| | | | ︽ᠬᠤᠶᠠᠷ ᠨᠡᠷ᠎ᠡ ᠮᠡᠳᠡᠭᠦᠯᠬᠦ᠂ ᠬᠤᠶᠠᠷ ᠦᠢᠯᠡᠴᠢᠯᠡᠭᠡ ᠂ ᠬᠤᠶᠠᠷ ᠮᠡᠳᠡᠭᠦᠯᠦᠯᠲᠡ ︾ ᠠᠵᠢᠯ ᠤᠨ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ | ᠠᠬᠢᠭᠤᠯᠵᠤ ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠤᠰᠠᠳᠠ ᠂ 12 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠦᠦ ᠶᠢᠨ ᠰᠠᠭᠤᠷᠢ | ᠮᠥᠩᠭᠦᠨ ᠤ ᠨᠡᠶᠢᠭᠡᠮᠯᠢᠭ ᠤᠨ ᠠᠯᠪᠠᠨ ᠬᠡᠷ ᠤᠨ ᠨᠠᠮ ᠤᠨ ᠡᠭᠦᠷ ᠤᠨ ᠬᠢᠨ ᠲᠣᠪᠴᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠡᠭᠦᠷ ᠲᠠᠢ | ᠬᠠᠮᠲᠤᠷᠠᠨ ︽ᠨᠡᠶᠢᠭᠡᠮ ᠲᠣᠭᠤᠷᠢᠭ ᠲᠤ ᠦᠢᠯᠡᠴᠢᠯᠡᠬᠦ᠂ ᠡᠩᠨᠡᠭᠡ ᠪᠠᠶᠢᠭᠤᠯᠬᠤ︾ ᠬᠤᠶᠠᠷ ᠵᠦᠢᠯ ᠤᠨ ᠡᠭᠦᠷᠭᠡ ᠶᠢᠨ ᠲᠣᠭᠤᠷᠢᠨ ᠳᠤ᠂ ᠨᠠᠮ ᠤᠨ ᠡᠭᠦᠷ ᠤᠨ ᠨᠠᠮ ᠤᠨ | ᠭᠡᠰᠢᠭᠦᠳ ᠤᠨ ᠨᠡᠶᠢᠭᠡᠮ ᠲᠣᠭᠤᠷᠢᠭ ᠲᠤ ᠢᠳᠡᠪᠬᠢᠲᠡᠶ ᠣᠴᠢᠬᠤ ᠶᠢ ᠱᠠᠯᠠᠪᠳᠠᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ︽ᠬᠠᠶᠢᠷ᠎ᠠ | ᠬᠠᠯᠠᠮᠵᠢ ᠶᠢᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠬᠤ︾ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ | ᠯᠢ ᠴᠧᠩ ᠨᠡᠶᠢᠭᠡᠮ ᠲᠣᠭᠤᠷᠢᠭ ᠤᠨ ᠠᠵᠢᠯᠲᠠᠳ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠬᠦᠨᠳᠦ | ᠬᠦᠴᠢᠷᠳᠡᠯ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠯᠠᠰ ᠴᠡᠭ ᠵᠡᠷᠭᠡ ᠶᠢ ᠨᠠᠷᠢᠨ ᠲᠠᠨᠢᠯᠴᠠᠭᠤᠯᠪᠠ᠃ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ | ᠠᠯᠪᠠᠨ ᠭᠡᠷ ᠤᠨ ᠨᠠᠮ ᠤᠨ ᠡᠭᠦᠷ᠂ ᠲᠣᠪᠴᠢᠶᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠡᠭᠦᠷ ᠨᠢ ᠬᠡᠷᠬᠢᠨ ᠨᠡᠶᠢᠭᠡᠮ ᠲᠣᠭᠤᠷᠢᠭ ᠤᠨ | ᠦᠢᠯᠡᠴᠢᠯᠡᠭᠡ ᠶᠢ ᠴᠢᠩᠭᠠᠳᠬᠠᠬᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠳᠡᠭᠡᠭᠰᠢᠯᠡᠭᠦᠯᠬᠦ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ | ᠠᠭᠤᠯᠭ᠎ᠠ ᠶᠢᠨ ᠲᠣᠭᠤᠷᠢᠨ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠤᠨ ᠳᠠᠷᠠᠭ᠎ᠠ᠂ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠬᠡᠷ ᠤᠨ ᠨᠠᠮ ᠤᠨ ᠡᠭᠦᠷ᠂ ᠲᠣᠪᠴᠢᠶᠠᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠭᠠᠵᠠᠷ ᠤᠨ ᠨᠠᠮ ᠤᠨ ᠡᠭᠦᠷ ᠠᠴᠠ ᠨᠡᠶᠢᠭᠡᠮ ᠲᠣᠭᠤᠷᠢᠭ ᠲᠤ ᠨᠣᠮ ᠪᠢᠴᠢᠭ ᠪᠠ ᠷᠠᠳᠢᠣ᠋ ᠬᠠᠨᠳᠢᠪᠯᠠᠭᠰᠠᠨ ᠪᠥᠭᠡᠳ ᠵᠠᠯᠠᠭᠤ ᠨᠠᠮ ᠤᠨ ᠭᠡᠰᠢᠭᠦᠨ | ᠺᠠᠳ᠋ᠷᠴᠤᠳ ᠢ ᠵᠣᠬᠢᠶᠠᠨ ᠪᠠᠶᠢᠭᠤᠯᠤᠨ ᠠᠷᠢᠭᠤᠨ ᠴᠡᠪᠡᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠡᠭᠦᠷᠭᠡ ᠶᠢ ᠢᠳᠡᠪᠬᠢᠲᠡᠶ ᠳᠠᠭᠠᠭᠠᠯᠭᠠᠵᠤ ᠂ ᠨᠡᠶᠢᠭᠡᠮ | ᠲᠣᠭᠤᠷᠢᠭ ᠤᠨ ᠠᠷᠢᠭᠤᠨ ᠴᠡᠪᠡᠷ ᠢ ᠴᠢᠩᠭᠠᠳᠬᠠᠪᠠ ᠃ | |