ᠮᠠᠨ ᠤ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
  ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠤᠰᠠᠳᠠ᠂ 3 ᠳ᠋ᠤᠭᠠᠷ ᠰᠠᠷ᠎ᠠ ᠶᠢᠨ 22 ᠤ ᠡᠳᠦᠷ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠥᠩ ᠸᠧᠨ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠳᠠᠰᠤᠳᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠵᠡᠷᠭᠡ ᠠᠵᠢᠯ ᠲᠥᠷᠥᠯ ᠤᠨ ᠭᠤᠤᠯᠳᠠᠯᠭ᠎ᠠ ᠲᠠᠢ ᠨᠢᠭᠡᠴᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠬᠡᠷ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠠ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠯᠪᠤᠭᠳᠠᠯ ᠪᠥᠬᠦᠶ ᠨᠢᠭᠡᠴᠢ ᠬᠤᠷᠠᠯ ᠳᠤ ᠣᠷᠣᠯᠴᠠᠪᠠ᠃  ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠪᠦᠬᠦᠳᠡ ︵ᠥᠷᠭᠡᠳᠬᠡᠭᠰᠡᠨ︶ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2024 — 2026 ᠣᠨ︶︾ ᠢ ᠵᠠᠷᠯᠠᠨ ᠮᠡᠳᠡᠭᠳᠡᠭᠰᠡᠨ ᠪᠥᠭᠡᠳ ᠷᠠᠳᠢᠣ᠋ ᠲᠧᠯᠸᠢᠰ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠳᠤ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠭᠠᠷᠬᠤ ᠶᠢ ᠬᠤᠷᠢᠭᠯᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ  ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠠᠷᠦ᠋ᠢᠬᠠᠨ ᠬᠥᠳᠡᠯᠦᠯᠴᠡᠵᠦ᠂ ᠨᠠᠷᠢᠨ ᠨᠢᠮᠪᠠᠶ ᠪᠠᠶᠢᠷᠢᠯᠠᠭᠤᠯᠬᠤ ᠬᠡᠷᠡᠭᠲᠡᠶ ᠭᠡᠵᠡᠢ᠃  ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠢ ᠶᠢᠨ ᠬᠢᠨ ︽ᠷᠠᠳᠢᠣ᠋ ᠲᠧᠯᠸᠢᠰ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ᠤᠨ ᠬᠠᠷᠠᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠭᠤᠣᠯᠳᠠᠯᠭ᠎ᠠ ᠪᠠᠨ ᠲᠤᠪᠤᠶᠢᠯᠭᠠᠵᠦ᠂ ᠰᠠᠭᠤᠷᠢ ᠪᠠᠨ ᠪᠠᠬᠢᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠭᠤᠷᠪᠠᠨ ᠵᠢᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠪᠠᠷ ᠳᠠᠮᠵᠢᠭᠤᠯᠵᠤ᠂ ᠠᠵᠢᠯ ᠲᠦᠷᠦᠯ ᠤᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠤᠢᠢᠯᠠᠭᠠᠭᠳᠠᠬᠤᠨ ᠢ ᠦᠨᠡᠨ ᠬᠦ ᠴᠢᠩᠭᠠᠳᠬᠠᠵᠤ᠂ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠪᠣᠯᠤᠨ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠷᠠᠳᠢᠣ᠋ ᠲᠧᠯᠸᠢᠰ ᠤᠨ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠰᠠᠬᠢᠵᠤ᠂ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃︵ ᠠᠶᠤᠯᠭᠦᠢ ᠳᠠᠮᠵᠢᠯᠭᠠᠨ ᠤ ᠪᠠᠲᠤᠯᠠᠭ᠎ᠠ ᠶᠢᠨ ᠭᠠᠵᠠᠷ︶ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ