ᠦᠬᠠᠢ ᠬᠤᠲᠠ ᠶᠢᠨ ᠬᠠᠮ ᠵᠠᠭᠤᠴᠢᠯᠠᠭᠤᠷ ᠤᠨ ᠲᠥᠪ ︵ᠦᠬᠠᠢ ᠶᠢᠨ ᠷᠠᠳᠢᠣ᠋ ᠲᠧᠯᠸᠢᠰ ᠬᠤᠷᠢᠶ᠎ᠠ︶ ᠤᠨ ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠢ ᠬᠤᠪᠢᠷᠠᠭᠤᠯᠬᠤ ᠶᠢᠨ ᠬᠠᠮᠲᠤ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠥᠷᠥᠯ ᠵᠦᠢᠯ ᠨᠡᠮᠡᠵᠦ ᠥᠷᠨᠢᠭᠦᠯᠬᠦ ᠶᠢ ᠵᠥᠪᠰᠢᠶᠡᠷᠡᠬᠦ ᠲᠤᠬᠠᠢ ᠴᠣᠬᠤᠯᠠᠪᠤᠷᠢ
ᠨᠡᠶᠢᠲᠡᠯᠡᠭᠰᠡᠨ ᠴᠠᠭ᠄
2024/3/15
ᠦᠬᠠᠢ ᠬᠤᠲᠠ ᠶᠢᠨ ᠬᠠᠮ ᠵᠠᠭᠤᠴᠢᠯᠠᠭᠤᠷ ᠤᠨ ᠲᠥᠪ ︵ᠦᠬᠠᠢ ᠶᠢᠨ ᠷᠠᠳᠢᠣ᠋ ᠲᠧᠯᠸᠢᠰ ᠬᠤᠷᠢᠶ᠎ᠠ︶ ᠲᠤ᠄  ᠲᠠᠨ ᠤ ᠨᠢᠭᠡᠴᠢ ᠶᠢᠨ ︽︿ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ﹀ ᠢ ᠬᠤᠪᠢᠷᠠᠭᠤᠯᠬᠤ ᠶᠢᠨ ᠬᠠᠮᠲᠤ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠥᠷᠥᠯ ᠵᠦᠢᠯ ᠨᠡᠮᠡᠵᠦ ᠥᠷᠨᠢᠭᠦᠯᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ᠶᠢ ᠣᠯᠵᠤ ᠲᠣᠰᠪᠠ᠃ ︽ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ︵ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠮᠡᠳᠡᠭᠡ ᠵᠠᠩᠭᠢ ᠶᠢᠨ ᠠᠵᠤ ᠦᠢᠯᠡᠰ ᠤᠨ ᠶᠠᠮᠤᠨ ᠤ ᠵᠠᠷᠯᠢᠭ 56 ᠳ᠋ᠤᠭᠠᠷ ᠲᠣᠭᠠᠲᠤ︶ ᠪᠣᠯᠣᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ︽ᠲᠣᠭᠤᠷᠢᠭ ᠪᠠᠶᠢᠭᠤᠯᠤᠭᠰᠠᠨ ᠬᠤᠲᠠ᠂ ᠰᠢᠶᠠᠨ ᠤ ᠱᠠᠲᠤᠨ ᠤ ᠣᠷᠣᠨ ᠨᠤᠲᠤᠭ ᠤᠨ ᠰᠣᠨᠢᠨ ᠮᠡᠳᠡᠭᠡᠨ ᠤ ᠨᠢᠭᠡᠴᠢ ᠳᠤ ︿ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ﹀ ᠢ ᠬᠢᠨᠠᠨ ᠣᠯᠭᠤᠬᠤ ᠬᠠᠮᠢᠶ᠎ᠠ ᠪᠦᠬᠦᠢ ᠵᠦᠢᠯᠡᠰ ᠤᠨ ᠲᠤᠬᠠᠢ ᠮᠡᠳᠡᠭᠳᠡᠯ︾ ︵ᠷᠠᠳᠢᠣ᠋ ᠲᠧᠯᠸᠢᠰ ᠲᠠᠷᠬᠠᠭᠠᠭᠰᠠᠨ ﹇2020﹈ 61 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠬᠠᠷᠭᠤᠭᠤᠯᠬᠤ ᠪᠠᠷ ᠳᠡᠮᠵᠢᠨ᠂ ᠲᠠᠨ ᠤ ᠨᠢᠭᠡᠴᠢ ᠶᠢᠨ ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠤᠨ ᠬᠠᠮᠢᠶ᠎ᠠ ᠪᠦᠬᠦᠢ ᠵᠦᠢᠯᠡᠰ ᠢ ᠬᠤᠪᠢᠷᠠᠭᠤᠯᠬᠤ ᠶᠢᠨ ᠬᠠᠮᠲᠤ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠪᠡ᠃ ᠪᠣᠳᠠᠲᠠᠢ ᠪᠠᠷ ᠳᠣᠣᠷᠠᠬᠢ ᠮᠡᠲᠦ᠄  ᠨᠢᠭᠡ᠂ ᠠᠵᠢᠯ ᠡᠷᠭᠢᠯᠡᠬᠦ ᠨᠢᠭᠡᠴᠢ ᠶᠢᠨ ᠨᠡᠷᠡᠶᠢᠳᠦᠯ ᠨᠢ ︽ᠦᠬᠠᠶ ᠶᠢᠨ ᠷᠠᠳᠢᠣ᠋ ᠲᠧᠯᠸᠢᠰ ᠬᠤᠷᠢᠶ᠎ᠠ︾ ᠪᠠᠶᠢᠭᠰᠠᠨ ᠠᠴᠠ ︽ᠦᠬᠠᠶ ᠬᠤᠲᠠ ᠶᠢᠨ ᠬᠠᠮ ᠵᠠᠭᠤᠴᠢᠯᠠᠭᠤᠷ ᠤᠨ ᠲᠥᠪ ︵ᠦᠬᠠᠶ ᠶᠢᠨ ᠷᠠᠳᠢᠣ᠋ ᠲᠧᠯᠸᠢᠰ ᠬᠤᠷᠢᠶ᠎ᠠ︶︾ ᠪᠣᠯᠭᠠᠨ ᠬᠤᠪᠢᠷᠠᠭᠤᠯᠬᠤ ᠶᠢ ᠵᠥᠪᠰᠢᠶᠡᠷᠡᠵᠦ᠂ ︽ᠮᠡᠳᠡᠭᠡ ᠵᠠᠩᠭᠢ ᠶᠢᠨ ᠰᠦᠯᠵᠢᠶ᠎ᠡ ᠪᠠᠷ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠵᠥᠪᠰᠢᠶᠡᠷᠡᠯ ᠤᠨ ᠦᠨᠡᠮᠯᠡᠯ︾ ᠤᠨ ᠳ᠋ᠤᠭᠠᠷ ᠲᠤ ᠤᠤᠯ ᠤᠨ ︽ᠦᠬᠠᠶ ᠶᠢᠨ ᠷᠠᠳᠢᠣ᠋ ᠲᠧᠯᠸᠢᠰ ᠬᠤᠷᠢᠶ᠎ᠠ︾ ᠶᠢᠨ 105320109 ᠵᠥᠪᠰᠢᠶᠡᠷᠡᠯ ᠤᠨ ᠳ᠋ᠤᠭᠠᠷ ᠢᠶᠠᠨ ᠦᠷᠭᠦᠯᠵᠢᠯᠡᠨ ᠬᠡᠷᠡᠭᠯᠡᠨ᠎ᠡ᠃  ᠬᠤᠶᠠᠷ᠂ ᠠᠵᠢᠯᠯᠠᠬᠤ ᠭᠠᠵᠠᠷ ᠨᠢ ︽ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠬᠤᠶᠢᠲᠤ ᠵᠠᠮ ᠤᠨ 95 ᠳ᠋ᠤᠭᠠᠷ ᠨᠣᠮᠧᠷᠲᠤ ᠬᠤᠲᠠ ᠶᠢᠨ ᠷᠠᠳᠢᠣ᠋ ᠲᠧᠯᠸᠢᠰ ᠤᠨ ᠲᠣᠮᠣ ᠠᠰᠠᠷ 409︾ ᠪᠠᠶᠢᠭᠰᠠᠨ ᠠᠴᠠ ︽ᠥᠪᠥᠷ ᠮᠣᠩᠭᠤᠯ ᠤᠨ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠠᠲᠤᠨ ᠭᠤᠤᠯ ᠪᠠᠷᠠᠭᠤᠨ ᠵᠡᠭᠡᠯᠢ ᠶᠢᠨ 1 ᠳ᠋ᠦ᠋ᠭᠡᠷ ᠲᠣᠭᠠᠲᠤ᠂ 3 ᠳ᠋ᠤᠭᠠᠷ ᠲᠣᠭᠠᠲᠤ︾ ᠪᠣᠯᠭᠠᠨ ᠬᠤᠪᠢᠷᠠᠭᠤᠯᠬᠤ ᠶᠢ ᠵᠥᠪᠰᠢᠶᠡᠷᠡᠨ᠎ᠡ᠃  ᠭᠤᠷᠪᠠ᠂ ᠰᠦᠯᠵᠢᠶᠡᠨ ᠤ ᠥᠷᠲᠡᠭᠡ ᠶᠢᠨ ᠨᠡᠷᠡᠶᠢᠳᠦᠯ ᠨᠢ ︽ᠦᠬᠠᠶ ᠶᠢᠨ ᠷᠠᠳᠢᠣ᠋ ᠲᠧᠯᠸᠢᠰ ᠬᠤᠷᠢᠶ᠎ᠠ︾ ᠪᠠᠶᠢᠭᠰᠠᠨ ᠠᠴᠠ ︽ᠦᠬᠠᠶ ᠬᠤᠲᠠ ᠶᠢᠨ ᠬᠠᠮ ᠵᠠᠭᠤᠴᠢᠯᠠᠭᠤᠷ ᠤᠨ ᠲᠥᠪ︾ ᠪᠣᠯᠭᠠᠨ ᠬᠤᠪᠢᠷᠠᠭᠤᠯᠬᠤ ᠶᠢ ᠵᠥᠪᠰᠢᠶᠡᠷᠡᠵᠦ᠂ ᠰᠦᠯᠵᠢᠶᠡᠨ ᠤ ᠥᠷᠲᠡᠭᠡ ᠶᠢᠨ ᠨᠧᠲ ᠤᠨ ᠬᠠᠶ᠋ᠢᠭ ᠨᠢ wuhainews.org.cn ᠪᠠᠶᠢᠵᠤ᠂ ᠨᠡᠪᠲᠡᠷᠡᠭᠦᠯᠬᠦ ᠨᠡᠷᠡᠶᠢᠳᠦᠯ ᠨᠢ ︽ᠦᠬᠠᠶ ᠶᠢᠨ ᠬᠠᠮ ᠵᠠᠭᠤᠴᠢᠯᠠᠭᠤᠷ︾ ᠪᠠᠶᠢᠵᠤ᠂ ᠰᠦᠯᠵᠢᠶᠡᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠥᠷᠥᠯ ᠢᠯᠭᠠᠯ ᠨᠢ ᠬᠤᠪᠢᠷᠠᠬᠤ ᠥᠬᠡᠶ᠃  ᠳᠥᠷᠪᠡ᠂ ︽ᠦᠬᠠᠶ ᠶᠢᠨ ᠬᠠᠮ ᠵᠠᠭᠤᠴᠢᠯᠠᠭᠤᠷ︾ ᠤᠨ ᠰᠢᠯᠵᠢᠮᠡᠯ ᠬᠡᠷᠡᠭᠯᠡᠭᠴᠢ ᠶᠢᠨ ᠲᠠᠯ᠎ᠠ ᠪᠠᠷ ᠳᠠᠮᠵᠢᠭᠤᠯᠤᠨ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃  ᠲᠤᠬᠠᠶᠢᠯᠠᠭᠰᠠᠨ ᠠᠵᠢᠯ ᠤᠨ ᠠᠷᠭ᠎ᠠ ᠬᠡᠯᠪᠡᠷᠢ᠄ ᠬᠡᠷᠡᠭᠯᠡᠭᠴᠢ ᠶᠢᠨ ᠲᠠᠯ᠎ᠠ ᠠᠴᠠ ᠵᠥᠭᠡᠯᠡᠨ ᠲᠣᠨᠤᠭ ᠢ ᠪᠠᠭᠤᠯᠭᠠᠬᠤ  ᠨᠡᠪᠲᠡᠷᠡᠭᠦᠯᠬᠦ ᠨᠡᠷᠡᠶᠢᠳᠦᠯ᠄ ᠦᠬᠠᠶ ᠶᠢᠨ ᠬᠠᠮ ᠵᠠᠭᠤᠴᠢᠯᠠᠭᠤᠷ  ᠬᠦᠯᠢᠶᠡᠨ ᠠᠪᠬᠤ ᠲᠠᠯ᠎ᠠ᠄ ᠭᠠᠷ ᠤᠲᠠᠰᠤ ᠵᠡᠷᠭᠡ  ᠳᠠᠮᠵᠢᠭᠤᠯᠬᠤ ᠰᠦᠯᠵᠢᠶ᠎ᠡ᠄ ᠰᠢᠯᠵᠢᠮᠡᠯ ᠢᠨᠲ᠋ᠧᠷ ᠰᠦᠯᠵᠢᠶ᠎ᠡ  ᠳᠠᠮᠵᠢᠭᠤᠯᠬᠤ ᠬᠡᠪᠴᠢᠶ᠎ᠡ᠄ ᠪᠦᠬᠦ ᠤᠯᠤᠰ  ᠰᠢᠯᠵᠢᠮᠡᠯ ᠢᠨᠲ᠋ᠧᠷ ᠰᠦᠯᠵᠢᠶ᠎ᠡ ᠶᠢᠨ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠥᠷᠥᠯ ᠵᠦᠢᠯ᠄  ︵ᠨᠢᠭᠡ︶ ᠲᠤᠬᠠᠢ ᠶᠢᠨ ᠴᠠᠭ ᠦᠶ᠎ᠡ ᠶᠢᠨ ᠤᠯᠤᠰ ᠲᠥᠷᠦ ᠶᠢᠨ ᠲᠥᠷᠥᠯ ᠤᠨ ᠦᠵᠡᠵᠦ ᠰᠣᠨᠣᠰᠬᠤ ᠰᠣᠨᠢᠨ ᠮᠡᠳᠡᠭᠡᠨ ᠤ ᠫᠷᠤᠭ᠍ᠷᠠᠮ ᠤᠨ ᠠᠩᠬ᠎ᠠ ᠲᠠᠷᠬᠠᠭᠠᠬᠤ ᠦᠢᠯᠡᠴᠢᠯᠡᠭᠡ᠃  ︵ᠬᠤᠶᠠᠷ︶ ᠲᠤᠬᠠᠢ ᠶᠢᠨ ᠴᠠᠭ ᠦᠶ᠎ᠡ ᠶᠢᠨ ᠤᠯᠤᠰ ᠲᠥᠷᠦ ᠪᠠ ᠨᠡᠶᠢᠭᠡᠮ ᠤᠨ ᠲᠥᠷᠥᠯ ᠤᠨ ᠦᠵᠡᠵᠦ ᠰᠣᠨᠣᠰᠬᠤ ᠫᠷᠤᠭ᠍ᠷᠠᠮ ᠤᠨ ᠬᠥᠲᠦᠯᠦᠭᠴᠢ᠂ ᠰᠤᠷᠪᠤᠯᠵᠢᠯᠠᠭ᠎ᠠ᠂ ᠰᠢᠭᠦᠮᠵᠢ ᠶᠢᠨ ᠦᠢᠯᠡᠴᠢᠯᠡᠭᠡ︔  ︵ᠭᠤᠷᠪᠠ︶ ᠲᠤᠬᠠᠢ ᠶᠢᠨ ᠴᠠᠭ ᠦᠶ᠎ᠡ ᠶᠢᠨ ᠤᠯᠤᠰ ᠲᠥᠷᠦ ᠶᠢᠨ ᠲᠦᠷᠦᠯ ᠤᠨ ᠰᠣᠨᠢᠨ ᠮᠡᠳᠡᠭᠡᠨ ᠤ ᠫᠷᠣᠭ᠍ᠷᠠᠮ ᠢ ᠰᠢᠯᠵᠢᠭᠦᠯᠦᠨ ᠨᠡᠶᠢᠲᠡᠯᠡᠬᠦ ᠦᠢᠯᠡᠴᠢᠯᠡᠭᠡ᠃  ︵ᠲᠦᠷᠪᠡ︶ ᠡᠩ ᠤᠨ ᠨᠡᠶᠢᠭᠡᠮ ᠤᠨ ᠪᠦᠯᠬᠦᠮ ᠤᠨ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠵᠣᠬᠢᠶᠠᠨ ᠪᠠᠶᠢᠭᠤᠯᠬᠤ ᠠᠵᠢᠯᠯᠠᠭ᠎ᠠ ᠶᠢᠨ ᠪᠣᠳᠠᠲᠤ ᠪᠠᠶᠢᠳᠠᠯ ᠤᠨ ᠸᠢᠳᠢᠤ᠋ ᠳᠠᠭᠤ ᠶᠢᠨ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡ︔  ︵ᠲᠠᠪᠤ︶ ᠳᠠᠮᠵᠢᠭᠤᠯᠬᠤ ᠨᠡᠪᠲᠡᠷᠡᠭᠦᠯᠭᠡ ᠲᠧᠯᠸᠢᠰ ᠤᠨ ᠨᠡᠪᠲᠡᠷᠡᠭᠦᠯᠭᠡ ᠶᠢᠨ ᠰᠤᠪᠠᠭ ᠤᠨ ᠦᠢᠯᠡᠴᠢᠯᠡᠭᠡ᠃  ᠳᠡᠭᠡᠷᠡᠬᠢ ︵ᠨᠢᠭᠡ︶ ︵ᠬᠤᠶᠠᠷ︶ ︵ᠳᠥᠷᠪᠡ︶ ︵ᠲᠠᠪᠤ︶ ᠵᠦᠢᠯ ᠳᠤ᠂ ᠦᠨᠡᠮᠯᠡᠯ ᠲᠠᠢ ᠪᠠᠶᠢᠭᠤᠯᠤᠮᠵᠢ ᠶᠢᠨ ᠲᠣᠬᠢᠷᠠᠯᠴᠠᠭᠰᠠᠨ ᠵᠠᠰᠠᠭ ᠵᠠᠬᠢᠷᠭᠠᠨ ᠤ ᠣᠷᠣᠨ ᠤ ᠬᠤᠯᠪᠤᠭᠳᠠᠯ ᠪᠦᠬᠦᠢ ᠠᠭᠤᠯᠭ᠎ᠠ ᠶᠢ ᠬᠢᠵᠠᠭᠠᠷᠯᠠᠨ᠎ᠠ᠃  ᠬᠠᠷᠢᠭᠤᠯᠪᠠ    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 3 ᠳ᠋ᠤᠭᠠᠷ ᠰᠠᠷ᠎ᠠ ᠶᠢᠨ 13 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ