ᠮᠠᠨ ᠤ ᠲᠣᠪᠴᠢᠶ᠎ᠠ ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠢ ᠨᠢᠭᠡᠳᠦᠯᠲᠡᠶ ᠰᠣᠯᠢᠵᠤ ᠣᠯᠭᠤᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/14
  ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠣᠶᠢᠷ᠎ᠠ ᠳᠤ᠂ ᠮᠠᠨ ᠤ ᠲᠣᠪᠴᠢᠶ᠎ᠠ ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠢ ᠨᠢᠭᠡᠳᠦᠯᠲᠡᠶ ᠰᠣᠯᠢᠵᠤ ᠣᠯᠭᠤᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠬᠤ ᠬᠡᠪᠴᠢᠶ᠎ᠡ ᠪᠣᠯ ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠤᠨ ᠲᠣᠭᠤᠷᠢᠭ ᠲᠣᠬᠢᠷᠠᠭᠤᠯᠤᠭᠰᠠᠨ ᠬᠤᠲᠠ ᠪᠠ ᠰᠢᠶᠠᠨ ᠤ ᠱᠠᠲᠤᠨ ᠤ ᠣᠷᠣᠨ ᠨᠤᠲᠤᠭ ᠤᠨ ᠰᠣᠨᠢᠨ ᠮᠡᠳᠡᠭᠡᠨ ᠤ ᠨᠢᠭᠡᠴᠢ ᠪᠠᠶᠢᠵᠤ᠂ ᠡᠯ᠎ᠡ ᠨᠢᠭᠡᠴᠢ ᠶᠢᠨ ᠦᠨᠡᠮᠯᠡᠯ ᠰᠣᠯᠢᠬᠤ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠬᠤᠭᠤᠴᠠᠭ᠎ᠠ ᠨᠢ 2024 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ᠦᠨᠡᠮᠯᠡᠯ ᠰᠣᠯᠢᠬᠤ ᠠᠵᠢᠯ ᠨᠢ ᠬᠠᠤᠯᠢ ᠲᠣᠭᠲᠠᠭᠠᠯ ᠶᠣᠰᠣᠭᠠᠷ᠂ ᠦᠢᠯᠡᠴᠢᠯᠡᠬᠦ ᠡᠲᠡᠭᠡᠳ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠪᠠ ᠵᠥᠪᠰᠢᠶᠡᠷᠡᠬᠦ ᠵᠦᠢᠯᠡᠰ ᠢ ᠬᠤᠪᠢᠷᠠᠭᠤᠯᠬᠤ ᠶᠢ ᠵᠡᠷᠭᠡ ᠪᠠᠷ ᠭᠦᠢᠴᠡᠳᠬᠡᠵᠦ᠂ ᠦᠨᠡᠮᠯᠡᠯ ᠲᠠᠢ ᠨᠢᠭᠡᠴᠢ ᠶᠢᠨ ᠦᠵᠡᠵᠦ ᠰᠣᠨᠣᠰᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠪᠠᠶᠢᠳᠠᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠥᠪᠰᠢᠶᠡᠷᠡᠯ ᠤᠨ ᠦᠨᠡᠮᠯᠡᠯ ᠰᠣᠯᠢᠵᠤ ᠣᠯᠭᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃︵ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ