯᠢᠩ ᠳᠠᠪᠠᠭ᠎ᠠ ᠶᠢ ᠰᠠᠬᠢᠨ ᠪᠠᠷᠠᠯᠠᠬᠤᠶ᠎ᠠ︾ ᠵᠡᠷᠭᠡ 6 ᠪᠦᠲᠦᠭᠡᠯ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠭᠤᠣᠯ ᠰᠡᠳᠦᠪᠲᠦ ᠤᠤᠭᠠᠯ ᠡᠭᠦᠳᠦᠯᠲᠡ ᠶᠢᠨ ᠰᠦᠯᠵᠢᠶᠡᠨ ᠤ ᠦᠵᠡᠵᠦ ᠰᠣᠨᠣᠰᠬᠤ ᠰᠢᠯᠢᠳᠡᠭ ᠫᠷᠤᠭ᠍ᠷᠠᠮ᠂ ᠱᠠᠨᠰᠢ ᠶᠢᠨ ᠲᠣᠪᠴᠢᠶ᠎ᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠱᠠᠩᠨᠠᠯ ᠢ ᠬᠦᠷᠲᠡᠪᠡ ᠃  ᠰᠢᠰᠲ᠋ᠧᠮ ᠤᠨ ᠦᠵᠡᠯᠲᠡ ᠪᠠᠨ ᠪᠠᠲᠤᠵᠢᠭᠤᠯᠵᠤ ᠂ ᠠᠵᠢᠯ ᠲᠦᠷᠦᠯ ᠤᠨ ᠬᠠᠮᠢᠶᠠᠷᠤᠯᠲᠠ ᠵᠠᠰᠠᠯᠲᠠ ᠶᠢ ᠪᠤᠲᠠᠲᠠᠶᠢᠵᠢᠭᠤᠯᠪᠠ  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠠᠵᠢᠯ ᠲᠥᠷᠥᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠨᠢᠭᠡ ᠳᠤ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠨᠢᠭᠡᠳᠦᠭᠡᠷ ᠱᠠᠲᠤᠨ ᠤ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠪᠥᠬᠦ ᠮᠤᠵᠢ ᠶᠢᠨ 305 ᠲᠦᠮᠡᠨ ᠤᠲᠠᠰᠤᠲᠤ ᠲᠧᠯᠸᠢᠰ ᠤᠨ ᠬᠡᠷᠡᠭᠯᠡᠭᠴᠢ ᠪᠠ 484.9 ᠲᠦᠮᠡᠨ IPTV ᠶᠢᠨ ᠬᠡᠷᠡᠭᠯᠡᠭᠴᠢ ᠮᠠᠰᠢᠨ ᠢᠶᠠᠨ ᠨᠡᠬᠡᠭᠡᠮᠡᠭᠴᠡ ᠰᠢᠭᠤᠳ ᠨᠡᠪᠲᠡᠷᠡᠭᠦᠯᠭᠡ ᠦᠵᠡᠬᠦ᠂ ᠮᠠᠰᠢᠨ ᠨᠡᠭᠡᠭᠡᠬᠦ ᠴᠠᠭ ᠢ ᠪᠣᠭᠤᠨᠢᠰᠬᠠᠬᠤ᠂ ᠪᠤᠴᠠᠵᠤ ᠦᠵᠡᠬᠦ ᠠᠵᠢᠯᠯᠠᠭ᠎ᠠ ᠶᠢ ᠳᠥᠭᠦᠮᠴᠢᠯᠡᠬᠦ ᠵᠡᠷᠭᠡ ᠵᠠᠰᠠᠬᠤ ᠡᠭᠦᠷᠭᠡ ᠶᠢ ᠪᠡᠶᠡᠯᠡᠭᠦᠯᠵᠦ᠂ ᠮᠤᠵᠢ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ ᠴᠣᠬᠤᠯᠠᠪᠤᠷᠢ ᠨᠤᠲᠠᠯᠠᠯᠲᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠰᠠᠶᠢᠰᠢᠶᠠᠯ ᠢ ᠤᠯᠪᠠ᠃ ᠬᠤᠶᠠᠷ ᠲᠤ᠂ ᠷᠠᠳᠢᠣ᠋ ᠲᠧᠯᠸᠢᠰ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠪᠠ ᠦᠴᠦᠬᠡᠨ ᠠᠯᠳᠠᠰᠢ ᠦᠭᠡᠢ ᠪᠠᠶᠢᠬᠤ ᠶᠢ ᠪᠠᠲᠤᠯᠠᠪᠠ ᠃ 9 ᠪᠠᠲᠤᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠢᠶᠠᠷ ᠨᠡᠪᠲᠡᠷᠡᠭᠦᠯᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠦᠷᠦᠭᠦᠴᠢ ᠰᠦᠯᠵᠢᠶᠡᠨ ᠤ ᠠᠮᠤᠷ ᠲᠦᠪᠰᠢᠨ ᠤ ᠲᠤᠰᠢᠶᠠᠯᠲᠠᠨ ᠤ ᠲᠦᠷᠢᠮ ᠢ ᠪᠠᠶᠢᠭᠤᠯᠵᠤ᠂ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠳᠤ 7 × 24 ᠴᠠᠭ ᠢᠶᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠷᠭᠡᠵᠢᠯ ᠤᠨ ᠪᠠᠶᠢᠴᠠᠭᠠᠨ ᠬᠡᠮᠵᠢᠯᠲᠡ ᠬᠢᠵᠦ᠂ ᠪᠥᠬᠦ ᠵᠢᠯ ᠤᠨ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ︽ᠥᠴᠦᠬᠡᠨ ᠴᠦ ᠠᠯᠳᠠᠰᠢ ᠥᠬᠡᠶ︾ ᠪᠠᠶᠢᠬᠤ ᠶᠢ ᠪᠠᠲᠤᠯᠠᠪᠠ᠃ ᠭᠤᠷᠪᠠ ᠳᠤ ᠂ ᠦᠵᠡᠯ ᠤᠬᠠᠮᠰᠠᠷ ᠤᠨ ᠬᠡᠯᠪᠡᠷᠢ ᠶᠢᠨ ᠰᠡᠷᠭᠡᠶᠢᠯᠡᠯᠲᠡ ᠶᠢᠨ ᠱᠤᠭᠤᠮ ᠢ ᠨᠡᠩ ᠪᠠᠬᠢᠵᠢᠭᠦᠯᠪᠡ᠃ ᠰᠣᠶᠣᠯ ᠴᠡᠩᠭᠡᠯ ᠤᠨ ᠬᠦᠷᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠡᠮᠬᠢ ᠳᠢᠭᠯᠢᠮ ᠶᠡᠷᠦᠩᠬᠡᠢ ᠳᠤ ᠪᠠᠨ ᠰᠠᠶᠢᠨ ᠪᠠᠶᠢᠨ᠎ᠠ᠃ ᠪᠥᠬᠦ ᠮᠤᠵᠢ ᠶᠢᠨ 54 ᠤᠯᠤᠰ ᠤᠨ ᠥᠮᠴᠢᠯᠡᠯ ᠤᠨ ᠺᠢᠨᠣ᠋ ᠲᠧᠯᠸᠢᠰ ᠤᠨ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠰᠢᠯᠭᠠᠨ ᠬᠢᠨᠠᠬᠤ ᠶᠢ ᠪᠡᠶᠡᠯᠡᠭᠦᠯᠵᠦ᠂ ︽ᠬᠤᠤᠰ ᠦᠷ᠎ᠡ ᠪᠦᠲᠦᠮᠵᠢ ᠶᠢ ᠨᠢᠭᠡᠳᠦᠯᠲᠡᠶ ᠪᠠᠶᠢᠯᠭᠠᠬᠤ︾ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃  ︽ᠬᠤᠶᠠᠷ ᠭᠤᠷᠪᠠ ᠳᠥᠷᠪᠡ︾ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠲᠣᠭᠲᠠᠪᠤᠷᠢᠵᠢᠭᠤᠯᠪᠠ  ︽ᠬᠤᠶᠠᠷ ᠭᠤᠷᠪᠠ ᠳᠥᠷᠪᠡ︾ ᠠᠵᠢᠯ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠦᠯᠦᠪᠯᠡᠪᠡ ᠃ ᠨᠢᠭᠡ ᠳᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠶᠡᠭᠡ ᠪᠠᠷ ᠲᠡᠳᠬᠦᠪᠡ ᠃ ᠪᠦᠬᠦ ᠮᠤᠵᠢ ᠶᠢᠨ ᠷᠠᠳᠢᠣ᠋ ᠲᠧᠯᠧᠢᠰ ᠤᠨ ᠫᠷᠣᠭ᠍ᠷᠠᠮ ᠦᠢᠯᠡᠳᠬᠦ ᠡᠵᠡᠩᠨᠡᠯᠲᠡ ᠶᠢᠨ ᠪᠠᠶᠢᠭᠤᠯᠭ᠎ᠠ 1537 ᠪᠣᠯᠵᠤ ᠨᠡᠮᠡᠭᠳᠡᠪᠡ᠃ ᠸᠠᠨ ᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶᠡᠨ ᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 37 ᠭᠤᠤᠯᠳᠠᠯᠭ᠎ᠠ ᠲᠠᠢ ᠲᠥᠷᠥᠯ ᠵᠦᠢᠯ ᠢ ᠲᠣᠭᠲᠠᠭᠠᠵᠤ᠂ ᠶᠡᠷᠦᠩᠬᠡᠶ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷᠤᠭ 96.02 ᠳ᠋ᠦᠩᠰᠢᠭᠤᠷ ᠲᠥᠭᠦᠷᠢᠭ ᠲᠤ ᠬᠦᠷᠴᠦ᠂ 2 ᠲᠥᠷᠥᠯ ᠵᠦᠢᠯ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠬᠥᠮᠥᠷᠭᠡ ᠳᠤ ᠰᠣᠩᠭᠤᠭᠳᠠᠪᠠ᠃ ᠪᠠᠷᠠᠭᠤᠨ ᠬᠡᠰᠡᠭ ᠤᠨ ᠴᠣᠷ ᠤᠨ ᠭᠠᠭᠴᠠ ᠨᠡᠪᠲᠡᠷᠡᠭᠦᠯᠦᠭᠴᠢ ᠬᠥᠲᠦᠯᠦᠭᠴᠢ ᠶᠢᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠢᠷᠢ ᠬᠡᠮ ᠲᠠᠢ ᠮᠤᠵᠢ ᠶᠢᠨ ᠱᠠᠲᠤᠨ ᠤ ᠰᠢᠯᠭᠠᠷᠠᠭᠤᠯᠬᠤ ᠺᠣᠮᠢᠰ ᠢ ᠵᠣᠬᠢᠶᠠᠨ ᠪᠠᠶᠢᠭᠤᠯᠵᠤ᠂ ᠠᠩᠬ᠎ᠠ ᠤᠳᠠᠭ᠎ᠠ ᠨᠡᠪᠲᠡᠷᠡᠭᠦᠯᠦᠭᠴᠢ ᠬᠥᠲᠦᠯᠦᠭᠴᠢ ᠶᠢᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠲᠤᠰᠠᠭᠠᠷ ᠥᠷᠨᠢᠭᠦᠯᠵᠦ᠂ ᠠᠵᠢᠯ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠠᠰᠢᠭᠲᠠᠢ ᠨᠥᠬᠦᠴᠡᠯ ᠬᠠᠩᠭᠠᠪᠠ᠃ ᠬᠤᠶᠠᠷ ᠲᠤ ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠳᠤ ᠰᠢᠪᠲᠤᠯᠤᠯᠲᠠ ᠲᠠᠢ ᠪᠣᠯᠪᠠ᠃ ᠱᠠᠨᠰᠢ ᠮᠤᠵᠢ ᠶᠢᠨ ᠰᠣᠨᠢᠨ ᠮᠡᠳᠡᠭᠡ᠂ ᠴᠢ ᠳ᠋ᠢᠶᠠᠨ ᠰᠣᠨᠢᠨ ᠮᠡᠳᠡᠭᠡ ᠵᠡᠷᠭᠡ 5 ᠨᠢᠭᠡᠴᠢ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠳᠤ ᠰᠣᠩᠭᠤᠭᠳᠠᠵᠤ᠂ ᠲᠤᠭ᠎ᠠ ᠬᠡᠮᠵᠢᠶ᠎ᠡ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠵᠠᠶ᠃ 2023 ᠣᠨ ᠳᠤ ᠪᠥᠬᠦ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠬᠤᠰᠢᠭᠤᠴᠢ ᠨᠢᠭᠡᠴᠢ ᠂ ᠨᠡᠶᠢᠲᠡᠯᠢᠭ ᠬᠡᠷᠡᠭ ᠤᠨ ᠵᠢᠱᠢᠶ᠎ᠡ᠂ ᠦᠰᠦᠨ ᠪᠤᠶᠢᠵᠢᠯᠲᠠ ᠶᠢᠨ ᠲᠥᠷᠥᠯ ᠵᠦᠢᠯ ᠤᠨ ᠡᠴᠦᠰ ᠤᠨ ᠦᠨᠡᠯᠡᠯᠲᠡ ᠶᠢᠨ ᠬᠤᠷᠠᠯ ᠰᠢ ᠠᠨ ᠳᠤ ᠶᠠᠪᠤᠭᠳᠠᠵᠤ᠂ ᠱᠠᠨᠰᠢ ᠶᠢᠨ 4 ᠲᠥᠷᠥᠯ ᠵᠦᠢᠯ ᠨᠢ ᠲᠣᠰ ᠲᠣᠰ ᠪᠥᠬᠦ ᠤᠯᠤᠰ ᠤᠨ ᠵᠠᠭᠤᠴᠢᠯᠠᠭᠤᠷ ᠤᠨ ᠠᠭᠤᠰᠤᠯᠴᠠᠯ ᠤᠨ ᠬᠤᠰᠢᠭᠤᠴᠢ ᠨᠢᠭᠡᠴᠢ ᠂ ᠨᠡᠶᠢᠲᠡᠯᠢᠭ ᠬᠡᠷᠡᠭ ᠤᠨ ᠵᠢᠱᠢᠶ᠎ᠡ᠂ ᠦᠰᠦᠨ ᠪᠤᠶᠢᠵᠢᠯᠲᠠ ᠶᠢᠨ ᠲᠥᠷᠥᠯ ᠵᠦᠢᠯ ᠳᠤ ᠰᠣᠩᠭᠤᠭᠳᠠᠵᠤ᠂ ᠥᠩᠭᠡᠷᠡᠭᠰᠡᠨ ᠵᠢᠯ ᠤᠳ ᠤᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠭᠤᠷᠪᠠ ᠳᠤ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠪᠡ ᠃ 10 ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠬᠠᠮᠢᠶ᠎ᠠ ᠪᠦᠬᠦᠢ ᠲᠤᠷᠰᠢᠯᠭ᠎ᠠ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠳᠡᠯᠭᠡᠷᠡᠭᠦᠯᠦᠯᠲᠡ ᠶᠢ ᠣᠯᠪᠠ᠃ ᠷᠠᠳᠢᠣ᠋ ᠲᠧᠯᠸᠢᠰ ᠤᠨ 5G ᠶᠢᠨ ᠬᠡᠷᠡᠭᠯᠡᠯᠲᠡ ᠂ ︽ᠤᠶᠤᠨᠲᠤ ᠷᠠᠳᠢᠣ᠋ ᠲᠧᠯᠸᠢᠰ + ᠣᠯᠠᠨ ᠨᠡᠶᠢᠲᠡ ᠶᠢᠨ ᠦᠢᠯᠡᠴᠢᠯᠡᠭᠡ ︾ ᠪᠠ ᠪᠥᠬᠦ ᠮᠤᠵᠢ ᠶᠢᠨ ᠬᠥᠳᠡᠭᠡ ᠲᠣᠰᠬᠤᠨ ᠤ ᠭᠡᠷᠡᠯᠴᠢ ᠰᠦᠯᠵᠢᠶᠡᠨ ᠤ ᠥᠭᠡᠷᠡᠴᠢᠯᠡᠯᠲᠡ ᠵᠡᠷᠭᠡ ᠲᠥᠷᠥᠯ ᠵᠦᠢᠯ ᠤᠳ ᠢ ᠬᠦᠴᠦᠲᠡᠶ ᠠᠬᠢᠭᠤᠯᠪᠠ᠃ 3 ᠰᠢᠶᠠᠨ ᠤ ᠱᠠᠲᠤᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠢ ᠪᠠᠶᠢᠭᠤᠯᠤᠨ ᠪᠦᠲᠦᠭᠡᠵᠦ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠨᠤᠲᠠᠯᠠᠯᠲᠠ ᠶᠢ ᠣᠯᠪᠠ᠃ 700 ᠰᠠᠶ᠎ᠠ ᠸᠣᠯᠲ ᠳᠠᠪᠲᠠᠮᠵᠢ ᠨᠡᠭᠦᠯᠭᠡᠬᠦ ᠠᠵᠢᠯ ᠢ ᠤᠷᠢᠳᠴᠢᠯᠠᠨ ᠪᠡᠶᠡᠯᠡᠭᠦᠯᠵᠦ᠂ ᠪᠦᠬᠦ ᠤᠯᠤᠰ ᠤᠨ ᠬᠤᠶᠠᠳᠤᠭᠠᠷ ᠲᠦᠷᠦᠯ ᠵᠦᠢᠯ ᠤᠨ ᠡᠴᠦᠰ ᠤᠨ ᠰᠢᠯᠭᠠᠯᠲᠠ ᠶᠢ ᠥᠩᠭᠡᠷᠡᠭᠡᠭᠰᠡᠨ ᠮᠤᠵᠢ ᠪᠠᠶᠢᠪᠠ ᠃ ᠮᠤᠵᠢ᠂ ᠬᠤᠲᠠ ᠶᠢᠨ ᠳᠡᠰ ᠤᠨ ᠲᠧᠯᠸᠢᠰ ᠬᠤᠷᠢᠶᠠᠨ ᠤ ᠰᠤᠪᠠᠭ ᠨᠢ ᠲᠤᠳᠤᠷᠠᠴᠠᠲᠤᠵᠢᠭᠤᠯᠬᠤ ᠠᠵᠢᠯ ᠢ ᠨᠢᠭᠡ ᠵᠢᠯ ᠤᠷᠢᠳᠴᠢᠯᠠᠨ ᠪᠡᠶᠡᠯᠡᠭᠦᠯᠪᠡ ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ