ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/28
  3 ᠳ᠋ᠤᠭᠠᠷ ᠰᠠᠷ᠎ᠠ ᠶᠢᠨ 28 ᠤ ᠡᠳᠦᠷ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠥᠷᠨᠢᠭᠦᠯᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠪᠴᠢᠶ᠎ᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠶᠢ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ᠨᠡᠪᠲᠡᠷᠡᠲᠡᠯ᠎ᠡ ᠣᠶᠢᠯᠠᠭᠠᠵᠤ᠂ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠮᠠᠨ ᠤ ᠲᠣᠪᠴᠢᠶ᠎ᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠷᠠᠳᠢᠣ᠋ ᠲᠧᠯᠸᠢᠰ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠨᠠᠮ ᠪᠠ ᠤᠯᠤᠰ ᠤᠨ ᠠᠵᠢᠯ ᠦᠢᠯᠡᠰ ᠤᠨ ᠪᠥᠬᠦ ᠲᠠᠯ᠎ᠠ ᠶᠢᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠭᠡ ᠲᠠᠯ᠎ᠠ ᠳᠤ ᠲᠠᠯᠪᠢᠵᠤ᠂ ︽ᠴᠠᠭ ᠢᠮᠠᠭᠲᠠ ᠰᠠᠨᠠᠭ᠎ᠠ ᠠᠮᠤᠷ ᠥᠬᠡᠶ︾᠂ ︽ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠵᠣᠬᠢᠴᠠᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠤᠬᠠᠭᠤᠯᠭ᠎ᠠ ᠶᠢᠨ ᠬᠠᠮᠢᠶᠠᠷᠤᠯᠲᠠ᠂ ᠠᠭᠤᠯᠭ᠎ᠠ ᠶᠢᠨ ᠬᠠᠩᠭᠠᠯᠭ᠎ᠠ᠂ ᠠᠵᠢᠯ ᠲᠦᠷᠦᠯ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠣᠨ ᠤ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠪᠠᠶᠢᠳᠠᠯ ᠢ ᠡᠭᠦᠳᠴᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠭᠡ ᠲᠠᠯ᠎ᠠ ᠳᠤ ᠬᠦᠴᠦᠲᠡᠢ ᠦᠢᠯᠡᠴᠢᠯᠡᠬᠦ ᠬᠡᠷᠡᠭᠲᠡᠢ ᠭᠡᠵᠡᠢ᠃︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ