| | | | | 3 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ | ᠲᠤᠭ᠎ᠠ ᠶᠢᠨ ᠠᠯᠪᠠᠨ ᠬᠡᠷ ᠲᠠᠢ ᠬᠠᠮᠲᠤᠷᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠨᠠᠮ ᠤᠨ | ᠡᠳᠦᠷ ᠵᠢᠴᠢ ᠬᠠᠮᠲᠤᠷᠠᠨ ᠰᠤᠷᠤᠯᠴᠠᠵᠤ ᠬᠠᠮᠲᠤᠷᠠᠨ ᠡᠭᠦᠳᠬᠦ ᠠᠵᠢᠯᠯᠠᠭ᠎ᠠ ᠶᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ | ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ᠯᠢ ᠭᠠᠩ ᠠᠵᠢᠯᠯᠠᠭ᠎ᠠ ᠳᠤ ᠣᠷᠣᠯᠴᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ | ᠲᠣᠪᠴᠢᠶᠠᠨ ᠳᠠᠷᠤᠭ᠎ᠠ ᠵᠠᠩ ᠱᠤ᠋ ᠮᠧᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠭᠤᠷᠪᠠᠨ ᠨᠠᠮ ᠤᠨ ᠡᠭᠦᠷ᠂ | ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠳᠠᠮᠵᠢᠭᠤᠯᠤᠨ ᠰᠠᠴᠤᠷᠠᠭᠤᠯᠬᠤ ᠲᠥᠪ ᠤᠨ ᠰᠢᠭᠤᠳ ᠬᠠᠷᠢᠶ᠎ᠠ ᠨᠠᠮ ᠤᠨ ᠡᠭᠦᠷ᠂ 706 | ᠨᠠᠮ ᠤᠨ ᠡᠭᠦᠷ ᠵᠡᠷᠭᠡ 7 ᠨᠠᠮ ᠤᠨ ᠡᠭᠦᠷ ᠣᠷᠣᠯᠴᠠᠵᠤ᠂ ᠨᠡᠶᠢᠲᠡ 40 ᠭᠠᠷᠤᠶ ᠨᠠᠮ ᠤᠨ ᠭᠡᠰᠢᠭᠦᠨ ᠵᠠᠯᠠᠭᠤᠴᠤᠳ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠳᠤᠮᠳᠠ᠂ 40 ᠭᠠᠷᠤᠶ ᠨᠠᠮ ᠤᠨ ᠭᠡᠰᠢᠭᠦᠨ 706 ᠷᠠᠳᠢᠣ᠋ ᠲᠧᠯᠸᠢᠰ ᠤᠨ ᠲᠥᠬᠦᠭᠡᠷᠦᠮᠵᠢ ᠶᠢᠨ ᠳᠡᠯᠭᠡᠨ ᠦᠵᠡᠭᠦᠯᠬᠦ ᠲᠠᠰᠤᠭ ᠪᠠ ᠮᠠᠰᠢᠨ ᠤ | ᠥᠷᠥᠭᠡ ᠶᠢ ᠲᠣᠭᠤᠷᠢᠨ ᠦᠵᠡᠵᠦ᠂ ᠮᠠᠨ ᠤ ᠣᠷᠣᠨ ᠤ ᠷᠠᠳᠢᠣ᠋ ᠲᠧᠯᠸᠢᠰ ᠤᠨ ᠬᠥᠭᠵᠢᠯᠲᠡ ᠶᠢᠨ ᠥᠩᠭᠡᠷᠡᠯᠲᠡ ᠶᠢ ᠡᠷᠭᠢᠴᠡᠭᠦᠯᠵᠦ᠂ ᠨᠠᠮ ᠤᠨ ᠲᠤᠭ ᠲᠤ ᠲᠥᠪ | ᠴᠢᠩᠭ᠎ᠠ ᠪᠠᠷ ᠲᠠᠩᠭᠠᠷᠢᠭᠯᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠠᠬᠢᠨ ᠡᠷᠭᠢᠴᠡᠭᠦᠯᠪᠡ︔ 6 ᠨᠠᠮ ᠤᠨ ᠡᠭᠦᠷ ᠤᠨ ᠱᠦᠵᠢ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠡᠳᠦᠪ ᠢᠶᠠᠷ ᠨᠠᠮ ᠤᠨ ᠬᠢᠴᠢᠶᠡᠯ ᠢ ᠠᠭᠤᠰᠤᠯᠴᠠᠭᠤᠯᠵᠤ᠂ ︽ᠵᠢᠷᠭᠤᠭᠠᠨ ᠦᠭᠦᠯᠡᠪᠦᠷᠢ︾ ᠶᠢᠨ ᠪᠣᠳᠠᠲᠤ ᠶᠠᠪᠤᠳᠠᠯ | ᠪᠠ ᠶᠣᠰᠣ ᠰᠤᠷᠲᠠᠬᠤᠨ ᠤ ᠲᠤᠬᠠᠶ ᠣᠶᠢᠯᠠᠭᠠᠯᠲᠠ ᠪᠠ ᠲᠥᠷᠥᠭᠳᠡᠯ ᠢᠶᠠᠨ ᠶᠠᠷᠢᠪᠠ︔ 2 ᠵᠠᠯᠠᠭᠤ ᠨᠠᠮ ᠤᠨ ᠭᠡᠰᠢᠭᠦᠨ ᠣᠯᠤᠯᠲᠠ ᠲᠥᠷᠥᠭᠳᠡᠯ ᠢᠶᠠᠨ ᠶᠠᠷᠢᠵᠤ᠂ ᠰᠢᠨ᠎ᠡ ᠴᠠᠭ | ᠦᠶ᠎ᠡ ᠶᠢᠨ ᠵᠠᠯᠠᠭᠤᠴᠤᠳ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠯ ᠢᠶᠠᠨ ᠶᠠᠷᠢᠪᠠ᠃ | ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠮᠣᠩᠭᠤᠯ ᠮᠣᠷᠢᠨ ᠤ | ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ | ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠦᠢᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | ︵ᠠᠵᠢᠯᠲᠠᠨ ᠤ ᠶᠠᠪᠤᠳᠠᠯ ᠤᠨ ᠭᠠᠵᠠᠷ︶ | |