ᠮᠠᠨ ᠤ ᠲᠣᠪᠴᠢᠶ᠎ᠠ 2023 ᠣᠨ ᠤ ᠤᠯᠤᠰ ᠤᠨ ᠥᠮᠴᠢᠯᠡᠯᠲᠦ ᠷᠠᠳᠢᠣ᠋ ᠲᠧᠯᠸᠢᠰ ᠦᠢᠯᠡᠳᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠬᠢᠨᠠᠨ ᠰᠢᠯᠭᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/4/8
  ᠤᠯᠤᠰ ᠤᠨ ᠥᠮᠴᠢᠯᠡᠯᠲᠦ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠶᠢ ᠠᠬᠢᠭᠤᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠬᠠᠷᠢᠯᠴᠠᠨ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ ᠪᠠ ᠤᠯᠤᠰ ᠤᠨ ᠥᠮᠴᠢᠯᠡᠯᠲᠦ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠤᠯᠤᠰ ᠤᠨ ᠥᠮᠴᠢᠯᠡᠯᠲᠦ ᠺᠢᠨᠣ᠋ ᠲᠧᠯᠸᠢᠰ ᠤᠨ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠬᠢᠨᠠᠨ ᠰᠢᠯᠭᠠᠬᠤ ᠲᠤᠷᠰᠢᠨ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2023 ᠣᠨ ᠤ ᠤᠯᠤᠰ ᠤᠨ ᠥᠮᠴᠢᠯᠡᠯᠲᠦ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠬᠢᠨᠠᠨ ᠰᠢᠯᠭᠠᠬᠤ ᠠᠵᠢᠯ ᠢ ᠪᠡᠶᠡᠯᠡᠭᠦᠯᠪᠡ᠃  ᠣᠨ ᠤ ᠰᠢᠯᠭᠠᠨ ᠬᠢᠨᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠲᠣᠪᠴᠢᠶ᠎ᠠ ︽2023 ᠣᠨ ᠤ ᠪᠥᠬᠦ ᠣᠷᠣᠨ ᠤ ᠤᠯᠤᠰ ᠤᠨ ᠥᠮᠴᠢᠯᠡᠯᠲᠦ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠰᠢᠯᠭᠠᠨ ᠬᠢᠨᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠢᠯᠭᠠᠨ ᠬᠢᠨᠠᠬᠤ ᠡᠲᠡᠭᠡᠳ ᠪᠠ ᠰᠢᠯᠭᠠᠨ ᠬᠢᠨᠠᠬᠤ ᠶᠢ ᠬᠡᠷᠡᠭᠵᠢᠭᠦᠯᠬᠦ ᠨᠢᠭᠡᠴᠢ ᠶᠢ ᠲᠣᠳᠣᠷᠬᠠᠶᠢᠯᠠᠬᠤ ᠶᠢᠨ ᠬᠠᠮᠲᠤ ᠮᠠᠨ ᠤ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠠᠵᠤ ᠠᠬᠤᠶᠢᠯᠠᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠦᠲᠦᠭᠡᠯ ᠤᠨ ᠵᠣᠬᠢᠶᠠᠨ ᠪᠦᠲᠦᠭᠡᠵᠦ ᠦᠢᠯᠡᠳᠬᠦ᠂ ᠭᠥᠯᠢᠶᠡᠨ ᠠᠪᠤᠭᠴᠢᠳ ᠤᠨ ᠲᠤᠰᠬᠠᠯ ᠪᠠ ᠨᠡᠶᠢᠭᠡᠮ ᠤᠨ ᠨᠥᠯᠥᠭᠡ᠂ ᠳᠣᠲᠣᠭᠠᠳᠤ ᠶᠢᠨ ᠲᠦᠷᠢᠮ ᠪᠠ ᠡᠩᠨᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠷᠪᠠᠨ ᠲᠠᠯ᠎ᠠ ᠠᠴᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠬᠡᠮᠵᠢᠶᠡᠵᠢᠭᠦᠯᠦᠭᠰᠡᠨ ᠪᠠᠶᠢᠨ᠎ᠠ᠃ ᠪᠥᠬᠦ ᠣᠷᠣᠨ ᠤ ᠤᠯᠤᠰ ᠤᠨ ᠥᠮᠴᠢᠯᠡᠯᠲᠦ 18 ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠪᠦᠬᠦᠨ ᠢᠶᠠᠷ ᠢᠶᠠᠨ ᠰᠢᠯᠭᠠᠷᠠᠭᠤᠯᠤᠯᠲᠠ ᠳᠤ ᠣᠷᠣᠯᠴᠠᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠨᠣᠷᠮ᠎ᠠ ᠨᠢ 100% ᠳᠤ ᠬᠦᠷᠪᠡ᠃ ᠲᠣᠰ ᠤᠳᠠᠭᠠᠨ ᠤ ᠰᠢᠯᠭᠠᠨ ᠬᠢᠨᠠᠯᠲᠠ ᠶᠢ ᠠᠵᠤ ᠠᠬᠤᠶᠢᠯᠠᠯ ᠤᠨ ᠥᠪᠡᠷᠲᠡᠭᠡᠨ ᠦᠨᠡᠯᠡᠬᠦ᠂ ᠭᠤᠤᠯᠴᠢᠯᠠᠨ ᠬᠠᠮᠢᠶᠠᠷᠴᠤ ᠭᠤᠤᠯᠯᠠᠨ ᠡᠷᠭᠢᠯᠡᠭᠰᠡᠨ ᠨᠢᠭᠡᠴᠢ ᠶᠢᠨ ᠳᠠᠬᠢᠨ ᠦᠨᠡᠯᠡᠬᠦ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠬᠢᠨᠠᠨ ᠪᠠᠶᠢᠴᠠᠭᠠᠵᠤ ᠲᠣᠭᠲᠠᠭᠠᠬᠤ ᠭᠤᠷᠪᠠᠨ ᠠᠯᠬᠤᠮ ᠳᠠᠷᠠᠭ᠎ᠠ ᠪᠠᠷ ᠶᠠᠪᠤᠭᠳᠠᠭᠤᠯᠪᠠ᠃ ᠬᠢᠨᠠᠨ ᠰᠢᠯᠭᠠᠬᠤ ᠪᠠᠷ ᠳᠡᠮᠵᠢᠨ᠂ ᠲᠣᠰ ᠵᠢᠯ ᠤᠨ ᠰᠢᠯᠢᠳᠡᠭ ᠲᠠᠰ ᠤᠨ ᠠᠵᠤ ᠠᠬᠤᠶᠢᠯᠠᠯ 7 ᠪᠠᠶᠢᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ 38.9% ᠶᠢ ᠡᠵᠡᠯᠡᠪᠡ︔ ᠰᠠᠶᠢᠨ ᠳᠡᠰ ᠲᠠᠢ ᠠᠵᠤ ᠠᠬᠤᠶᠢᠯᠠᠯ 5 ᠪᠠᠶᠢᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ 27.8% ᠶᠢ ᠡᠵᠡᠯᠡᠪᠡ︔ ᠬᠢᠷᠢ ᠲᠡᠩᠴᠡᠭᠰᠡᠨ ᠳᠡᠰ ᠲᠠᠢ ᠠᠵᠤ ᠠᠬᠤᠶᠢᠯᠠᠯ 6 ᠪᠠᠶᠢᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ 33.3% ᠶᠢ ᠡᠵᠡᠯᠡᠪᠡ᠃︵ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ