ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠹᠷᠠᠨᠼᠢ᠂ ᠰᠧᠷᠪᠢᠶ᠎ᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/5/11
  5 ᠳ᠋ᠤᠭᠠᠷ ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠹᠷᠠᠨᠼᠢ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠹᠷᠠᠨᠼᠢ ᠶᠢᠨ ᠶᠡᠷᠦᠩᠬᠡᠶᠢᠯᠡᠭᠴᠢ ᠮᠠᠺᠷᠣᠨ ᠲᠠᠢ ᠬᠡᠯᠡᠯᠴᠡᠭᠡ ᠬᠢᠬᠦ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠬᠤᠳᠠᠯᠳᠤᠭᠠᠨ ᠤ ᠶᠠᠪᠤᠳᠠᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠂ ᠡᠭᠦᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠪᠣᠯᠤᠨ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠺᠢᠨᠣ᠋ ᠬᠢᠭᠡᠳ ᠬᠡᠦᠬᠡᠯᠳᠡᠢ ᠶᠢᠨ ᠲᠥᠪ ᠤᠨ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ︾ ᠢ ᠪᠠᠭᠲᠠᠭᠠᠪᠠ᠃ ᠰᠠᠨᠠᠮᠵᠢ ᠶᠢᠨ ᠪᠢᠴᠢᠭ ᠤᠨ ᠠᠭᠤᠯᠭ᠎ᠠ ᠶᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠪᠠᠷ ᠲᠣᠬᠢᠶᠠᠯ ᠪᠣᠯᠭᠠᠵᠤ᠂ ᠺᠠᠷᠲ᠋ᠣᠨ ᠵᠢᠷᠤᠭ ᠤᠨ ᠵᠣᠬᠢᠶᠠᠨ ᠪᠦᠲᠦᠭᠡᠯᠭᠡ᠂ ᠺᠢᠨᠣ᠋ ᠲᠧᠯᠸᠢᠰ ᠤᠨ ᠨᠠᠶᠢᠷ ᠤᠨ ᠦᠵᠡᠰᠬᠦᠯᠡᠩ᠂ ᠴᠢᠳᠠᠪᠤᠷᠢᠲᠠᠨ ᠤ ᠬᠦᠮᠦᠵᠢᠭᠦᠯᠦᠯ᠂ ᠮᠡᠷᠭᠡᠵᠢᠯ ᠤᠨ ᠰᠣᠯᠢᠯᠴᠠᠭ᠎ᠠ ᠵᠡᠷᠭᠡ ᠬᠦᠷᠢᠶᠡᠨ ᠳᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠹᠷᠠᠨᠼᠢ ᠶᠢᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠪᠠ᠃  5 ᠳ᠋ᠤᠭᠠᠷ ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠧᠷᠪᠢᠶ᠎ᠠ ᠶᠢᠨ ᠶᠡᠷᠦᠩᠬᠡᠶᠢᠯᠡᠭᠴᠢ ᠦᠴᠢᠴᠢ ᠲᠠᠢ ᠬᠡᠯᠡᠯᠴᠡᠭᠡ ᠬᠢᠬᠦ ᠬᠤᠭᠤᠴᠠᠭᠠᠨ ᠳᠤ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾᠂ ᠪᠣᠬᠢᠷᠲᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠵᠠᠭᠤᠴᠢᠯᠠᠭᠤᠷ ᠵᠡᠷᠭᠡ ᠬᠦᠷᠢᠶᠡᠨ ᠤ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠬᠠᠮᠲᠤ ᠪᠠᠷ ᠭᠡᠷᠡᠴᠢᠯᠡᠵᠡᠢ᠂ ᠡᠭᠦᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠬᠢᠭᠡᠳ ᠪᠦᠭᠦᠳᠡ ᠨᠠᠶᠢᠷᠠᠮᠳᠠᠬᠤ ᠰᠧᠷᠪᠢᠶ᠎ᠠ ᠤᠯᠤᠰ ᠤᠨ ᠮᠡᠳᠡᠭᠡ ᠵᠠᠩᠭᠢ ᠪᠣᠯᠤᠨ ᠴᠢᠮᠡᠭᠡ ᠬᠤᠯᠪᠣᠭᠠᠨ ᠤ ᠶᠠᠮᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠤᠬᠠᠢ ᠬᠠᠮᠲᠤᠷᠠᠯᠴᠠᠭᠠᠨ ᠤ ᠵᠥᠪᠯᠡᠯᠴᠡᠭᠡᠷ︾ ᠢ ᠪᠠᠭᠲᠠᠭᠠᠪᠠ᠃ ᠬᠡᠯᠡᠯᠴᠡᠭᠡᠷ ᠤᠨ ᠠᠭᠤᠯᠭ᠎ᠠ ᠶᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠤᠷᠳᠤ ᠬᠤᠭᠤᠴᠠᠭᠠᠨ ᠤ ᠪᠦᠲᠦᠮᠵᠢᠲᠡᠢ ᠨᠡᠪᠲᠡᠷᠡᠯᠴᠡᠬᠦ ᠵᠣᠬᠢᠴᠠᠮᠵᠢ ᠶᠢ ᠪᠠᠶᠢᠭᠤᠯᠵᠤ᠂ ᠬᠤᠶᠠᠷ ᠤᠯᠤᠰ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠠᠵᠤ ᠦᠢᠯᠡᠰ ᠤᠨ ᠬᠥᠭᠵᠢᠯᠲᠡ᠂ ᠠᠭᠤᠯᠭ᠎ᠠ ᠶᠢᠨ ᠵᠣᠬᠢᠶᠠᠨ ᠪᠦᠲᠦᠭᠡᠯᠭᠡ᠂ ᠮᠡᠷᠭᠡᠵᠢᠯ ᠤᠨ ᠰᠤᠳᠤᠯᠤᠨ ᠨᠡᠭᠡᠭᠡᠯᠳᠡ᠂ ᠠᠵᠢᠯᠳᠠᠨ ᠤ ᠬᠠᠷᠢᠯᠴᠠᠨ ᠠᠶᠢᠯᠴᠢᠯᠠᠬᠤ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ