| | | | | | 2024 ᠣᠨ ᠪᠣᠯ ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠤ 105 ᠵᠢᠯ ᠤᠨ ᠤᠢ ᠶᠢ ᠳᠤᠷᠠᠰᠬᠠᠬᠤ᠂ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ | ᠪᠠᠶᠠᠷ ᠢ ᠤᠭᠲᠤᠬᠤ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠬᠤ᠂ ᠵᠠᠯᠠᠭᠤᠴᠤᠳ ᠤᠨ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ ᠶᠢᠨ ᠲᠤᠰᠠᠳᠠ᠂ | 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠳᠠᠮᠵᠢᠭᠤᠯᠤᠨ ᠰᠠᠴᠤᠷᠠᠭᠤᠯᠬᠤ ᠲᠥᠪ ᠤᠨ 501 ᠬᠤᠷᠢᠶ᠎ᠠ ᠵᠠᠯᠠᠭᠤ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠵᠤ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠬᠦᠷᠴᠦ ︽ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ | ᠵᠠᠯᠠᠭᠤ ᠨᠠᠰᠤᠨ ᠤ ᠡᠭᠦᠷᠭᠡ ᠪᠠᠨ ᠵᠣᠷᠢᠭᠲᠠᠢ ᠪᠠᠷ ᠡᠭᠦᠷᠭᠡᠯᠡᠬᠦ︾ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠳᠤ ᠵᠠᠯᠠᠭᠤ ᠨᠠᠮ ᠤᠨ ᠭᠡᠰᠢᠭᠦᠨ ᠺᠠᠳ᠋ᠷᠴᠤᠳ ᠲᠠᠶᠢᠯᠪᠤᠷᠢᠯᠠᠭᠴᠢ ᠶᠢ ᠳᠠᠭᠠᠵᠤ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ | ᠦᠵᠡᠭᠦᠯᠭᠡ ᠶᠢᠨ ᠲᠢᠩᠬᠢᠮ ᠳᠤ ᠬᠦᠷᠴᠦ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠬᠥᠭᠵᠢᠯᠲᠡ ᠪᠠ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠨᠠᠷᠢᠨ ᠣᠶᠢᠯᠠᠭᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠵᠠᠯᠠᠭᠤ ᠨᠠᠮ ᠤᠨ ᠭᠡᠰᠢᠭᠦᠨ ᠺᠠᠳ᠋ᠷᠴᠤᠳ᠂ ᠲᠤᠰ | ᠤᠳᠠᠭ᠎ᠠ ᠶᠢᠨ ᠬᠤᠪᠢᠰᠬᠠᠯ ᠤᠨ ᠬᠥᠮᠦᠵᠢᠯ ᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢᠨ ᠦᠢᠯᠡᠰ ᠲᠤ | ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | ︵ᠳᠠᠮᠵᠢᠭᠤᠯᠤᠨ ᠰᠠᠴᠤᠷᠠᠭᠤᠯᠬᠤ ᠲᠦᠪ ᠤᠨ 501 ᠬᠤᠷᠢᠶ᠎ᠠ ︶ | |