ᠮᠠᠨ ᠤ ᠲᠣᠪᠴᠢᠶ᠎ᠠ ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
  2 ᠳ᠋ᠤᠭᠠᠷ ᠰᠠᠷ᠎ᠠ ᠶᠢᠨ 26 ᠤ ᠡᠳᠦᠷ᠂ ᠮᠠᠨ ᠤ ᠲᠣᠪᠴᠢᠶ᠎ᠠ ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠠᠯᠪᠠᠲᠠᠨ᠂ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ ᠵᠢᠴᠢ  ᠳᠠᠮᠵᠢᠭᠤᠯᠭ᠎ᠠ ᠰᠠᠴᠤᠷᠠᠭᠤᠯᠭ᠎ᠠ ᠶᠢᠨ ᠲᠥᠪ ᠤᠨ ᠡᠯ᠎ᠡ ᠰᠠᠯᠪᠤᠷᠢ ᠪᠠᠶᠢᠭᠤᠯᠤᠮᠵᠢ ᠶᠢᠨ ᠪᠠᠭ ᠤᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠬᠤ ᠲᠤᠰᠬᠠᠶ ᠲᠤᠰᠢᠶᠠᠯᠲᠠᠨ ᠪᠠ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃ ᠬᠤᠷᠠᠯ ᠠᠴᠠ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠨᠡᠪᠲᠡᠷᠡᠭᠦᠯᠵᠦ᠂ ᠲᠤᠪᠴᠢᠶ᠎ᠠ ᠶᠢᠨ ᠰᠢᠰᠲ᠋ᠧᠮ ᠤᠨ ᠤᠢᠢᠷ᠎ᠠ ᠶᠢᠨ ᠵᠢᠯ ᠳᠤ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠡᠭᠦᠰᠦᠭᠰᠡᠨ ᠭᠤᠣᠯ ᠰᠢᠯᠲᠠᠭᠠᠨ ᠢ ᠵᠠᠳᠠᠯᠪᠠ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠦᠴᠦᠲᠡᠢ ᠠᠷᠭ᠎ᠠ ᠬᠡᠮᠵᠢᠶ᠎ᠡ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠲᠣᠪᠴᠢᠶ᠎ᠠ ᠶᠢᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠥᠪᠡᠷ ᠢ ᠪᠠᠨ ᠦᠨᠡᠨ ᠬᠦ ᠪᠠᠭᠲᠠᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠭᠦᠨ ᠢᠶᠠᠷ ᠴᠡᠭᠡᠷᠯᠡᠯ ᠪᠣᠯᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠦᠨᠡᠨ ᠬᠦ ᠰᠡᠳᠬᠢᠯ ᠳᠤ ᠪᠠᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠤ ᠪᠠᠨ ᠠᠳᠬᠤᠵᠤ᠂ ᠭᠤᠣᠯᠳᠠᠯᠭ᠎ᠠ ᠲᠠᠢ ᠠᠰᠠᠭᠤᠳᠠᠯ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ