ᠮᠠᠨ ᠤ ᠲᠣᠪᠴᠢᠶ᠎ᠠ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/27
  12 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠲᠣᠪᠴᠢᠶ᠎ᠠ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠠᠯᠪᠠᠲᠠᠨ᠂ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ ᠵᠢᠴᠢ ᠳᠠᠮᠵᠢᠭᠤᠯᠤᠨ ᠰᠠᠴᠤᠷᠠᠭᠤᠯᠬᠤ ᠲᠥᠪ ᠤᠨ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ 16 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠰᠢᠶᠠᠯ ᠤᠨ ᠮᠡᠳᠡᠭᠦᠯᠦᠯᠲᠡ ᠬᠢᠵᠦ᠂ ᠵᠠᠩ ᠢ ᠮᠢᠨ ᠨᠢᠭᠡᠳ ᠨᠢᠭᠡ ᠪᠠᠷ ᠦᠨᠡᠯᠡᠯᠲᠡ ᠬᠢᠵᠦ᠂ ᠠᠮᠵᠢᠯᠲᠠ ᠶᠢ ᠨᠢ ᠨᠤᠲᠠᠯᠠᠵᠤ᠂ ᠠᠰᠠᠭᠤᠳᠠᠯ ᠢ ᠨᠢ ᠵᠢᠭᠠᠵᠤ ᠭᠠᠷᠭᠠᠭᠰᠠᠨ ᠪᠥᠭᠡᠳ ᠲᠣᠪᠴᠢᠶᠠᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃  ᠬᠤᠷᠠᠯ ᠠᠴᠠ ᠂ ᠡᠨᠡ ᠵᠢᠯ ᠠᠴᠠ ᠨᠠᠭᠠᠰᠢ ᠲᠣᠪᠴᠢᠶᠠᠨ ᠤ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠪᠤᠵᠠᠭᠠᠶᠢᠷᠠᠭᠤᠯᠵᠤ᠂ ᠷᠠᠳᠢᠣ᠋ ᠲᠧᠯᠸᠢᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠦᠷᠭᠦᠯᠵᠢᠯᠡᠨ ᠬᠦᠴᠦᠲᠡᠢ ᠪᠠᠶᠢᠵᠤ᠂ ᠡᠯ᠎ᠡ ᠵᠦᠢᠯ ᠤᠨ ᠴᠢᠬᠤᠯᠠ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃  ᠬᠤᠷᠠᠯ ᠠᠴᠠ ᠂ ᠲᠣᠪᠴᠢᠶᠠᠨ ᠤ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ  ᠶᠢᠨ ᠫᠢᠩ ᠶᠡᠷᠦᠩᠬᠡᠶ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠨ ᠬᠠᠷᠢᠯᠴᠠᠨ ᠠᠬᠢᠭᠤᠯᠬᠤ ᠶᠢ ᠠᠬᠢᠭᠤᠯᠵᠤ᠂ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠮ ᠤᠨ ᠡᠭᠦᠷ ᠢ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠳᠠᠶᠢᠴᠢᠯᠠᠵᠤ ᠪᠠᠶᠢᠭᠠᠳ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠠᠬᠢᠯᠡᠯᠲᠡ ᠪᠣᠯᠭᠠᠨ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠷᠠᠭᠤᠯᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃︵ᠪᠠᠶᠢᠭᠤᠯᠭ᠎ᠠ ᠶᠢᠨ ᠨᠠᠮ ᠤᠨ ᠬᠤᠷᠢᠶ᠎ᠠ ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ