ᠮᠠᠨ ᠤ ᠲᠣᠪᠴᠢᠶ᠎ᠠ ᠪᠥᠬᠦ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠴᠤᠭᠯᠠᠭᠤᠯᠵᠤ ᠰᠢᠯᠭᠠᠷᠠᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/11
  ᠪᠥᠬᠦ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠬᠥᠭᠡᠭᠡᠴᠡᠯᠳᠦᠬᠦ᠂ ᠲᠡᠷᠢᠭᠦᠨ ᠤ ᠬᠢ ᠶᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠮᠠᠨ ᠤ ᠲᠣᠪᠴᠢᠶ᠎ᠠ 2024 ᠣᠨ ᠤ ᠪᠥᠬᠦ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠵᠤ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃  ᠬᠡᠷᠡᠭ ᠤᠨ ᠵᠢᠱᠢᠶ᠎ᠡ ᠴᠤᠭᠯᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠨᠡᠪᠲᠡᠷᠡᠭᠦᠯᠬᠦ ᠪᠠᠶᠢᠭᠤᠯᠤᠮᠵᠢ᠂ ᠬᠠᠮ ᠵᠠᠭᠤᠴᠢᠯᠠᠭᠤᠷ ᠤᠨ ᠲᠥᠪ ᠤᠨ ᠭᠤᠶᠤᠴᠢᠯᠠᠨ ᠮᠡᠳᠡᠭᠦᠯᠦᠭᠰᠡᠨ ᠬᠡᠷᠡᠭ ᠤᠨ ᠵᠢᠱᠢᠶ᠎ᠡ ᠶᠢ ᠨᠡᠶᠢᠲᠡ 40 ᠬᠤᠪᠢ ᠬᠦᠯᠢᠶᠡᠨ ᠠᠪᠤᠪᠠ᠃ ᠬᠢᠷᠢ ᠬᠡᠮ ᠤᠨ ᠠᠩᠬᠠᠨ ᠤ ᠬᠢᠨᠠᠯᠲᠠ᠂ ᠲᠤᠰᠬᠠᠶ ᠮᠡᠷᠭᠡᠵᠢᠯᠲᠡᠨ ᠤ ᠠᠩᠬᠠᠨ ᠤ ᠰᠢᠯᠭᠠᠷᠠᠭᠤᠯᠤᠯᠲᠠ᠂ ᠰᠦᠯᠵᠢᠶᠡᠨ ᠳᠡᠭᠡᠷ᠎ᠡ ᠬᠠᠷᠢᠭᠤ ᠮᠠᠷᠭᠤᠬᠤ᠂ ᠲᠤᠰᠬᠠᠶ ᠮᠡᠷᠭᠡᠵᠢᠯᠲᠡᠨ ᠤ ᠡᠴᠦᠰ ᠤᠨ ᠦᠨᠡᠯᠡᠯᠲᠡ ᠪᠠ ᠨᠡᠶᠢᠲᠡᠯᠡᠯ ᠢᠶᠠᠷ ᠳᠡᠮᠵᠢᠨ᠂ 4 ᠬᠤᠪᠢ ᠪᠠᠶᠢᠭᠤᠯᠤᠯ ᠵᠣᠬᠢᠴᠠᠮᠵᠢ ᠶᠢᠨ ᠥᠭᠡᠷᠡᠴᠢᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ᠂ 3 ᠬᠤᠪᠢ ᠦᠢᠯᠡᠳᠪᠦᠷᠢᠯᠡᠵᠦ ᠳᠠᠮᠵᠢᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ᠂ 3 ᠬᠤᠪᠢ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ᠂ 2 ᠬᠤᠪᠢ ᠰᠢᠨ᠎ᠡ ᠵᠠᠭᠤᠴᠢᠯᠠᠭᠤᠷ ᠤᠨ ᠲᠠᠪᠴᠠᠩ ᠤᠨ ᠪᠠᠶᠢᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠭᠠᠷᠠᠭᠤᠯᠪᠠ᠃ ᠮᠠᠨ ᠤ ᠲᠣᠪᠴᠢᠶ᠎ᠠ ᠨᠢᠭᠡᠨᠲᠡ ᠰᠣᠩᠭᠤᠭᠳᠠᠭᠰᠠᠨ ᠬᠡᠷᠡᠭ ᠤᠨ ᠵᠢᠱᠢᠶ᠎ᠡ ᠪᠠᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠥᠬᠦ ᠤᠯᠤᠰ ᠤᠨ ᠰᠢᠯᠭᠠᠷᠠᠭᠤᠯᠤᠯᠲᠠ ᠳᠤ ᠣᠷᠣᠯᠴᠠᠭᠤᠯᠬᠤ ᠶᠢᠨ ᠬᠠᠮᠲᠤ ᠵᠣᠬᠢᠴᠠᠩᠭᠤᠶ ᠳᠡᠮᠵᠢᠯᠭᠡ ᠶᠢᠨ ᠪᠠᠯᠠ ᠮᠥᠩᠭᠦ ᠣᠯᠭᠤᠪᠠ᠃  ᠲᠤᠷᠰᠢᠯᠭ᠎ᠠ ᠶᠢᠨ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠲᠣᠰ ᠤᠳᠠᠭᠠᠨ ᠤ ᠰᠢᠯᠭᠠᠷᠠᠭᠤᠯᠬᠤ ᠠᠵᠢᠯ ᠤᠨ ᠡᠴᠦᠰ ᠤᠨ ᠦᠨᠡᠯᠡᠯᠲᠡ ᠶᠢᠨ ᠭᠤᠭᠴᠤᠭ᠎ᠠ ᠳᠤ ᠰᠦᠯᠵᠢᠶᠡᠨ ᠳᠡᠭᠡᠷ᠎ᠡ ᠢᠯᠡ ᠪᠠᠷ ᠬᠠᠷᠢᠭᠤ ᠮᠠᠷᠭᠤᠬᠤ ᠬᠡᠯᠪᠡᠷᠢ ᠶᠢ ᠠᠪᠴᠤ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠠᠶᠢᠭᠤᠯᠤᠮᠵᠢ ᠪᠠ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠢ ᠤᠷᠢᠵᠤ ᠰᠦᠯᠵᠢᠶᠡᠨ ᠳᠡᠭᠡᠷ᠎ᠡ ᠲᠣᠭᠤᠷᠢᠨ ᠦᠵᠡᠭᠦᠯᠵᠦ ᠰᠤᠷᠤᠯᠴᠠᠭᠤᠯᠵᠤ᠂ ᠰᠣᠯᠢᠯᠴᠠᠭ᠎ᠠ ᠬᠢᠵᠦ ᠬᠠᠷᠢᠯᠴᠠᠨ ᠠᠬᠢᠭᠤᠯᠬᠤ ᠲᠠᠪᠴᠠᠩ ᠢ ᠪᠠᠶᠢᠭᠤᠯᠵᠤ᠂ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠪᠠ᠃︵ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ