| | | | ᠭᠠᠨᠰᠦ ᠮᠤᠵᠢ ᠶᠢᠨ ᠲᠣᠪᠴᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠲᠥᠪ ᠲᠤ ᠴᠢᠭᠯᠡᠭᠦᠯᠬᠦ ᠬᠦᠴᠦᠨ︾ ᠢ ᠨᠢᠭᠲᠠᠷᠠᠭᠤᠯᠵᠤ᠂ ᠶᠠᠷᠢᠶ᠎ᠠ ᠬᠡᠯᠡᠯᠴᠡᠭᠡᠨ ᠤ | ᠵᠢᠯᠣᠭᠤᠳᠤᠮᠵᠢ ᠶᠢ ᠬᠦᠴᠦᠲᠡᠢ ᠪᠥᠭᠡᠳ ᠪᠦᠲᠦᠮᠵᠢᠲᠡᠢ ᠪᠣᠯᠭᠠᠪᠠ ᠃ ︽ᠪᠠᠷᠠᠭᠤᠨ ᠬᠤᠶᠢᠲᠤ ᠶᠢᠨ ᠰᠠᠯᠬᠢ︾ ᠶᠢ ᠵᠣᠷᠢᠭᠵᠢᠭᠤᠯᠵᠤ᠂ ᠯᠦᠩ ᠫᠠᠢ ᠦᠵᠡᠵᠦ | ᠰᠣᠨᠣᠰᠬᠤ ᠶᠢᠨ ᠨᠥᠯᠥᠭᠡ ᠶᠢ ᠥᠷᠭᠡᠳᠬᠡᠪᠡ︔ ︽ᠳᠡᠰ ᠳᠡᠪᠰᠢᠭᠰᠡᠨ ᠬᠡᠪ︾ ᠢ ᠳᠣᠪᠤᠶᠢᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠦᠭᠡᠢ | ᠰᠢᠯᠢᠳᠡᠭᠵᠢᠭᠦᠯᠪᠡ︔ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠵᠦ᠂ ᠠᠵᠢᠯ ᠲᠥᠷᠥᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠪᠡ︔ ︽ᠠᠮᠢᠨ ᠰᠤᠳᠠᠰᠤ︾ ᠶᠢ ᠪᠠᠲᠤ ᠰᠠᠬᠢᠵᠤ᠂ ᠠᠮᠤᠷ ᠲᠦᠪᠰᠢᠨ ᠨᠡᠪᠲᠡᠷᠡᠭᠦᠯᠭᠡ ᠶᠢ ᠰᠢᠨ᠎ᠡ ᠳᠡᠭᠲᠡᠷ ᠲᠤ ᠭᠠᠷᠭᠠᠪᠠ︔ ︽ᠬᠠᠲᠠᠭᠤ | ᠡᠭᠦᠷᠭᠡᠯᠡᠯ︾ ᠢ ᠴᠢᠩᠭᠠᠷᠠᠭᠤᠯᠵᠤ ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠡᠭᠦᠷᠭᠡ ᠶᠢ ᠥᠨᠳᠥᠷ | ᠪᠦᠲᠦᠮᠵᠢᠲᠡᠶ ᠪᠠᠷ ᠪᠡᠶᠡᠯᠡᠭᠦᠯᠵᠦ᠂ ᠪᠦᠬᠦ ᠮᠤᠵᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠰᠢᠨ᠎ᠡ ᠬᠥᠭᠵᠢᠯᠲᠡ ᠶᠢ ᠪᠡᠶᠡᠯᠡᠭᠦᠯᠵᠦ᠂ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ | ︽ᠲᠥᠪ ᠲᠤ ᠴᠢᠭᠯᠡᠭᠦᠯᠬᠦ ᠬᠦᠴᠦᠨ︾ ᠢ ᠨᠢᠭᠲᠠᠷᠠᠭᠤᠯᠵᠤ᠂ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠬᠦᠴᠦᠲᠡᠢ ᠪᠥᠭᠡᠳ ᠪᠦᠲᠦᠮᠵᠢᠲᠡᠢ ᠪᠣᠯᠭᠠᠪᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠠᠭᠤᠯᠭ᠎ᠠ ᠶᠢ ᠰᠡᠳᠬᠢᠯ | ᠲᠠᠯᠪᠢᠨ ᠰᠠᠶᠢᠲᠤᠷ ᠬᠢᠵᠦ᠂ ︽ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂︽ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ︾᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠭᠤᠤ ᠦᠢᠯᠡᠰ ᠢ | ᠴᠣᠭᠴᠠᠯᠠᠬᠤ︾ ᠵᠡᠷᠭᠡ ᠲᠤᠰᠬᠠᠢ ᠪᠤᠯᠤᠩ ᠭᠠᠷᠭᠠᠵᠤ᠂ ᠪᠢᠴᠢᠯ ᠪᠠᠷᠢᠮᠲᠠᠲᠤ ᠺᠢᠨᠣ᠋ ︽ᠤᠯᠠ ᠮᠥᠷ • 2022︾ ᠢ ᠨᠡᠪᠲᠡᠷᠡᠭᠦᠯᠪᠡ᠃ ᠪᠦᠬᠦ ᠮᠤᠵᠢ ᠶᠢᠨ ᠺᠠᠳ᠋ᠷ | ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠭᠰᠠᠨ ᠠᠮᠢᠳᠤᠯᠢᠭ ᠦᠢᠯᠡᠳᠦᠯᠭᠡ ᠳᠤ᠂ | ᠬᠤᠯᠪᠣᠭᠠᠯᠠᠨ ᠦᠢᠯᠡᠳᠦᠭᠰᠡᠨ ᠪᠠᠷᠢᠮᠲᠠᠲᠤ ᠺᠢᠨᠣ᠋ ᠂ ︽ᠵᠣᠯ ᠵᠢᠷᠭᠠᠯᠲᠤ ᠳᠤᠮᠳᠠᠳᠤ ᠤᠯᠤᠰ •ᠲᠡᠮᠡᠴᠡᠯᠲᠦ ᠭᠠᠨᠰᠤ ︾ ᠰᠦᠯᠵᠢᠶᠠᠨ ᠤ ᠪᠠᠷᠢᠮᠲᠠᠲᠤ ᠺᠢᠨᠣ᠋ ︽ᠬᠡᠭᠡᠷ᠎ᠡ | ᠲᠠᠯ᠎ᠠ ᠶᠢᠨ ᠭᠡᠷᠡᠯ︾ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ | ᠰᠡᠳᠦᠪᠲᠦ ᠪᠦᠲᠦᠭᠡᠯ ᠢ ᠤᠬᠠᠭᠤᠯᠪᠠ᠃ ᠵᠠᠭᠤᠴᠢᠯᠠᠭᠤᠷ ᠤᠨ ᠠᠭᠤᠰᠤᠯᠴᠠᠯ ᠤᠨ ᠬᠦᠴᠦᠨ ᠢ ᠪᠠᠳᠠᠷᠠᠭᠤᠯᠵᠤ᠂ ᠤᠬᠠᠭᠤᠯᠭ᠎ᠠ ᠶᠢᠨ ᠶᠠᠰᠤ ᠴᠢᠨᠠᠷ ᠦᠷ᠎ᠡ ᠠᠰᠢᠭ ᠢ | ᠦᠷᠭᠦᠯᠵᠢᠯᠡᠨ ᠰᠢᠯᠢᠳᠡᠭᠵᠢᠭᠦᠯᠵᠦ᠂ ᠭᠠᠨᠰᠦ ᠮᠤᠵᠢ ᠶᠢᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢ ᠵᠢᠯᠣᠭᠤᠳᠤᠨ ︽︿ᠬᠠᠲᠤᠨ ᠭᠤᠤᠯ ᠢᠶᠠᠷ ᠶᠠᠪᠤᠬᠤ﹀ | ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠷᠠᠳᠢᠣ᠋ ᠲᠧᠯᠸᠢᠰ ᠬᠤᠷᠢᠶ᠎ᠠ ᠶᠢᠨ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠰᠢᠭᠤᠳ | ᠨᠡᠪᠲᠡᠷᠡᠭᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ | ᠥᠯᠢᠭᠡᠷ ᠢ ᠬᠠᠮᠲᠤ ᠪᠠᠷ ᠰᠠᠶᠢᠲᠤᠷ ᠶᠠᠷᠢᠪᠠ᠃ | ︽ᠪᠠᠷᠠᠭᠤᠨ ᠬᠤᠶᠢᠲᠤ ᠶᠢᠨ ᠰᠠᠯᠬᠢ︾ ᠶᠢ ᠵᠣᠷᠢᠭᠵᠢᠭᠤᠯᠵᠤ᠂ ᠯᠦᠩ ᠫᠠᠢ ᠦᠵᠡᠵᠦ ᠰᠣᠨᠣᠰᠬᠤ ᠶᠢᠨ ᠨᠥᠯᠥᠭᠡ ᠶᠢ ᠥᠷᠭᠡᠳᠬᠡᠪᠡ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ︽ᠨᠠᠨᠯᠢᠶᠠᠩ ᠤᠨ ᠭᠡᠷᠡᠯ ᠭᠢᠯᠪᠠᠭ᠎ᠠ︾᠂ ︽ᠵᠠᠯᠠᠭᠤ ᠨᠠᠰᠤᠨ ᠤ ᠥᠷᠯᠥᠭᠡ︾ ᠵᠡᠷᠭᠡ ᠤᠨᠤᠯ ᠤᠨ ᠰᠤᠷᠪᠤᠯᠵᠢ | ᠪᠢᠴᠢᠭ ᠤᠨ ᠲᠧᠯᠸᠢᠰ ᠺᠢᠨᠣ᠋ ᠪᠠ ᠤᠯᠠᠭᠠᠨ ᠪᠠᠷᠠᠭᠤᠨ ᠵᠠᠮ ᠤᠨ ᠴᠡᠷᠢᠭ ᠤᠨ ᠰᠡᠳᠦᠪᠲᠦ ᠲᠧᠯᠸᠢᠰ ᠵᠦᠴᠦᠭᠡ ︽ ᠪᠠᠭᠠᠲᠤᠷᠴᠤᠳ ᠤᠨ ᠲᠤᠭ︾ ᠢ ᠲᠥᠰᠦᠪᠯᠡᠨ | ᠨᠡᠪᠲᠡᠷᠡᠭᠦᠯᠪᠡ︔ ᠠᠮᠢᠳᠤᠷᠠᠯ ᠢ ᠲᠡᠮᠳᠡᠭᠯᠡᠵᠦ᠂ ᠣᠳᠣᠬᠢ ᠪᠠᠶᠢᠳᠠᠯ ᠢ ᠲᠤᠰᠬᠠᠵᠤ᠂ ︽ᠬᠥᠬᠡ ᠨᠣᠭᠤᠭᠠᠨ ᠭᠠᠨᠨᠠᠨ ︾ ︽ᠵᠠᠯᠠᠭᠤ ᠨᠠᠰᠤᠨ ᠤ ᠲᠤᠩᠬᠠᠭ︾ ᠵᠡᠷᠭᠡ | ᠪᠣᠳᠠᠲᠤ ᠰᠡᠳᠦᠪ ᠤᠨ ᠪᠦᠲᠦᠭᠡᠯ ᠢ ᠵᠣᠬᠢᠶᠠᠨ ᠪᠦᠲᠦᠭᠡᠵᠦ ᠨᠡᠪᠲᠡᠷᠡᠭᠦᠯᠪᠡ︔ ︽ᠭᠤᠪᠢ ᠪᠣᠯ ᠨᠢᠭᠡ ᠬᠡᠰᠡᠭ ᠲᠡᠯᠡᠶ︾ ᠵᠡᠷᠭᠡ ᠨᠢᠭᠡ ᠪᠦᠯᠦᠭ ᠪᠦᠲᠦᠭᠡᠯ ᠷᠠᠳᠢᠣ᠋ | ᠲᠧᠯᠸᠢᠰ ᠤᠨ ᠶᠡᠷᠦᠩᠬᠡᠢ ᠲᠣᠪᠴᠢᠶᠠᠨ ᠤ ᠰᠡᠳᠦᠪ ᠰᠤᠩᠭᠤᠬᠤ ᠬᠥᠮᠥᠷᠭᠡ ᠳᠤ ᠰᠣᠩᠭᠤᠭᠳᠠᠪᠠ ︔ ᠤᠯᠠᠮᠵᠢᠯᠠᠯ ᠪᠠ ᠰᠢᠨ᠎ᠡ ᠶᠢ ᠡᠭᠦᠳᠬᠦ ᠶᠢ ᠴᠢᠩᠭᠠᠷᠠᠭᠤᠯᠵᠤ ᠂ ︽ | ᠰᠠᠶᠢᠨ ᠦᠦ︖ ᠮᠥᠸᠧ ᠭᠤᠤ︾᠂ ︽ᠨᠢᠭᠡ ᠠᠶᠠᠭ᠎ᠠ ᠦᠬᠡᠷ ᠤᠨ ᠮᠢᠬᠠᠲᠠᠢ ᠭᠤᠯᠢᠷ ᠤᠨ ᠴᠠᠭ︾ ᠵᠡᠷᠭᠡ ᠪᠦᠲᠦᠭᠡᠯ ᠤᠨ ᠵᠣᠬᠢᠶᠠᠨ ᠪᠦᠲᠦᠭᠡᠬᠦ ᠶᠢ ᠵᠢᠯᠣᠭᠤᠳᠪᠠ︔ | ︽ ᠪᠠᠷᠢᠮᠲᠠᠲᠤ ᠺᠢᠨᠣ᠋ ᠳᠤ ᠬᠠᠶᠢᠷᠠᠲᠠᠢ ᠪᠣᠯᠣᠭᠰᠠᠨ ︾ ᠨᠡᠶᠢᠲᠡ ᠶᠢᠨ ᠠᠰᠠᠷᠠᠮᠵᠢ ᠶᠢᠨ ᠳᠡᠯᠭᠡᠨ ᠦᠵᠡᠭᠦᠯᠬᠦ ᠲᠠᠪᠴᠠᠩ ᠨᠢ ᠳᠤᠮᠳᠠᠳᠤ ᠤᠯᠤᠰ ︵ᠭᠤᠸᠠᠩᠵᠧᠦ︶ ᠤᠨ | ᠣᠯᠠᠨ ᠤᠯᠤᠰ ᠤᠨ ᠪᠠᠷᠢᠮᠲᠠᠲᠤ ᠺᠢᠨᠣ᠋ ᠶᠢᠨ ᠨᠠᠶᠢᠷ ᠤᠨ ︽ᠣᠨ ᠤ ᠨᠥᠯᠥᠭᠡᠯᠡᠬᠦ ᠬᠦᠴᠦᠨ ᠪᠦᠬᠦᠢ ᠪᠠᠷᠢᠮᠲᠠᠲᠤ ᠺᠢᠨᠣ᠋ ᠶᠢᠨ ᠲᠠᠪᠴᠠᠩ︾ ᠤᠨ ᠱᠠᠩᠨᠠᠯ ᠢ ᠭᠥᠷᠳᠡᠪᠡ︔ | ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠬᠤᠯᠠᠴᠢᠯᠠᠵᠤ᠂ ︽ᠭᠤᠶᠤ ᠰᠠᠶᠢᠬᠠᠨ ᠨᠢᠭᠡ ᠪᠦᠰᠡ ᠨᠢᠭᠡ ᠵᠠᠮ︾ ᠺᠢᠨᠣ᠋ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠯᠭᠡ | ᠵᠡᠷᠭᠡ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠬᠢᠯᠡᠵᠦ᠂ ᠤᠯᠤᠰ ᠤᠨ ᠳᠣᠲᠣᠭᠠᠳᠤ ᠶᠢᠨ ᠰᠢᠯᠢᠳᠡᠭ ᠦᠢᠯᠡᠳᠬᠦ ᠪᠠᠶᠢᠭᠤᠯᠤᠮᠵᠢ ᠶᠢ ᠲᠠᠲᠠᠵᠤ ᠭᠠᠨᠰᠦ ᠳᠤ | ᠢᠷᠡᠭᠦᠯᠦᠨ ᠦᠯᠢᠭᠡᠷ ᠠᠪᠴᠤ ᠰᠡᠭᠦᠳᠡᠷᠯᠡᠨ ᠪᠦᠲᠦᠭᠡᠵᠦ᠂ ᠵᠧᠵᠢᠶᠠᠩ ᠤᠨ ᠬᠤᠸᠠ ᠼᠧ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠭᠠᠨᠰᠤ ᠮᠤᠵᠢ ᠶᠢᠨ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠬᠠᠮᠲᠤ ᠪᠠᠷ ᠠᠭᠤᠳᠠᠯᠵᠤ᠂ ︽ᠳᠤᠮᠳᠠᠳᠤ | ᠤᠯᠤᠰ ᠤᠨ ᠦᠯᠢᠭᠡᠷ︾ ᠤᠨ ᠭᠠᠨᠰᠦ ᠶᠢᠨ ᠬᠠᠭᠤᠳᠠᠰᠤ ᠶᠢ ᠬᠦᠴᠦ ᠪᠠᠨ ᠬᠠᠮᠲᠤᠳᠬᠠᠨ ᠰᠠᠶᠢᠲᠤᠷ ᠶᠠᠷᠢᠪᠠ᠃ | ︽ᠳᠡᠰ ᠳᠡᠪᠰᠢᠭᠰᠡᠨ ᠬᠡᠪ︾ ᠢ ᠳᠣᠪᠤᠶᠢᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ | ᠵᠢᠤᠴᠢᠤᠸᠠᠨ ᠬᠤᠲᠠ ᠶᠢᠨ ᠰᠦᠪᠧᠶ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠤᠶᠤᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ | ᠪᠠᠬᠢᠵᠢᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠵᠦ᠂ ᠲᠤᠬᠠᠶ ᠶᠢᠨ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠰᠠᠭᠤᠭᠠᠯᠢ | ᠠᠷᠠᠳ᠂ ᠮᠠᠯᠴᠢᠨ ᠲᠠᠷᠢᠶᠠᠴᠢᠨ ᠳᠤ ᠦᠢᠯᠡᠴᠢᠯᠡᠪᠡ᠃ ᠦᠨᠳᠦᠰᠦᠲᠡᠨ ᠤ ᠭᠠᠵᠠᠷ ᠣᠷᠣᠨ ᠤ ᠤᠲᠠᠰᠤᠲᠤ ᠲᠧᠯᠸᠢᠰ ᠤᠨ ᠲᠧᠯᠸᠢᠰ ᠤᠨ ᠳᠠᠪᠲᠠᠮᠵᠢ ᠬᠤᠷᠢᠶᠠᠭᠤᠷ ᠢ | ᠳᠡᠯᠭᠡᠷᠡᠭᠦᠯᠦᠨ ᠲᠦᠭᠡᠮᠡᠯᠵᠢᠭᠦᠯᠬᠦ ᠲᠥᠷᠥᠯ ᠵᠦᠢᠯ ᠤᠨ ᠭᠤᠤᠯ ᠴᠣᠭᠴᠠ ᠶᠢᠨ ᠨᠢᠭᠡ ᠬᠡᠰᠡᠭ ᠢ ᠨᠢᠭᠡᠨᠲᠡ ᠪᠡᠶᠡᠯᠡᠭᠦᠯᠵᠦ᠂ 40 ᠭᠠᠷᠤᠶ ᠲᠦᠮᠡᠨ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠰᠢᠭ ᠬᠦᠷᠲᠡᠭᠡᠪᠡ᠃ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠪᠦᠬᠦ ᠵᠢᠯ ᠳᠤ 13 ᠰᠢᠶᠠᠨ ︵ᠲᠣᠭᠤᠷᠢᠭ︶ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠵᠦ᠂ 7 ᠰᠢᠶᠠᠨ ︵ᠲᠣᠭᠤᠷᠢᠭ︶ ᠶᠠᠭ ᠲᠦᠷᠭᠡᠨ ᠬᠡᠷᠡᠭᠵᠢᠭᠦᠯᠵᠦ ᠪᠠᠶᠢᠨ᠎ᠠ᠃ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠭᠠᠨᠰᠦ ᠶᠢᠨ ᠺᠣᠮᠫᠠᠨᠢ ᠶᠢ | ᠵᠢᠯᠣᠭᠤᠳᠴᠤ ᠪᠠᠶᠢᠭᠠᠳ ᠤᠯᠤᠰ ᠤᠨ ᠰᠣᠶᠣᠯ ᠤᠨ ᠲᠣᠭᠠᠵᠢᠭᠤᠯᠤᠭᠰᠠᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠶ ᠣᠷᠣᠯᠴᠠᠭᠤᠯᠵᠤ᠂ ᠰᠣᠶᠣᠯ ᠤᠨ ᠲᠤᠰᠬᠠᠶ | ᠰᠦᠯᠵᠢᠶᠡᠨ ᠤ ᠪᠠᠶᠢᠭᠤᠯᠤᠯᠲᠠ ᠶᠢ ᠠᠬᠢᠭᠤᠯᠤᠨ᠂ ︽ᠵᠠᠭᠤᠨ ᠡᠪᠡᠰᠦᠨ ᠤ ᠬᠦᠷᠢᠶᠡᠯᠡᠩ︾ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠪᠴᠠᠩ ᠤᠨ | ᠴᠢᠳᠠᠮᠵᠢ ᠶᠢ ᠲᠡᠭᠦᠯᠳᠡᠷᠵᠢᠭᠦᠯᠪᠡ ᠃ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠲᠤᠷᠰᠢᠯᠲᠠ ᠶᠢᠨ ᠠᠵᠢᠯ ᠳᠤᠮᠳᠠᠬᠢ ᠪᠦᠬᠦ ᠮᠤᠵᠢ ᠶᠢᠨ 541 ᠲᠦᠮᠡᠨ | ᠡᠷᠦᠬᠡ ᠶᠢᠨ ᠤᠲᠠᠰᠤᠲᠤ ᠲᠧᠯᠸᠢᠰ ᠪᠣᠯᠣᠨ IPTV ᠶᠢᠨ ᠲᠧᠯᠸᠢᠰ ᠤᠨ ᠦᠵᠦᠭᠦᠷ ᠢ ᠳᠡᠰ ᠳᠡᠪᠰᠢᠭᠦᠯᠦᠨ ᠥᠭᠡᠷᠡᠴᠢᠯᠡᠬᠦ ᠡᠭᠦᠷᠭᠡ ᠶᠢ ᠤᠷᠢᠳᠴᠢᠯᠠᠨ ᠪᠡᠶᠡᠯᠡᠭᠦᠯᠵᠦ | ᠂ ᠷᠠᠳᠢᠤ᠋ ᠲᠧᠯᠸᠢᠰ ᠤᠨ ᠶᠡᠷᠦᠩᠬᠡᠢ ᠲᠣᠪᠴᠢᠶᠠᠨ ᠤ ᠤᠳᠤᠷᠢᠳᠤᠯᠭ᠎ᠠ ᠶᠢᠨ ᠨᠤᠲᠠᠯᠠᠯᠲᠠ ᠶᠢ ᠣᠯᠣᠭᠰᠠᠨ ᠪᠠᠶᠢᠨ᠎ᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠵᠦ᠂ ᠠᠵᠢᠯ ᠲᠥᠷᠥᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ | ᠵᠠᠭᠤᠴᠢᠯᠠᠭᠤᠷ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠮᠤᠵᠢ ᠶᠢᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠨᠢ ᠭᠠᠨᠰᠦ ᠶᠢᠨ ᠷᠠᠳᠢᠣ᠋ ᠲᠧᠯᠸᠢᠰ | ᠵᠠᠭᠤᠴᠢᠯᠠᠭᠤᠷ ᠤᠨ ᠪᠦᠯᠦᠭᠯᠡᠯ ᠪᠠᠶᠢᠭᠤᠯᠬᠤ ᠶᠢ ᠳᠡᠮᠵᠢᠨ ᠠᠬᠢᠭᠤᠯᠵᠤ᠂ ᠭᠠᠨᠰᠦ ᠶᠢᠨ ᠷᠠᠳᠢᠣ᠋ ᠲᠧᠯᠸᠢᠰ ᠬᠠᠮ ᠵᠠᠭᠤᠴᠢᠯᠠᠭᠤᠷ ᠤᠨ ᠲᠥᠪ ᠢ ᠵᠣᠬᠢᠶᠠᠨ ᠪᠠᠶᠢᠭᠤᠯᠪᠠ ᠃ | ᠵᠢᠯᠣᠭᠤᠳᠤᠨ ᠬᠡᠷᠡᠭᠵᠢᠭᠦᠯᠦᠭᠰᠡᠨ ᠰᠦᠨᠠᠨ ᠤ ᠶᠤᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ︽ᠰᠣᠨᠢᠨ ᠮᠡᠳᠡᠭᠡᠨ ᠤ ᠦᠨᠳᠦᠰᠦᠲᠡᠨ ᠤ ᠣᠨᠴᠠᠯᠢᠭ ᠢ | ᠳᠣᠪᠤᠶᠢᠯᠭᠠᠵᠤ᠂ ᠲᠣᠰ ᠭᠠᠵᠠᠷ ᠣᠷᠣᠨ ᠤ ᠬᠠᠮ ᠵᠠᠭᠤᠴᠢᠯᠠᠭᠤᠷ ᠤᠨ ᠰᠣᠳᠣᠨ ᠪᠦᠲᠦᠭᠡᠯ ᠢ ᠡᠭᠦᠳᠬᠦ︾ ᠬᠠᠮ ᠵᠠᠭᠤᠴᠢᠯᠠᠭᠤᠷ ᠤᠨ ᠲᠥᠷᠥᠯ ᠵᠦᠢᠯ ᠨᠢ ︽2023 | ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠨ ᠦᠰᠦᠨ ᠪᠤᠶᠢᠵᠢᠬᠤ ᠲᠥᠷᠥᠯ ᠵᠦᠢᠯ ︾ ᠢᠶᠠᠷ ᠦᠨᠡᠯᠡᠭᠳᠡᠪᠡ᠃ ᠬᠢᠨᠠᠨ | ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠳᠥᠭᠦᠮᠴᠢᠯᠡᠵᠦ᠂ 4 ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠠᠰᠤᠵᠤ᠂ ᠪᠦᠬᠦ ᠵᠢᠯ ᠳᠤ | ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢᠲᠠᠢ ᠨᠣᠷᠮ᠎ᠠ ᠴᠥᠮ 100% ᠪᠠᠨ ᠪᠠᠲᠤᠯᠠᠵᠤ᠂ | ᠭᠠᠨᠰᠦ ᠶᠢᠨ ᠲᠣᠪᠴᠢᠶ᠎ᠠ ︽ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠢ ᠲᠦᠷᠭᠡᠨ ᠬᠢᠨᠠᠨ ᠵᠥᠪᠰᠢᠶᠡᠷᠡᠬᠦ ᠳᠤ ᠳᠥᠭᠦᠮ | ᠪᠣᠯᠭᠠᠭᠰᠠᠨ ︾ ᠬᠡᠷᠡᠭ ᠤᠨ ᠵᠢᠱᠢᠶ᠎ᠡ ᠨᠢ ᠬᠠᠤᠯᠢ ᠴᠠᠭᠠᠵᠠ ᠶᠢᠨ ᠶᠠᠮᠤᠨ ᠤ ︽ᠦᠨᠡᠮᠯᠡᠯ ᠢ ᠬᠠᠰᠤᠵᠤ ᠠᠷᠠᠳ ᠲᠤ ᠳᠥᠭᠦᠮ ᠪᠣᠯᠭᠠᠬᠤ︾ ᠪᠦᠬᠦ ᠤᠯᠤᠰ ᠤᠨ ︽ | ᠠᠷᠪᠠᠨ ᠶᠡᠭᠡ ᠰᠢᠯᠢᠳᠡᠭ ᠬᠡᠷᠡᠭ ᠤᠨ ᠵᠢᠱᠢᠶ᠎ᠡ︾ ᠶᠢᠨ ᠨᠢᠭᠡ ᠪᠠᠷ ᠦᠨᠡᠯᠡᠭᠳᠡᠪᠡ᠃ | ︽ᠠᠮᠢᠨ ᠰᠤᠳᠠᠰᠤ︾ ᠶᠢ ᠪᠠᠲᠤ ᠰᠠᠬᠢᠵᠤ᠂ ᠠᠮᠤᠷ ᠲᠦᠪᠰᠢᠨ ᠨᠡᠪᠲᠡᠷᠡᠭᠦᠯᠭᠡ ᠶᠢ ᠰᠢᠨ᠎ᠡ ᠳᠡᠭᠲᠡᠷ ᠲᠤ ᠭᠠᠷᠭᠠᠪᠠ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ᠠᠮᠤᠷ ᠲᠦᠪᠰᠢᠨ ᠨᠡᠪᠲᠡᠷᠡᠭᠦᠯᠭᠡ ᠶᠢᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ︽ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ︾ ᠶᠢ ᠤᠶᠠᠯᠳᠤᠭᠤᠯᠤᠭᠰᠠᠨ | ᠲᠣᠭᠲᠠᠯᠴᠠᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠴᠢᠩᠭᠠᠷᠠᠭᠤᠯᠵᠤ ᠂ ᠪᠦᠬᠦ ᠮᠤᠵᠢ ᠶᠢᠨ ᠭᠤᠤᠯᠳᠠᠯᠭ᠎ᠠ ᠲᠠᠢ ᠷᠠᠳᠢᠣ᠋ ᠲᠧᠯᠸᠢᠰ ᠤᠨ | ᠫᠷᠤᠭ᠍ᠷᠠᠮ ᠪᠠ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠲᠤ ᠦᠷᠭᠦᠯᠵᠢᠯᠡᠨ ᠬᠢᠨᠠᠨ ᠬᠡᠮᠵᠢᠵᠦ ᠦᠨᠡᠯᠡᠨ ᠶᠠᠷᠢᠯᠴᠠᠵᠤ᠂ ︽ᠷᠠᠳᠢᠣ᠋ ᠲᠧᠯᠸᠢᠰ ᠤᠨ ᠫᠷᠤᠭ᠍ᠷᠠᠮ ᠢ | ᠦᠨᠡᠯᠡᠨ ᠶᠠᠷᠢᠯᠴᠠᠬᠤ ᠵᠠᠷᠯᠠᠯ︾ 143 ᠬᠤᠭᠤᠴᠠᠭ᠎ᠠ᠂ ︽ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠬᠢᠨᠠᠨ ᠬᠠᠮᠢᠶᠠᠷᠬᠤ ᠲᠤᠰᠬᠠᠶ ᠰᠣᠨᠢᠨ︾ ᠢ 24 | ᠬᠤᠭᠤᠴᠠᠭ᠎ᠠ ᠨᠠᠶᠢᠷᠠᠭᠤᠯᠤᠨ ᠨᠡᠶᠢᠲᠡᠯᠡᠪᠡ᠃ 122 ᠨᠡᠪᠲᠡᠷᠡᠭᠦᠯᠭᠡ ᠶᠢᠨ ᠪᠠᠶᠢᠭᠤᠯᠤᠮᠵᠢ᠂ 1249 ᠷᠠᠳᠢᠣ᠋ ᠰᠠᠴᠤᠷᠠᠭᠤᠯᠬᠤ ᠥᠷᠲᠡᠭᠡ ᠶᠢᠨ ᠮᠡᠳᠡᠭᠡ ᠵᠠᠩᠭᠢ ᠶᠢᠨ | ᠳ᠋ᠠᠶᠢᠲ᠋ᠠ ᠬᠥᠮᠥᠷᠭᠡ ᠪᠠᠶᠢᠭᠤᠯᠪᠠ᠃ ᠮᠤᠵᠢ ᠶᠢᠨ ᠲᠣᠪᠴᠢᠶᠠᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠤᠲᠠ ᠰᠢᠶᠠᠨ ᠤ ᠲᠣᠪᠴᠢᠶ᠎ᠠ ᠶᠢᠨ ᠬᠠᠷᠢᠶ᠎ᠠ | ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠨᠡᠪᠲᠡᠷᠡᠭᠦᠯᠬᠦ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 4 ᠵᠢᠯ | ᠳᠠᠷᠠᠭᠠᠯᠠᠨ ᠬᠦᠨᠳᠦ ᠶᠡᠭᠡ ᠠᠮᠤᠷ ᠲᠦᠪᠰᠢᠨ ᠨᠡᠪᠲᠡᠷᠡᠭᠦᠯᠭᠡ ᠶᠢᠨ ᠠᠳᠡᠯ ᠭᠠᠷᠤᠭᠰᠠᠨ ᠥᠬᠡᠶ ᠰᠢᠯᠢᠳᠡᠭ ᠬᠢᠷᠢ ᠪᠦᠲᠦᠮᠵᠢ ᠣᠯᠵᠤ᠂ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶᠠᠨ ᠤ ᠶᠡᠭᠡ ᠬᠤᠷᠠᠯ ᠤᠨ ᠮᠠᠭᠲᠠᠭᠠᠯ ᠰᠠᠶᠢᠰᠢᠶᠠᠯ ᠢ ᠳᠠᠬᠢᠨᠲᠠ ᠤᠯᠪᠠ᠃ | ︽ᠬᠠᠲᠠᠭᠤ ᠡᠭᠦᠷᠭᠡᠯᠡᠯ︾ ᠢ ᠴᠢᠩᠭᠠᠷᠠᠭᠤᠯᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ | ᠡᠭᠦᠷᠭᠡ ᠶᠢ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ | ᠯᠢᠨᠰᠢᠶᠠ ᠶᠢᠨ ᠬᠤᠲᠣᠩ ᠦᠨᠳᠦᠰᠦᠲᠡᠨ ᠤ ᠵᠧᠦ ᠶᠢᠨ ᠵᠢᠢ ᠱᠢ ᠱᠠᠨ ᠰᠢᠶᠠᠨ ᠳᠤ 6.2 ᠳᠡᠰ ᠤᠨ ᠭᠠᠵᠠᠷ ᠬᠦᠳᠡᠯᠦᠭᠰᠡᠨ ᠤ ᠳᠠᠷᠠᠭ᠎ᠠ᠂ ᠭᠠᠨᠰᠤ ᠶᠢᠨ | ᠲᠣᠪᠴᠢᠶᠠᠨ ᠤ ᠭᠤᠣᠯ ᠬᠠᠷᠢᠭᠤᠴᠠᠯᠭᠠᠲᠠᠨ ᠬᠠᠮᠤᠭ ᠲᠡᠷᠢᠭᠦᠨ ᠳᠤ ᠨᠢᠭᠡᠳᠦᠭᠡᠷ ᠹᠷᠤᠲ ᠲᠤ ᠬᠦᠷᠴᠦ ᠵᠣᠬᠢᠴᠠᠭᠤᠯᠤᠨ ᠵᠢᠯᠤᠭᠤᠳᠪᠠ᠂ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶᠠᠨ ᠤ ᠬᠠᠯᠠᠮᠵᠢᠯᠠᠯ ᠵᠢᠯᠣᠭᠤᠳᠣᠯᠭ᠎ᠠ ᠳᠣᠤᠷ᠎ᠠ᠂ ᠪᠥᠬᠦ ᠮᠤᠵᠢ ᠶᠢᠨ ᠷᠠᠳᠢᠣ᠋ ᠲᠧᠯᠸᠢᠰ ᠤᠨ ᠰᠢᠰᠲ᠋ᠧᠮ ᠤᠨ 220 ᠭᠠᠷᠤᠶ ᠨᠠᠮ ᠤᠨ ᠭᠡᠰᠢᠭᠦᠨ | ᠺᠠᠳ᠋ᠷᠴᠤᠳ ᠪᠠ ᠮᠡᠷᠭᠡᠵᠢᠯ ᠤᠨ ᠭᠤᠤᠯᠯᠠᠭᠴᠢ ᠬᠦᠴᠦᠨ ᠢ ᠦᠳᠲᠡᠷ ᠲᠦᠷᠭᠡᠨ ᠲᠡᠳᠡᠨ ᠠᠪᠴᠢᠷᠠᠵᠤ᠂ ᠱᠠᠯᠠᠪᠳᠠᠨ ᠵᠠᠰᠠᠬᠤ 13 ᠳᠤᠭᠤᠶᠢᠯᠠᠩ ᠢ ᠪᠦᠷᠢᠯᠳᠦᠭᠦᠯᠵᠦ᠂ | ᠬᠦᠨᠳᠦ ᠭᠠᠮᠰᠢᠭᠳᠠᠭᠰᠠᠨ ᠰᠢᠶᠠᠩ ᠪᠠᠯᠭᠠᠰᠤᠨ ᠳᠤ ᠭᠦᠨᠵᠡᠭᠡᠶᠢᠷᠡᠨ ᠵᠠᠮ ᠱᠤᠭᠤᠮ ᠢ ᠵᠠᠪᠳᠤᠨ ᠨᠡᠪᠲᠡᠷᠡᠭᠦᠯᠬᠦ᠂ ᠳᠣᠬᠢᠶ᠎ᠠ ᠶᠢ ᠰᠡᠷᠭᠦᠭᠡᠬᠦ ᠵᠡᠷᠭᠡ ᠠᠵᠢᠯ ᠤᠳ ᠢ | ᠥᠷᠨᠢᠭᠦᠯᠪᠡ᠃ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠶ ᠪᠠᠷ ᠵᠣᠬᠢᠴᠠᠭᠤᠯᠵᠤ᠂ ᠭᠠᠮᠰᠢᠭᠳᠠᠭᠰᠠᠨ ᠣᠯᠠᠨ ᠲᠦᠮᠡᠨ ᠢ ᠲᠥᠪᠯᠡᠷᠡᠭᠦᠯᠦᠨ ᠲᠥᠪᠬᠢᠨᠡᠭᠦᠯᠬᠦ ᠴᠡᠭ ᠲᠤ | 233 ᠢᠵᠢ ᠰᠢᠭᠤᠳ ᠨᠡᠪᠲᠡᠷᠡᠭᠦᠯᠬᠦ ᠳᠠᠭᠠᠭᠤᠯᠢ ᠤᠳᠤᠨ ᠤ ᠬᠦᠯᠢᠶᠡᠨ ᠠᠪᠬᠤ ᠲᠥᠬᠦᠭᠡᠷᠦᠮᠵᠢ ᠶᠢ ᠪᠠᠴᠢᠮ ᠰᠢᠯᠵᠢᠭᠦᠯᠦᠨ ᠴᠤᠭᠯᠠᠭᠤᠯᠵᠤ ᠂ ᠤᠭᠰᠠᠷᠠᠵᠤ᠂ 233 | ᠢᠵᠢ ᠲᠧᠯᠸᠢᠰ ᠮᠠᠰᠢᠨ ᠢ ᠤᠭᠰᠠᠷᠠᠵᠤ᠂ 235 ᠢᠵᠢ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠦᠵᠦᠭᠦᠷᠯᠢᠭ ᠢ ᠤᠭᠰᠠᠷᠠᠵᠤ᠂ ᠬᠦᠨᠳᠦ | ᠭᠠᠮᠰᠢᠭᠳᠠᠭᠰᠠᠨ ᠰᠢᠶᠠᠩ ᠪᠠᠯᠭᠠᠰᠤᠨ ᠤ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠷᠠᠳᠢᠣ᠋ ᠲᠧᠯᠸᠢᠰ ᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ︔ ᠭᠠᠵᠠᠷ | ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠮᠤᠵᠢ᠂ ᠵᠧᠦ᠂ ᠰᠢᠶᠠᠨ ᠭᠤᠷᠪᠠᠨ ᠱᠠᠲᠤᠨ ᠤ ᠷᠠᠳᠢᠣ᠋ ᠲᠧᠯᠸᠢᠰ ᠤᠨ ᠪᠠᠴᠢᠮ ᠪᠠᠶᠢᠳᠠᠯ ᠢ ᠠᠷᠭᠠᠴᠠᠭᠠᠬᠤ | ᠤᠬᠠᠭᠤᠯᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠰᠬᠠᠢ ᠰᠡᠳᠦᠪᠲᠦ | ᠲᠤᠰᠬᠠᠢ ᠪᠤᠯᠤᠩ 3᠂ ᠶᠡᠭᠡ ᠪᠠᠭ᠎ᠠ ᠳᠡᠯᠭᠡᠴᠡ ᠶᠢᠨ ᠰᠢᠭᠤᠳ ᠨᠡᠪᠲᠡᠷᠡᠭᠦᠯᠭᠡ ᠶᠢ 45 ᠲᠠᠯᠠᠪᠤᠷ ᠤᠳᠠᠭ᠎ᠠ ᠥᠷᠨᠢᠭᠦᠯᠵᠦ᠂ ᠡᠯ᠎ᠡ ᠲᠦᠷᠦᠯ ᠤᠨ ᠡᠬᠡ ᠪᠢᠴᠢᠭ ᠢ | 7200 ᠭᠠᠷᠤᠢ ᠵᠣᠷᠪᠤᠰ ᠨᠡᠪᠲᠡᠷᠡᠭᠦᠯᠵᠦ᠂ ᠰᠢᠨ᠎ᠡ ᠵᠠᠭᠤᠴᠢᠯᠠᠭᠤᠷ ᠤᠨ ᠦᠢᠯᠡᠳᠬᠦᠨ ᠢ 600 ᠭᠠᠷᠤᠢ ᠵᠦᠢᠯ ᠵᠣᠬᠢᠶᠠᠵᠤ᠂ ᠭᠠᠮᠰᠢᠭᠳᠠᠭᠰᠠᠨ ᠤᠯᠠᠨ ᠲᠦᠮᠡᠨ ᠤ | ᠰᠡᠳᠬᠢᠯ ᠳᠤ ᠬᠠᠮᠤᠭ ᠤᠨ ᠲᠦᠷᠦᠭᠦᠨ ᠳᠤ ᠳᠠᠮᠵᠢᠭᠤᠯᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠴᠢᠩᠭ᠎ᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠠ ᠷᠠᠳᠢᠣ᠋ ᠲᠧᠯᠸᠢᠰ ᠤᠨ ᠬᠦᠴᠦᠨ ᠤ ᠲᠤᠯᠭᠠᠭᠤᠷᠢᠯᠠᠯ | ᠬᠠᠩᠭᠠᠪᠠ᠃ | |