ᠴᠦᠩᠴᠢᠩ ᠤᠨ ᠷᠠᠳᠢᠣ᠋ ᠲᠧᠯᠸᠢᠰ᠄ ︽ᠵᠢᠷᠭᠤᠭᠠᠨ ᠪᠠᠷᠢᠮᠲᠠᠯᠠᠯ︾ ᠢᠶᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ
ᠨᠡᠶᠢᠲᠡᠯᠡᠭᠰᠡᠨ ᠴᠠᠭ᠄
2024/12/3
  ᠴᠦᠩᠴᠢᠩ ᠤᠨ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ  ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠷᠠᠳᠢᠣ᠋ ᠲᠧᠯᠸᠢᠰ ᠤᠨ ᠠᠵᠢᠭᠯᠠᠯᠲᠠ ᠶᠢᠨ ︽ᠬᠤᠶᠠᠷ ᠶᠡᠭᠡ ᠲᠤᠬᠠᠶᠢᠯᠠᠭᠰᠠᠨ ᠠᠵᠢᠯ᠂ ᠭᠤᠷᠪᠠᠨ ᠶᠡᠭᠡ ᠰᠢᠨᠵᠢ ᠴᠢᠨᠠᠷ᠂ ᠲᠦᠷᠪᠡᠨ ᠳᠠᠪᠬᠤᠷᠭ᠎ᠠ︾ ᠶᠢᠨ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠪᠣᠭᠤᠮᠲᠠ ᠰᠢᠪᠲᠤᠯᠬᠤ ︽ᠭᠤᠷᠪᠠᠨ ᠶᠡᠭᠡ ᠴᠢᠭᠯᠡᠯ︾ ᠢ ᠭᠦᠨᠵᠡᠭᠡᠢ ᠰᠢᠪᠲᠤᠯᠵᠤ᠂ ︽ᠵᠢᠷᠭᠤᠭᠠᠨ ᠲᠠᠯ᠎ᠠ︾ ᠶᠢᠨ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠰᠢᠨ᠎ᠡ ᠴᠦᠩᠴᠢᠩ ᠤᠨ ᠪᠦᠳᠦᠭᠡᠨ ᠪᠠᠶᠢᠭᠤᠯᠤᠯᠲᠠ ᠳᠤ ᠦᠨᠡᠨ ᠬᠦ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠪᠣᠯᠤᠨ ᠠᠰᠢᠭᠲᠠᠢ ᠰᠣᠶᠣᠯ ᠤᠨ ᠨᠥᠬᠦᠴᠡᠯ ᠢ ᠬᠠᠩᠭᠠᠬᠤ ᠬᠡᠷᠡᠭᠲᠡᠢ᠃ᠨᠢᠭᠡ᠂ ᠤᠳᠤᠷᠢᠳᠤᠮᠵᠢ ᠪᠠᠷ ᠰᠦᠭ ᠰᠦᠨᠡᠰᠦ ᠪᠣᠯᠭᠠᠬᠤ ᠶᠢ ᠪᠠᠷᠢᠮᠲᠠᠯᠠᠨ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠵᠤ ᠂ ᠭᠤᠤᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ  ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠱᠦᠵᠢ ᠰᠢ  ᠶᠢᠨ ᠫᠢᠩ ᠤᠨ ᠴᠢᠬᠤᠯᠠ ᠦᠵᠡᠯ ᠰᠠᠨᠠᠭ᠎ᠠ ᠪᠣᠯᠤᠨ ᠤᠳᠤᠷᠢᠳᠤᠭᠴᠢ ᠶᠢᠨ ᠳᠦᠷᠢ ᠲᠥᠷᠬᠦ ᠶᠢᠨ ᠤᠬᠠᠭᠤᠯᠭ᠎ᠠ ᠶᠢ ᠰᠡᠳᠬᠢᠯ ᠲᠠᠯᠪᠢᠨ ᠰᠠᠶᠢᠲᠤᠷ ᠬᠢᠵᠦ᠂ ᠷᠠᠳᠢᠣ᠋ ᠲᠧᠯᠸᠢᠰ ᠤᠨ ᠵᠠᠭᠤᠴᠢᠯᠠᠭᠤᠷ ᠢ ᠵᠢᠯᠣᠭᠤᠳᠤᠨ ︽1 ᠳ᠋ᠦ᠋ᠭᠡᠷ ᠳᠠᠭᠤᠨ︾ ᠢ ᠤᠬᠠᠭᠠᠯᠠᠨ ᠲᠣᠭᠲᠠᠭᠠᠬᠤ ᠶᠢᠨ ᠬᠠᠮᠲᠤ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠳᠤ ᠣᠷᠣᠭᠤᠯᠵᠤ᠂ ︽ᠶᠡᠷᠦᠩᠬᠡᠶ ᠱᠦᠵᠢ ᠰᠢ  ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠴᠦᠩᠴᠢᠩ ᠤᠨ ᠡᠬᠡ ᠭᠠᠵᠠᠷ ᠲᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠵᠡᠷᠭᠡ ᠲᠤᠰᠬᠠᠶ ᠪᠤᠯᠤᠩ ᠨᠡᠭᠡᠭᠡᠵᠦ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ︽ᠡᠳᠦᠷ ᠪᠦᠷᠢ ᠢᠯᠡᠷᠡᠭᠦᠯᠵᠦ᠂ ᠡᠳᠦᠷ ᠪᠦᠷᠢ ᠰᠢᠨ᠎ᠡ ᠶᠢ ᠡᠭᠦᠳᠴᠦ᠂ ᠡᠳᠦᠷ ᠢᠷᠡᠬᠦᠶ᠎ᠡ ᠭᠦᠨᠵᠡᠭᠡᠶᠢᠷᠡᠭᠦᠯᠬᠦ ︾ ᠶᠢ ᠠᠬᠢᠭᠤᠯᠪᠠ᠃ ᠴᠧᠩᠳᠦ᠋ ᠴᠦᠩᠴᠢᠩ ᠣᠷᠣᠨ ᠤ ᠬᠤᠶᠠᠷ ᠬᠤᠲᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡᠳᠦᠭᠡᠷ ᠨᠣᠮᠧᠷᠲᠤ ᠢᠨᠵᠧᠨᠧᠷᠢᠩ • ᠠᠷᠪᠠᠨ ᠵᠦᠢᠯ ᠤᠨ ᠠᠵᠢᠯᠯᠠᠭ᠎ᠠ︾᠂ ︽︿ᠬᠤᠶᠠᠷ ᠬᠤᠳᠠ ᠶᠢᠨ ᠲᠡᠮᠳᠡᠭᠯᠡᠯ﹀ ᠢ ᠰᠠᠶᠢᠲᠤᠷ ᠳᠠᠭᠤᠯᠠᠵᠤ ᠠᠵᠤ ᠠᠬᠤᠢ ᠶᠢᠨ ᠬᠦᠷᠢᠶ᠎ᠡ ᠶᠢ ᠬᠠᠮᠲᠤ ᠪᠠᠷ ᠪᠠᠶᠢᠭᠤᠯᠤᠶ᠎ᠠ︾᠂ ︽ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠴᠦᠩᠴᠢᠩ︾ ᠵᠡᠷᠭᠡ ᠲᠤᠰᠬᠠᠢ ᠰᠡᠳᠦᠪᠲᠦ ᠲᠤᠰᠬᠠᠢ ᠪᠤᠯᠤᠩ ᠢ ᠨᠡᠭᠡᠭᠡᠵᠦ᠂ 3 ᠸᠢᠳᠢᠣ᠋ ᠲᠦᠷᠦᠯ ᠤᠨ ᠪᠦᠲᠦᠭᠡᠯ ᠨᠢ ᠲᠥᠪ ᠤᠨ ᠤᠬᠠᠭᠤᠯᠬᠤ ᠬᠡᠯᠲᠡᠰ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ ᠃ ᠰᠣᠨᠢᠨ ᠮᠡᠳᠡᠭᠡ ᠶᠠᠷᠢᠶ᠎ᠠ ᠬᠡᠯᠡᠯᠴᠡᠭᠡ ᠪᠠᠷ ᠬᠢᠨᠠᠯᠲᠠ ᠲᠠᠯᠪᠢᠬᠤ ᠶᠢ ᠴᠢᠩᠭᠠᠷᠠᠭᠤᠯᠵᠤ ᠂ ︽1 ᠳ᠋ᠦ᠋ᠭᠡᠷ ᠠᠵᠢᠭᠯᠠᠯᠲᠠ︾ ᠰᠢᠭᠦᠮᠵᠢ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠨᠡᠷᠡᠨ ᠭᠡᠷᠡᠯᠲᠦ ᠴᠦᠩᠴᠢᠩ︾᠂ ︽ᠡᠳᠦᠷ ᠪᠦᠷᠢ 630︾ ᠫᠷᠤᠭ᠍ᠷᠠᠮ ᠤᠨ ᠲᠠᠪᠴᠠᠩ ᠳᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ 81 ᠲᠦᠮᠡᠨ ᠬᠤᠪᠢ ᠰᠢᠪᠠᠳᠠᠨ ᠰᠢᠢᠳᠪᠦᠷᠢᠯᠡᠪᠡ ᠃ᠬᠤᠶᠠᠷ᠂ ᠠᠭᠤᠯᠭ᠎ᠠ ᠪᠠᠷ ᠭᠤᠣᠯ ᠪᠣᠯᠭᠠᠬᠤ ᠶᠢ ᠪᠠᠷᠢᠮᠲᠠᠯᠠᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠴᠢᠩᠭᠠᠷᠠᠭᠤᠯᠵᠤ ᠂ ︽ᠴᠦᠩᠴᠢᠩ ᠤᠨ ᠨᠡᠷᠡᠲᠦ ᠲᠡᠮᠲᠡᠭᠲᠦ ︾ ᠶᠢᠨ ᠰᠣᠳᠣᠨ ᠪᠦᠲᠦᠭᠡᠯ ᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠪᠡ  ᠰᠢᠨ᠎ᠡ ᠴᠠᠭ ᠦᠶ᠎ᠡ ᠶᠢᠨ ᠰᠣᠳᠣᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠷᠠᠳᠢᠣ᠋ ᠲᠧᠯᠸᠢᠰ ᠤᠨ ᠰᠢᠯᠢᠳᠡᠭ ᠪᠦᠲᠦᠭᠡᠯ᠂ ᠰᠢᠨ᠎ᠡ ᠶᠢ ᠡᠭᠦᠳᠬᠦ ᠫᠷᠤᠭ᠍ᠷᠠᠮ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠢᠴᠢ ᠦᠵᠡᠵᠦ ᠰᠣᠨᠣᠰᠬᠤ ᠤᠷᠠᠯᠢᠭ ᠤᠨ ᠰᠣᠳᠣᠨ ᠪᠦᠲᠦᠭᠡᠯ ᠢ ᠲᠡᠳᠬᠦᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 5 ᠣᠨᠴᠠ ᠰᠡᠳᠦᠪᠲᠦ ᠲᠧᠯᠸᠢᠰ ᠵᠦᠴᠦᠭᠡ ᠶᠢᠨ ᠳᠡᠪᠲᠡᠷ ᠢ ᠬᠢᠨᠠᠨ ᠪᠠᠶᠢᠴᠠᠭᠠᠵᠤ᠂ ᠲᠧᠯᠸᠢᠰ ᠵᠦᠴᠦᠭᠡ᠂ ᠬᠡᠦᠬᠡᠯᠳᠡᠢ ᠺᠢᠨᠣ᠋ ᠶᠢ ᠲᠣᠰ ᠪᠦᠷᠢ 1 ᠶᠢ ᠬᠢᠨᠠᠨ ᠪᠠᠶᠢᠴᠠᠭᠠᠵᠤ᠂ ᠭᠤᠣᠯᠳᠠᠯᠭ᠎ᠠ ᠪᠣᠯᠬᠤ ᠰᠦᠯᠵᠢᠶᠡᠨ ᠤ ᠺᠢᠨᠣ᠋ ᠲᠧᠯᠸᠢᠰ ᠵᠦᠴᠦᠭᠡ ︵ᠺᠠᠷᠲ᠋ᠣᠨ ᠺᠢᠨᠣ᠋︶ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢ 50 ᠪᠦᠯᠦᠭ ᠂ ᠪᠦᠲᠦᠨ ᠵᠦᠴᠦᠭᠡ ᠶᠢ ᠳᠠᠩᠰᠠᠯᠠᠭᠤᠯᠬᠤ ᠪᠠᠷ ᠳᠠᠮᠵᠢᠨ 12 ᠢᠵᠢ ᠶᠢ ᠰᠦᠯᠵᠢᠶᠡᠨ ᠳᠡᠭᠡᠷ᠎ᠡ ᠠᠮᠵᠢᠯᠲᠠ ᠲᠠᠢ ᠳᠠᠩᠰᠠᠯᠠᠭᠤᠯᠵᠤ᠂ 31 ᠪᠦᠲᠦᠭᠡᠯ ᠢ ᠰᠢᠯᠢᠳᠡᠭ ᠢ ᠨᠢ ᠰᠣᠩᠭᠤᠨ ᠬᠦᠷᠭᠡᠵᠦ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠲᠤᠰᠬᠠᠶ ᠵᠦᠢᠯ ᠤᠨ ᠲᠡᠳᠬᠦᠮᠵᠢ ᠶᠢ ᠣᠯᠪᠠ᠃ ᠪᠠᠷᠢᠮᠲᠠᠲᠤ ᠺᠢᠨᠣ᠋ ︽ᠴᠦᠩᠴᠢᠩ ᠤᠨ ᠬᠡᠯᠡᠯᠴᠡᠭᠡᠷ ︾᠂ ᠲᠧᠯᠸᠢᠰ ᠵᠦᠴᠦᠭᠡ ︽ᠨᠢᠭᠡ ᠮᠦᠷᠡᠨ ᠤ ᠤᠰᠤ︾᠂ ᠰᠦᠯᠵᠢᠶᠡᠨ ᠵᠦᠴᠦᠭᠡ ︽ᠪᠢᠲᠡᠭᠦᠮᠵᠢᠯᠡᠭᠳᠡᠭᠰᠡᠨ ᠠᠷᠪᠠᠨ ᠭᠤᠷᠪᠠᠨ ᠵᠢᠯ ︾ ᠵᠡᠷᠭᠡ ᠰᠢᠯᠢᠳᠡᠭ ᠪᠦᠲᠦᠭᠡᠯ ᠢ ᠭᠠᠷᠭᠠᠵᠤ᠂ ᠪᠣᠲᠠᠲᠤ ᠦᠵᠡᠯ ᠤᠨ ᠺᠢᠨᠣ᠋ ︽ᠠᠭᠤᠯᠠ ᠶᠢ ᠨᠡᠬᠡᠭᠡᠭᠴᠢ ︾ ᠶᠢ ᠪᠦᠬᠦ ᠤᠯᠤᠰ ᠲᠤ ᠭᠠᠷᠭᠠᠵᠤ᠂ ︽ᠤᠷᠤᠭ ᠤᠨ ᠬᠤᠶᠠᠷ ᠵᠦᠢᠯ ᠤᠨ ᠲᠠᠭᠠᠮᠠᠭᠯᠠᠯ︾᠂ ︽ᠲᠦᠢᠯ ᠤᠨ ᠨᠢᠭᠤᠴᠠ ᠡᠭᠦᠷᠭᠡ︾ ᠵᠡᠷᠭᠡ ᠲᠧᠯᠸᠢᠰ ᠵᠦᠴᠦᠭᠡ ᠨᠢ ᠤᠯᠤᠰ ᠤᠨ ᠳᠡᠰ ᠤᠨ ᠲᠣᠮᠣ ᠱᠠᠩᠨᠠᠯ ᠢ ᠬᠦᠷᠲᠡᠵᠡᠢ᠃ ᠰᠢᠨ᠎ᠡ ᠶᠢ ᠡᠭᠦᠳᠬᠦ ᠲᠦᠯᠬᠢᠨ ᠭᠠᠷᠭᠠᠬᠤ ︽ᠰᠠᠶᠢᠨ ᠦᠦ ︖ ᠰᠢᠨ᠎ᠡ ᠴᠦᠩᠴᠢᠩ︾ ᠵᠡᠷᠭᠡ ᠰᠢᠷᠢᠰ ᠣᠬᠤᠷ ᠸᠢᠳᠢᠣ᠋ ᠶᠢᠨ ᠬᠦᠯᠢᠶᠡᠨ ᠠᠪᠴᠤ ᠦᠵᠡᠭᠰᠡᠨ ᠬᠡᠮᠵᠢᠶ᠎ᠡ  ᠨᠢ ᠪᠥᠬᠦ ᠤᠯᠤᠰ ᠤᠨ ᠮᠣᠵᠢ ᠶᠢᠨ ᠳᠡᠰ ᠤᠨ ᠣᠳᠣᠨ ᠲᠧᠯᠸᠢᠰ ᠤᠨ ᠡᠮᠦᠨ᠎ᠡ 10 ᠪᠠᠨ ᠲᠣᠭᠲᠠᠭᠤᠨ ᠢᠶᠠᠷ ᠪᠠᠲᠤᠯᠠᠪᠠ᠃ᠭᠤᠷᠪᠠ᠂ ᠠᠭᠤᠰᠤᠯᠴᠠᠨ ᠬᠥᠭᠵᠢᠬᠦ ᠶᠢ ᠪᠠᠷᠢᠮᠲᠠᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠭᠦᠯᠬᠦ ᠶᠢ ᠴᠢᠩᠭᠠᠷᠠᠭᠤᠯᠵᠤ ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠪᠠ  ᠶᠡᠷᠦᠩᠬᠡᠶ ᠱᠦᠵᠢ ᠰᠢ  ᠶᠢᠨ ᠫᠢᠩ ᠤᠨ ᠲᠣᠭᠠᠵᠢᠭᠤᠯᠤᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠲᠣᠭᠠᠵᠢᠭᠤᠯᠤᠭᠰᠠᠨ ᠴᠦᠩᠴᠢᠩ ᠤᠨ ︽1361︾ ᠪᠦᠬᠦᠯᠢ ᠴᠣᠭᠴᠠ ᠶᠢᠨ ᠪᠦᠲᠦᠴᠡ ᠶᠢᠨ ᠲᠣᠭᠤᠷᠢᠨ ᠳᠤ᠂ ︽ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋︾ ᠶᠢ ᠲᠣᠭᠠᠵᠢᠭᠤᠯᠤᠭᠰᠠᠨ ᠰᠣᠶᠣᠯ ᠤᠨ ︽ᠭᠤᠤᠯ ᠦᠵᠡᠯ ᠤᠬᠠᠮᠰᠠᠷ ᠤᠨ ᠬᠡᠯᠪᠡᠷᠢ︾ ᠶᠢᠨ ᠭᠦᠶᠦᠯᠲᠡ ᠶᠢᠨ ᠵᠠᠮ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠭᠤᠯᠭ᠎ᠠ ᠶᠢ ᠵᠣᠬᠢᠶᠠᠨ ᠪᠦᠲᠦᠭᠡᠵᠦ ᠳᠡᠯᠭᠡᠨ ᠨᠡᠪᠲᠡᠷᠡᠭᠦᠯᠬᠦ ᠳᠤ ᠣᠷᠣᠭᠤᠯᠵᠤ᠂ ︽ᠰᠣᠶᠣᠯ • ᠭᠡᠷᠡᠯ ᠰᠡᠭᠦᠳᠡᠷᠲᠦ ᠴᠦᠩᠴᠢᠩ︾ ᠤᠨ ᠬᠡᠷᠡᠭᠯᠡᠯᠲᠡ᠂ ︽ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠤᠬᠠᠭᠤᠯᠭ᠎ᠠ ᠶᠢᠨ ᠦᠢᠯᠡᠳᠦᠯ ᠢ ᠪᠠᠳᠠᠷᠠᠭᠤᠯᠬᠤ︾ ᠶᠢ ᠪᠣᠯᠪᠠᠰᠤᠨ ᠢ ᠡᠭᠦᠳᠦᠨ ᠪᠠᠶᠢᠭᠤᠯᠬᠤ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ︾ ᠳᠤ ᠣᠷᠣᠭᠤᠯᠵᠤ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠲᠣᠭᠲᠠᠯᠴᠠᠭ᠎ᠠ ᠶᠢ ᠳᠠᠬᠢᠨ ᠪᠠᠶᠢᠭᠤᠯᠬᠤ᠂ ᠶᠠᠪᠤᠴᠠ ᠶᠢ ᠳᠠᠬᠢᠨ ᠪᠦᠲᠦᠭᠡᠬᠦ᠂ ᠴᠢᠳᠠᠪᠤᠷᠢ ᠶᠢ ᠳᠠᠬᠢᠨ ᠱᠤᠭᠤᠬᠤ ᠶᠢ ᠠᠬᠢᠭᠤᠯᠪᠠ᠃ ᠳᠤᠮᠳᠠᠳᠤ ᠤᠯᠤᠰ ᠤᠨ ᠷᠠᠳᠢᠣ᠋ ᠲᠧᠯᠸᠢᠰ ︵ᠴᠦᠩᠴᠢᠩ︶ ᠤᠨ ᠳ᠋ᠠᠶᠢᠲ᠋ᠠ ᠶᠢᠨ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ᠪᠥᠬᠦ ᠬᠤᠲᠠ ᠶᠢᠨ ᠨᠢᠭᠡ ᠲᠣᠤᠷ︾ ᠢ ᠡᠮᠬᠢᠯᠡᠨ ᠨᠡᠶᠢᠯᠡᠭᠦᠯᠬᠦ ᠪᠠ 700 ᠮᠧᠭ᠎ᠠ ᠾᠧᠷᠼᠧ ᠳᠠᠪᠲᠠᠮᠵᠢᠲᠤ ᠴᠡᠭ ᠢ ᠨᠡᠭᠦᠯᠭᠡᠬᠦ ᠠᠵᠢᠯ ᠢ ᠪᠡᠶᠡᠯᠡᠭᠦᠯᠵᠦ᠂ ᠷᠠᠳᠢᠣ᠋ ᠲᠧᠯᠸᠢᠰ ᠤᠨ 5G ᠶᠢᠨ ᠲᠤᠬᠠᠶᠢᠯᠠᠭᠰᠠᠨ ᠠᠵᠢᠯ ᠤᠨ ᠰᠦᠯᠵᠢᠶ᠎ᠡ᠂ ᠲᠣᠭᠲᠠᠮᠠᠯ ᠠᠪᠢᠶᠠᠨ ᠤ ᠲᠤᠬᠠᠶᠢᠯᠠᠭᠰᠠᠨ ᠠᠵᠢᠯ ᠤᠨ ᠰᠦᠯᠵᠢᠶ᠎ᠡ᠂ ᠢᠨᠲ᠋ᠧᠷ ᠰᠦᠯᠵᠢᠶᠡᠨ ᠤ ᠭᠤᠤᠯ ᠰᠦᠯᠵᠢᠶ᠎ᠡ ᠵᠢᠴᠢ ᠠᠭᠤᠯᠭ᠎ᠠ ᠶᠢ ᠲᠥᠪᠯᠡᠷᠡᠭᠦᠯᠦᠨ ᠨᠡᠪᠲᠡᠷᠡᠭᠦᠯᠬᠦ ᠲᠠᠪᠴᠠᠩ ᠵᠡᠷᠭᠡ ︽ᠭᠤᠷᠪᠠᠨ ᠰᠦᠯᠵᠢᠶ᠎ᠡ ᠨᠢᠭᠡ ᠲᠠᠪᠴᠠᠩ︾ ᠤᠨ ᠪᠥᠲᠥᠭᠡᠨ ᠪᠠᠶᠢᠭᠤᠯᠤᠯᠲᠠ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠣᠨᠴᠠ ᠲᠤᠳᠤᠷᠠᠴᠠᠲᠤ ᠲᠧᠯᠸᠢᠰ ᠤᠨ ᠰᠤᠪᠠᠭ ᠢ 39 ᠪᠠᠶᠢᠭᠤᠯᠵᠤ᠂ ᠰᠢᠶᠠᠨ ᠤ ᠱᠠᠲᠤᠨ ᠤ ᠲᠧᠯᠸᠢᠰ ᠤᠨ ᠰᠤᠪᠠᠭ ᠤᠨ ᠥᠨᠳᠥᠷ ᠲᠤᠳᠤᠷᠠᠴᠠᠲᠤ ᠶᠢᠨ ᠨᠤᠷᠮ᠎ᠠ 83.3% ᠳᠤ ᠬᠦᠷᠪᠡ᠃ 6 ᠲᠥᠷᠥᠯ ᠵᠦᠢᠯ ᠨᠢ ︽ᠪᠥᠬᠦ ᠤᠯᠤᠰ ᠤᠨ ᠤᠶᠤᠨᠲᠤ ᠷᠠᠳᠢᠣ᠋ ᠲᠧᠯᠸᠢᠰ ᠤᠨ ᠰᠦᠯᠵᠢᠶᠡᠨ ᠤ ᠰᠢᠨ᠎ᠡ ᠦᠢᠯᠡᠴᠢᠯᠡᠭᠡ ︾ ᠳᠤ ᠰᠣᠩᠭᠤᠭᠳᠠᠭᠰᠠᠨ ᠰᠢᠯᠢᠳᠡᠭ ᠬᠡᠷᠡᠭ ᠤᠨ ᠵᠢᠱᠢᠶ᠎ᠡ᠂ 3 ᠲᠥᠷᠥᠯ ᠵᠦᠢᠯ ᠨᠢ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠳᠡᠭᠡᠳᠦ ᠰᠢᠨ᠎ᠡ ᠮᠡᠷᠭᠡᠵᠢᠯ ᠤᠨ ᠸᠢᠳᠢᠣ᠋ ᠶᠢᠨ ᠰᠢᠨ᠎ᠡ ᠶᠢ ᠡᠭᠦᠳᠬᠦ ᠬᠡᠷᠡᠭᠯᠡᠯᠲᠡ ᠶᠢᠨ ᠤᠷᠤᠯᠳᠤᠭᠠᠨ ᠤ ᠱᠠᠩᠨᠠᠯ ᠢ ᠭᠥᠷᠳᠡᠪᠡ᠃ᠳᠥᠷᠪᠡ᠂ ᠷᠠᠳᠢᠣ᠋ ᠲᠧᠯᠸᠢᠰ ᠤᠨ ᠠᠷᠠᠳ ᠤᠨ ᠲᠥᠯᠥᠭᠡ ᠪᠠᠶᠢᠬᠤ ᠶᠢ ᠪᠠᠷᠢᠮᠲᠠᠯᠠᠨ ᠠᠷᠠᠳ ᠲᠤ ᠠᠰᠢᠭ ᠬᠦᠷᠲᠡᠭᠡᠬᠦ ᠶᠠᠰᠤ ᠴᠢᠨᠠᠷ ᠦᠷ᠎ᠡ ᠪᠦᠲᠦᠮᠵᠢ ᠶᠢ ᠴᠢᠩᠭᠠᠷᠠᠭᠤᠯᠵᠤ ᠂ ᠠᠷᠠᠳ ᠣᠯᠠᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ  ︽ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠶᠠᠩ ᠶᠢᠨ ᠲᠤᠭᠤᠷᠢᠭ᠂ ᠹᠧᠩ ᠵᠢᠶᠧ ᠰᠢᠶᠠᠨ ᠢ ᠵᠢᠯᠣᠭᠤᠳᠤᠨ ᠷᠠᠳᠢᠣ᠋ ᠨᠡᠪᠲᠡᠷᠡᠭᠦᠯᠭᠡ ᠲᠧᠯᠸᠢᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠶᠠᠨ ᠤ ᠱᠠᠲᠤᠨ ᠤ ᠪᠠᠷᠢᠮᠵᠢᠶᠠᠵᠢᠭᠤᠯᠬᠤ ᠲᠤᠷᠰᠢᠯᠲᠠ ᠶᠢ ᠥᠷᠨᠢᠭᠦᠯᠪᠡ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠲᠠᠰᠤᠷᠠᠯᠲᠠ ᠥᠬᠡᠶ ᠲᠡᠭᠦᠯᠳᠡᠷᠵᠢᠵᠦ᠂ ᠬᠤᠲᠠ ᠶᠢᠨ ᠱᠠᠲᠤᠨ ᠤ ᠲᠠᠪᠴᠠᠩ 1᠂ ᠲᠣᠭᠤᠷᠢᠭ ᠰᠢᠶᠠᠨ ᠤ ᠲᠠᠪᠴᠠᠩ 38᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠦᠵᠦᠭᠦᠷ 62791 ᠳᠤᠭᠤᠶᠢᠯᠠᠩ ᠢ ᠪᠠᠶᠢᠭᠤᠯᠵᠤ᠂ 972 ᠰᠢᠶᠠᠩ ᠪᠠᠯᠭᠠᠰᠤ ︵ᠵᠡᠭᠡᠯᠢ ᠭᠤᠳᠤᠮᠵᠢ︶᠂ 9495 ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠢ ᠬᠠᠮᠤᠷᠴᠤ᠂ ︽ᠤᠯᠤᠰ — ᠬᠤᠲᠠ — ᠲᠣᠭᠤᠷᠢᠭ ᠰᠢᠶᠠᠨ — ᠰᠢᠶᠠᠩ ᠪᠠᠯᠭᠠᠰᠤ — ᠵᠠᠰᠠᠭ ᠵᠠᠬᠢᠷᠭᠠᠨ ᠤ ᠲᠣᠰᠬᠤᠨ︾ ᠲᠠᠪᠤᠨ ᠱᠠᠲᠤ ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠨᠢᠭᠡᠳᠦᠭᠡᠷ ᠱᠠᠲᠤᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠤᠲᠠᠰᠤᠲᠤ ᠲᠧᠯᠸᠢᠰ ᠤᠨ ᠰᠦᠢᠳᠬᠡᠯ ᠬᠤᠷᠢᠶᠠᠬᠤ ᠪᠣᠭᠤᠳᠠᠯ ᠢ 7% ᠪᠠᠷ ᠪᠠᠭᠤᠷᠠᠭᠤᠯᠵᠤ᠂ ᠴᠠᠬᠢᠯᠭᠠᠨ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠰᠢᠯᠵᠢᠮᠡᠯ ᠬᠤᠯᠪᠣᠭ᠎ᠠ ᠵᠡᠷᠭᠡ ᠭᠤᠷᠪᠠᠨ ᠲᠣᠮᠣ IPTV ᠲᠠᠪᠴᠠᠩ ᠤᠨ ᠰᠦᠢᠳᠬᠡᠯ ᠬᠤᠷᠢᠶᠠᠬᠤ ᠪᠣᠭᠤᠳᠠᠯ ᠢ ᠲᠣᠰ ᠲᠣᠰ 82%᠂ 14%᠂ 25% ᠪᠠᠷ ᠪᠠᠭᠤᠷᠠᠭᠤᠯᠵᠤ᠂ ᠪᠥᠬᠦ ᠬᠤᠲᠠ ᠶᠢᠨ 169 ᠲᠦᠮᠡᠨ ᠤᠲᠠᠰᠤᠲᠤ ᠲᠧᠯᠸᠢᠰ ᠤᠨ ᠬᠡᠷᠡᠭᠯᠡᠭᠴᠢ ᠪᠠ 457 ᠲᠦᠮᠡᠨ IPTV ᠬᠡᠷᠡᠭᠯᠡᠭᠴᠢ ᠶᠢᠨ ᠲᠧᠯᠸᠢᠰ ᠢᠶᠠᠨ ᠨᠡᠬᠡᠭᠡᠮᠡᠭᠴᠡ ᠰᠢᠭᠤᠳ ᠨᠡᠪᠲᠡᠷᠡᠭᠦᠯᠭᠡ ᠦᠵᠡᠬᠦ᠂ ᠠᠵᠢᠯᠯᠠᠭᠤᠯᠬᠤ ᠳᠤ ᠨᠠᠩ ᠳᠥᠭᠦᠮ ᠳᠥᠲᠡ᠂ ᠰᠦᠢᠳᠬᠡᠯ ᠬᠤᠷᠢᠶᠠᠬᠤ ᠥᠬᠡᠶ ᠠᠭᠤᠯᠭ᠎ᠠ ᠨᠠᠩ ᠪᠠᠶᠠᠯᠢᠭ ᠂ ᠬᠤᠶᠠᠷ ᠦᠵᠦᠭᠦᠷ ᠤᠨ ᠰᠢᠰᠲ᠋ᠧᠮ ᠤᠨ ᠵᠠᠷ ᠮᠡᠳᠡᠭᠡ ᠨᠡᠪᠲᠡᠷᠡᠭᠦᠯᠬᠦ ᠥᠬᠡᠶ ᠪᠠᠶᠢᠬᠤ ᠶᠢ ᠪᠡᠶᠡᠯᠡᠭᠦᠯᠪᠡ᠃ᠲᠠᠪᠤ᠂ ᠰᠢᠰᠲ᠋ᠧᠮᠳᠦ ᠦᠵᠡᠯᠲᠡ ᠶᠢ ᠪᠠᠷᠢᠮᠲᠠᠯᠠᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠷᠠᠭᠤᠯᠵᠤ ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠨᠡᠮᠡᠪᠡ  ᠷᠠᠳᠢᠣ᠋ ᠲᠧᠯᠸᠢᠰ ᠤᠨ ᠠᠮᠤᠷ ᠲᠦᠪᠰᠢᠨ ᠤ ᠠᠮᠢᠨ ᠰᠤᠳᠠᠰᠤ ᠶᠢ ᠪᠠᠲᠤ ᠡᠵᠡᠮᠳᠡᠵᠦ᠂ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠳᠡᠭᠡᠭᠰᠢᠯᠡᠭᠦᠯᠬᠦ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠶᠡᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠭᠤᠯᠭ᠎ᠠ᠂ ᠳᠠᠮᠵᠢᠭᠤᠯᠬᠤ᠂ ᠨᠡᠪᠲᠡᠷᠡᠭᠦᠯᠬᠦ᠂ ᠰᠦᠯᠵᠢᠶ᠎ᠡ᠂ ᠲᠤᠭ᠎ᠠ ᠪᠠᠷᠢᠮᠲᠠ᠂ ᠪᠡᠯᠡᠳᠬᠡᠮᠵᠢ ᠵᠡᠷᠭᠡ ᠪᠥᠬᠦ ᠬᠡᠯᠬᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠮᠡᠷᠭᠡᠵᠢᠯ ᠤᠨ ᠵᠢᠷᠤᠮᠵᠢᠯ᠂ ᠠᠭᠤᠯᠭ᠎ᠠ ᠶᠢᠨ ᠨᠡᠪᠲᠡᠷᠡᠭᠦᠯᠭᠡ ᠂ ᠡᠳᠦᠷ ᠲᠤᠲᠤᠮ ᠤᠨ ᠬᠠᠮᠢᠶᠠᠷᠤᠯᠲᠠ ᠵᠡᠷᠭᠡ ᠭᠤᠭᠴᠤᠭ᠎ᠠ ᠠᠴᠠ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ ᠃ ᠷᠠᠳᠢᠣ᠋ ᠲᠧᠯᠸᠢᠰ ᠤᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠷᠠᠭᠤᠯᠵᠤ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡᠲᠦᠯᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠪᠡ ︔ IPTV ᠶᠢᠨ ᠠᠭᠤᠯᠭ᠎ᠠ ᠶᠢᠨ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ ᠃ ᠠᠮᠤᠷ ᠲᠦᠪᠰᠢᠨ ᠨᠡᠪᠲᠡᠷᠡᠭᠦᠯᠭᠡ ᠶᠢᠨ ᠬᠠᠮᠢᠶᠠᠷᠤᠯᠲᠠ ᠶᠢ ᠲᠣᠭᠲᠠᠯᠴᠠᠭᠠᠵᠢᠭᠤᠯᠤᠨ ᠴᠢᠩᠭᠠᠳᠬᠠᠵᠤ᠂ ᠴᠢᠬᠤᠯᠠ ᠶᠡᠭᠡ ᠠᠵᠢᠯᠯᠠᠭ᠎ᠠ᠂ ᠭᠤᠣᠯᠳᠠᠯᠭ᠎ᠠ ᠪᠣᠯᠬᠤ ᠴᠠᠭ ᠬᠤᠭᠤᠴᠠᠭ᠎ᠠ ᠪᠠ ᠴᠢᠬᠤᠯᠠ ᠫᠷᠤᠭ᠍ᠷᠠᠮ ᠤᠨ ︽ ᠨᠡᠪᠲᠡᠷᠡᠭᠦᠯᠭᠡ ᠶᠢ ᠥᠯᠥ ᠵᠣᠭᠰᠤᠭᠠᠬᠤ︾ ᠪᠠᠲᠤᠯᠠᠭ᠎ᠠ ᠶᠢᠨ ᠬᠠᠷᠠᠯᠲᠠ ᠶᠢ ᠪᠡᠶᠡᠯᠡᠭᠦᠯᠪᠡ ᠃ᠵᠢᠷᠭᠤᠭ᠎ᠠ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠴᠦᠩᠴᠢᠩ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠣᠯᠠᠨ ᠤᠯᠤᠰ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ  ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠢᠳᠡᠪᠬᠢᠲᠡᠢ ᠦᠢᠯᠡᠴᠢᠯᠡᠵᠦ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠭᠰᠠᠭᠠᠯ ᠢ ᠪᠣᠶ ᠪᠣᠯᠭᠠᠵᠤ᠂ ᠡᠸᠦ᠋ᠷᠣᠫᠠ ᠶᠢᠨ ᠺᠢᠨᠣ᠋ ᠲᠧᠯᠸᠢᠰ ᠣᠷᠴᠢᠭᠤᠯᠤᠨ ᠦᠢᠯᠡᠳᠬᠦ ᠲᠥᠪ ᠢ ᠪᠠᠶᠢᠭᠤᠯᠤᠨ ᠠᠵᠢᠯᠯᠠᠭᠤᠯᠵᠤ᠂ ︽ᠡᠸᠦ᠋ᠷᠦᠫᠡ ᠬᠡᠯᠡᠨ ᠤ ᠣᠷᠴᠢᠭᠤᠯᠤᠨ ᠲᠣᠬᠢᠷᠠᠭᠤᠯᠬᠤ ᠪᠦᠲᠦᠭᠡᠯ ᠤᠨ ᠹᠢᠯᠢᠮ ᠤᠨ ᠬᠥᠮᠥᠷᠭᠡ︾ ᠶᠢ ᠪᠠᠶᠢᠭᠤᠯᠵᠤ᠂ ︽1 ᠳ᠋ᠦ᠋ᠭᠡᠷ ᠰᠣᠨᠢᠨ ᠮᠡᠳᠡᠭᠡ︾ ᠨᠢ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭᠠᠨ ᠢ ᠰᠣᠩᠭᠤᠭᠳᠠᠨ ᠂ ᠪᠥᠬᠦ ᠬᠤᠲᠠ ᠶᠢᠨ 41 ᠲᠣᠭᠤᠷᠢᠭ ᠰᠢᠶᠠᠨ ᠤ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ ︽ᠴᠦᠩᠴᠢᠩ ᠤᠨ ᠰᠢᠭᠤᠳ ᠨᠡᠪᠲᠡᠷᠡᠭᠦᠯᠭᠡ ᠶᠢᠨ ᠬᠤᠯᠪᠤᠭ᠎ᠠ︾ ᠪᠠ ︽ᠴᠦᠩᠴᠢᠩ ᠤᠨ ᠣᠬᠤᠷ ᠸᠢᠳᠢᠣ᠋ ᠶᠢᠨ ᠬᠤᠯᠪᠣᠭ᠎ᠠ︾ ᠶᠢ ᠪᠠᠶᠢᠭᠤᠯᠪᠠ᠃ ︽ᠳᠤᠮᠳᠠᠳᠤ ᠤᠯᠤᠰ ᠢ ᠦᠵᠡᠵᠦ ᠰᠣᠨᠣᠰᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ᠂ ᠣᠯᠠᠨ ᠤᠯᠤᠰ ᠤᠨ ᠨᠥᠬᠦᠷᠰᠡᠭ ᠬᠤᠲᠠ ᠶᠢᠨ ᠷᠠᠳᠢᠣ᠋ ᠲᠧᠯᠸᠢᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠷᠠᠭᠤᠯᠵᠤ ᠂ ︽ᠲᠧᠯᠸᠢᠰ ᠤᠨ ᠳᠤᠮᠳᠠᠳᠤ ᠤᠯᠤᠰ ᠤᠨ ᠲᠢᠶᠠᠲᠷ︾ ᠢ ︽ᠳᠤᠮᠳᠠᠳᠤ ᠤᠯᠤᠰ ᠤᠨ ᠴᠠᠭ ᠦᠶ᠎ᠡ︾ ᠶᠢᠨ ᠪᠤᠯᠤᠩ ᠤᠨ ᠬᠡᠯᠪᠡᠷᠢ ᠪᠠᠷ ᠮᠧᠺᠰᠢᠺᠦ ᠶᠢᠨ 11 ᠲᠧᠯᠸᠢᠰ ᠬᠤᠷᠢᠶ᠎ᠠ ᠪᠣᠯᠤᠨ ᠺᠣᠯᠣᠮᠪᠢᠶ᠎ᠠ ᠶᠢᠨ ᠤᠯᠤᠰ ᠤᠨ ᠲᠧᠯᠸᠢᠰ ᠬᠤᠷᠢᠶᠠᠨ ᠳᠤ ᠭᠠᠷᠭᠠᠬᠤ ᠶᠢ ᠠᠬᠢᠭᠤᠯᠵᠤ᠂ ᠯᠠᠲ᠋ᠢᠨ ᠠᠮᠧᠷᠢᠺᠠ ᠶᠢᠨ ᠭᠠᠵᠠᠷ ᠣᠷᠣᠨ ᠤ 5 ᠳ᠋ᠦᠩᠰᠢᠭᠤᠷ ᠰᠢᠬᠠᠮ ᠲᠧᠯᠸᠢᠰ ᠦᠵᠡᠭᠴᠢᠳ ᠲᠤ ᠺᠢᠨᠣ᠋ ᠂ ᠲᠧᠯᠸᠢᠰ ᠵᠦᠴᠦᠭᠡ᠂ ᠪᠠᠷᠢᠮᠲᠠᠲᠤ ᠺᠢᠨᠣ᠋ ᠂ ᠬᠡᠦᠬᠡᠯᠳᠡᠢ ᠺᠢᠨᠣ᠋ ᠶᠢ ᠪᠠᠭᠲᠠᠭᠠᠭᠰᠠᠨ ᠳᠤᠮᠳᠠᠳᠤ ᠤᠯᠤᠰ ᠤᠨ ᠠᠷᠪᠠᠨ ᠬᠡᠳᠦᠨ ᠰᠢᠯᠢᠳᠡᠭ ᠦᠵᠡᠵᠦ ᠰᠣᠨᠣᠰᠬᠤ ᠫᠷᠤᠭ᠍ᠷᠠᠮ ᠢ ᠠᠪᠴᠤ ᠣᠴᠢᠨ᠂ ︽ᠲᠧᠯᠸᠢᠰ ᠤᠨ ᠳᠤᠮᠳᠠᠳᠤ ᠤᠯᠤᠰ ᠤᠨ ᠲᠢᠶᠠᠲᠷ ︾ ᠤᠨ ᠯᠠᠲ᠋ᠢᠨ ᠠᠮᠧᠷᠢᠺᠠ ᠶᠢᠨ ᠭᠠᠵᠠᠷ ᠣᠷᠣᠨ ᠳᠠᠬᠢ ᠬᠤᠭᠤᠰᠣᠨ ᠪᠠᠶᠢᠭᠰᠠᠨ ᠢ ᠨᠥᠬᠦᠪᠥᠷᠢᠯᠡᠵᠦ᠂ ᠴᠦᠩᠴᠢᠩ ᠤᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠨᠥᠯᠥᠭᠡ ᠲᠤᠰᠬᠠᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ