ᠮᠠᠨ ᠤ ᠲᠣᠪᠴᠢᠶ᠎ᠠ 2024 ᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
  3 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠲᠣᠪᠴᠢᠶ᠎ᠠ 2024 ᠣᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠲᠣᠪᠴᠢᠶ᠎ᠠ ᠶᠢᠨ ᠤᠳᠤᠷᠢᠳᠤᠯᠭ᠎ᠠ᠂ ᠶᠡᠷᠦᠩᠬᠡᠶ ᠢᠨᠵᠧᠨᠧᠷ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠳᠤ ᠰᠠᠭᠤᠭ᠎ᠠ ᠬᠤᠷᠢᠶᠠᠨ ᠤ ᠥᠷᠲᠡᠭᠡ ᠶᠢᠨ ᠭᠤᠤᠯ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠪᠥᠬᠦ ᠠᠯᠪᠠᠲᠠᠨ᠂ ᠠᠵᠢᠯ ᠦᠢᠯᠡᠰ ᠤᠨ ᠨᠢᠭᠡᠴᠢ ᠵᠢᠴᠢ ᠳᠠᠮᠵᠢᠭᠤᠯᠤᠨ ᠰᠠᠴᠤᠷᠠᠭᠤᠯᠬᠤ ᠲᠥᠪ ᠤᠨ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠪᠠᠭ ᠤᠨ ᠭᠡᠰᠢᠭᠦᠨ ᠪᠠ ᠨᠠᠮ ᠤᠨ ᠠᠵᠢᠯ ᠤᠨ ᠺᠠᠳ᠋ᠷ᠂ ᠵᠠᠭᠤᠴᠢᠯᠠᠭᠤᠷ ᠤᠨ ᠲᠥᠪ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠬᠤ ᠲᠤᠰᠬᠠᠶ ᠲᠤᠰᠢᠶᠠᠯᠲᠠᠨ ᠨᠡᠶᠢᠲᠡ 100 ᠭᠠᠷᠤᠶ ᠬᠥᠮᠦᠨ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠰᠢᠶᠤᠤ ᠲᠢᠶᠧ 2023 ᠣᠨ ᠤ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠵᠢᠴᠢ ᠣᠯᠤᠭᠰᠠᠨ ᠠᠮᠵᠢᠯᠲᠠ ᠪᠦᠲᠦᠮᠵᠢ ᠪᠠᠨ ᠡᠷᠭᠢᠴᠡᠭᠦᠯᠦᠨ ᠳ᠋ᠦᠩᠨᠡᠵᠦ᠂ 2024 ᠣᠨ ᠤ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠶᠠᠨ ᠭᠦᠸᠧ ᠰᠢᠩ ᠨᠥᠬᠦᠷ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠳᠡᠭᠡᠷ᠎ᠡ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃  ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠡᠶᠢᠲᠡᠯᠡᠭᠰᠡᠨ 5 ᠵᠢᠯ ᠤᠨ ᠤᠢ ᠪᠣᠯᠤᠨ᠎ᠠ᠂ ᠨᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠷᠠᠭᠤᠯᠵᠤ᠂ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠷᠠᠳᠢᠣ᠋ ᠲᠧᠯᠸᠢᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ︔ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ︔ ᠦᠨᠳᠦᠰᠦᠨ ᠬᠦᠭ ᠠᠶᠠᠰ ᠢ ᠳᠤᠪᠤᠶᠢᠯᠭᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ︔ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠣᠯᠤᠨ ᠨᠢᠭᠡᠳᠦᠮᠡᠯ ᠹᠷᠣᠨᠲ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠣᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ