ᠮᠠᠨ ᠤ ᠲᠣᠪᠴᠢᠶ᠎ᠠ ︽ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠵᠠᠯᠠᠭᠤᠴᠤᠳ ᠲᠠᠢ ᠨᠢᠭᠤᠷᠳᠠᠨ ᠶᠠᠷᠢᠯᠴᠠᠬᠤ︾ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
  4 ᠳ᠋ᠦ᠋ᠭᠡᠷ ᠰᠠᠷ᠎ᠠ ᠶᠢᠨ 22 ᠤ ᠡᠳᠦᠷ᠂ ᠮᠠᠨ ᠤ ᠲᠤᠪᠴᠢᠶ᠎ᠠ ︽ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠯᠠᠭᠤᠴᠤᠳ ᠲᠠᠢ ᠨᠢᠭᠤᠷᠳᠠᠨ ᠶᠠᠷᠢᠯᠴᠠᠬᠤ︾ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠶᠠᠷᠢᠯᠴᠠᠬᠤ ᠬᠤᠷᠠᠯ ᠳᠤ ᠣᠷᠣᠯᠴᠠᠵᠤ ᠵᠠᠯᠠᠭᠤᠴᠤᠳ ᠲᠠᠢ ᠳᠣᠲᠣᠨᠣ ᠪᠠᠷ ᠶᠠᠷᠢᠯᠴᠠᠵᠤ᠂ ᠬᠦᠰᠡᠯᠡᠩ ᠢᠲᠡᠭᠡᠯ ᠪᠢᠰᠢᠷᠡᠯ᠂ ᠲᠡᠮᠡᠴᠡᠯ ᠤᠨ ᠥᠩᠭᠡᠷᠡᠯᠲᠡ᠂ ᠠᠵᠢᠯ ᠤᠨ ᠲᠦᠷᠦᠭᠳᠡᠯ ᠢᠶᠠᠨ ᠨᠢᠭᠤᠷᠳᠠᠨ ᠰᠣᠯᠢᠯᠴᠠᠪᠠ᠃ ᠠᠳᠠᠯᠢ ᠪᠤᠰᠤ ᠠᠵᠢᠯ ᠤᠨ ᠪᠠᠶᠢᠷᠢ ᠠᠴᠠ ᠢᠷᠡᠭᠰᠡᠨ 11 ᠵᠠᠯᠠᠭᠤ ᠺᠠᠳ᠋ᠷ ᠤᠨ ᠲᠥᠯᠥᠭᠡᠯᠡᠭᠴᠢ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠵᠤ᠂ ᠲᠠᠨᠢᠯᠲᠠ ᠪᠠᠨ ᠶᠠᠷᠢᠵᠤ᠂ ᠣᠶᠢᠯᠠᠭᠠᠯᠲᠠ ᠪᠠᠨ ᠶᠠᠷᠢᠵᠤ᠂ ᠰᠠᠨᠠᠭᠤᠯᠭ᠎ᠠ ᠳᠤᠷᠠᠳᠴᠤ᠂ ᠷᠠᠳᠢᠣ᠋ ᠲᠧᠯᠸᠢᠰ ᠤᠨ ᠵᠠᠯᠠᠭᠤᠴᠤᠳ ᠤᠨ ᠬᠠᠷᠢᠭᠤᠴᠠᠯᠭ᠎ᠠ ᠡᠭᠦᠷᠭᠡᠯᠡᠯ ᠪᠣᠯᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃  ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠸᠠᠩ ᠰᠢᠶᠤᠤ ᠲᠢᠶᠧ ᠵᠠᠯᠠᠭᠤᠴᠤᠳ ᠤᠨ ᠲᠥᠯᠥᠭᠡᠯᠡᠭᠴᠢᠳ ᠤᠨ ᠬᠤᠪᠢᠶᠠᠯᠴᠠᠨ ᠰᠣᠯᠢᠯᠴᠠᠭᠰᠠᠨ ᠢ ᠭᠦᠢᠴᠡᠳ ᠨᠤᠲᠠᠯᠠᠬᠤ ᠶᠢᠨ ᠬᠠᠮᠲᠤ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠵᠠᠯᠠᠭᠤ ᠺᠠᠳ᠋ᠷᠴᠤᠳ ᠲᠤ ᠬᠡᠳᠦᠨ ᠬᠦᠰᠡᠯ ᠨᠠᠶᠢᠳᠠᠯᠭ᠎ᠠ ᠳᠤᠷᠠᠳᠴᠠᠢ᠃ ᠨᠢᠭᠡ ᠳᠤ᠂ ᠴᠢᠷᠮᠠᠶᠢᠨ ᠰᠤᠷᠤᠯᠴᠠᠬᠤ ᠬᠡᠷᠡᠭᠲᠡᠶ᠃ ᠰᠤᠷᠤᠯᠴᠠᠯᠭ᠎ᠠ ᠶᠢ ᠨᠢᠭᠡ ᠵᠦᠢᠯ ᠤᠨ ᠦᠢᠯᠡ ᠠᠵᠢᠯᠯᠠᠭ᠎ᠠ ᠶᠢᠨ ᠠᠷᠭ᠎ᠠ ᠬᠡᠯᠪᠡᠷᠢ᠂ ᠠᠮᠢᠳᠤᠷᠠᠯ ᠤᠨ ᠳᠠᠳᠬᠠᠯ ᠪᠠ ᠣᠶᠤᠨ ᠰᠠᠨᠠᠭᠠᠨ ᠤ ᠬᠥᠭᠡᠭᠡᠴᠡᠯᠳᠦᠯ ᠪᠣᠯᠭᠠᠵᠤ᠂ ᠦᠵᠡᠯ ᠰᠠᠨᠠᠭᠠᠨ ᠤ ᠠᠭᠤᠯᠤᠭᠳᠠᠬᠤᠨ ᠢ ᠳᠡᠭᠡᠭᠰᠢᠯᠡᠭᠦᠯᠦᠨ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠴᠢᠩᠭᠠᠳᠬᠠᠬᠤ ᠮᠥᠷᠲᠡᠭᠡᠨ ᠪᠠᠰᠠ ᠮᠡᠳᠡᠯᠭᠡ ᠶᠢᠨ ᠬᠡᠪᠴᠢᠶ᠎ᠡ ᠶᠢ ᠥᠷᠭᠡᠳᠬᠡᠵᠦ᠂ ᠮᠡᠳᠡᠭᠡ ᠵᠠᠩᠭᠢ ᠶᠢᠨ ᠴᠠᠭ ᠦᠶ᠎ᠡ ᠶᠢᠨ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ᠂ ᠲᠡᠷᠢᠭᠦᠨ ᠤ ᠮᠡᠷᠭᠡᠵᠢᠯ ᠢ ᠴᠢᠳᠠᠮᠠᠭᠠᠢ ᠬᠡᠷᠡᠭᠯᠡᠨ ᠥᠪᠡᠷ ᠢ ᠪᠠᠨ ᠵᠡᠪᠰᠡᠭᠯᠡᠬᠦ ᠬᠡᠷᠡᠭᠲᠡᠢ᠃ ᠬᠤᠶᠠᠷ ᠲᠤ᠂ ᠴᠢᠳᠠᠮᠠᠭᠠᠢ ᠪᠣᠳᠣᠯᠬᠢᠯᠠᠬᠤ ᠬᠡᠷᠡᠭᠲᠡᠢ᠃ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠠᠰᠠᠭᠤᠳᠠᠯ ᠢ ᠪᠣᠳᠣᠯᠬᠢᠯᠠᠬᠤ ᠪᠠ ᠰᠤᠳᠤᠯᠵᠤ᠂ ᠵᠠᠯᠠᠭᠤᠴᠤᠳ ᠤᠨ ᠣᠨᠣᠯ ᠰᠤᠷᠤᠯᠴᠠᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠰᠡᠳᠦᠪ ᠰᠣᠩᠭᠤᠵᠤ᠂ ᠷᠠᠳᠢᠣ᠋ ᠲᠧᠯᠸᠢᠰ ᠬᠢᠭᠡᠳ ᠰᠦᠯᠵᠢᠶᠡᠨ ᠤ ᠦᠵᠡᠵᠦ ᠰᠣᠨᠣᠰᠬᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠭᠤᠯᠤᠭᠳᠠᠬᠤᠨ ᠪᠠ ᠠᠭᠤᠯᠬᠤᠨ ᠢ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠦᠨᠡᠨ ᠬᠦ ᠡᠷᠢᠵᠦ ᠣᠯᠬᠤ ᠬᠡᠷᠡᠭᠲᠡᠢ᠃ ᠭᠤᠷᠪᠠ ᠳᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠬᠤ ᠬᠡᠷᠡᠭᠲᠡᠢ᠃ ᠣᠳᠣᠬᠠᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠵᠠᠯᠠᠭᠤᠴᠤᠳ ᠤᠨ ᠢᠳᠡᠷ ᠳᠣᠷᠪᠢᠲᠠᠶ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠢᠯ ᠦᠢᠯᠡᠰ ᠢ ᠡᠷᠬᠢᠮᠯᠡᠬᠦ᠂ ᠬᠠᠷᠢᠭᠤᠴᠠᠯᠭ᠎ᠠ ᠶᠢ ᠴᠢᠬᠤᠯᠠᠴᠢᠯᠠᠬᠤ ᠶᠢ ᠪᠠᠲᠤ ᠴᠡᠭᠡᠵᠢᠯᠡᠵᠦ᠂ ᠬᠥᠭᠵᠢᠯᠲᠡ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠺᠠᠳ᠋ᠷ ᠪᠣᠯᠬᠤ ᠬᠡᠷᠡᠭᠲᠡᠶ᠃ ᠲᠦᠷᠪᠡ ᠳᠤ᠂ ᠬᠦᠴᠢᠷ ᠠᠰᠠᠭᠤᠳᠠᠯ ᠢ ᠵᠣᠷᠢᠭᠲᠠᠢ ᠪᠠᠷ ᠬᠦᠨᠳᠡᠬᠦ ᠬᠡᠷᠡᠭᠲᠡᠢ᠃ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠵᠥᠷᠢᠴᠡᠯ ᠤᠨ ᠡᠮᠦᠨ᠎ᠡ᠂ ᠬᠦᠯᠢᠶᠡᠰᠦᠯᠡᠯ ᠪᠠ ᠬᠢᠵᠠᠭᠠᠷᠯᠠᠯ ᠢ ᠵᠣᠷᠢᠭᠲᠠᠢ ᠪᠠᠷ ᠡᠪᠳᠡᠵᠦ᠂ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ︽ᠪᠣᠭᠤᠮᠢ︾ ᠶᠢ ᠵᠣᠷᠢᠭᠲᠠᠢ ᠪᠠᠷ ᠠᠷᠢᠯᠭᠠᠵᠤ᠂ ᠵᠣᠷᠢᠭᠲᠠᠢ ᠪᠠᠷ ᠲᠡᠮᠡᠴᠡᠬᠦ ᠵᠣᠷᠢᠭ᠂ ᠰᠥᠰᠥ᠂ ᠢᠲᠡᠭᠡᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠲᠠᠪᠤ ᠳᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠠᠵᠢᠯ ᠤᠨ ᠦᠢᠯᠡᠳᠦᠯᠭᠡ ᠶᠢᠨ ᠳᠤᠮᠳᠠ ᠲᠤᠷᠰᠢᠯᠭ᠎ᠠ ᠬᠤᠷᠠᠮᠳᠤᠭᠤᠯᠵᠤ᠂ ᠪᠣᠳᠠᠲᠠᠢ ᠠᠵᠢᠯᠯᠠᠬᠤ ᠴᠢᠳᠠᠪᠤᠷᠢ ᠪᠠᠨ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠣᠷᠣᠨ ᠤ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠪᠡ᠃  ᠲᠣᠪᠴᠢᠶ᠎ᠠ ᠶᠢᠨ ᠠᠯᠪᠠᠨ ᠬᠡᠷ᠂ ᠠᠵᠢᠯᠲᠠᠨ ᠤ ᠶᠠᠪᠤᠳᠠᠯ ᠤᠨ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃︵ᠠᠯᠪᠠᠨ ᠭᠡᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ