ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠲᠣᠪᠴᠢᠶ᠎ᠠ ᠶᠢᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/16
        4 ᠳ᠋ᠦ᠋ᠭᠡᠷ ᠰᠠᠷ᠎ᠠ ᠶᠢᠨ 15 ᠤ ᠡᠳᠦᠷ᠂ ᠮᠠᠨ ᠤ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠡᠳᠡᠭᠳᠡᠯ ᠢ ᠤᠯᠠᠮᠵᠢᠯᠠᠨ ᠲᠤᠭᠤᠰᠢᠯᠠᠭᠤᠯᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠲᠤᠬᠠᠶ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠲᠣᠪᠴᠢᠶ᠎ᠠ ᠶᠢᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠬᠤᠷᠠᠯ ᠢ ᠡᠷᠭᠢᠯᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠲᠣᠪᠴᠢᠶ᠎ᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠡᠷᠬᠡᠪᠰᠢ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠠᠶᠢᠨ ᠰᠠᠶᠢᠬᠠᠨ ᠰᠤᠷᠲᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠬᠦ ᠬᠦᠴᠦᠲᠡᠢ ᠭᠠᠷᠳᠠᠴᠠ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠬᠤᠶᠠᠷ ᠲᠤ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠣᠪᠴᠢᠶ᠎ᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡ ᠳᠤ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ︽ᠰᠡᠳᠬᠢᠯ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ︾ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠢ ᠠᠷᠭ᠎ᠠ ᠵᠠᠮ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠤ ᠪᠠᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠠ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠢ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨ ᠬᠦ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃

︵ᠪᠠᠶᠢᠭᠤᠯᠭ᠎ᠠ ᠶᠢᠨ ᠨᠠᠮ ᠤᠨ ᠬᠤᠷᠢᠶ᠎ᠠ︶

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ