| | | | | | ᠪᠤᠭᠤᠲᠤ ᠬᠤᠲᠠ ᠶᠢᠨ ᠷᠦᠢ ᠳ᠋ᠧ ᠷᠦᠨ ᠰᠢᠤᠸᠠᠢ ᠰᠤᠷᠭᠠᠨ ᠬᠥᠮᠦᠵᠢᠯ ᠤᠨ ᠠᠰᠠᠭᠤᠨ ᠯᠠᠪᠯᠠᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄ | ᠲᠠᠨ ᠤ ᠺᠣᠮᠫᠠᠨᠢ ᠶᠢᠨ ᠷᠠᠳᠢᠤ᠋ ᠨᠡᠪᠲᠡᠷᠡᠭᠦᠯᠭᠡ ᠲᠧᠯᠸᠢᠰ ᠤᠨ ᠫᠷᠦᠭᠷᠠᠮ ᠦᠢᠯᠡᠳᠬᠦ ᠡᠵᠡᠩᠨᠡᠬᠦ ᠠᠵᠢᠯ ᠢ ᠦᠷᠨᠢᠭᠦᠯᠬᠦ ᠭᠤᠶᠤᠴᠢᠯᠠᠬᠤ ᠮᠠᠲ᠋ᠧᠷᠢᠶᠠᠯ ᠢ ᠲᠣᠰᠴᠤ ᠣᠯᠣᠯ᠎ᠠ᠃ | ᠰᠤᠳᠤᠯᠤᠯᠲᠠ ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃ | ᠨᠢᠭᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠬᠦ ᠬᠠᠮᠢᠶᠠᠷᠤᠯᠲᠠ ᠶᠢᠨ ᠲᠣᠭᠲᠠᠭᠠᠯ︾ | ︵ᠶᠡᠷᠦᠩᠬᠡᠶ ᠲᠣᠪᠴᠢᠶ᠎ᠠ ᠶᠢᠨ ᠵᠠᠷᠯᠢᠭ 34 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ | ᠦᠢᠯᠡᠳᠬᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠬᠦ ᠵᠥᠪᠰᠢᠶᠡᠷᠡᠯ ᠤᠨ | ᠦᠨᠡᠮᠯᠡᠯ︾ ᠢ ᠲᠠᠷᠬᠠᠭᠠᠨ᠎ᠠ᠂ ᠳ᠋ᠤᠭᠠᠷ᠄ ︵ᠥᠪᠥᠷ ᠮᠣᠩᠭᠤᠯ︶ ᠥᠰᠥᠭ ᠤᠨ 567 ᠳ᠋ᠤᠭᠠᠷ ᠲᠣᠭᠠᠲᠤ᠂ ᠬᠦᠴᠦᠨ ᠲᠠᠢ ᠬᠤᠭᠤᠴᠠᠭ᠎ᠠ᠄ 2024 ᠣᠨ ᠤ 2 ᠳ᠋ᠤᠭᠠᠷ | ᠰᠠᠷ᠎ᠠ ᠶᠢᠨ 23 ᠤ ᠡᠳᠦᠷ ᠠᠴᠠ 2026 ᠣᠨ ᠤ 2 ᠳ᠋ᠤᠭᠠᠷ ᠰᠠᠷ᠎ᠠ ᠶᠢᠨ 22 ᠤ ᠡᠳᠦᠷ ᠪᠣᠯᠲᠠᠯ᠎ᠠ᠃ | ᠬᠤᠶᠠᠷ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠬᠦ ᠬᠦᠷᠢᠶ᠎ᠡ ᠬᠡᠪᠴᠢᠶ᠎ᠡ ᠨᠢ᠄ ᠲᠤᠰᠬᠠᠶ ᠰᠡᠳᠦᠪ᠂ ᠲᠤᠰᠬᠠᠶ ᠪᠤᠯᠤᠩ᠂ ᠶᠡᠷᠦᠩᠬᠡᠶᠢᠯᠡᠭᠰᠡᠨ ᠤᠷᠠᠯᠢᠭ᠂ | ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠬᠦ ᠪᠠ ᠫᠷᠤᠭ᠍ᠷᠠᠮ ᠤᠨ ᠬᠡᠪᠯᠡᠯ ᠤᠨ ᠡᠷᠬᠡ ᠶᠢ ᠠᠷᠠᠯᠵᠢᠶᠠᠯᠠᠬᠤ ᠪᠠ | ᠣᠷᠣᠯᠠᠨ ᠠᠷᠠᠯᠵᠢᠶᠠᠯᠠᠬᠤ ᠪᠣᠯᠤᠨ᠎ᠠ᠃ ᠡᠵᠡᠩᠨᠡᠯᠲᠡ ᠶᠢᠨ ᠠᠷᠭ᠎ᠠ ᠬᠡᠯᠪᠡᠷᠢ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠬᠤ᠃ | ᠭᠤᠷᠪᠠ᠂ ᠲᠠᠨ ᠤ ᠺᠣᠮᠫᠠᠨᠢ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠤᠨ ᠬᠢᠨᠠᠨ ᠵᠥᠪᠰᠢᠶᠡᠷᠡᠭᠰᠡᠨ ᠦᠢᠯᠡᠳᠬᠦ | ᠡᠵᠡᠩᠨᠡᠬᠦ ᠬᠡᠪᠴᠢᠶ᠎ᠡ ᠶᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠵᠦ᠂ ᠦᠢᠯᠡᠳᠬᠦ ᠡᠵᠡᠩᠨᠡᠬᠦ ᠠᠵᠢᠯᠯᠠᠭ᠎ᠠ ᠳᠤ ᠡᠷᠬᠡᠪᠰᠢ ᠤᠯᠤᠰ ᠤᠨ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ ᠲᠤᠬᠠᠢ ᠶᠢᠨ ᠴᠠᠭ ᠤᠨ ᠤᠯᠤᠰ ᠲᠥᠷᠥ ᠶᠢᠨ ᠰᠣᠨᠢᠨ ᠮᠡᠳᠡᠭᠡ | ᠵᠢᠴᠢ ᠠᠳᠠᠯᠢ ᠲᠥᠷᠥᠯ ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠴᠦ ᠪᠣᠯᠬᠤ ᠦᠭᠡᠢ᠃ ᠺᠠᠷᠲ᠋ᠣᠨ ᠺᠢᠨᠣ᠋᠂ ᠲᠧᠯᠸᠢᠰ | ᠵᠦᠴᠦᠭᠡ ᠵᠣᠬᠢᠶᠠᠬᠤ ᠳᠤ ᠪᠠᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠭᠠᠷᠳᠠᠮ ᠢ | ᠭᠦᠢᠴᠡᠳᠬᠡᠬᠦ ᠬᠡᠷᠡᠭᠲᠡᠶ᠃ | ᠲᠦᠷᠪᠡ᠂ ᠨᠡᠶᠢᠳᠡᠯᠡᠭᠰᠡᠨ ︽ᠷᠠᠳᠢᠤ᠋ ᠲᠧᠯᠸᠢᠰ ᠤᠨ ᠫᠷᠤᠭ᠍ᠷᠠᠮ ᠢ ᠦᠢᠯᠡᠳᠬᠦ ᠡᠵᠡᠩᠨᠡᠬᠦ ᠵᠦᠪᠰᠢᠶᠡᠷᠡᠯ ᠤᠨ ᠦᠨᠡᠮᠯᠡᠯ︾ ᠢ ᠶᠠᠮᠠᠷᠪᠠ ᠠᠷᠭ᠎ᠠ ᠬᠡᠯᠪᠡᠷᠢ ᠪᠠᠷ ᠪᠠᠯᠠᠯᠬᠤ᠂ | ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ ᠢᠶᠠᠷ ᠵᠤᠬᠢᠶᠠᠬᠤ ᠶᠢ ᠴᠢᠩᠭ᠎ᠠ ᠬᠤᠷᠢᠭᠯᠠᠨ᠎ᠠ᠃ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠬᠦ | ᠵᠥᠪᠰᠢᠶᠡᠷᠡᠯ ᠤᠨ ᠦᠨᠡᠮᠯᠡᠯ︾ ᠳᠤ ᠲᠣᠳᠣᠷᠬᠠᠶᠢᠯᠠᠭᠰᠠᠨ ᠦᠢᠯᠡᠳᠬᠦ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠠᠶ᠋ᠢᠭ ᠪᠠ ᠲᠦᠷᠢᠮ | ᠵᠡᠷᠭᠡ ᠵᠦᠢᠯᠡᠰ ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠬᠤᠪᠢᠷᠠᠭᠤᠯᠬᠤ ᠶᠢ ᠬᠢᠨᠠᠨ | ᠵᠥᠪᠰᠢᠶᠡᠷᠡᠭᠦᠯᠬᠦ ᠭᠠᠷᠳᠠᠮ ᠢ ᠭᠦᠢᠴᠡᠳᠭᠡᠨ᠎ᠡ︔ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠬᠦ ᠠᠵᠢᠯᠯᠠᠭ᠎ᠠ ᠶᠢ ᠵᠣᠭᠰᠣᠭᠠᠬᠤ ᠳᠤ᠂ 1 ᠭᠠᠷᠠᠭ ᠤᠨ ᠳᠣᠲᠣᠷ᠎ᠠ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠬᠦᠷᠴᠦ ᠬᠦᠴᠦᠨ ᠥᠬᠡᠶ ᠪᠣᠯᠭᠠᠬᠤ ᠭᠠᠷᠳᠠᠮ ᠢ ᠭᠦᠢᠴᠡᠳᠭᠡᠬᠦ ᠬᠡᠷᠡᠭᠲᠡᠶ᠃ | ᠲᠠᠪᠤ᠂ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠵᠣᠬᠢᠶᠠᠬᠤ ᠳᠤ ᠪᠠᠨ᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡ ᠣᠷᠣᠭᠤᠯᠤᠭᠰᠠᠨ ᠠᠵᠤ | ᠠᠬᠤᠶᠢᠯᠠᠯ ᠪᠤᠶᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ᠂ ᠬᠤᠷᠰᠢᠭᠰᠠᠨ ᠠᠵᠤ ᠠᠬᠤᠶᠢᠯᠠᠯ ᠪᠣᠯᠤᠨ ᠬᠢᠯᠢ ᠶᠢᠨ ᠭᠠᠳᠠᠨᠠᠬᠢ ᠬᠥᠮᠦᠰ ᠤᠨ ᠦᠢᠯᠡᠳᠬᠦ ᠠᠵᠢᠯ ᠳᠤ | ᠣᠷᠣᠯᠴᠠᠬᠤ ᠶᠢ ᠴᠢᠩᠭ᠎ᠠ ᠬᠤᠷᠢᠭᠯᠠᠬᠤ ᠬᠡᠷᠡᠭᠲᠡᠶ᠃ | ᠵᠢᠷᠭᠤᠭ᠎ᠠ᠂ ᠭᠠᠳᠠᠭᠠᠳᠤ ᠳᠤ ᠭᠠᠷᠭᠠᠬᠤ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠪᠤᠶᠤ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠢ ᠬᠢᠯᠢ ᠶᠢᠨ ᠭᠠᠳᠠᠨ᠎ᠠ | ᠦᠵᠡᠭᠦᠯᠭᠡ ᠳᠤ ᠨᠡᠪᠲᠡᠷᠡᠭᠦᠯᠬᠦ ᠠᠵᠢᠯᠯᠠᠭ᠎ᠠ ᠳᠤ ᠣᠷᠣᠯᠴᠠᠭᠤᠯᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠤᠷᠢᠳᠴᠢᠯᠠᠨ ᠮᠡᠳᠡᠭᠦᠯᠬᠦ | ᠬᠡᠷᠡᠭᠲᠡᠶ᠃ | ᠴᠤᠬᠤᠯᠠᠪᠣᠷᠢᠯᠠᠪᠠ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 2 ᠳ᠋ᠤᠭᠠᠷ ᠰᠠᠷ᠎ᠠ ᠶᠢᠨ 26 ᠤ ᠡᠳᠦᠷ | |