ᠤᠯᠠᠭᠠᠨᠬᠠᠳᠠ ᠶᠢᠨ ᠺᠦᠨ ᠬᠤᠩ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/4/28
ᠤᠯᠠᠭᠠᠨᠬᠠᠳᠠ ᠶᠢᠨ ᠺᠦᠨ ᠬᠤᠩ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠄  ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠦᠭᠷᠠᠮ ᠦᠢᠯᠡᠳᠬᠦ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠦᠷᠨᠢᠭᠦᠯᠬᠦ ᠲᠤᠬᠠᠢ ᠭᠤᠶᠤᠴᠢᠯᠠᠭᠰᠠᠨ ᠮᠠᠲ᠋ᠧᠷᠢᠶᠠᠯ ᠢ ᠣᠯᠵᠤ ᠠᠪᠤᠯ᠎ᠠ᠃ ᠰᠤᠳᠤᠯᠤᠯᠲᠠ ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃  ᠨᠢᠭᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠬᠠᠮᠢᠶᠠᠷᠤᠯᠲᠠ ᠶᠢᠨ ᠲᠣᠭᠲᠠᠭᠠᠯ︾ ︵ᠶᠡᠷᠦᠩᠬᠡᠶ ᠲᠣᠪᠴᠢᠶ᠎ᠠ ᠶᠢᠨ ᠵᠠᠷᠯᠢᠭ 34 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠭᠤᠨ᠎ᠠ᠂ ᠳ᠋ᠤᠭᠠᠷ᠄ ︵ᠮᠣᠩᠭᠤᠯ︶ ᠦᠰᠦᠭ ᠤᠨ 574 ᠳ᠋ᠦ᠋ᠭᠡᠷ ᠲᠣᠭᠠᠲᠤ᠂ ᠬᠦᠴᠦᠨ ᠲᠠᠢ ᠬᠤᠭᠤᠴᠠᠭ᠎ᠠ᠄ 2024 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ - 2026 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ᠃  ᠬᠤᠶᠠᠷ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠬᠦᠷᠢᠶ᠎ᠡ ᠬᠡᠪᠴᠢᠶ᠎ᠡ ᠨᠢ᠄ ᠲᠤᠰᠬᠠᠶ ᠰᠡᠳᠦᠪ᠂ ᠲᠤᠰᠬᠠᠶ ᠪᠤᠯᠤᠩ᠂ ᠶᠡᠷᠦᠩᠬᠡᠶᠢᠯᠡᠭᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠬᠦ ᠪᠠ ᠫᠷᠤᠭ᠍ᠷᠠᠮ ᠤᠨ ᠬᠡᠪᠯᠡᠯ ᠤᠨ ᠡᠷᠬᠡ ᠶᠢ ᠠᠷᠠᠯᠵᠢᠶᠠᠯᠠᠬᠤ᠂ ᠣᠷᠣᠯᠠᠨ ᠠᠷᠠᠯᠵᠢᠶᠠᠯᠠᠬᠤ᠃ ᠡᠵᠡᠩᠨᠡᠯᠲᠡ ᠶᠢᠨ ᠠᠷᠭ᠎ᠠ ᠮᠠᠶ᠋ᠢᠭ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠬᠤ᠃  ᠭᠤᠷᠪᠠ᠂ ᠲᠠᠨ ᠤ ᠺᠣᠮᠫᠠᠨᠢ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠳᠤ ᠬᠢᠨᠠᠨ ᠵᠥᠪᠰᠢᠶᠡᠷᠡᠭᠰᠡᠨ ᠦᠢᠯᠡᠳᠬᠦ ᠡᠵᠡᠩᠨᠡᠯᠲᠡ ᠶᠢᠨ ᠬᠡᠪᠴᠢᠶ᠎ᠡ ᠶᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠵᠦ᠂ ᠦᠢᠯᠡᠳᠬᠦ ᠡᠵᠡᠩᠨᠡᠯᠲᠡ ᠶᠢᠨ ᠠᠵᠢᠯᠯᠠᠭ᠎ᠠ ᠳᠤ ᠡᠷᠬᠡᠪᠰᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ ᠲᠤᠬᠠᠢ ᠶᠢᠨ ᠴᠠᠭ ᠤᠨ ᠤᠯᠤᠰ ᠲᠥᠷᠥ ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠴᠦ ᠪᠣᠯᠬᠤ ᠦᠭᠡᠢ᠃ ᠺᠠᠷᠲ᠋ᠣᠨ ᠺᠢᠨᠣ᠋᠂ ᠲᠧᠯᠸᠢᠰ ᠵᠦᠴᠦᠭᠡ ᠦᠢᠯᠡᠳᠬᠦ ᠳᠤ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ᠃  ᠲᠦᠷᠪᠡ᠂ ᠣᠯᠭᠤᠭᠰᠠᠨ ︽ᠷᠠᠳᠢᠤ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠶᠠᠮᠠᠷᠪᠠ ᠠᠷᠭ᠎ᠠ ᠮᠠᠶ᠋ᠢᠭ ᠢᠶᠠᠷ ᠪᠠᠯᠠᠯᠵᠤ ᠵᠠᠰᠠᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ ᠢᠶᠠᠷ ᠵᠤᠬᠢᠶᠠᠬᠤ ᠶᠢ ᠴᠢᠩᠭ᠎ᠠ ᠴᠠᠭᠠᠵᠠᠯᠠᠨ᠎ᠠ᠃ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠳᠤ ᠲᠣᠳᠣᠷᠬᠠᠶᠢᠯᠠᠭᠰᠠᠨ ᠦᠢᠯᠡᠳᠬᠦ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠠᠶ᠋ᠢᠭ ᠪᠠ ᠲᠦᠷᠢᠮ ᠵᠡᠷᠭᠡ ᠵᠦᠢᠯᠡᠰ ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠬᠤᠪᠢᠷᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ︔ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠡᠵᠡᠩᠨᠡᠯᠲᠡ ᠶᠢᠨ ᠠᠵᠢᠯᠯᠠᠭ᠎ᠠ ᠶᠢ ᠵᠣᠭᠰᠣᠭᠠᠬᠤ ᠳᠤ᠂ 1 ᠭᠠᠷᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠬᠦᠷᠴᠦ ᠬᠦᠴᠦᠨ ᠥᠬᠡᠶ ᠪᠣᠯᠭᠠᠬᠤ ᠭᠠᠷᠳᠠᠮ ᠢ ᠭᠦᠢᠴᠡᠳᠬᠡᠬᠦ ᠬᠡᠷᠡᠭᠲᠡᠶ᠃  ᠲᠠᠪᠤ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠳᠤ᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠶᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ᠂ ᠬᠤᠷᠰᠢᠭᠰᠠᠨ ᠠᠵᠤ ᠠᠬᠤᠶᠢᠯᠠᠯ ᠪᠣᠯᠤᠨ ᠬᠢᠯᠢ ᠶᠢᠨ ᠭᠠᠳᠠᠨᠠᠬᠢ ᠬᠥᠮᠦᠰ ᠦᠢᠯᠡᠳᠬᠦ ᠠᠵᠢᠯ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃  ᠵᠢᠷᠭᠤᠭ᠎ᠠ᠂ ᠭᠠᠳᠠᠭᠠᠳᠤ ᠳᠤ ᠭᠠᠷᠭᠠᠬᠤ ᠷᠠᠳᠢᠣ᠋ ᠲᠧᠯᠸᠢᠰ ᠤᠨ ᠫᠷᠤᠭ᠍ᠷᠠᠮ ᠪᠤᠶᠤ ᠷᠠᠳᠢᠣ᠋ ᠲᠧᠯᠸᠢᠰ ᠤᠨ ᠫᠷᠤᠭ᠍ᠷᠠᠮ ᠢ ᠬᠢᠯᠢ ᠶᠢᠨ ᠭᠠᠳᠠᠨ᠎ᠠ ᠭᠠᠷᠭᠠᠨ ᠦᠵᠡᠭᠦᠯᠵᠦ ᠨᠡᠪᠲᠡᠷᠡᠭᠦᠯᠬᠦ ᠠᠵᠢᠯᠯᠠᠭ᠎ᠠ ᠳᠤ ᠣᠷᠣᠯᠴᠠᠭᠤᠯᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠤᠷᠢᠳᠴᠢᠯᠠᠨ ᠮᠡᠳᠡᠭᠦᠯᠬᠦ ᠬᠡᠷᠡᠭᠲᠡᠶ᠃  ᠡᠭᠦᠨ ᠤ ᠲᠤᠯᠠ ᠣᠨᠴᠠᠭᠠᠶᠢᠯᠠᠨ ᠴᠣᠬᠤᠯᠠᠪᠤᠷᠢᠯᠠᠪᠠ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ  2024 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ