ᠮᠠᠨ ᠤ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/4/30
  4 ᠳ᠋ᠦ᠋ᠭᠡᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠮᠠᠨ ᠤ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠤᠨ ᠲᠣᠭᠤᠷᠢᠨ ᠳᠤ ᠨᠠᠮ ᠤᠨ ︽ᠵᠢᠷᠭᠤᠭᠠᠨ ᠰᠠᠬᠢᠯᠭ᠎ᠠ ᠪᠠᠲᠤ︾ ᠲᠠᠢ ᠨᠢᠭᠲᠠ ᠤᠶᠠᠯᠳᠤᠭᠤᠯᠤᠨ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠨ ᠭᠦᠸᠧ ᠰᠢᠩ ︽ᠲᠦᠷᠢᠮ︾ ᠤᠨ ᠲᠤᠬᠠᠶ ᠲᠠᠶᠢᠯᠤᠮᠵᠢ ᠬᠢᠪᠠ᠃  ᠨᠣᠮ ᠤᠩᠰᠢᠬᠤ ᠠᠩᠭᠢ ᠨᠢ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠲᠦᠷᠢᠮ︾ ᠢ ᠲᠡᠷᠡ ᠬᠡᠪ ᠢᠶᠠᠷ ᠨᠢ᠂ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃  ᠸᠠᠩ ᠰᠢᠶᠤᠤ ᠲᠢᠶᠧ ᠶᠠᠷᠢᠶᠠᠨ ᠳᠠᠭᠠᠨ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠪᠦᠬᠦ ᠺᠠᠳ᠋ᠷ ᠠᠵᠢᠯᠳᠠᠨ ᠤ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ ᠶᠢ ᠪᠠᠲᠤᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠪᠦᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠬᠤ ᠬᠡᠷᠡᠭᠲᠡᠢ᠃ ᠬᠤᠶᠠᠷ ᠲᠤ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢ ᠪᠠᠲᠤ ᠡᠵᠡᠮᠳᠡᠬᠦ ᠬᠡᠷᠡᠭᠲᠡᠢ᠃ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ︽ᠲᠦᠷᠢᠮ︾ ᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠᠶᠢᠩᠭᠤ ᠰᠤᠷᠬᠤ ᠬᠢᠴᠢᠶᠡᠯ ᠪᠣᠯᠭᠠᠵᠤ᠂ ︽ᠲᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠤᠨ ᠦᠷ᠎ᠡ ᠪᠦᠲᠦᠮᠵᠢ ᠣᠯᠵᠤ᠂ ᠦᠨᠡᠨ ᠬᠦ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠦ᠂ ᠪᠣᠯᠪᠠᠰᠤᠷᠠᠩᠭᠤᠶ ᠡᠵᠡᠮᠰᠢᠬᠦ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠶᠣᠰᠣ ᠲᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠯᠴᠠᠯᠭ᠎ᠠ ᠬᠥᠮᠦᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ᠂ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ᠨᠣᠮ ᠤᠩᠰᠢᠬᠤ ᠠᠩᠬᠢ ᠶᠢᠨ ᠭᠤᠣᠯ ᠰᠡᠳᠦᠪ ᠲᠤᠪᠤᠶᠢᠮ᠎ᠠ᠂ ᠠᠭᠤᠯᠭ᠎ᠠ ᠪᠠᠶᠠᠯᠢᠭ᠂ ᠰᠤᠳᠤᠯᠤᠨ ᠶᠠᠷᠢᠯᠴᠠᠬᠤ ᠨᠢ ᠭᠦᠨᠵᠡᠭᠡᠢ᠂ ᠰᠤᠷᠤᠯᠴᠠᠬᠤ ᠰᠤᠷᠲᠠᠯ ᠨᠢ ᠭᠦᠨ ᠵᠤᠵᠠᠭᠠᠨ ᠪᠠᠶᠢᠵᠤ᠂ ᠵᠢᠱᠢᠭᠰᠡᠨ ᠦᠷ᠎ᠡ ᠪᠦᠲᠦᠮᠵᠢ ᠤᠯᠪᠠ᠃ ᠬᠤᠶᠠᠷ ᠡᠳᠦᠷ ᠤᠨ ᠨᠣᠮ ᠤᠩᠰᠢᠵᠤ ᠰᠤᠷᠤᠯᠴᠠᠬᠤ ᠪᠠᠷ ᠳᠡᠮᠵᠢᠨ᠂ ᠲᠣᠪᠴᠢᠶ᠎ᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ︽ᠲᠦᠷᠢᠮ︾ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠶ ᠨᠠᠩ ᠪᠥᠬᠦ ᠲᠠᠯ᠎ᠠ ᠶᠢᠨ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃  ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠣᠪᠴᠢᠶᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠰᠠᠯᠠᠭᠠᠨ ᠤ ᠲᠠᠰ ᠤᠨ ᠬᠤᠪᠢᠶᠠᠷᠢ ᠪᠠᠶᠢᠭᠤᠯᠤᠮᠵᠢ ᠶᠢᠨ ᠪᠥᠬᠦ ᠨᠠᠮ ᠤᠨ ᠭᠡᠰᠢᠭᠦᠨ ᠺᠠᠳ᠋ᠷ ᠨᠣᠮ ᠤᠩᠰᠢᠬᠤ ᠠᠩᠭᠢ ᠳᠤ ᠣᠷᠣᠯᠴᠠᠪᠠ᠃  ︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠣᠪᠴᠢᠶ᠎ᠠ