ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠬᠢᠨ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢ ᠪᠠᠲᠤᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/13
  ᠮᠠᠨ ᠤ ᠲᠣᠪᠴᠢᠶ᠎ᠠ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠰᠡᠳᠦᠪᠲᠦ ᠬᠤᠷᠠᠯ ᠪᠠ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠬᠤᠷᠠᠯ ᠢ ᠰᠤᠳᠤᠯᠤᠨ ᠪᠠᠶᠢᠷᠢᠯᠠᠭᠤᠯᠵᠤ᠂ ᠭᠤᠤᠯ ᠬᠠᠷᠢᠭᠤᠴᠠᠯᠭᠠᠲᠠᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ‍ᠤᠨ‌ᠨᠢᠭᠡᠴᠢ ᠳᠤ ᠭᠦᠨᠵᠡᠭᠡᠶᠢᠷᠡᠨ ᠠᠮᠤᠷ ᠲᠦᠪᠰᠢᠨ ᠨᠡᠪᠲᠡᠷᠡᠭᠦᠯᠭᠡ᠂ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠵᠦ᠂ ᠴᠢᠬᠤᠯᠠ ᠪᠠᠲᠤᠯᠠᠭ᠎ᠠ ᠶᠢᠨ ᠮᠡᠳᠡᠭᠳᠡᠯ ᠢ ᠤᠷᠢᠳᠴᠢᠯᠠᠨ ᠳᠠᠷᠤᠮᠠᠯᠯᠠᠨ ᠲᠠᠷᠬᠠᠭᠠᠵᠤ᠂ ᠠᠵᠢᠯ ᠤᠨ ᠲᠣᠬᠢᠷᠠᠭᠤᠯᠤᠯᠲᠠ ᠵᠠᠷᠯᠢᠭ ᠢ ᠴᠠᠭ ᠲᠤᠬᠠᠶ ᠳᠤ ᠨᠢ ᠨᠡᠶᠢᠲᠡᠯᠡᠵᠦ᠂ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠨᠢᠭᠡᠴᠢ ᠳᠤ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠨᠡᠪᠲᠡᠷᠡᠭᠦᠯᠭᠡ ᠵᠢᠴᠢ ᠰᠦᠯᠵᠢᠶᠡᠨ ᠤ ᠠᠮᠤᠷ ᠲᠦᠪᠰᠢᠨ᠂ ᠲᠥᠬᠦᠭᠡᠷᠦᠮᠵᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠪᠥᠬᠦ ᠤᠯᠤᠰ ᠤᠨ ᠬᠤᠶᠠᠷ ᠬᠤᠷᠠᠯ ᠤᠨ ᠡᠬᠢᠯᠡᠬᠦ ᠲᠡᠭᠦᠰᠬᠦ ᠬᠤᠷᠠᠯ ᠤᠨ ᠰᠢᠭᠤᠳ ᠨᠡᠪᠲᠡᠷᠡᠭᠦᠯᠭᠡ ᠶᠢᠨ ᠬᠤᠭᠤᠴᠠᠭᠠᠨ ᠳᠤ᠂ ᠲᠣᠪᠴᠢᠶ᠎ᠠ ᠶᠢᠨ ᠤᠳᠤᠷᠢᠳᠤᠯᠭ᠎ᠠ ᠪᠥᠬᠦ ᠶᠠᠪᠤᠴᠠ ᠳᠤ ᠵᠢᠵᠢᠭᠦᠷᠯᠡᠨ ᠰᠠᠬᠢᠵᠤ᠂ ᠪᠥᠬᠦ ᠣᠷᠣᠨ ᠤ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠳᠤ ᠲᠤᠬᠠᠶ ᠶᠢᠨ ᠲᠠᠯᠠᠪᠠᠶ ᠳᠤ ᠲᠣᠬᠢᠷᠠᠭᠤᠯᠤᠯᠲᠠ ᠬᠢᠵᠦ᠂ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ 1700 ᠭᠠᠷᠤᠶ ᠺᠠᠳ᠋ᠷ ᠠᠵᠢᠯᠲᠠᠨ ᠫᠷᠤᠭ᠍ᠷᠠᠮ ᠦᠢᠯᠡᠳᠬᠦ᠂ ᠨᠡᠪᠲᠡᠷᠡᠭᠦᠯᠬᠦ᠂ ᠳᠠᠮᠵᠢᠭᠤᠯᠬᠤ᠂ ᠬᠠᠮᠤᠷᠬᠤ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠥᠬᠦ ᠤᠯᠤᠰ ᠤᠨ ᠬᠤᠶᠠᠷ ᠬᠤᠷᠠᠯ ᠤᠨ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ