ᠮᠠᠨ ᠤ ᠣᠷᠣᠨ ᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠦᠲᠦᠭᠡᠯ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠳᠡᠮᠵᠢᠯᠭᠡ ᠶᠢ ᠣᠯᠪᠠ
ᠨᠡᠶᠢᠲᠡᠯᠡᠭᠰᠡᠨ ᠴᠠᠭ᠄
2024/3/12
  ᠡᠮᠦᠨᠡᠬᠡᠨ᠂ ᠠᠷᠠᠳ ᠤᠨ ᠶᠠᠪᠤᠳᠠᠯ ᠤᠨ ᠶᠠᠮᠤᠨ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠨᠡᠶᠢᠭᠡᠮᠯᠢᠭ ᠬᠠᠮᠲᠤᠷᠠᠨ 2023 ᠣᠨ ᠤ ᠪᠥᠬᠦ ᠤᠯᠤᠰ ᠤᠨ ᠨᠠᠰᠤᠲᠠᠶᠢᠴᠤᠳ ᠢ ᠬᠦᠨᠳᠦᠯᠡᠵᠦ ᠨᠠᠰᠤᠲᠠᠶᠢᠴᠤᠳ ᠢ ᠠᠰᠠᠷᠠᠵᠤ ᠨᠠᠰᠤᠲᠠᠶᠢᠴᠤᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠡᠯᠰᠡᠨ ᠴᠤᠭᠯᠠᠭᠤᠯᠤᠭᠰᠠᠨ ᠵᠢᠴᠢ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢᠨ ᠲᠡᠳᠬᠦᠨ ᠳᠡᠮᠵᠢᠬᠦ ᠪᠦᠲᠦᠭᠡᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠮᠠᠨ ᠤ ᠲᠣᠪᠴᠢᠶ᠎ᠠ ᠶᠢᠨ ᠲᠠᠨᠢᠯᠴᠠᠭᠤᠯᠤᠭᠰᠠᠨ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶ᠎ᠠ ᠠᠴᠠ ᠦᠢᠯᠡᠳᠦᠭᠰᠡᠨ ︽ᠠᠴᠢᠯᠠᠯ ᠪᠣᠯ ᠳᠠᠷᠤᠶᠢᠬᠠᠨ ᠬᠦᠳᠡᠯᠦᠯᠴᠡᠬᠦ ᠠᠵᠢᠯᠯᠠᠭ᠎ᠠ ᠮᠥᠨ︾ ᠭᠡᠬᠦ ᠷᠠᠳᠢᠣ᠋ ᠨᠡᠪᠲᠡᠷᠡᠭᠦᠯᠭᠡ ᠶᠢᠨ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠳᠡᠮᠵᠢᠯᠭᠡ ᠶᠢ ᠣᠯᠤᠭᠰᠠᠨ ᠪᠥᠭᠡᠳ ᠪᠥᠬᠦ ᠤᠯᠤᠰ ᠤᠨ ᠰᠢᠯᠢᠳᠡᠭ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠬᠥᠮᠥᠷᠭᠡ ᠳᠤ ᠣᠷᠣᠭᠤᠯᠪᠠ᠃︵ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ