| | | | | | ᠴᠠᠭᠠᠨ ᠰᠠᠷ᠎ᠠ ᠠᠴᠠ ᠡᠮᠦᠨᠡᠬᠡᠨ᠂ ᠪᠢᠴᠢᠯ ᠳᠣᠯᠭᠢᠶᠠᠨ ᠳᠠᠮᠵᠢᠭᠤᠯᠭ᠎ᠠ ᠶᠢᠨ ᠶᠡᠷᠦᠩᠬᠡᠢ ᠦᠷᠳᠡᠭᠡᠨ ᠤ ᠨᠠᠮ ᠤᠨ ᠶᠡᠷᠦᠩᠬᠡᠢ ᠡᠭᠦᠷ ᠤᠨ ᠬᠢᠨ ᠤᠯᠠᠭᠠᠨᠬᠦᠦ ᠶᠢᠨ ᠰᠠᠭᠤᠷᠢ | ᠮᠥᠩᠭᠦᠨ ᠤ ᠨᠡᠶᠢᠭᠡᠮᠯᠢᠭ ᠤᠨ ᠠᠯᠪᠠᠨ ᠭᠡᠷ ᠤᠨ ᠨᠠᠮ ᠤᠨ ᠡᠭᠦᠷ ᠲᠠᠢ ᠬᠠᠮᠲᠤᠷᠠᠨ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠤᠨ ᠽᠠᠨᠳᠠᠨ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠬᠦᠷᠴᠦ ᠬᠠᠮᠲᠤ ᠪᠠᠷ ︽ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠵᠠᠯᠠᠭᠤ ᠨᠠᠮ ᠤᠨ ᠭᠡᠰᠢᠭᠦᠨ ᠨᠡᠶᠢᠭᠡᠮ ᠲᠣᠭᠤᠷᠢᠭ ᠤᠨ ᠣᠯᠠᠨ ᠲᠦᠮᠡᠨ ᠳᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ︽ᠵᠢᠷᠭᠤᠭᠠᠨ ᠦᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠣᠶᠢᠯᠠᠭᠠᠭᠤᠯᠤᠨ ᠡᠵᠡᠮᠰᠢᠭᠦᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠭᠦᠨ ᠵᠤᠵᠠᠭᠠᠨ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠶ ᠣᠶᠢᠯᠠᠭᠠᠭᠤᠯᠪᠠ᠃ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠿᠧᠨ ᡁᠢ ᠭᠠᠩ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠠᠯᠪᠠᠨ ᠵᠢᠷᠤᠮ ᠤᠨ | ᠡᠮᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠡᠷᠡᠭᠦᠯ ᠮᠡᠨᠳᠦ ᠪᠠᠷ ᠴᠠᠭᠠᠨ ᠰᠠᠷ᠎ᠠ ᠶᠢ ᠤᠭᠲᠤᠬᠤ︾ ᠨᠡᠶᠢᠲᠡ ᠶᠢᠨ ᠠᠰᠠᠷᠠᠮᠵᠢ ᠶᠢᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠪᠥᠬᠦ ᠶᠠᠪᠤᠴᠠ ᠳᠤ 40 ᠭᠠᠷᠤᠶ ᠬᠥᠮᠦᠨ ᠢ ᠭᠥᠯᠢᠶᠡᠨ ᠠᠪᠴᠤ ᠡᠮᠴᠢᠯᠡᠪᠡ᠃ ᠨᠡᠶᠢᠭᠡᠮ ᠲᠣᠭᠤᠷᠢᠭ ᠤᠨ ᠳᠣᠲᠣᠷᠠᠬᠢ | ᠵᠠᠮ ᠤᠨ ᠬᠤᠷᠠᠭᠰᠠᠨ ᠴᠠᠰᠤ ᠶᠢ ᠠᠷᠢᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠠᠮᠤᠷ ᠲᠦᠪᠰᠢᠨ ᠵᠠᠮ︾᠂ ︽ᠬᠠᠶᠢᠷ᠎ᠠ ᠬᠠᠯᠠᠮᠵᠢ ᠶᠢᠨ ᠵᠠᠮ︾ ᠢ | ᠴᠡᠪᠡᠷᠯᠡᠨ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠠᠵᠢᠯ ᠠᠴᠠ ᠪᠠᠨ | ᠠᠮᠠᠷᠠᠭᠰᠠᠨ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠠᠬᠠᠮᠠᠳᠴᠤᠳ ᠤᠨ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ | ᠠᠬᠠᠮᠠᠳᠴᠤᠳ ᠲᠤ ᠭᠦᠨ ᠰᠠᠨᠠᠭᠠᠰᠢᠷᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠷᠠᠳᠢᠣ᠋ ᠲᠧᠯᠸᠢᠰ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠴᠢᠩ | ᠰᠡᠳᠬᠢᠯ ᠠᠴᠠ ᠪᠠᠨ ᠲᠠᠯᠠᠷᠬᠠᠭᠰᠠᠨ ᠤ ᠬᠠᠮᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | ︵ᠪᠢᠴᠢᠯ ᠳᠣᠯᠭᠢᠶᠠᠨ ᠳᠠᠮᠵᠢᠭᠤᠯᠭ᠎ᠠ ᠶᠢᠨ ᠶᠡᠷᠦᠩᠬᠡᠶ ᠥᠷᠲᠡᠭᠡ᠂ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠭᠡᠷ︶ | |