ᠸᠠᠩ ᠰᠢᠶᠣᠤ ᠲᠢᠶᠧ ᠲᠣᠪᠴᠢᠶᠠᠨ ᠤ ᠤᠳᠤᠷᠢᠳᠤᠯᠭ᠎ᠠ ᠶᠢᠨ ︽ᠲᠠᠪᠤ ᠶᠢ ᠨᠢᠭᠡᠳᠬᠡᠬᠦ︾ ᠶᠢ ᠦᠨᠳᠦᠰᠦᠨ ᠱᠠᠲᠤᠨ ᠳᠤ ᠪᠠᠭᠤᠯᠭᠠᠪᠠ
ᠨᠡᠶᠢᠲᠡᠯᠡᠭᠰᠡᠨ ᠴᠠᠭ᠄
2024/2/28
   2 ᠳ᠋ᠤᠭᠠᠷ ᠰᠠᠷ᠎ᠠ ᠶᠢᠨ 27 ᠤ ᠡᠳᠦᠷ᠂ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠭᠤᠣᠯᠳᠠᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠲᠤᠪᠴᠢᠶ᠎ᠠ ᠶᠢᠨ ᠤᠳᠤᠷᠢᠳᠤᠯᠭ᠎ᠠ ᠶᠢᠨ ︽ᠲᠠᠪᠤ ᠶᠢ ᠨᠢᠭᠡᠳᠬᠡᠬᠦ︾ ᠶᠢ ᠦᠨᠳᠦᠰᠦᠨ ᠱᠠᠲᠤᠨ ᠳᠤ ᠪᠠᠭᠤᠯᠭᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠠᠯᠪᠠᠨ ᠭᠡᠷ ᠤᠨ ᠨᠠᠮ ᠤᠨ ᠡᠭᠦᠷ᠂ ᠠᠵᠢᠯᠳᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠨᠠᠮ ᠤᠨ ᠶᠡᠷᠦᠩᠬᠡᠢ ᠡᠭᠦᠷ ᠵᠢᠴᠢ 706 ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠪᠠ᠃  ᠸᠠᠩ ᠰᠢᠶᠤᠤ ᠲᠢᠶᠧ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠡᠨᠡ ᠬᠦ ᠦᠵᠡᠯ ᠰᠠᠨᠠᠭᠠᠨ ᠤ ᠦᠨᠳᠦᠰᠦᠨ ᠦᠵᠡᠯᠲᠡ᠂ ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠳᠡᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠲᠣᠭᠤᠷᠢᠨ ᠳᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃  ︵ᠠᠯᠪᠠᠨ ᠭᠡᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ