2024 ᠣᠨ ᠤ ︽ᠳᠤᠮᠳᠠᠳᠤ ᠶᠢᠨ ᠵᠡᠭᠦᠳᠦ᠂ ᠰᠢᠨ᠎ᠡ ᠠᠶᠠᠨ︾ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠴᠤᠭᠯᠠᠭᠤᠯᠤᠨ ᠨᠡᠪᠲᠡᠷᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/5/10
ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ᠂ ᠬᠤᠯᠪᠤᠭᠳᠠᠯ ᠪᠦᠬᠦᠢ ᠳᠡᠭᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶᠄  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢᠶᠠᠷ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠠᠶᠠᠨ ᠵᠠᠮ ᠢᠶᠠᠷ ᠴᠢᠷᠮᠠᠶᠢᠨ ᠵᠠᠮᠨᠠᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ᠂ ᠮᠠᠨ ᠤ ᠲᠣᠪᠴᠢᠶ᠎ᠠ 2024 ᠣᠨ ᠤ ︽ᠳᠤᠮᠳᠠᠳᠤ ᠶᠢᠨ ᠵᠡᠭᠦᠳᠦ᠂ ᠰᠢᠨ᠎ᠡ ᠠᠶᠠᠨ︾ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠤᠤᠭᠠᠯ ᠡᠭᠦᠳᠦᠯᠲᠡ ᠶᠢ ᠴᠤᠭᠯᠠᠭᠤᠯᠤᠨ ᠨᠡᠪᠲᠡᠷᠡᠭᠦᠯᠬᠦ ᠠᠵᠢᠯᠯᠠᠭ᠎ᠠ ᠥᠷᠨᠢᠭᠦᠯᠬᠦ ᠶᠢᠨ ᠬᠠᠮᠲᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠡᠯᠰᠡᠨ ᠴᠤᠭᠯᠠᠭᠤᠯᠬᠤ ᠪᠠ ᠳᠡᠯᠭᠡᠨ ᠨᠡᠪᠲᠡᠷᠡᠭᠦᠯᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠰᠢᠯᠭᠠᠷᠠᠭᠤᠯᠤᠯᠲᠠ ᠳᠤ ᠣᠷᠣᠯᠴᠠᠬᠤ ᠡᠲᠡᠭᠡᠳ  ᠰᠢᠯᠭᠠᠷᠠᠭᠤᠯᠤᠯᠲᠠ ᠳᠤ ᠣᠷᠣᠯᠴᠠᠬᠤ ᠪᠦᠲᠦᠭᠡᠯ ᠨᠢ 2023 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠠᠩᠬ᠎ᠠ ᠨᠡᠪᠲᠡᠷᠡᠭᠦᠯᠦᠭᠰᠡᠨ ᠰᠢᠯᠢᠳᠡᠭ ᠪᠦᠲᠦᠭᠡᠯᠴᠢ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠪᠠᠶᠢᠵᠤ᠂ ᠫᠷᠤᠭ᠍ᠷᠠᠮ ᠤᠨ ᠲᠥᠷᠥᠯ ᠢᠯᠭᠠᠯ ᠨᠢ ᠰᠦᠯᠵᠢᠶᠡᠨ ᠤ ᠪᠠᠷᠢᠮᠲᠠᠲᠤ ᠹᠢᠯᠢᠮ᠂ ᠰᠦᠯᠵᠢᠶᠡᠨ ᠤ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ᠂ ᠰᠦᠯᠵᠢᠶᠡᠨ ᠤ ᠺᠠᠷᠲ᠋ᠣᠨ ᠹᠢᠯᠢᠮ᠂ ᠰᠦᠯᠵᠢᠶᠡᠨ ᠤ ᠵᠦᠴᠦᠭᠡ᠂ ᠰᠦᠯᠵᠢᠶᠡᠨ ᠤ ᠪᠢᠴᠢᠯ ᠣᠬᠤᠷ ᠵᠦᠴᠦᠭᠡ᠂ ᠰᠦᠯᠵᠢᠶᠡᠨ ᠤ ᠺᠢᠨᠣ᠋᠂ ᠰᠦᠯᠵᠢᠶᠡᠨ ᠤ ᠪᠢᠴᠢᠯ ᠺᠢᠨᠣ᠋᠂ ᠰᠦᠯᠵᠢᠶᠡᠨ ᠤ ᠲᠠᠭᠤᠨ ᠤ ᠫᠷᠤᠭ᠍ᠷᠠᠮ᠂ ᠣᠬᠤᠷ ᠸᠢᠳᠢᠣ᠋᠂ ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠣᠬᠤᠷ ᠹᠢᠯᠢᠮ ᠢ ᠬᠠᠮᠤᠷᠤᠭᠰᠠᠨ ᠪᠠᠶᠢᠬᠤ ᠬᠡᠷᠡᠭᠲᠡᠢ᠃ ᠰᠦᠯᠵᠢᠶᠡᠨ ᠤ ᠦᠵᠡᠵᠦ ᠰᠣᠨᠣᠰᠬᠤ ᠲᠠᠪᠴᠠᠩ ᠳᠤ ᠰᠦᠯᠵᠢᠶᠡᠨ ᠳᠡᠭᠡᠷ᠎ᠡ ᠬᠠᠷᠠᠬᠠᠨ ᠨᠡᠪᠲᠡᠷᠡᠭᠦᠯᠦᠭᠡᠳᠦᠶ ᠪᠦᠲᠦᠭᠡᠯ ᠢ ᠰᠢᠯᠭᠠᠷᠠᠭᠤᠯᠤᠯᠲᠠ ᠳᠤ ᠲᠦᠷ ᠣᠷᠣᠯᠴᠠᠭᠤᠯᠬᠤ ᠦᠭᠡᠢ᠂ ᠭᠤᠶᠤᠴᠢᠯᠠᠨ ᠮᠡᠳᠡᠭᠦᠯᠬᠦ ᠪᠠᠶᠢᠭᠤᠯᠤᠮᠵᠢ ᠪᠤᠶᠤ ᠬᠤᠪᠢ ᠬᠥᠮᠦᠨ ᠫᠷᠤᠭ᠍ᠷᠠᠮ ᠤᠨ ᠬᠡᠪᠯᠡᠯ ᠤᠨ ᠡᠷᠬᠡ ᠶᠢᠨ ᠥᠮᠴᠢᠯᠡᠭᠴᠢ ᠪᠠᠶᠢᠬᠤ ᠬᠡᠷᠡᠭᠲᠡᠶ᠃  ᠬᠤᠶᠠᠷ᠂ ᠰᠢᠯᠭᠠᠷᠠᠭᠤᠯᠤᠯᠲᠠ ᠳᠤ ᠣᠷᠣᠯᠴᠠᠬᠤ ᠱᠠᠭᠠᠷᠳᠠᠯᠭ᠎ᠠ  ᠰᠢᠯᠭᠠᠷᠠᠭᠤᠯᠤᠯᠲᠠ ᠳᠤ ᠣᠷᠣᠯᠴᠠᠬᠤ ᠪᠦᠲᠦᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠦᠵᠡᠯ ᠰᠠᠨᠠᠭ᠎ᠠ ᠨᠢ ᠭᠦᠨᠵᠡᠭᠡᠢ᠂ ᠤᠷᠠᠯᠢᠭ ᠨᠢ ᠠᠪᠰᠠᠷᠬᠠᠨ᠂ ᠦᠢᠯᠡᠳᠦᠭᠰᠡᠨ ᠨᠢ ᠨᠠᠷᠢᠯᠢᠭ ᠰᠠᠶᠢᠬᠠᠨ ᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ︽ᠳᠤᠮᠳᠠᠳᠤ ᠶᠢᠨ ᠵᠡᠭᠦᠳᠦ᠂ ᠰᠢᠨ᠎ᠡ ᠠᠶᠠᠨ︾ ᠭᠤᠤᠯ ᠰᠡᠳᠦᠪ ᠢ ᠭᠤᠣᠯᠳᠠᠭᠤᠯᠤᠨ ᠴᠤᠭᠯᠠᠭᠤᠯᠵᠤ᠂ ᠳᠣᠤᠷᠠᠬᠢ ᠲᠠᠯ᠎ᠠ ᠪᠠᠷ ᠵᠣᠬᠢᠶᠠᠨ ᠪᠦᠲᠦᠭᠡᠬᠦ ᠬᠢᠷᠢ ᠬᠡᠮᠵᠢᠶ᠎ᠡ ᠪᠠᠷ ᠥᠨᠳᠥᠷ᠂ ᠳᠠᠮᠵᠢᠭᠤᠯᠭ᠎ᠠ ᠶᠢᠨ ᠦᠷ᠎ᠡ ᠪᠦᠲᠦᠮᠵᠢ ᠪᠠᠷ ᠰᠠᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠨᠡᠪᠲᠡᠷᠡᠭᠦᠯᠦᠨ᠎ᠡ᠄  ︵ᠨᠢᠭᠡ︶ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠣᠯ ᠰᠡᠳᠦᠪ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ ᠠᠮᠢᠳᠤᠯᠢᠭ ᠢᠶᠠᠷ ᠢᠯᠡᠷᠡᠭᠦᠯᠬᠦ ᠬᠡᠷᠡᠭᠲᠡᠢ᠃  ︵ᠬᠤᠶᠠᠷ︶ ᠡᠬᠡ ᠣᠷᠣᠨᠴᠢ ᠦᠵᠡᠯ ᠢ ᠢᠯᠡᠷᠡᠭᠦᠯᠵᠦ᠂ ᠨᠡᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠎ᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠢᠨ ᠲᠣᠭᠤᠷᠢᠨ ᠳᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠤᠳᠤᠮᠰᠢᠯ ᠢ ᠠᠮᠢᠳᠤᠯᠢᠭ ᠢᠶᠠᠷ ᠢᠯᠡᠷᠡᠭᠦᠯᠵᠦ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠥᠵᠢᠯ ᠢ ᠭᠦᠨᠵᠡᠭᠡᠶᠢᠷᠡᠭᠦᠯᠦᠨ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢᠶᠠᠨ ᠡᠷᠬᠢᠮᠯᠡᠬᠦ᠂ ᠬᠤᠰᠢᠭᠤᠴᠢ ᠪᠣᠯᠬᠤ ᠪᠠᠷ ᠴᠢᠷᠮᠠᠶᠢᠬᠤ ᠶᠢ ᠠᠬᠢᠭᠤᠯᠵᠤ᠂ ᠬᠥᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠂ ᠵᠣᠬᠢᠶᠠᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠠᠷᠠᠳ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠳᠤᠳᠬᠠᠬᠤ ᠬᠡᠷᠡᠭᠲᠡᠢ᠃  ︵ᠭᠤᠷᠪᠠ︶ ᠰᠣᠶᠣᠯ ᠤᠨ ᠢᠲᠡᠭᠡᠯ ᠢ ᠪᠠᠲᠤᠳᠬᠠᠵᠤ᠂ ᠰᠣᠶᠣᠯ ᠤᠨ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠶᠢ ᠠᠬᠢᠭᠤᠯᠤᠨ᠎ᠠ᠃ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠡᠷᠲᠡᠨ ᠤ ᠬᠢ ᠶᠢ ᠡᠳᠦᠭᠡ ᠳᠤ ᠬᠡᠷᠡᠭᠯᠡᠬᠦ᠂ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠪᠣᠯᠪᠠᠰᠤᠨ ᠤ ᠳᠤᠪᠤᠶᠢᠮ᠎ᠠ ᠦᠷᠭᠦᠯᠵᠢᠯᠡᠬᠦ᠋ᠢᠴᠡ ᠴᠢᠨᠠᠷ᠂ ᠰᠢᠨ᠎ᠡ ᠶᠢ ᠡᠭᠦᠳᠬᠦ ᠴᠢᠨᠠᠷ᠂ ᠨᠢᠭᠡᠳᠦᠮᠡᠯ ᠴᠢᠨᠠᠷ᠂ ᠪᠠᠭᠲᠠᠭᠠᠮᠵᠢᠲᠤ ᠴᠢᠨᠠᠷ᠂ ᠡᠶ᠎ᠡ ᠨᠠᠶᠢᠷᠠᠮᠳᠠᠭᠤ ᠴᠢᠨᠠᠷ ᠢ ᠠᠮᠢᠳᠤᠯᠢᠭ ᠢᠶᠠᠷ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠲᠥᠪ ᠰᠤᠷᠲᠠᠯ ᠪᠠ ᠣᠮᠤᠭ ᠰᠦᠷ ᠢᠶᠠᠷ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠤᠳᠤ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃  ︵ᠲᠦᠷᠪᠡ︶ ᠪᠣᠳᠠᠲᠤ ᠠᠮᠢᠳᠤᠷᠠᠯ ᠳᠤ ᠦᠨᠳᠦᠰᠦᠯᠡᠵᠦ᠂ ᠠᠷᠠᠳ ᠣᠯᠠᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠦᠨ᠎ᠡ᠃ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠤᠶᠤᠯ ᠤᠨ ᠬᠡᠷᠡᠭᠴᠡᠭᠡ ᠶᠢ ᠡᠵᠡᠮᠳᠡᠵᠦ᠂ ᠠᠷᠠᠳ ᠲᠦᠮᠡᠨ ᠤ ᠦᠢᠯᠡᠳᠦᠯᠭᠡ ᠳᠤ ᠦᠨᠳᠦᠰᠦᠯᠡᠵᠦ᠂ ᠴᠠᠭ ᠦᠶ᠎ᠡ ᠶᠢᠨ ᠤᠷᠤᠰᠬᠠᠯ ᠢ ᠰᠠᠯᠤᠯ ᠦᠭᠡᠢ ᠳᠠᠭᠠᠵᠤ᠂ ᠠᠬᠤᠢᠢᠴᠢ ᠦᠵᠡᠯ ᠤᠨ ᠵᠤᠷᠢᠭ ᠰᠠᠨᠠᠭ᠎ᠠ ᠪᠠ ᠷᠤᠮᠠᠨᠲ᠋ᠢᠭ ᠦᠵᠡᠯ ᠤᠨ ᠬᠠᠶᠢᠷ᠎ᠠ ᠰᠡᠳᠭᠢᠯᠭᠡ ᠪᠠᠷ ᠠᠬᠤᠶᠢᠴᠢ ᠠᠮᠢᠳᠤᠷᠠᠯ ᠢ ᠬᠠᠷᠠᠭᠠᠯᠵᠠᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠲᠤᠰᠬᠠᠵᠤ᠂ ᠲᠡᠮᠡᠴᠡᠯ ᠤᠨ ᠠᠮᠢᠳᠤᠷᠠᠯ ᠢ ᠮᠠᠭᠲᠠᠨ ᠳᠠᠭᠤᠯᠠᠵᠤ᠂ ᠬᠠᠮᠤᠭ ᠤᠨ ᠭᠤᠶᠤ ᠬᠥᠮᠦᠰ ᠢ ᠵᠢᠷᠤᠭᠯᠠᠵᠤ᠂ ᠳᠤᠮᠳᠠᠳᠤ ᠶᠢᠨ ᠬᠥᠮᠦᠨ ᠤ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠵᠡᠭᠦᠳᠦ ᠪᠠᠨ ᠲᠡᠷᠭᠡᠯᠰᠢᠭᠦᠯᠬᠦ᠂ ᠵᠡᠭᠦᠳᠦ ᠪᠠᠨ ᠲᠡᠷᠭᠡᠯᠰᠢᠭᠦᠯᠦᠭᠰᠡᠨ ᠦᠯᠢᠭᠡᠷ ᠢ ᠰᠠᠶᠢᠲᠤᠷ ᠶᠠᠷᠢᠵᠤ᠂ ᠲᠠᠰᠤᠷᠠᠯᠳᠠ ᠦᠭᠡᠢ ᠤᠯᠠᠷᠢᠨ ᠮᠠᠨᠳᠤᠭᠰᠠᠨ ᠠᠷᠠᠳ ᠤᠨ ᠲᠤᠤᠯᠢᠰ ᠢ ᠪᠢᠴᠢᠭᠯᠡᠬᠦ ᠬᠡᠷᠡᠭᠲᠡᠢ᠃  ︵ᠲᠠᠪᠤ︶ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠭᠠᠳᠠᠭᠰᠢ ᠰᠠᠶᠢᠲᠤᠷ ᠶᠠᠷᠢᠨ᠎ᠠ᠃ ᠤᠯᠠᠨ ᠤᠯᠤᠰ ᠤᠨ ᠳᠠᠮᠵᠢᠭᠤᠯᠭ᠎ᠠ ᠶᠢᠨ ᠬᠦᠷᠢᠶᠡᠨ ᠤ ᠰᠢᠯᠵᠢᠯᠲᠡ᠂ ᠨᠡᠶᠢᠭᠡᠮ ᠤᠨ ᠬᠠᠷᠢᠯᠴᠠᠭ᠎ᠠ᠂ ᠦᠵᠡᠭᠳᠡᠬᠦ᠋ᠢᠴᠡ ᠬᠠᠨᠳᠤᠰᠢ ᠶᠢ ᠡᠵᠡᠮᠳᠡᠵᠦ᠂ ᠨᠡᠬᠡᠬᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠨ᠂ ᠭᠠᠳᠠᠭᠠᠳᠤ ᠶᠢᠨ ᠰᠢᠯᠢᠳᠡᠭ ᠤᠳᠬ᠎ᠠ ᠤᠷᠠᠯᠢᠭ ᠢ ᠰᠤᠷᠤᠯᠴᠠᠨ ᠲᠣᠯᠢᠯᠠᠵᠤ᠂ ᠭᠠᠳᠠᠨ᠎ᠠ ᠠᠴᠠ ᠢᠷᠡᠭᠰᠡᠨ ᠰᠣᠶᠣᠯ ᠢ ᠰᠤᠷᠤᠯᠴᠠᠨ ᠲᠤᠯᠢᠳᠠᠵᠤ᠂ ᠳᠤᠮᠳᠠᠳᠤ ᠤᠯᠤᠰ ᠤᠨ ᠭᠤᠸ᠎ᠠ ᠰᠠᠶᠢᠬᠠᠨ ᠤ ᠵᠣᠷᠢᠯᠲᠠ ᠳᠤᠷ᠎ᠠ ᠰᠣᠨᠢᠷᠬᠠᠯ ᠢ ᠢᠯᠡᠷᠡᠭᠦᠯᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ ᠳᠠᠮᠵᠢᠭᠤᠯᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠲᠤᠰᠬᠠᠵᠤ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠭᠠᠳᠠᠭᠠᠳᠤ ᠶᠢᠨ ᠬᠦᠯᠢᠶᠡᠨ ᠠᠪᠤᠭᠴᠢᠳ ᠢ ᠣᠯᠵᠤ᠂ ᠢᠲᠡᠭᠡᠯᠲᠡᠢ᠂ ᠬᠠᠶᠢᠷᠠᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃  ︵ᠵᠢᠷᠭᠤᠭ᠎ᠠ︶ ᠢᠳᠡᠪᠬᠢᠲᠡᠢ ᠪᠠᠷ ᠰᠢᠨ᠎ᠡ ᠶᠢ ᠡᠭᠦᠳᠦᠨ ᠪᠦᠲᠦᠭᠡᠵᠦ᠂ ᠰᠦᠯᠵᠢᠶᠡᠨ ᠤ ᠦᠵᠡᠵᠦ ᠰᠣᠨᠣᠰᠬᠤ ᠤᠳᠬ᠎ᠠ ᠤᠷᠠᠯᠢᠭ ᠤᠨ ᠰᠢᠨ᠎ᠡ ᠠᠬᠤᠢ ᠪᠠᠶᠢᠳᠠᠯ ᠢ ᠨᠡᠭᠡᠭᠡᠨ᠎ᠡ᠃ ᠢᠨᠲ᠋ᠧᠷ ᠰᠦᠯᠵᠢᠶᠡᠨ ᠤ ᠮᠡᠷᠭᠡᠵᠢᠯ ᠪᠠ ᠰᠢᠨ᠎ᠡ ᠵᠠᠭᠤᠴᠢᠯᠠᠭᠤᠷ ᠤᠨ ᠤᠳᠬ᠎ᠠ ᠤᠷᠠᠯᠢᠭ ᠤᠨ ᠬᠡᠯᠪᠡᠷᠢ ᠳᠠᠬᠢ ᠭᠦᠨᠵᠡᠭᠡᠢ ᠨᠥᠯᠥᠭᠡ ᠶᠢ ᠡᠵᠡᠮᠰᠢᠵᠦ᠂ ᠭᠤᠣᠯ ᠤᠷᠤᠰᠬᠠᠯ ᠤᠨ ᠥᠷᠲᠡᠭ ᠤᠨ ᠦᠵᠡᠯᠲᠡ ᠪᠠ ᠤᠳᠬ᠎ᠠ ᠤᠷᠠᠯᠢᠭ ᠤᠨ ᠭᠤᠸ᠎ᠠ ᠰᠠᠶᠢᠬᠠᠨ ᠤ ᠬᠥᠭᠡᠭᠡᠴᠡᠯᠳᠦᠯ ᠢ ᠪᠠᠲᠤ ᠰᠠᠬᠢᠬᠤ ᠤᠷᠢᠲᠠᠯ ᠳᠣᠣᠷ᠎ᠠ᠂ ᠰᠦᠯᠵᠢᠶᠡᠨ ᠤ ᠦᠵᠡᠵᠦ ᠰᠣᠨᠣᠰᠬᠤ ︽ᠤᠷᠠᠯᠢᠭ + ᠮᠡᠷᠭᠡᠵᠢᠯ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠶᠢᠯᠠᠭᠠᠭᠳᠠᠬᠤᠨ᠂ ᠠᠭᠤᠯᠭ᠎ᠠ᠂ ᠬᠡᠪ ᠨᠠᠮᠪᠠ᠂ ᠤᠷᠤᠰᠬᠠᠯ ᠪᠦᠯᠦᠭ ᠢ ᠵᠣᠷᠢᠭᠲᠠᠢ ᠪᠠᠷ ᠰᠢᠨ᠎ᠡ ᠶᠢ ᠡᠭᠦᠳᠴᠦ᠂ ᠰᠡᠳᠦᠪ᠂ ᠴᠤᠭᠴᠠ᠂ ᠬᠡᠯᠪᠡᠷᠢ᠂ ᠠᠷᠭ᠎ᠠ ᠪᠠᠷᠢᠯ ᠢ ᠢᠳᠡᠪᠬᠢᠲᠡᠢ ᠰᠢᠨᠡᠴᠢᠯᠡᠵᠦ᠂ ᠪᠦᠲᠦᠭᠡᠯᠴᠢ ᠰᠡᠳᠬᠢᠮᠵᠢ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠤᠷᠠᠯᠢᠭ ᠤᠨ ᠢᠯᠡᠳᠭᠡᠬᠦ ᠬᠡᠪᠴᠢᠶ᠎ᠡ ᠶᠢ ᠢᠳᠡᠪᠬᠢᠲᠡᠢ ᠥᠷᠭᠡᠳᠭᠡᠬᠦ ᠬᠡᠷᠡᠭᠲᠡᠢ᠃  ︵ᠳᠤᠯᠤᠭ᠎ᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠵᠡᠷᠭᠡ ᠳᠤ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠭᠰᠠᠨ ᠰᠢᠯᠢᠳᠡᠭ ᠪᠦᠲᠦᠭᠡᠯ ᠢ ᠪᠣᠶ ᠪᠣᠯᠭᠠᠬᠤ ᠪᠠ ᠢᠯᠡᠷᠡᠭᠦᠯᠬᠦ ᠬᠡᠷᠡᠭᠲᠡᠢ᠃  ᠭᠤᠷᠪᠠ᠂ ᠠᠵᠢᠯᠯᠠᠭ᠎ᠠ ᠶᠢᠨ ᠠᠭᠤᠯᠭ᠎ᠠ  ︵ᠨᠢᠭᠡ︶ ᠫᠷᠤᠭ᠍ᠷᠠᠮ ᠤᠨ ᠡᠯᠰᠡᠨ ᠴᠤᠭᠯᠠᠭᠤᠯᠭ᠎ᠠ᠃ ᠡᠯ᠎ᠡ ᠠᠶᠢᠮᠠᠭ ᠬᠤᠲᠠ ᠪᠣᠯᠤᠨ ᠮᠠᠨᠵᠤᠤᠷ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠨᠢᠭᠡᠴᠢ᠂ ᠷᠠᠳᠢᠣ᠋ ᠲᠧᠯᠸᠢᠰ ᠤᠨ ᠫᠷᠤᠭ᠍ᠷᠠᠮ ᠤᠨ ᠵᠣᠬᠢᠶᠠᠨ ᠪᠦᠲᠦᠭᠡᠵᠦ ᠡᠵᠡᠩᠨᠡᠬᠦ ᠪᠠᠶᠢᠭᠤᠯᠤᠮᠵᠢ᠂ ᠬᠤᠯᠪᠤᠭᠳᠠᠯ ᠪᠦᠬᠦᠢ ᠠᠵᠢᠯ ᠲᠥᠷᠥᠯ ᠤᠨ ᠺᠢᠨᠣ᠋ ᠲᠧᠯᠸᠢᠰ ᠤᠨ ᠫᠷᠤᠭ᠍ᠷᠠᠮ ᠤᠨ ᠵᠣᠬᠢᠶᠠᠨ ᠪᠦᠲᠦᠭᠡᠬᠦ ᠪᠠᠶᠢᠭᠤᠯᠤᠮᠵᠢ᠂ ᠬᠤᠯᠪᠤᠭᠳᠠᠯ ᠪᠦᠬᠦᠢ ᠳᠡᠭᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶ ᠵᠢᠴᠢ ᠬᠤᠪᠢ ᠬᠥᠮᠦᠨ ᠭᠤᠶᠤᠴᠢᠯᠠᠨ ᠮᠡᠳᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠨᠢᠭᠡᠴᠢ ᠰᠠᠯᠠᠭ᠎ᠠ ᠮᠥᠴᠢᠷ ᠤᠳ ᠰᠢᠭᠤᠳ ᠭᠤᠶᠤᠴᠢᠯᠠᠨ ᠮᠡᠳᠡᠭᠦᠯᠦᠨ᠎ᠡ᠃  ︵ᠬᠤᠶᠠᠷ︶ ᠫᠷᠦᠭᠷᠡᠮ ᠤᠨ ᠬᠢᠨᠠᠨ ᠰᠢᠯᠭᠠᠷᠠᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠴᠤᠭᠯᠠᠭᠤᠯᠤᠭᠰᠠᠨ ᠫᠷᠤᠭ᠍ᠷᠠᠮ ᠢ ᠬᠢᠨᠠᠨ ᠲᠣᠭᠲᠠᠭᠠᠬᠤ ᠶᠢᠨ ᠬᠠᠮᠲᠤ ᠲᠠᠨᠢᠯᠴᠠᠭᠤᠯᠬᠤ ᠫᠷᠤᠭ᠍ᠷᠠᠮ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠵᠤᠷᠭᠠᠨ ᠳᠤ ᠮᠡᠳᠡᠭᠦᠯᠦᠨ ᠬᠦᠷᠭᠡᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠲᠤᠰᠬᠠᠶ ᠮᠡᠷᠭᠡᠵᠢᠯᠲᠡᠨ ᠤ ᠵᠥᠪᠯᠡᠯ ᠢ ᠵᠣᠬᠢᠶᠠᠨ ᠪᠠᠶᠢᠭᠤᠯᠤᠨ ᠦᠨᠡᠯᠡᠨ ᠶᠠᠷᠢᠯᠴᠠᠵᠤ᠂ ᠬᠠᠮᠤᠭ ᠡᠴᠦᠰ ᠲᠤ ᠰᠣᠩᠭᠤᠭᠳᠠᠭᠰᠠᠨ ᠪᠦᠲᠦᠭᠡᠯ ᠢ ᠰᠣᠩᠭᠤᠨ ᠭᠠᠷᠭᠠᠨ᠎ᠠ᠃  ︵ᠭᠤᠷᠪᠠ︶ ᠫᠷᠦᠭᠷᠡᠮ ᠤᠨ ᠳᠡᠯᠭᠡᠨ ᠨᠡᠪᠲᠡᠷᠡᠭᠦᠯᠭᠡ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠮᠠᠨ ᠤ ᠣᠷᠣᠨ ᠤ ᠠᠩᠬ᠎ᠠ ᠰᠢᠯᠭᠠᠷᠠᠭᠤᠯᠤᠭᠰᠠᠨ ᠪᠦᠲᠦᠭᠡᠯ ᠢ ᠬᠤᠯᠪᠤᠭᠳᠠᠯ ᠪᠥᠬᠦᠶ ᠲᠠᠪᠴᠠᠩ ᠳᠤ ᠳᠡᠯᠭᠡᠨ ᠨᠡᠪᠲᠡᠷᠡᠭᠦᠯᠬᠦ ᠶᠢ ᠵᠣᠬᠢᠶᠠᠨ ᠪᠠᠶᠢᠭᠤᠯᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠪᠥᠬᠦ ᠤᠯᠤᠰ ᠤᠨ ᠰᠦᠯᠵᠢᠶᠡᠨ ᠤ ᠦᠵᠡᠵᠦ ᠰᠣᠨᠣᠰᠬᠤ ᠲᠠᠪᠴᠠᠩ ᠳᠤ ᠲᠤᠰᠬᠠᠶ ᠲᠣᠭᠤᠷᠢᠭ ᠭᠠᠷᠭᠠᠵᠤ᠂ 3 ᠰᠠᠷ᠎ᠠ ᠶᠢᠨ ᠬᠤᠭᠤᠴᠠᠭ᠎ᠠ ᠲᠠᠢ ᠫᠷᠤᠭ᠍ᠷᠠᠮ ᠲᠠᠨᠢᠯᠴᠠᠭᠤᠯᠬᠤ ᠪᠠ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃  ᠣᠨᠴᠠᠭᠠᠶᠢᠯᠠᠨ ᠲᠤᠳᠤᠷᠬᠠᠶᠢᠯᠠᠬᠤ ᠨᠢ᠄ ᠫᠷᠤᠭ᠍ᠷᠠᠮ ᠢ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ ᠳᠡᠯᠭᠡᠨ ᠨᠡᠪᠲᠡᠷᠡᠭᠦᠯᠬᠦ ᠠᠵᠢᠯᠯᠠᠭ᠎ᠠ ᠪᠣᠯᠤᠨ ᠪᠦᠬᠦ ᠤᠯᠤᠰ ᠤᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠳᠡᠯᠭᠡᠨ ᠦᠵᠡᠭᠦᠯᠬᠦ ᠠᠵᠢᠯᠯᠠᠭ᠎ᠠ ᠳᠤ ᠡᠷᠬᠡ ᠣᠯᠭᠤᠭᠰᠠᠨ ᠢᠶᠠᠷ ᠦᠵᠡᠵᠦ᠂ ᠮᠡᠳᠡᠭᠦᠯᠬᠦ ᠪᠠᠶᠢᠭᠤᠯᠤᠮᠵᠢ ᠪᠤᠶᠤ ᠬᠤᠪᠢ ᠬᠥᠮᠦᠨ ᠭᠤᠶᠤᠴᠢᠯᠠᠨ ᠮᠡᠳᠡᠭᠦᠯᠬᠦ ᠠᠴᠠ ᠡᠮᠦᠨ᠎ᠡ ᠫᠷᠤᠭ᠍ᠷᠠᠮ ᠤᠨ ᠨᠡᠪᠲᠡᠷᠡᠭᠦᠯᠬᠦ ᠡᠷᠬᠡ ᠶᠢᠨ ᠬᠡᠪᠴᠢᠶ᠎ᠡ ᠶᠢ ᠨᠣᠲᠠᠯᠠᠬᠤ ᠬᠡᠷᠡᠭᠲᠡᠢ᠃ ᠨᠢᠭᠡᠨᠲᠡ ᠰᠦᠯᠵᠢᠶᠡᠨ ᠳᠡᠭᠡᠷ᠎ᠡ ᠲᠤᠰᠠᠭᠠᠷ ᠨᠡᠪᠲᠡᠷᠡᠭᠦᠯᠬᠦ ᠪᠤᠶᠤ ᠭᠡᠰᠢᠭᠦᠳ ᠤᠨ ᠰᠦᠢᠳᠬᠡᠯ ᠲᠤᠰᠢᠶᠠᠵᠤ ᠦᠵᠡᠬᠦ ᠫᠷᠤᠭ᠍ᠷᠠᠮ ᠢᠶᠠᠷ ᠰᠢᠯᠭᠠᠷᠠᠭᠤᠯᠬᠤ ᠳᠤ ᠣᠷᠣᠯᠴᠠᠪᠠᠯ᠂ ᠨᠡᠪᠲᠡᠷᠡᠭᠦᠯᠬᠦ ᠲᠠᠪᠴᠠᠩ ᠳᠤ ᠡᠷᠬᠡ ᠣᠯᠭᠤᠵᠤ ᠨᠡᠶᠢᠲᠡ ᠶᠢᠨ ᠠᠰᠠᠷᠠᠮᠵᠢ ᠶᠢᠨ ᠳᠡᠯᠭᠡᠨ ᠨᠡᠪᠲᠡᠷᠡᠭᠦᠯᠬᠦ ᠶᠢ ᠵᠥᠪᠰᠢᠶᠡᠷᠡᠭᠰᠡᠨ ᠬᠤᠯᠪᠤᠭᠳᠠᠯ ᠪᠥᠬᠦᠶ ᠭᠡᠷᠡᠴᠢ ᠶᠢ ᠲᠤᠰᠢᠶᠠᠬᠤ ᠬᠡᠷᠡᠭᠲᠡᠶ᠃  ᠳᠥᠷᠪᠡ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠭᠠᠵᠠᠷ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠷᠭᠡᠨ ᠢᠶᠠᠷ ᠳᠠᠶᠢᠴᠢᠯᠠᠵᠤ᠂ ᠴᠢᠩᠭ᠎ᠠ ᠬᠢᠨᠠᠨ ᠬᠠᠷᠭᠤᠭᠤᠯᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠭᠤᠤᠯ ᠰᠡᠳᠦᠪ ᠲᠤ ᠨᠡᠶᠢᠴᠡᠭᠰᠡᠨ᠂ ᠴᠢᠨᠠᠷ ᠰᠠᠶᠢᠲᠠᠶ᠂ ᠥᠨᠳᠥᠷ ᠲᠠᠰ ᠤᠨ ᠪᠦᠲᠦᠭᠡᠯ ᠢ ᠲᠠᠨᠢᠯᠴᠠᠭᠤᠯᠬᠤ ᠬᠡᠷᠡᠭᠲᠡᠶ᠃  ︵ᠬᠤᠶᠠᠷ︶ ᠰᠦᠯᠵᠢᠶᠡᠨ ᠳᠡᠭᠡᠷ᠎ᠡ ᠮᠡᠳᠡᠭᠦᠯᠦᠨ ᠬᠦᠷᠭᠡᠬᠦ ᠬᠡᠷᠡᠭᠲᠡᠢ᠃ ᠭᠤᠶᠤᠴᠢᠯᠠᠨ ᠮᠡᠳᠡᠭᠦᠯᠦᠭᠰᠡᠨ ᠪᠠᠶᠢᠭᠤᠯᠤᠮᠵᠢ ᠪᠤᠶᠤ ᠬᠤᠪᠢ ᠬᠥᠮᠦᠨ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ︽ᠳᠤᠮᠳᠠᠳᠤ ᠶᠢᠨ ᠵᠡᠭᠦᠳᠦ᠂ ᠰᠢᠨ᠎ᠡ ᠠᠶᠠᠨ︾ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠴᠤᠭᠯᠠᠭᠤᠯᠤᠨ ᠨᠡᠪᠲᠡᠷᠡᠭᠦᠯᠬᠦ ᠲᠠᠪᠴᠠᠩ ︵http://zgm.pingshen.nrta.gov.cn ︶ ᠳᠤ ᠳᠠᠩᠰᠠᠯᠠᠭᠤᠯᠵᠤ ᠂ ᠬᠡᠷᠡᠭᠯᠡᠭᠴᠢ ᠶᠢᠨ ᠭᠠᠷ ᠳᠡᠪᠲᠡᠷ ᠢ ᠬᠢᠨᠠᠮᠠᠭᠠᠶ ᠤᠩᠰᠢᠵᠤ᠂ ᠲᠠᠪᠴᠠᠩ ᠤᠨ ᠬᠠᠮᠢᠶ᠎ᠠ ᠪᠦᠬᠦᠢ ᠲᠣᠳᠣᠷᠬᠠᠶᠢᠯᠠᠯᠲᠠ ᠶᠢ ᠦᠨᠳᠦᠰᠦᠯᠡᠨ᠂ ᠬᠡᠷᠡᠭᠰᠡᠬᠦ ᠮᠡᠳᠡᠭᠡ ᠵᠠᠩᠭᠢ ᠶᠢ ᠪᠦᠷᠢᠨ ᠪᠦᠲᠦᠨ ᠢᠶᠠᠷ ᠨᠢ ᠲᠠᠭᠯᠠᠵᠤ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠳᠡᠪᠰᠢᠭᠦᠯᠦᠨ ᠠᠩᠬᠠᠨ ᠤ ᠦᠨᠡᠯᠡᠯᠲᠡ ᠬᠢᠯᠭᠡᠨ᠎ᠡ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 5 ᠳ᠋ᠤᠭᠠᠷ ᠰᠠᠷ᠎ᠠ ᠶᠢᠨ 10 ᠤ ᠡᠳᠦᠷ      ︵ᠬᠠᠷᠢᠯᠴᠠᠬᠤ ᠬᠥᠮᠦᠨ᠄ ᠶᠣᠣ ᠸᠧᠶ᠂ ᠬᠠᠷᠢᠯᠴᠠᠬᠤ ᠤᠲᠠᠰᠤ᠄ 18147145322︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ