ᠸᠢᠳᠢᠤ᠋ ᠶᠢᠨ ᠬᠦᠷᠢᠶᠡᠨ ᠳᠠᠬᠢ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠣᠨ ᠤ ᠬᠥᠭᠵᠢᠯᠲᠡ ᠶᠢᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2024/5/11
  Sora ᠨᠡᠶᠢᠲᠡᠯᠡᠭᠳᠡᠭᠰᠡᠨ ᠠᠴᠠ ᠨᠠᠭᠠᠰᠢ ᠂ ᠵᠣᠬᠢᠶᠠᠮᠠᠯ ᠣᠶᠤᠨ ᠨᠢ ᠸᠢᠳᠢᠣ᠋ ᠡᠭᠦᠰᠭᠡᠬᠦ ᠠᠵᠢᠯ ᠲᠥᠷᠥᠯ ᠤᠨ ᠬᠠᠯᠠᠮᠰᠢᠯ ᠢ ᠪᠣᠢ ᠪᠣᠯᠭᠠᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠯᠢ ᠣᠯᠠᠨ ᠲᠣᠮᠣ ᠵᠠᠭᠪᠤᠷ ᠣᠯᠠᠨ ᠨᠡᠶᠢᠲᠡ ᠶᠢᠨ ᠬᠠᠷᠠᠭᠠᠨ ᠳᠤ ᠣᠷᠣᠵᠤ᠂ 4 ᠳ᠋ᠦ᠋ᠭᠡᠷ ᠰᠠᠷ᠎ᠠ ᠶᠢᠨ 27 ᠤ ᠡᠳᠦᠷ᠂ ᠵᠦᠩ ᠭᠤᠸᠠᠨ ᠲᠤᠰᠬᠤᠨ ᠤ ᠶᠠᠷᠢᠶᠠᠨ ᠤ ᠲᠠᠪᠴᠠᠩ ᠳᠡᠭᠡᠷ᠎ᠡ᠂ ᠴᠢᠩᠬᠤᠸᠠ ᠶᠡᠭᠡ ᠰᠤᠷᠭᠠᠭᠤᠯᠢ ᠶᠢᠨ ᠵᠣᠬᠢᠶᠠᠮᠠᠯ ᠣᠶᠤᠨ ᠤ ᠰᠤᠳᠤᠯᠭᠠᠨ ᠤ ᠬᠦᠷᠢᠶᠡᠯᠡᠩ ᠤᠨ ᠨᠡᠶᠢᠲᠡᠯᠡᠭᠰᠡᠨ ᠸᠢᠳᠢᠣ᠋ ᠶᠢᠨ ᠲᠣᠮᠣ ᠵᠠᠭᠪᠤᠷ — Vidu ᠳᠠᠬᠢᠨ ᠨᠢᠭᠡ ᠤᠳᠠᠭ᠎ᠠ ᠵᠣᠬᠢᠶᠠᠮᠠᠯ ᠣᠶᠤᠨ ᠢᠶᠠᠷ ᠸᠢᠳᠢᠣ᠋ ᠶᠢ ᠡᠭᠦᠰᠭᠡᠬᠦ ᠬᠠᠯᠠᠮᠰᠢᠯ ᠢ ᠲᠦᠯᠬᠢᠨ ᠭᠠᠷᠭᠠᠪᠠ᠃ ᠬᠡᠳᠦᠶᠢᠪᠡᠷ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠸᠢᠳᠢᠣ᠋ ᠪᠦᠷᠢᠯᠳᠦᠬᠦ ᠵᠠᠭᠪᠤᠷ ᠪᠠᠶᠢᠬᠤ ᠪᠣᠯᠪᠠᠴᠤ᠂ ᠲᠢᠺ ᠲᠣᠺ ᠤᠨ Dreamina᠂ ᠭᠠᠳᠠᠭᠠᠳᠤ ᠶᠢᠨ Pika ᠂ Gen-2᠂ StreamingT2V᠂ MagicVideor ᠵᠡᠷᠭᠡ ᠣᠯᠠᠨ ᠸᠢᠳᠢᠣ᠋  ᠨᠢ ᠲᠣᠮᠣ ᠵᠠᠭᠪᠤᠷ ᠪᠣᠯᠤᠭᠰᠠᠨ ᠪᠣᠯᠪᠠᠴᠤ ᠨᠢᠭᠡ ᠵᠢᠯ ᠤᠨ ᠡᠮᠦᠨᠡᠬᠢ ᠲᠣᠮᠣ ᠬᠡᠯᠡᠨ ᠤ ᠵᠠᠭᠪᠤᠷ ChatGPT ᠠᠴᠠ ᠪᠣᠯᠤᠭᠰᠠᠨ ᠠᠵᠢᠯ ᠲᠥᠷᠥᠯ ᠤᠨ ᠳᠣᠲᠣᠷᠠᠬᠢ ︽ᠵᠠᠭᠤᠨ ᠵᠠᠭᠪᠤᠷ ᠤᠨ ᠶᠡᠭᠡ ᠳᠠᠶᠢᠨ ︾ ᠪᠣᠯᠤᠨ ᠨᠡᠶᠢᠭᠡᠮ ᠤᠨ ᠬᠤᠳᠠᠯ ᠬᠡᠯᠮᠡᠭᠳᠡᠯ ᠲᠠᠢ ᠠᠳᠠᠯᠢᠳᠬᠠᠪᠠᠯ᠂ ᠡᠨᠡ ᠬᠦ ᠲᠣᠮᠣ ᠵᠠᠭᠪᠤᠷ ᠨᠢ ᠠᠵᠢᠯ ᠲᠥᠷᠥᠯ ᠪᠣᠯᠤᠨ ᠣᠯᠠᠨ ᠨᠡᠶᠢᠲᠡ ᠶᠢᠨ ᠬᠡᠷᠡᠭᠯᠡᠭᠡᠨ ᠤ ᠥᠷᠨᠢᠯᠲᠡ ᠶᠢ ᠠᠪᠴᠢᠷᠠᠵᠤ᠂ ᠰᠢᠨ᠎ᠡ ᠬᠥᠭᠵᠢᠯᠲᠡ ᠶᠢᠨ ᠪᠠᠶᠢᠳᠠᠯ ᠢ ᠢᠯᠡᠷᠡᠭᠦᠯᠪᠡ ᠃  ᠨᠢᠭᠡ᠂ ᠸᠢᠳᠢᠣ᠋ ᠶᠢ ᠡᠭᠦᠰᠭᠡᠬᠦ ᠨᠢ ᠰᠢᠨ᠎ᠡ ᠬᠡᠪ ᠪᠠᠶᠢᠳᠠᠯ ᠲᠠᠢ ᠪᠣᠯᠤᠭᠰᠠᠨ ᠪᠣᠯᠪᠠᠴᠤ ᠲᠤᠮᠤ ᠵᠠᠭᠪᠤᠷ ᠤᠨ ᠥᠪᠡᠷ ᠤᠨ ᠦᠷᠳᠡᠭ ᠥᠨᠳᠥᠷ ᠪᠠᠶᠢᠨ᠎ᠠ  ᠬᠠᠮᠤᠭ ᠲᠡᠷᠢᠭᠦᠨ ᠤ ᠵᠣᠬᠢᠶᠠᠮᠠᠯ ᠣᠶᠤᠨ ᠤ ᠵᠠᠭᠪᠤᠷ ᠤᠨ ᠪᠤᠯᠪᠠᠰᠤᠷᠠᠯ ᠤᠨ ᠥᠪᠡᠷ ᠤᠨ ᠥᠷᠲᠡᠭ ᠨᠢ ᠨᠢᠭᠡᠨᠲᠡ ᠤᠷᠢᠳᠤ ᠡᠮᠦᠨ᠎ᠡ ᠪᠠᠶᠢᠭ᠎ᠠ ᠦᠭᠡᠢ ᠲᠦᠪᠰᠢᠨ ᠳᠤ ᠬᠦᠷᠴᠡᠶ᠃ ᠰᠲ᠋ᠠᠨᠹᠣᠷᠳ᠋ ᠶᠡᠭᠡ ᠰᠤᠷᠭᠠᠭᠤᠯᠢ ᠶᠢᠨ ᠨᠡᠶᠢᠲᠡᠯᠡᠭᠰᠡᠨ ︽2024 ᠣᠨ ᠤ ᠵᠣᠬᠢᠶᠠᠮᠠᠯ ᠣᠶᠤᠨ ᠤ ᠢᠯᠡᠳᠭᠡᠯ ᠲᠤᠭ᠎ᠠ ᠶᠢᠨ ᠮᠡᠳᠡᠭᠦᠯᠦᠯᠲᠡ︾ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ OpenAI GPT – 4 ᠪᠠᠷᠤᠭ 7800 ᠲᠦᠮᠡᠨ ᠳ᠋ᠣᠯᠯᠠᠷ ᠤᠨ ᠥᠷᠲᠡᠭ ᠪᠦᠬᠦᠢ ᠪᠣᠳᠤᠯᠭ᠎ᠠ ᠶᠢᠨ ᠡᠬᠢ ᠪᠠᠶᠠᠯᠢᠭ ᠢ ᠬᠡᠷᠡᠭᠯᠡᠵᠦ ᠪᠣᠯᠪᠠᠰᠤᠷᠠᠯ ᠬᠢᠪᠡ᠂ ᠬᠠᠷᠢᠨ ᠭᠦ᠋ ᠭᠧ Gemini Ultra ᠶᠢᠨ ᠪᠣᠳᠣᠬᠤ ᠥᠪᠡᠷ ᠤᠨ ᠥᠷᠲᠡᠭ ᠨᠢ 1.91 ᠳ᠋ᠦᠩᠰᠢᠭᠤᠷ ᠳ᠋ᠣᠯᠯᠠᠷ ᠪᠠᠶᠢᠪᠠ᠃ ᠬᠠᠷᠢᠴᠠᠭᠤᠯᠪᠠᠯ᠂ ᠬᠡᠳᠦᠨ ᠵᠢᠯ ᠤᠨ ᠡᠮᠦᠨ᠎ᠡ ᠨᠡᠶᠢᠲᠡᠯᠡᠭᠰᠡᠨ ᠨᠢᠭᠡ ᠪᠦᠯᠦᠭ ᠬᠠᠮᠤᠭ ᠤᠨ ᠲᠡᠷᠢᠭᠦᠨ ᠤ ᠵᠠᠭᠪᠤᠷ᠂ ᠲᠤᠬᠠᠶᠢᠯᠠᠪᠠᠯ ᠠᠩᠬᠠᠨ ᠤ Transformer ᠵᠠᠭᠪᠤᠷ ︵2017 ᠣᠨ︶ ᠪᠣᠯᠤᠨ ᠭᠦ᠋ ᠭᠧ ᠶᠢᠨ Bert ᠵᠠᠭᠪᠤᠷ ︵2019 ᠣᠨ︶ ᠤᠨ ᠪᠣᠯᠪᠠᠰᠤᠷᠠᠯ ᠤᠨ ᠥᠪᠡᠷ ᠤᠨ ᠥᠷᠲᠡᠭ ᠨᠢ ᠲᠤᠰ ᠲᠤᠰ 900 ᠳ᠋ᠣᠯᠯᠠᠷ ᠪᠠ 16 ᠲᠦᠮᠡᠨ ᠳ᠋ᠣᠯᠯᠠᠷ ᠪᠣᠯᠤᠨ᠎ᠠ᠃  ᠸᠢᠳᠢᠣ᠋ ᠶᠢᠨ ᠲᠣᠮᠣ ᠵᠠᠭᠪᠤᠷ ᠨᠢ ᠨᠡᠩ ᠴᠤ ᠨᠢᠭᠡ ᠵᠦᠢᠯ ᠤᠨ ︽ᠬᠡᠭᠡᠨᠴᠢᠷᠯᠡᠯ ᠤᠨ ᠡᠳ᠋︾ ᠪᠣᠯᠤᠨ᠎ᠠ᠃ Sora ᠰᠦᠯᠵᠢᠶᠡᠨ ᠳᠤ ᠭᠠᠷᠤᠭᠰᠠᠨ ᠠᠴᠠ ᠨᠠᠭᠠᠰᠢ ᠣᠯᠠᠨ ᠵᠣᠬᠢᠶᠠᠮᠠᠯ ᠣᠶᠣᠨᠲᠤ ᠸᠢᠳᠢᠣ᠋ ᠠᠰᠢᠭᠯᠠᠯᠲᠠ ᠳᠤ ᠣᠷᠣᠯ᠎ᠠ᠃ ᠳᠡᠯᠡᠬᠡᠢ ᠳᠤ Pika᠂ Gen-2᠂ StreamingT2V᠂ MagicVideo᠂ Boximator ᠤᠷᠢᠳ ᠬᠤᠵᠢᠳ ᠰᠦᠯᠵᠢᠶᠡᠨ ᠳᠤ ᠭᠠᠷᠴᠤ᠂ ᠤᠯᠤᠰ ᠤᠨ ᠳᠣᠲᠣᠭᠠᠳᠤ ᠳᠤ ᠲᠢᠺ ᠲᠣᠺ Dreamina᠂ ᠴᠢᠩᠬᠤᠸᠠ ᠶᠡᠭᠡ ᠰᠤᠷᠭᠠᠭᠤᠯᠢ ᠶᠢᠨ Vidu ᠵᠠᠭᠪᠤᠷ ᠰᠦᠯᠵᠢᠶᠡᠨ ᠳᠤ ᠭᠠᠷᠴᠠᠢ᠃ ᠬᠡᠳᠦᠶᠢᠪᠡᠷ ᠤᠯᠤᠰ ᠤᠨ ᠳᠣᠲᠣᠭᠠᠳᠤ ᠶᠢᠨ ᠭᠤᠣᠯ ᠵᠣᠬᠢᠶᠠᠮᠠᠯ ᠣᠶᠣᠨᠴᠢ ᠠᠵᠤ ᠠᠬᠤᠶᠢᠯᠠᠯ ᠤᠨ ᠬᠤᠯᠪᠤᠭᠳᠠᠯ ᠪᠦᠬᠦᠢ ᠲᠣᠮᠣ ᠵᠠᠭᠪᠤᠷ ᠢ ᠰᠤᠳᠤᠯᠤᠨ ᠨᠡᠭᠡᠭᠡᠬᠦ ᠠᠵᠢᠯ ᠪᠠᠴᠢᠮ ᠶᠠᠭᠠᠷᠠᠯᠲᠠᠢ ᠶᠠᠪᠤᠭᠳᠠᠵᠤ ᠪᠠᠶᠢᠭ᠎ᠠ ᠴᠤ Sora ᠶᠢ ᠨᠡᠶᠢᠲᠡᠯᠡᠭᠰᠡᠨ ᠤ ᠳᠠᠷᠠᠭ᠎ᠠ ChatGPT ᠠᠴᠠ ᠪᠣᠯᠤᠭᠰᠠᠨ ︽ᠵᠠᠭᠤᠨ ᠵᠠᠭᠪᠤᠷ ᠤᠨ ᠶᠡᠭᠡ ᠳᠠᠶᠢᠨ︾ ᠢ ᠳᠠᠬᠢᠨ ᠢᠯᠡᠷᠡᠭᠦᠯᠦᠭᠰᠡᠨ ᠦᠭᠡᠢ᠃  ᠬᠤᠶᠠᠷ᠂ ᠡᠭᠦᠰᠦᠮᠡᠯ ᠸᠢᠳᠢᠣ᠋ ᠶᠢᠨ ᠭᠤᠣᠯ ᠤᠷᠤᠰᠬᠠᠯ ᠤᠨ ᠠᠷᠭ᠎ᠠ ᠬᠡᠯᠪᠡᠷᠢ AI ᠠᠵᠢᠯ ᠠᠴᠠ ᠣᠶᠣᠨᠴᠢ ᠪᠡᠶ᠎ᠡ ᠵᠦᠭ ᠰᠢᠯᠵᠢᠪᠡ  ᠣᠳᠣᠬᠠᠨ ᠤ ᠵᠣᠬᠢᠶᠠᠮᠠᠯ ᠣᠶᠤᠨ ᠢᠶᠠᠷ ᠸᠢᠳᠢᠣ᠋ ᠡᠭᠦᠰᠭᠡᠬᠦ ᠭᠤᠷᠪᠠᠨ ᠵᠦᠢᠯ ᠤᠨ ᠠᠷᠭ᠎ᠠ ᠬᠡᠯᠪᠡᠷᠢ —   ᠨᠢᠭᠡ ᠳᠤ᠂ AI generate ︵ᠲᠣᠮᠣ ᠵᠠᠭᠪᠤᠷ︶ ᠬᠡᠯᠪᠡᠷᠢ᠃ ᠡᠶᠢᠮᠦᠷᠬᠦᠦ ᠠᠷᠭ᠎ᠠ ᠬᠡᠯᠪᠡᠷᠢ  ᠨᠢ ᠬᠡᠷᠡᠭᠯᠡᠭᠴᠢ ᠶᠢᠨ ᠵᠠᠷᠯᠢᠭ ᠣᠷᠣᠭᠤᠯᠬᠤ ᠪᠠᠷ ᠳᠠᠮᠵᠢᠭᠤᠯᠵᠤ᠂ ᠦᠰᠦᠭ ᠪᠢᠴᠢᠭ᠂ ᠵᠢᠷᠤᠭ ᠳᠦᠷᠰᠦ᠂ ᠸᠢᠳᠢᠣ᠋ ᠵᠡᠷᠭᠡ ᠳ᠋ᠠᠶᠢᠲ᠋ᠠ ᠪᠠᠷ ᠬᠠᠪᠰᠤᠷᠤᠮᠵᠢ ᠪᠣᠯᠭᠠᠵᠤ᠂ ᠬᠢᠮᠡᠯ ᠣᠶᠤᠨ ᠤ ᠲᠣᠮᠣ ᠵᠠᠭᠪᠤᠷ ᠠᠴᠠ ᠰᠢᠭᠤᠳ ᠠᠭᠤᠯᠭ᠎ᠠ ᠡᠭᠦᠰᠭᠡᠨ᠎ᠡ᠃ ᠨᠡᠶᠢᠲᠡᠯᠢᠭ ᠵᠢᠱᠢᠶ᠎ᠡ ᠨᠢ ᠡᠭᠦᠰᠦᠮᠡᠯ ᠸᠢᠳᠢᠣ᠋ Sora᠂ Vidu᠂ ᠭᠡᠷᠡᠯ ᠵᠢᠷᠤᠭ ᠢᠶᠠᠷ ᠸᠢᠳᠢᠣ᠋ ᠡᠭᠦᠰᠭᠡᠬᠦ Pika᠂ Runway ᠵᠡᠷᠭᠡ ᠪᠠᠶᠢᠵᠤ᠂ ᠸᠢᠳᠢᠣ᠋ MagicVideo ᠵᠡᠷᠭᠡ ᠠᠳᠠᠯᠢ ᠪᠤᠰᠤ ᠬᠡᠷᠡᠭᠯᠡᠯᠲᠡ ᠶᠢ ᠡᠭᠦᠰᠭᠡᠪᠡ᠃ ᠡᠭᠦᠰᠭᠡᠬᠦ ᠶᠠᠪᠤᠴᠠ ᠨᠢ ᠮᠥᠨ ᠯᠡ ᠨᠢᠭᠡᠨ ︽ᠬᠠᠷ᠎ᠠ ᠬᠠᠶᠢᠷᠴᠠᠭ︾ ᠪᠠᠶᠢᠵᠤ᠂ ᠬᠥᠮᠥᠨ ᠲᠥᠷᠥᠯᠬᠢᠲᠡᠨ ᠪᠤᠳᠤᠬᠤ ᠠᠷᠭ᠎ᠠ ᠪᠠ ᠵᠠᠭᠪᠤᠷ ᠤᠨ ᠪᠣᠯᠪᠠᠰᠤᠷᠠᠯ ᠢ ᠪᠡᠶᠡᠯᠡᠭᠦᠯᠦᠭᠰᠡᠨ ᠤ ᠳᠠᠷᠠᠭ᠎ᠠ᠂ ᠸᠢᠳᠢᠤ᠋ ᠶᠢᠨ ᠲᠣᠮᠣ ᠵᠠᠭᠪᠤᠷ ᠤᠨ ᠵᠦᠢᠴᠢᠯᠠᠯ ᠤᠨ ᠶᠠᠪᠤᠴᠠ ᠨᠢ ᠵᠣᠬᠢᠶᠠᠨ ᠪᠠᠶᠢᠭᠤᠯᠤᠭᠴᠢ ᠶᠢᠨ ᠡᠵᠡᠮᠳᠡᠯ ᠠᠴᠠ ᠰᠠᠯᠵᠤ᠂ ᠪᠣᠶ ᠪᠣᠯᠬᠤ ᠦᠷ᠎ᠡ ᠳ᠋ᠦᠩ ᠨᠢ ᠲᠥᠰᠦᠭᠡᠯᠡᠵᠦ ᠪᠣᠯᠣᠰᠢ ᠦᠭᠡᠢ ᠴᠢᠨᠠᠷ ᠢᠶᠠᠷ ᠨᠡᠯᠢᠶᠡᠳ ᠥᠨᠳᠥᠷ ᠪᠠᠶᠢᠳᠠᠭ᠃  ᠬᠤᠶᠠᠷ ᠲᠤ᠂ AI Agent ︵ᠣᠶᠤᠨᠴᠢ ᠴᠣᠭᠴᠠ︶ ᠵᠠᠭᠪᠤᠷ᠃ ᠣᠶᠣᠨᠴᠢ ᠴᠣᠭᠴᠠ ᠪᠤᠯ ᠨᠢᠭᠡ ᠵᠦᠢᠯ ᠤᠨ ᠵᠠᠭᠪᠤᠷ ᠢ ᠡᠵᠡᠮᠳᠡᠵᠦ ᠪᠤᠯᠬᠤ ᠵᠠᠭᠪᠤᠷ ᠮᠥᠨ᠂ ᠲᠡᠷᠡ ᠨᠢ ᠬᠥᠮᠦᠨ ᠲᠥᠷᠥᠯᠬᠢᠲᠡᠨ ᠤ ᠣᠷᠤᠭᠤᠯᠤᠭᠰᠠᠨ ᠵᠠᠷᠯᠢᠭ ᠠᠴᠠ ᠰᠢᠭᠤᠳ ᠸᠢᠳᠢᠣ᠋ ᠡᠭᠦᠰᠭᠡᠨ᠎ᠡ᠃ ᠡᠨᠡ ᠲᠠᠯ᠎ᠠ ᠠᠴᠠ ᠦᠵᠡᠪᠡᠯ᠂ ᠣᠶᠤᠨᠴᠢ ᠴᠣᠭᠴᠠ ᠬᠢᠭᠡᠳ ᠶᠡᠭᠡ ᠵᠠᠭᠪᠤᠷ ᠤᠨ ᠡᠭᠦᠰᠭᠡᠬᠦ ᠶᠠᠪᠤᠴᠠ ᠨᠢ ᠠᠳᠠᠯᠢᠪᠲᠤᠷ ᠪᠠᠶᠢᠨ᠎ᠠ᠃ ᠬᠤᠶᠠᠭᠤᠯᠠ ᠶᠢᠨ ᠭᠤᠣᠯ ᠢᠯᠭᠠᠭ᠎ᠠ ᠪᠣᠯ ᠣᠶᠤᠨᠴᠢ ᠴᠣᠭᠴᠠ ᠶᠢᠨ ᠡᠭᠦᠰᠭᠡᠬᠦ ᠶᠠᠪᠤᠴᠠ ᠨᠢ ︽ᠬᠠᠷ᠎ᠠ ᠬᠠᠶᠢᠷᠴᠠᠭ︾ ᠪᠢᠰᠢ ᠪᠣᠯᠵᠤ᠂ ᠵᠣᠷᠢᠭᠤᠳᠠ ᠶᠢᠨ ᠬᠦᠴᠦᠨ ᠵᠦᠢᠯ ᠤᠨ ᠵᠣᠬᠢᠶᠠᠨ ᠪᠦᠲᠦᠭᠡᠯᠭᠡ ᠳᠤ ᠦᠵᠡᠭᠦᠯᠬᠦ ᠨᠥᠯᠥᠭᠡ ᠨᠢ ᠴᠢᠩᠭᠠᠷᠠᠪᠠ᠃ ᠣᠶᠤᠨᠴᠢ ᠴᠣᠭᠴᠠ ᠨᠢ ᠨᠢᠭᠡ ᠵᠦᠢᠯ ᠤᠨ ᠰᠠᠭᠤᠷᠢ ᠵᠠᠭᠪᠤᠷ ᠢ ᠡᠵᠡᠮᠳᠡᠬᠦ ᠵᠠᠭᠪᠤᠷ ᠪᠣᠯᠤᠭᠰᠠᠨ ᠤ ᠬᠤᠪᠢ ᠳᠤ᠂ ᠣᠷᠳᠣ ᠬᠤᠭᠤᠴᠠᠭᠠᠨ ᠤ ᠳᠤᠷᠠᠰᠤᠮᠵᠢ ᠶᠢ ᠪᠦᠷᠢᠯᠳᠦᠭᠦᠯᠵᠦ᠂ ᠵᠣᠬᠢᠶᠠᠨ ᠪᠦᠲᠦᠭᠡᠭᠴᠢ ᠠᠴᠠ ᠵᠠᠷᠯᠢᠭ ᠪᠠᠭᠤᠯᠭᠠᠭᠰᠠᠨ ᠤ ᠳᠠᠷᠠᠭ᠎ᠠ᠂ ᠬᠡᠷᠡᠭᠯᠡᠭᠴᠢ ᠶᠢᠨ ᠬᠡᠷᠡᠭᠯᠡᠬᠦ ᠳᠠᠳᠬᠠᠯ᠂ ᠲᠣᠰ ᠭᠠᠵᠠᠷ ᠤᠨ ᠳ᠋ᠠᠶᠢᠲ᠋ᠠ᠂ ᠲᠤᠰᠬᠠᠶ ᠮᠡᠷᠭᠡᠵᠢᠯ ᠤᠨ ᠳ᠋ᠠᠶᠢᠲ᠋ᠠ ᠶᠢᠨ ᠲᠡᠭᠦᠪᠦᠷᠢ ᠵᠡᠷᠭᠡ ᠶᠢ ᠦᠨᠳᠦᠰᠦᠯᠡᠨ ᠠᠵᠢᠯ ᠤᠨ ᠡᠭᠦᠷᠭᠡ ᠪᠠᠨ ᠵᠠᠳᠠᠯᠵᠤ ᠪᠣᠯᠬᠤ ᠪᠥᠭᠡᠳ ᠡᠯ᠎ᠡ ᠵᠦᠢᠯ ᠤᠨ ᠰᠠᠭᠤᠷᠢ ᠵᠠᠭᠪᠤᠷ ᠲᠠᠢ ᠵᠣᠬᠢᠴᠠᠯᠳᠤᠵᠤ᠂ ᠪᠡᠶᠡᠯᠡᠭᠦᠯᠬᠦ ᠵᠠᠷᠯᠢᠭ ᠤᠨ ᠬᠠᠮᠤᠭ ᠤᠨ ᠰᠠᠶᠢᠨ ᠠᠷᠭ᠎ᠠ ᠬᠡᠯᠪᠡᠷᠢ ᠶᠢ ᠡᠷᠢᠵᠦ ᠭᠠᠷᠭᠠᠬᠤ ᠶᠢᠨ ᠬᠠᠮᠲᠤ ᠵᠠᠷᠯᠢᠭ ᠢ ᠪᠡᠶᠡᠯᠡᠭᠦᠯᠵᠦ ᠪᠣᠯᠤᠨ᠎ᠠ᠃  ᠭᠤᠷᠪᠠ ᠳᠤ᠂ AI Workflow ︵ᠠᠵᠢᠯ ᠤᠨ ᠤᠷᠤᠰᠬᠠᠯ︶ ᠶᠢᠨ ᠵᠠᠭᠪᠤᠷ᠃ ᠡᠶᠢᠮᠦᠷᠬᠦᠦ ᠬᠡᠪ ᠵᠠᠭᠪᠤᠷ ᠤᠨ ᠸᠢᠳᠢᠤ᠋ ᠶᠢᠨ ᠡᠭᠦᠰᠦᠮᠡᠯ ᠨᠢ ︽ᠪᠣᠣᠬᠢᠶ᠎ᠠ︾ ᠲᠠᠢ ᠠᠳᠠᠯᠢᠪᠲᠤᠷ ᠪᠠᠶᠢᠵᠤ᠂ ᠵᠣᠬᠢᠶᠠᠨ ᠪᠦᠲᠦᠭᠡᠭᠴᠢ ᠪᠣᠯ ᠭᠤᠣᠯ ᠪᠠᠶᠢᠵᠤ᠂ ᠲᠡᠭᠦᠨ ᠤ ᠡᠯ᠎ᠡ ᠱᠠᠲᠤ ᠦᠶ᠎ᠡ ᠶᠢᠨ ᠵᠣᠬᠢᠶᠠᠨ ᠪᠦᠲᠦᠭᠡᠬᠦ ᠴᠢᠳᠠᠪᠤᠷᠢ ᠨᠢ ᠠᠳᠠᠯᠢ ᠪᠤᠰᠤ ᠲᠣᠮᠣ ᠵᠠᠭᠪᠤᠷ ᠠᠴᠠ ᠪᠣᠯᠵᠤ ᠳᠡᠭᠡᠭᠰᠢᠯᠡᠨ᠎ᠡ᠃ ᠦᠨᠳᠦᠰᠦᠨ ᠵᠠᠭᠪᠤᠷ ᠤᠨ ᠴᠢᠳᠠᠮᠵᠢ ᠶᠢ ᠦᠨᠳᠦᠰᠦᠯᠡᠨ᠂ ᠡᠶᠢᠮᠦᠷᠬᠦᠦ ᠸᠢᠳᠢᠣ᠋ ᠶᠢᠨ ᠵᠣᠬᠢᠶᠠᠨ ᠪᠦᠲᠦᠭᠡᠯᠭᠡ ᠶᠢ ᠳᠣᠣᠷᠠᠬᠢ ᠬᠡᠳᠦᠨ ᠱᠠᠲᠤ ᠬᠤᠪᠢᠶᠠᠨ᠎ᠠ᠃ 1. ᠬᠡᠯᠡ ᠡᠭᠦᠰᠭᠡᠬᠦ ᠱᠠᠲᠤ᠃ ᠡᠨᠡ ᠬᠦ ᠱᠠᠲᠤᠨ ᠳᠤ᠂ ᠶᠡᠭᠡ ᠬᠡᠯᠡᠨ ᠤ ᠵᠠᠭᠪᠤᠷ ᠢ ᠬᠡᠷᠡᠭᠯᠡᠨ ᠵᠦᠴᠦᠭᠡ ᠶᠢᠨ ᠳᠡᠪᠲᠡᠷ᠂ ᠦᠵᠡᠭᠳᠡᠯ ᠰᠣᠯᠢᠬᠤ ᠵᠦᠴᠦᠭᠡ ᠶᠢᠨ ᠳᠡᠪᠲᠡᠷ ᠬᠤᠪᠢᠶᠠᠬᠤ ᠵᠢᠴᠢ ᠬᠤᠯᠪᠣᠭᠳᠠᠯ ᠪᠦᠬᠦᠢ ᠡᠭᠦᠰᠦᠮᠡᠯ ᠵᠢᠷᠤᠭ ᠢ ᠳᠦᠷᠰᠦᠯᠡᠬᠦ ᠬᠡᠷᠡᠭᠯᠡᠭᠡᠨ ᠤ ᠰᠠᠨᠠᠭᠤᠯᠤᠮᠵᠢ ᠶᠢᠨ ᠦᠭᠡ ︵Prompt︶ ᠶᠢ ᠡᠭᠦᠰᠭᠡᠨ᠎ᠡ᠃ 2. ᠵᠢᠷᠤᠭ ᠡᠭᠦᠰᠭᠡᠬᠦ ᠱᠠᠲᠤ᠃ ᠰᠠᠨᠠᠭᠤᠯᠤᠮᠵᠢ ᠦᠭᠡ ᠶᠢ ᠠᠰᠢᠭᠯᠠᠵᠤ ᠡᠭᠦᠰᠦᠮᠡᠯ ᠵᠢᠷᠤᠭ ᠤᠨ ᠲᠣᠮᠣ ᠵᠠᠭᠪᠤᠷ ᠢᠶᠠᠷ ᠵᠣᠬᠢᠶᠠᠭᠴᠢ ᠶᠢᠨ ᠵᠣᠷᠢᠯᠭ᠎ᠠ ᠳᠤ ᠨᠡᠶᠢᠴᠡᠭᠰᠡᠨ ᠵᠢᠷᠤᠭ ᠢ ᠡᠭᠦᠰᠭᠡᠨ᠎ᠡ᠃ 3. ᠵᠢᠷᠤᠭ ᠢᠶᠠᠷ ᠸᠢᠳᠢᠤ᠋ ᠡᠭᠦᠰᠭᠡᠬᠦ ᠱᠠᠲᠤ᠃ ᠵᠢᠷᠤᠭ ᠢ ᠸᠢᠳᠢᠣ᠋ ᠳᠤ ᠣᠷᠣᠭᠤᠯᠤᠨ ᠬᠡᠷᠡᠭᠯᠡᠭᠡ ᠶᠢ ᠭᠠᠷᠭᠠᠵᠤ᠂ ᠭᠡᠷᠡᠯ ᠵᠢᠷᠤᠭ ᠤᠨ ᠬᠥᠳᠡᠯᠭᠡᠭᠡᠨ ᠤ ᠵᠠᠮ ᠢ ᠲᠣᠬᠢᠷᠠᠭᠤᠯᠵᠤ ᠸᠢᠳᠢᠣ᠋ ᠡᠭᠦᠰᠭᠡᠨ᠎ᠡ᠃ 4.ᠲᠤᠰᠠᠯᠠᠬᠤ ᠪᠠᠭᠠᠵᠢ ᠪᠠᠷ ᠠᠪᠢᠶ᠎ᠠ ᠲᠠᠭᠠᠷᠠᠭᠤᠯᠬᠤ᠂ ᠬᠠᠵᠠᠭᠤ ᠶᠢᠨ ᠦᠭᠡ᠂ ᠬᠥᠰᠢᠭᠡ ᠶᠢᠨ ᠦᠭᠡ᠂ ᠳᠠᠭᠤᠤ ᠬᠥᠭᠵᠢᠮ ᠵᠡᠷᠭᠡ ᠬᠦᠴᠦᠨ ᠵᠦᠢᠯ ᠢ ᠡᠭᠦᠰᠭᠡᠨ᠎ᠡ᠃  AI Workflow ᠪᠣᠯ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠢ ᠮᠡᠷᠭᠡᠵᠢᠯ ᠤᠨ ᠪᠦᠲᠦᠭᠡᠭᠴᠢ ᠶᠢᠨ ᠨᠡᠯᠢᠶᠡᠳ ᠦᠷᠭᠦᠯᠵᠢ ᠬᠡᠷᠡᠭᠯᠡᠳᠡᠭ ᠬᠡᠯᠪᠡᠷᠢ ᠮᠥᠨ᠃ ᠪᠦᠲᠦᠭᠡᠭᠴᠢ ᠶᠢᠨ ᠣᠷᠣᠯᠴᠠᠬᠤ ᠬᠡᠮᠵᠢᠶ᠎ᠡ ᠠᠴᠠ ᠦᠵᠡᠪᠡᠯ᠂ AI Workflow  ᠶᠢᠨ ᠥᠪᠡᠷ ᠤᠨ ᠥᠷᠲᠡᠭ ᠬᠠᠮᠤᠭ ᠳᠣᠣᠷ᠎ᠠ︔ ᠵᠣᠬᠢᠶᠠᠨ ᠪᠦᠲᠦᠭᠡᠭᠴᠢ ᠶᠢᠨ ᠵᠣᠬᠢᠶᠠᠨ ᠪᠦᠲᠦᠭᠡᠬᠦ ᠶᠠᠪᠤᠴᠠ ᠶᠢ ᠡᠵᠡᠮᠳᠡᠬᠦ ᠡᠷᠴᠢᠮ ᠨᠢ ᠬᠠᠮᠤᠭ ᠴᠢᠩᠭ᠎ᠠ᠂ ᠬᠡᠷᠡᠭᠯᠡᠬᠦ ᠴᠠᠭ ᠨᠢ ᠪᠠᠰᠠ ᠬᠠᠮᠤᠭ ᠤᠷᠲᠤ︔ ᠡᠭᠦᠰᠭᠡᠭᠰᠡᠨ ᠦᠵᠡᠵᠦ ᠰᠣᠨᠣᠰᠬᠤ ᠠᠭᠤᠯᠭ᠎ᠠ ᠶᠢᠨ ᠶᠠᠰᠤ ᠴᠢᠨᠠᠷ ᠨᠢ ᠴᠦ ᠬᠠᠮᠤᠭ ᠥᠨᠳᠥᠷ᠃ ᠤᠮᠠᠷᠠᠲᠤ ᠠᠮᠧᠷᠢᠺᠠ ᠳᠤ ᠭᠠᠷᠭᠠᠭᠰᠠᠨ ᠠᠩᠬᠠᠳᠠᠭᠴᠢ ᠵᠣᠬᠢᠶᠠᠮᠠᠯ ᠣᠶᠤᠨ ᠢᠶᠠᠷ ᠪᠦᠲᠦᠭᠡᠭᠰᠡᠨ ᠺᠢᠨᠣ᠋ ︽ᠪᠢᠳᠡᠨ ᠤ ᠲᠡᠭᠦᠰᠦᠭᠴᠢ 2 ᠤᠨ ᠳᠠᠬᠢᠨ ᠦᠢᠯᠡᠳᠦᠭᠰᠡᠨ ᠬᠡᠪᠯᠡᠯ ︵Our T2 Remake︶︾᠂ ᠲᠥᠪ ᠤᠨ ᠸᠢᠳᠢᠣ᠋ ︽ᠳᠤᠮᠳᠠᠳᠤ ᠤᠯᠤᠰ ᠤᠨ ᠳᠣᠮᠤᠭ︾ ᠲᠤ ᠪᠦᠷ ᠲᠤᠰ ᠬᠡᠯᠪᠡᠷᠢ ᠶᠢ ᠬᠡᠷᠡᠭᠯᠡᠵᠦ ᠵᠣᠬᠢᠶᠠᠨ ᠪᠦᠲᠦᠭᠡᠪᠡ᠃ ᠮᠠᠩᠭᠦ᠋ᠸᠧTV ᠶᠢᠨ ᠨᠡᠶᠢᠲᠡᠯᠡᠭᠰᠡᠨ AIGC HUB᠂ ᠱᠠᠩᠬᠠᠢ ᠶᠢᠨ ᠷᠠᠳᠢᠣ᠋ ᠲᠧᠯᠸᠢᠰ ᠬᠤᠷᠢᠶᠠᠨ ᠤ Scube ︵ᠣᠶᠤᠨ ᠤ ᠵᠠᠭᠤᠴᠢᠯᠠᠭᠤᠷ ᠤᠨ ᠰᠢᠳᠢᠲᠦ ᠳᠥᠷᠪᠡᠯᠵᠢ︶᠂ ᠴᠧᠩᠳᠦ᠋ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ︽ᡁᠢ ᠵᠣ᠋ AI ᠣᠶᠤᠨᠴᠢ ᠬᠡᠷᠡᠭᠯᠡᠭᠡᠨ ᠤ ᠲᠠᠪᠴᠠᠩ︾ ᠨᠢ ᠪᠦᠷ ᠠᠵᠢᠯ ᠤᠨ ᠤᠷᠤᠰᠬᠠᠯ ᠤᠨ ᠬᠡᠯᠪᠡᠷᠢ ᠳᠤ ᠬᠠᠷᠢᠶᠠᠯᠠᠭᠳᠠᠨ᠎ᠠ᠃  ᠣᠶᠣᠨᠴᠢ ᠴᠣᠭᠴᠠ ᠶᠢᠨ ᠬᠦᠴᠦᠷᠬᠡᠭ ᠬᠠᠷᠢᠯᠴᠠᠭ᠎ᠠ ᠶᠢᠨ ᠬᠡᠷᠡᠭᠯᠡᠯᠲᠡ ᠨᠢ ᠠᠯᠬᠤᠮ ᠠᠯᠬᠤᠮ ᠢᠶᠠᠷ ᠠᠵᠢᠯ ᠤᠨ ᠤᠷᠤᠰᠬᠠᠯ ᠢ ᠣᠷᠤᠯᠠᠪᠠ᠃ ᠣᠶᠣᠨᠴᠢ ᠴᠣᠭᠴᠠ ᠶᠢᠨ ᠡᠯ᠎ᠡ ᠲᠥᠷᠥᠯ ᠤᠨ ᠰᠠᠭᠤᠷᠢ ᠨᠢ ᠲᠣᠮᠣ ᠵᠠᠭᠪᠤᠷ ᠤᠨ ᠴᠢᠳᠠᠪᠤᠷᠢ ᠶᠢ ᠰᠢᠩᠭᠡᠭᠡᠨ ᠠᠪᠴᠤ᠂ ᠬᠡᠷᠡᠭᠯᠡᠭᠴᠢᠳ ᠲᠤ ᠣᠯᠠᠨ ᠶᠠᠩᠵᠤᠴᠢᠯᠠᠭᠰᠠᠨ ᠪᠠ ᠥᠨᠳᠥᠷ ᠦᠷ᠎ᠡ ᠠᠰᠢᠭᠲᠤ ᠡᠭᠦᠰᠦᠮᠡᠯ ᠬᠡᠯᠪᠡᠷᠢ ᠶᠢ ᠰᠢᠢᠳᠪᠦᠷᠢᠯᠡᠬᠦ ᠲᠥᠰᠦᠯ ᠢ ᠬᠠᠩᠭᠠᠵᠤ᠂ ᠠᠳᠠᠯᠢ ᠪᠤᠰᠤ ᠬᠡᠷᠡᠭᠯᠡᠭᠡᠨ ᠤ ᠲᠠᠯᠠᠪᠠᠢ ᠳᠤ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ ᠰᠠᠭᠤᠷᠢ ᠲᠧᠺᠰᠲ ᠢ ᠵᠠᠳᠠᠯᠬᠤ ᠠᠴᠠ ᠪᠤᠳᠤᠯᠢᠶᠠᠨᠲᠠᠢ ᠬᠠᠷᠠᠭᠠᠨ ᠰᠠᠷᠠᠯ ᠤᠨ ᠰᠣᠯᠢᠭᠳᠠᠯ ᠬᠦᠷᠲᠡᠯ᠎ᠡ᠂ ᠳᠠᠬᠢᠨ ᠸᠢᠳᠢᠣ᠋ ᠶᠢᠨ ᠠᠭᠤᠯᠭ᠎ᠠ ᠶᠢᠨ ᠦᠷᠭᠦᠯᠵᠢᠯᠡᠯ ᠪᠠ ᠨᠠᠶᠢᠷᠠᠭᠤᠯᠭ᠎ᠠ ᠬᠦᠷᠲᠡᠯ᠎ᠡ᠂ ᠬᠡᠷᠡᠭᠯᠡᠭᠴᠢᠳ ᠲᠤ ᠨᠢᠭᠡᠨ ᠪᠦᠬᠦ ᠲᠠᠯ᠎ᠠ ᠶᠢᠨ ᠡᠭᠦᠰᠦᠮᠡᠯ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠥᠭᠴᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠶᠢᠨ ᠬᠢᠨ ᠤ ᠦᠵᠡᠬᠦ ᠪᠠᠷ᠂ ᠬᠡᠷᠪᠡ ᠲᠣᠮᠣ ᠵᠠᠭᠪᠤᠷ ᠢ ᠵᠣᠬᠢᠶᠠᠮᠠᠯ ᠣᠶᠤᠨ ᠤ Iphone ᠭᠡᠪᠡᠯ ᠣᠶᠤᠨᠴᠢ ᠴᠣᠭᠴᠠ  ᠨᠢ ᠬᠡᠷᠡᠭᠯᠡᠭᠡᠨ ᠤ ᠳᠡᠯᠭᠡᠭᠦᠷ ᠪᠣᠯᠤᠨ᠎ᠠ᠃ 2023 ᠣᠨ ᠤ ᠳᠣᠣᠷ᠎ᠠ ᠬᠠᠭᠠᠰ ᠵᠢᠯ ᠳᠤ᠂ ᠣᠯᠠᠨ ᠣᠶᠤᠨᠴᠢ ᠴᠣᠭᠴᠠ ᠶᠢᠨ ᠪᠣᠷᠣ ᠲᠥᠯᠥᠪ ᠪᠣᠢ ᠪᠣᠯᠪᠠ᠂ ᠵᠢᠱᠢᠶᠡᠯᠡᠪᠡᠯ OpenAI ᠨᠢ AutoGPT ᠶᠢ ᠨᠡᠭᠡᠭᠡᠨ ᠬᠥᠭᠵᠢᠭᠦᠯᠵᠦ᠂ ᠭᠦ᠋ ᠭᠧ ᠨᠢ AutogenStudio  ᠶᠢ ᠨᠡᠭᠡᠭᠡᠨ ᠬᠥᠭᠵᠢᠭᠦᠯᠵᠦ᠂ ᠦᠰᠦᠭ ᠤᠨ ᠦᠶ᠎ᠡ ᠶᠢᠨ ᠬᠥᠳᠡᠯᠦᠯ ᠨᠢ Coze ᠢ ᠭᠠᠷᠭᠠᠵᠤ ᠂ ᠠ ᠯᠢ ᠳ᠋ᠠ ᠮᠦᠸᠧ ᠶᠤᠸᠠᠨ ᠨᠢ AesopAgent ᠵᠡᠷᠭᠡ ᠶᠢ ᠨᠡᠭᠡᠭᠡᠪᠡ᠃ ᠡᠭᠦᠨ ᠠᠴᠠ ᠭᠠᠳᠠᠨ᠎ᠠ᠂ ᠶᠡᠭᠡ ᠬᠡᠮᠵᠢᠶᠡᠨ ᠤ ᠵᠣᠬᠢᠶᠠᠮᠠᠯ ᠣᠶᠤᠨ ᠤ ᠰᠦᠯᠵᠢᠶᠡᠨ ᠳᠡᠭᠡᠷᠡᠬᠢ ᠨᠡᠶᠢᠭᠡᠮ ᠲᠣᠭᠤᠷᠢᠭ᠂ ᠵᠢᠱᠢᠶᠡᠯᠡᠪᠡᠯ HuggieFace᠂ Github᠂ ᠮᠥᠸᠧ ᠳ᠋ᠠ ᠨᠡᠶᠢᠭᠡᠮ ᠲᠣᠭᠤᠷᠢᠭ ᠵᠡᠷᠭᠡ ᠨᠢ ᠠᠭᠠᠵᠢᠮ ᠢᠶᠠᠷ ᠣᠶᠤᠨᠴᠢ ᠴᠣᠭᠴᠠ  ᠶᠢᠨ ᠴᠢᠭᠯᠡᠯ ᠲᠡᠶᠢᠰᠢ ᠬᠥᠭᠵᠢᠵᠦ ᠪᠠᠶᠢᠨ᠎ᠠ᠃  ᠭᠤᠷᠪᠠ᠂ ᠵᠣᠬᠢᠶᠠᠮᠠᠯ ᠣᠶᠣᠨ ᠤ ︽ᠮᠡᠷᠭᠡᠵᠢᠯ ᠤᠨ ᠵᠠᠭᠠᠭ︾ ᠨᠢ ᠥᠷᠭᠡᠳᠬᠦ ᠬᠠᠨᠳᠤᠰᠢ ᠲᠠᠢ ᠪᠣᠯᠪᠠ  ᠠᠮᠧᠷᠢᠺᠠ ᠳᠡᠯᠡᠬᠡᠢ ᠶᠢᠨ ᠵᠠᠭᠪᠤᠷ ᠤᠨ ᠪᠦᠲᠦᠴᠡ ᠶᠢ ᠬᠥᠨᠳᠡᠵᠦ᠂ ᠪᠦᠬᠦ ᠪᠥᠮᠪᠥᠷᠴᠡᠭ ᠤᠨ ᠤᠳᠤᠷᠢᠳᠬᠤ ᠪᠠᠶᠢᠷᠢᠨ ᠳᠤ ᠪᠠᠶᠢᠵᠤ᠂ ᠪᠤᠰᠤᠳ ᠤᠯᠤᠰ ᠮᠥᠨ ᠯᠡ ᠰᠠᠭᠤᠷᠢ ᠨᠡᠭᠡᠭᠡᠯᠲᠡ ᠶᠢᠨ ᠬᠦᠷᠢᠶᠡᠨ ᠳᠤ ᠪᠠᠶᠢᠭᠰᠠᠭᠠᠷ᠃ ᠠᠮᠧᠷᠢᠺᠠ ᠳᠤ ᠪᠦᠬᠦ ᠪᠥᠮᠪᠥᠷᠴᠡᠭ ᠤᠨ ᠬᠠᠮᠤᠭ ᠣᠯᠠᠨ ᠤᠤᠭᠠᠯ ᠡᠭᠦᠳᠦᠯᠲᠡ ᠶᠢᠨ ᠲᠣᠮᠣ ᠵᠠᠭᠪᠤᠷ ᠢ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠵᠤ᠂ 2023 ᠣᠨ ᠳᠤ ᠪᠦᠬᠦ ᠪᠥᠮᠪᠥᠷᠴᠡᠭ ᠤᠨ ᠨᠡᠶᠢᠲᠡᠯᠡᠭᠰᠡᠨ ᠨᠡᠷᠡᠲᠦ ᠲᠣᠮᠣ ᠵᠠᠭᠪᠤᠷ ᠤᠨ ᠳᠣᠲᠣᠷ᠎ᠠ 61 ᠨᠢ ᠠᠮᠧᠷᠢᠺᠠ ᠠᠴᠠ ᠢᠷᠡᠵᠦ᠂ ᠪᠠᠷᠤᠭ ᠪᠦᠬᠦ ᠪᠥᠮᠪᠥᠷᠴᠡᠭ ᠤᠨ 58% ᠶᠢ ᠡᠵᠡᠯᠡᠵᠦ᠂ ᠧᠦ᠋ᠷᠣᠫᠠ ᠶᠢᠨ ᠬᠤᠯᠪᠣᠭᠠᠨ ᠤ 21 ᠪᠠ ᠳᠤᠮᠳᠠᠳᠤ ᠤᠯᠤᠰ ᠤᠨ 15 ᠵᠠᠭᠪᠤᠷ ᠤᠨ ᠬᠢᠷᠢ ᠬᠡᠮᠵᠢᠶ᠎ᠡ ︵ᠵᠢᠷᠤᠭ 3︶ ᠠᠴᠠ ᠬᠤᠯᠠ ᠳᠠᠪᠠᠵᠠᠢ᠃ ᠠᠮᠧᠷᠢᠺᠠ ᠶᠢᠨ ᠲᠤᠯᠤᠭᠠᠶᠢᠯᠠᠭᠴᠢ ᠠᠵᠤ ᠠᠬᠤᠶᠢᠯᠠᠯ ᠤᠨ ᠰᠢᠨ᠎ᠡ ᠡᠭᠦᠳᠦᠯᠲᠡ ᠲᠠᠰᠤᠷᠠᠯᠲᠠ ᠦᠭᠡᠢ᠃ OpenAI ᠠᠴᠠ ᠭᠠᠳᠠᠨ᠎ᠠ᠂ ᠭᠦ᠋ ᠭᠧ ᠪᠠ Meta ᠪᠣᠯ ᠪᠦᠷ ᠪᠦᠬᠦ ᠪᠥᠮᠪᠥᠷᠴᠡᠭ ᠤᠨ ᠲᠣᠮᠣ ᠵᠠᠭᠪᠤᠷ ᠤᠨ ᠴᠢᠬᠤᠯᠠ ᠨᠠᠭᠠᠳᠤᠮᠴᠢᠨ ᠪᠠᠶᠢᠵᠤ᠂ ᠪᠣᠯᠪᠠᠰᠤᠷᠠᠩᠭᠤᠢ ᠵᠠᠭᠪᠤᠷ ᠪᠠ ᠪᠣᠳᠣᠬᠤ ᠠᠷᠭ᠎ᠠ ᠨᠢ ᠪᠦᠷ ᠠᠮᠧᠷᠢᠺᠠ ᠠᠴᠠ ᠢᠷᠡᠯᠲᠡᠢ᠃  ᠡᠭᠦᠨ ᠤ ᠳᠠᠭᠠᠤ ᠳᠤ ᠬᠥᠷᠥᠩᠭᠡ ᠶᠢᠨ ᠠᠮᠧᠷᠢᠺᠠ ᠲᠡᠶᠢᠰᠢ ᠴᠤᠭᠯᠠᠷᠠᠬᠤ ᠨᠢ ᠲᠦᠷᠭᠡᠳᠪᠡ᠃ 2023 ᠣᠨ ᠳᠤ ᠵᠣᠬᠢᠶᠠᠮᠠᠯ ᠤᠶᠤᠨ ᠤ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠳᠤᠮᠳᠠ ᠠᠴᠠ 672 ᠳ᠋ᠦᠩᠰᠢᠭᠤᠷ ᠳ᠋ᠣᠯᠯᠠᠷ ᠢ ᠠᠮᠧᠷᠢᠺᠠ ᠳᠤ ᠣᠷᠣᠭᠤᠯᠵᠤ᠂ ᠪᠦᠬᠦ ᠪᠥᠮᠪᠥᠷᠴᠡᠭ ᠤᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ︵931.2 ᠳ᠋ᠦᠩᠰᠢᠭᠤᠷ ᠳ᠋ᠣᠯᠯᠠᠷ︶ ᠶᠢᠨ 72% ᠢ ᠡᠵᠡᠯᠡᠵᠦ᠂ ᠪᠠᠷᠤᠭ ᠬᠤᠶᠠᠳᠤᠭᠠᠷ ᠳᠤ ᠵᠢᠭᠰᠠᠭᠠᠭᠳᠠᠵᠤ ᠪᠠᠶᠢᠭ᠎ᠠ ᠳᠤᠮᠳᠠᠳᠤ ᠤᠯᠤᠰ ︵72 ᠳ᠋ᠦᠩᠰᠢᠭᠤᠷ ᠳ᠋ᠣᠯᠯᠠᠷ︶ ᠤᠨ 8.7 ᠳᠠᠬᠢᠨ ︵ᠵᠢᠷᠤᠭ 4︶ ᠪᠠᠶᠢᠪᠠ᠃  ᠡᠭᠦᠨ ᠤ ᠬᠠᠮᠲᠤ᠂ 2022 ᠣᠨ ᠠᠴᠠ ᠨᠠᠭᠠᠰᠢ᠂ ᠠᠩᠭ᠍ᠯᠢ ᠶᠢ ᠪᠠᠭᠲᠠᠭᠠᠭᠰᠠᠨ ᠧᠦ᠋ᠷᠣᠫᠠ ᠶᠢᠨ ᠬᠤᠯᠪᠣᠭᠠᠨ ᠤ ᠬᠤᠪᠢ ᠬᠥᠮᠦᠨ ᠤ ᠵᠣᠬᠢᠶᠠᠮᠠᠯ ᠣᠶᠤᠨ ᠤ ᠪᠡᠯᠡ ᠣᠷᠣᠭᠤᠯᠤᠯᠲᠠ ᠲᠤᠰ ᠲᠤᠰ 44.2% ᠪᠠ 14.1% ᠪᠠᠷ ᠪᠠᠭᠤᠷᠠᠵᠤ᠂ ᠠᠮᠧᠷᠢᠺᠠ ᠶᠢᠨ ᠬᠢᠨ ᠠᠳᠠᠯᠢ ᠬᠤᠭᠤᠴᠠᠭᠠᠨ ᠳᠤ 22.1% ᠪᠠᠷ ᠢᠯᠡᠳᠲᠡ ᠨᠡᠮᠡᠭᠳᠡᠪᠡ᠃  ᠳᠥᠷᠪᠡ᠂ ᠬᠡᠷᠡᠭᠯᠡᠯᠲᠡ ᠪᠣᠯ ᠵᠠᠩᠭᠢᠯᠠᠭ᠎ᠠ ᠮᠥᠨ᠂ ᠨᠡᠭᠡᠭᠡᠯᠲᠡ ᠬᠢᠬᠦ ᠠᠮᠢ ᠠᠬᠤᠶ ᠶᠢ ᠪᠠᠶᠢᠷᠢᠯᠠᠭᠤᠯᠬᠤ ᠪᠣᠯ ᠢᠷᠡᠭᠡᠳᠦᠶ ᠮᠥᠨ  ᠲᠣᠮᠣ ᠵᠠᠭᠪᠤᠷ ᠤᠨ ᠪᠦᠲᠦᠭᠡᠨ ᠪᠠᠶᠢᠭᠤᠯᠤᠯᠲᠠ ᠨᠢ ᠡᠴᠦᠰ ᠤᠨ ᠴᠡᠭ ᠪᠢᠰᠢ᠂ ᠵᠠᠭᠪᠤᠷ ᠲᠤ ᠰᠠᠭᠤᠷᠢᠯᠠᠵᠤ ᠨᠡᠭᠡᠭᠡᠯᠲᠡ ᠬᠢᠬᠦ ᠬᠡᠷᠡᠭᠯᠡᠭᠡᠨ ᠤ ᠠᠮᠢ ᠠᠬᠤᠶ ᠪᠤᠯ ᠠᠵᠢᠯ ᠲᠥᠷᠥᠯ ᠤᠨ ᠬᠥᠭᠵᠢᠯᠲᠡ ᠶᠢᠨ ᠢᠷᠡᠭᠡᠳᠦᠶ ᠮᠥᠨ᠃ ᠦᠵᠡᠵᠦ ᠰᠣᠨᠣᠰᠬᠤ ᠶᠡᠭᠡ ᠵᠠᠭᠪᠤᠷ ᠤᠨ ᠠᠮᠢ ᠠᠬᠤᠢ ᠳᠤ ᠣᠳᠣᠬᠠᠨ ᠳᠤ ᠣᠯᠠᠨ ᠵᠦᠢᠯ ᠤᠨ ᠠᠳᠠᠯᠢ ᠪᠤᠰᠤ ᠠᠮᠢ ᠠᠬᠤᠢ ᠶᠢᠨ ᠪᠠᠶᠢᠷᠢᠰᠢᠯ ᠤᠨ ᠠᠷᠭ᠎ᠠ ᠵᠠᠮ ᠢᠯᠡᠷᠡᠵᠦ ᠪᠠᠶᠢᠨ᠎ᠠ᠃  ᠨᠢᠭᠡ ᠳᠤ᠂ ᠲᠣᠮᠣ ᠵᠠᠭᠪᠤᠷ ᠤᠨ ᠰᠠᠭᠤᠷᠢ ᠲᠥᠬᠦᠭᠡᠷᠦᠮᠵᠢ ᠶᠢᠨ ᠪᠠᠶᠢᠷᠢ ᠰᠠᠭᠤᠷᠢ ᠴᠢᠩᠭᠠᠷᠠᠵᠤ᠂ ᠲᠠᠪᠴᠠᠩ ᠤᠨ ᠬᠡᠯᠪᠡᠷᠢ ᠶᠢᠨ ᠬᠥᠭᠵᠢᠯᠲᠡ ᠲᠡᠶᠢᠰᠢ ᠲᠦᠷᠭᠡᠨ ᠰᠢᠯᠵᠢᠪᠡ᠃ ᠬᠡᠲᠦ ᠴᠢᠩᠭ᠋᠎ᠠ ᠠᠦ᠋ᠲ᠋ᠣ᠋ ᠡᠭᠦᠰᠦᠮᠡᠯ ᠴᠢᠳᠠᠪᠤᠷᠢ ᠲᠠᠢ ᠬᠡᠪ ᠵᠠᠭᠪᠤᠷ᠂ ᠵᠢᠱᠢᠶᠡᠯᠡᠪᠡᠯ Sora ᠵᠢᠴᠢ ᠢᠷᠡᠭᠡᠳᠦᠢ ᠳᠤ ᠵᠠᠶᠢᠯᠠᠰᠢ ᠦᠭᠡᠢ ᠨᠡᠩ ᠴᠢᠩᠭ᠋᠎ᠠ ᠸᠢᠳᠢᠣ᠋ ᠡᠭᠦᠰᠭᠡᠬᠦ ᠵᠠᠭᠪᠤᠷ ᠨᠢ ᠦᠵᠡᠵᠦ ᠰᠣᠨᠣᠰᠬᠤ ᠠᠭᠤᠯᠭ᠎ᠠ ᠦᠢᠯᠡᠳᠪᠦᠷᠢᠯᠡᠵᠦ ᠳᠠᠮᠵᠢᠭᠤᠯᠬᠤ ᠰᠠᠭᠤᠷᠢ ᠲᠥᠬᠦᠭᠡᠷᠦᠮᠵᠢ ᠪᠣᠯᠣᠨ᠎ᠠ᠃ ᠡᠳᠡᠭᠡᠷ ᠰᠠᠭᠤᠷᠢ ᠲᠥᠬᠦᠭᠡᠷᠦᠮᠵᠢ ᠨᠢ ᠬᠡᠷᠡᠭᠯᠡᠭᠴᠢ ᠶᠢᠨ ᠦᠵᠦᠭᠦᠷ ᠲᠤ ᠬᠠᠨᠳᠤᠭᠤᠯᠤᠨ ᠨᠡᠭᠡᠭᠡᠭᠰᠡᠨ ᠤ ᠳᠠᠷᠠᠭ᠎ᠠ᠂ ᠬᠦᠴᠦᠷᠬᠡᠭ ᠶᠡᠭᠡ ᠦᠢᠯᠡᠳᠪᠦᠷᠢᠯᠡᠯ ᠤᠨ ᠬᠦᠴᠦᠨ᠂ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠢᠯᠡᠷᠡᠭᠦᠯᠵᠦ᠂ ᠲᠡᠳᠡᠭᠡᠷ ᠨᠢ ᠣᠶᠤᠨᠴᠢ ᠴᠠᠭ ᠦᠶ᠎ᠡ ᠶᠢᠨ ᠰᠢᠨ᠎ᠡ ᠵᠠᠭᠤᠴᠢᠯᠠᠭᠤᠷ ᠪᠣᠯᠵᠤ᠂ ᠰᠢᠨ᠎ᠡ ᠪᠠᠷ ᠬᠥᠭᠵᠢᠭᠰᠡᠨ ᠭᠤᠣᠯ ᠵᠠᠭᠤᠴᠢᠯᠠᠭᠤᠷ ᠪᠣᠯᠬᠤ ᠪᠣᠯᠤᠨ᠎ᠠ᠃  ᠬᠤᠶᠠᠷ ᠲᠤ᠂ ᠸᠢᠳᠢᠣ᠋ ᠡᠭᠦᠰᠬᠡᠬᠦ ᠵᠠᠭᠪᠤᠷ ᠨᠢ ᠤᠯᠠᠮ ᠠᠴᠠ ᠤᠯᠠᠮ ᠠᠷᠪᠢᠨ ᠬᠡᠷᠡᠭᠯᠡᠭᠴᠢ ᠶᠢᠨ ᠲᠠᠯ᠎ᠠ ᠳᠤ ᠣᠷᠣᠪᠠ᠃ ᠣᠯᠠᠨ ᠵᠦᠢᠯ ᠤᠨ ᠬᠡᠷᠡᠭᠯᠡᠯᠲᠡ ᠨᠢ ᠲᠡᠷᠢᠭᠦᠨ ᠤ ᠵᠣᠬᠢᠶᠠᠮᠠᠯ ᠣᠶᠤᠨ ᠤ ᠴᠢᠳᠠᠪᠤᠷᠢ ᠶᠢ ᠣᠷᠤᠭᠤᠯᠵᠤ᠂ ᠰᠤᠷᠪᠤᠯᠵᠢᠯᠠᠬᠤ ᠪᠠ ᠬᠡᠷᠡᠭᠯᠡᠬᠦ ᠳᠤ ᠨᠡᠩ ᠳᠥᠭᠦᠮ ᠪᠣᠯᠭᠠᠪᠠ᠃ 2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ᠂ Adobe ᠠᠵᠢᠯ ᠤᠨ ᠤᠷᠤᠰᠬᠠᠯ ᠳᠤᠮᠳᠠ ᠪᠠᠨ Sora᠂ Pika᠂ Gen-2 ᠢ ᠪᠦᠬᠦ ᠲᠠᠯ᠎ᠠ ᠪᠠᠷ ᠡᠮᠬᠢᠳᠭᠡᠨ᠎ᠡ ᠭᠡᠵᠦ ᠨᠡᠶᠢᠲᠡᠯᠡᠪᠡ᠂ 4 ᠳ᠋ᠦ᠋ᠭᠡᠷ ᠰᠠᠷ᠎ᠠ ᠶᠢᠨ 17 ᠤ ᠡᠳᠦᠷ ᠠᠮᠠᠽᠤᠨ ᠡᠭᠦᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠴᠠ Amazon Bedrock ᠳᠡᠭᠡᠷ᠎ᠡ Anthropic ᠤᠨ Claude 3 Opus ᠵᠠᠭᠪᠤᠷ ᠢ ᠵᠢᠩᠬᠢᠨᠢ ᠪᠠᠷ ᠭᠠᠷᠭᠠᠭᠰᠠᠨ ᠢᠶᠠᠨ ᠲᠤᠩᠬᠠᠭᠯᠠᠪᠠ ᠃  ᠭᠤᠷᠪᠠ ᠳᠤ᠂ ᠡᠭᠦᠰᠦᠮᠡᠯ ᠬᠡᠯᠪᠡᠷᠢ ᠶᠢᠨ ᠬᠡᠷᠡᠭᠯᠡᠯᠲᠡ ᠨᠢ ᠣᠶᠤᠨᠴᠢ ᠴᠣᠭᠴᠠ ᠳᠤ ᠲᠦᠰᠢᠭᠯᠡᠨ ᠥᠪᠡᠷᠮᠢᠴᠡ ᠴᠢᠨᠠᠷ ᠲᠡᠶᠢᠰᠢ ᠤᠷᠤᠭᠰᠢᠯᠠᠪᠠ᠃ ᠣᠶᠤᠨᠴᠢ ᠴᠣᠭᠴᠠ ᠨᠢ ᠵᠠᠭᠪᠤᠷ ᠤᠨ ᠳᠠᠪᠬᠤᠷᠭ᠎ᠠ ᠪᠠ ᠬᠡᠷᠡᠭᠯᠡᠭᠡᠨ ᠤ ᠳᠠᠪᠬᠤᠷᠭ᠎ᠠ ᠶᠢᠨ ᠨᠠᠭᠠᠯᠳᠤᠮᠠᠬᠠᠢ ᠨᠡᠶᠢᠯᠡᠮᠡᠯ ᠬᠦᠴᠦᠨ ᠢ ᠴᠢᠩᠭᠠᠳᠬᠠᠵᠤ᠂ ᠲᠣᠮᠣ ᠬᠡᠯᠡᠨ ᠤ ᠵᠠᠭᠪᠤᠷ᠂ ᠵᠢᠷᠤᠭ ᠳᠦᠷᠰᠦ ᠪᠠ ᠳᠠᠭᠤ ᠰᠢᠩᠭᠡᠭᠡᠯᠲᠡ ᠶᠢᠨ ᠵᠠᠭᠪᠤᠷ ᠢ ᠡᠮᠬᠢᠳᠬᠡᠵᠦ᠂ ᠣᠯᠠᠨ ᠡᠭᠦᠷᠭᠡ ᠶᠢ ᠰᠢᠢᠳᠪᠦᠷᠢᠯᠡᠬᠦ ᠴᠢᠳᠠᠮᠵᠢ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠵᠠᠮ ᠪᠣᠯᠪᠠ᠃ ᠣᠶᠣᠨᠴᠢ ᠴᠣᠭᠴᠠ ᠨᠢ ᠭᠤᠤᠯᠳᠠᠭᠤ ᠲᠣᠮᠣ ᠵᠠᠭᠪᠤᠷ ᠲᠤ ᠰᠠᠭᠤᠷᠢᠯᠠᠨ ᠠᠵᠢᠯ ᠢᠶᠠᠨ ᠥᠷᠨᠢᠭᠦᠯᠵᠦ᠂ ᠪᠤᠳᠤᠯᠢᠶᠠᠨᠲᠠᠶ ᠡᠭᠦᠷᠭᠡ ᠶᠢ ᠰᠢᠢᠳᠪᠦᠷᠢᠯᠡᠨ᠎ᠡ᠂ ᠵᠢᠱᠢᠶᠡᠯᠡᠪᠡᠯ ᠬᠡᠯᠡᠨ ᠤ ᠣᠶᠢᠯᠠᠭᠠᠯᠲᠠ᠂ ᠶᠠᠷᠢᠯᠴᠠᠯᠭ᠎ᠠ ᠶᠢᠨ ᠡᠭᠦᠰᠦᠯᠲᠡ᠂ ᠠᠭᠤᠯᠭ᠎ᠠ ᠶᠢᠨ ᠵᠣᠬᠢᠶᠠᠨ ᠪᠦᠲᠦᠭᠡᠯᠭᠡ ᠬᠢᠬᠦ ᠵᠡᠷᠭᠡ ᠲᠠᠯ᠎ᠠ ᠪᠠᠷ ᠢᠯᠡᠷᠬᠡᠶ ᠳᠠᠪᠠᠭᠤᠯᠢᠭ ᠪᠠᠶᠢᠬᠤ ᠪᠥᠭᠡᠳ ᠣᠷᠴᠢᠨ ᠲᠣᠭᠤᠷᠢᠨ ᠤ ᠬᠤᠪᠢᠷᠠᠯᠲᠠ ᠪᠠ ᠬᠡᠷᠡᠭᠯᠡᠭᠴᠢ ᠶᠢᠨ ᠣᠷᠣᠭᠤᠯᠤᠯᠲᠠ ᠶᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ ᠪᠠ ᠥᠪᠡᠷ ᠢ ᠪᠠᠨ ᠰᠢᠯᠢᠳᠡᠭᠵᠢᠭᠦᠯᠵᠤ ᠴᠢᠳᠠᠨ᠎ᠠ᠃  ᠸᠢᠳᠢᠣ᠋ ᠶᠢᠨ ᠲᠣᠮᠣ ᠵᠠᠭᠪᠤᠷ ᠤᠨ ᠪᠣᠯᠪᠠᠰᠤᠷᠠᠯ ᠪᠠ ᠵᠠᠰᠠᠪᠤᠷᠢ ᠣᠷᠣᠭᠤᠯᠤᠭᠰᠠᠨ ᠥᠪᠡᠷ ᠤᠨ ᠥᠷᠲᠡᠭ ᠨᠢ ᠬᠠᠷᠢᠴᠠᠩᠭᠤᠢ ᠪᠠᠷ ᠨᠡᠯᠢᠶᠡᠳ ᠥᠨᠳᠥᠷ ᠪᠠᠶᠢᠵᠤ᠂ ᠡᠭᠴᠡ ᠲᠥᠷᠥᠯ ᠤᠨ ᠵᠠᠭᠪᠤᠷ ᠤᠨ ᠪᠦᠲᠦᠭᠡᠨ ᠪᠠᠶᠢᠭᠤᠯᠤᠯᠲᠠ ᠳᠤ ᠴᠢᠩᠭ᠎ᠠ ᠬᠦᠴᠦᠲᠡᠢ ᠭᠤᠣᠯ ᠴᠣᠭᠴᠠ ᠶᠢᠨ ᠳᠦᠯᠬᠢᠯᠲᠡ ᠶᠢ ᠱᠠᠭᠠᠷᠳᠠᠵᠤ᠂ ᠢᠷᠡᠭᠡᠳᠦᠢ ᠳᠤ ᠨᠡᠭᠡᠭᠡᠯᠲᠡ ᠬᠢᠬᠦ C ᠦᠵᠦᠭᠦᠷ ᠤᠨ ᠦᠢᠯᠡᠴᠢᠯᠡᠭᠡ ᠨᠢ ᠰᠠᠶ᠋ᠢ ᠠᠵᠢᠯ ᠲᠥᠷᠥᠯ ᠤᠨ ᠶᠡᠭᠡ ᠵᠠᠭᠪᠤᠷ ᠤᠨ ᠥᠷᠲᠡᠭ ᠢ ᠪᠠᠳᠠᠷᠠᠭᠤᠯᠵᠤ ᠴᠢᠳᠠᠨ᠎ᠠ᠃ ᠲᠤᠰᠬᠠᠢ ᠦᠢᠯᠡᠳᠪᠦᠷᠢᠯᠡᠵᠦ ᠦᠢᠯᠡᠳᠬᠦ ᠬᠦᠷᠢᠶ᠎ᠡ ᠴᠠᠷᠠᠭ᠎ᠠ ᠠᠴᠠ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠤ ᠬᠡᠷᠡᠭᠯᠡᠯᠲᠡ ᠶᠢᠨ ᠬᠠᠷᠰᠢ ᠰᠠᠭᠠᠳ ᠢ ᠠᠷᠢᠯᠭᠠᠵᠤ᠂ ᠨᠡᠯᠢᠶᠡᠳ ᠪᠠᠭ᠎ᠠ ᠣᠷᠣᠭᠤᠯᠤᠯᠲᠠ ᠶᠢ ᠠᠰᠢᠭᠯᠠᠨ᠂ AIGC ᠨᠢᠭᠡ ᠥᠷᠲᠡᠭᠡ ᠮᠠᠶ᠋ᠢᠭ ᠤᠨ ᠠᠵᠢᠯ ᠤᠨ ᠲᠠᠪᠴᠠᠩ᠂ AIGC ᠪᠠᠭᠠᠵᠢ ᠶᠢᠨ ᠬᠠᠶᠢᠷᠴᠠᠭ᠂ AIGC Hub ᠂ ᠣᠶᠣᠨᠴᠢ ᠴᠣᠭᠴᠠ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠤᠭᠳᠠᠯ ᠪᠦᠬᠦᠢ ᠵᠠᠭᠪᠤᠷ ᠤᠨ ᠬᠡᠷᠡᠭᠯᠡᠯᠲᠡ ᠶᠢ ᠠᠬᠢᠭᠤᠯᠵᠤ᠂ ᠦᠢᠯᠡᠳᠦᠭᠴᠢ ᠳᠤ ᠬᠦᠴᠦᠨ ᠣᠯᠭᠤᠬᠤ ᠶᠢ ᠠᠬᠢᠭᠤᠯᠬᠤ ᠶᠢᠨ ᠬᠠᠮᠲᠤ᠂ ᠠᠵᠢᠯ ᠤᠨ ᠤᠷᠤᠰᠬᠠᠯ ᠤᠨ ᠠᠷᠭ᠎ᠠ ᠬᠡᠯᠪᠡᠷᠢ  ᠠᠴᠠ ᠣᠶᠣᠨᠴᠢ ᠴᠣᠭᠴᠠ ᠶᠢᠨ ᠪᠦᠲᠦᠭᠡᠨ ᠪᠠᠶᠢᠭᠤᠯᠤᠯᠲᠠ ᠲᠡᠶᠢᠰᠢ ᠰᠢᠯᠵᠢᠬᠦ ᠪᠣᠯ ᠥᠪᠡᠷ ᠤᠨ ᠥᠷᠲᠡᠭ ᠬᠠᠮᠤᠭ ᠤᠨ ᠳᠣᠣᠷ᠎ᠠ ᠮᠥᠷᠲᠡᠭᠡᠨ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢᠨ ᠬᠥᠭᠵᠢᠯᠲᠡ ᠶᠢ ᠨᠠᠩ ᠰᠠᠶᠢᠨ ᠠᠬᠢᠭᠤᠯᠬᠤ ᠠᠷᠭ᠎ᠠ ᠬᠡᠯᠪᠡᠷᠢ ᠪᠣᠯᠣᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ