ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠮᠠᠨ ᠤ ᠲᠣᠪᠴᠢᠶ᠎ᠠ ᠳᠤ ᠢᠷᠡᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/11
  2024 ᠣᠨ ᠤ 5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠮᠠᠨ ᠤ ᠲᠣᠪᠴᠢᠶ᠎ᠠ ᠳᠤ ᠢᠷᠡᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠶᠠᠩ ᠶᠢᠨ ᠠᠴᠠ ᠴᠢᠬᠤᠯᠠᠴᠢᠯᠠᠭᠰᠠᠨ ᠨᠢ᠂ ᠪᠥᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠᠨ ᠨᠢᠭᠡᠳᠬᠡᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠲᠣᠪᠴᠢᠶ᠎ᠠ ᠶᠢᠨ ᠰᠢᠰᠲ᠋ᠧᠮ ᠤᠨ ᠦᠨᠳᠦᠰᠦᠨ ᠱᠠᠲᠤᠨ ᠤ ᠺᠠᠳ᠋ᠷ ᠤᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠳᠤ ᠪᠠᠨ ᠡᠮᠢᠶᠡᠯ ᠲᠠᠢ᠂ ᠬᠡᠯᠡᠬᠦ ᠳᠤ ᠪᠠᠨ ᠴᠡᠭᠡᠷ ᠲᠠᠢ᠂ ᠦᠢᠯᠡ ᠠᠵᠢᠯᠯᠠᠭ᠎ᠠ ᠳᠤ ᠪᠠᠨ ᠬᠢᠵᠠᠭᠠᠷᠯᠠᠯ ᠲᠠᠢ ᠪᠣᠯᠭᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢ ᠡᠵᠡᠮᠳᠡᠵᠦ᠂ ᠦᠨᠡᠨ ᠬᠦ ᠰᠤᠷᠤᠯᠴᠠᠵᠤ ᠪᠣᠳᠠᠲᠠᠢ ᠰᠤᠷᠤᠯᠴᠠᠬᠤ ᠶᠢ ᠪᠡᠶᠡᠯᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠭᠰᠠᠨ ᠰᠠᠭᠤᠷᠢᠨ ᠳᠡᠭᠡᠷ᠎ᠡ᠂ ︽ᠲᠦᠷᠢᠮ︾ ᠢ ︽ᠬᠡᠷᠡᠭ ᠤᠨ ᠠᠩᠬᠠᠨ ᠤ ᠪᠢᠴᠢᠭ︾ ᠪᠣᠯᠭᠠᠬᠤ ᠶᠢ ᠪᠠᠷᠢᠮᠲᠠᠯᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠲᠦᠷᠢᠮ ᠲᠣᠭᠲᠠᠭᠠᠯ ᠳᠠᠷᠠᠭᠠᠯᠠᠨ ᠰᠤᠷᠤᠯᠴᠠᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠢ ᠪᠠᠷᠢᠮᠲᠠᠯᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠬᠡᠷᠡᠭᠲᠡᠢ᠃ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠰᠤᠷᠤᠯᠴᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ︽ᠭᠤᠷᠪᠠᠨ ᠤᠯᠠᠨ ᠭᠤᠷᠪᠠᠨ ᠴᠥᠬᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠴᠡᠭᠴᠡᠯᠡᠨ ᠵᠠᠰᠠᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠶᠢ ᠨᠢᠭᠡᠳᠦᠯᠲᠡᠢ ᠲᠥᠯᠥᠪᠵᠢᠭᠦᠯᠵᠦ᠂ ᠥᠪᠡᠷ ᠤᠨ ᠪᠡᠶ᠎ᠡ ᠠᠴᠠ ᠪᠠᠨ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠤᠲᠠᠭᠤᠳᠠᠯ ᠢᠶᠠᠨ ᠡᠷᠢᠵᠦ᠂ ᠭᠠᠷᠴᠤ ᠮᠡᠳᠡᠬᠦ ᠡᠯ᠎ᠡ ᠵᠦᠢᠯ ᠤᠨ ᠬᠡᠯᠪᠡᠷᠢᠴᠢ ᠦᠵᠡᠯ ᠤᠨ ᠦᠵᠡᠭᠳᠡᠯ ᠢ ᠤᠷᠢᠳᠴᠢᠯᠠᠨ ᠮᠠᠭᠠᠳᠯᠠᠵᠤ᠂ ᠪᠦᠲᠦᠮᠵᠢᠲᠡᠢ ᠰᠡᠷᠭᠡᠶᠢᠯᠡᠬᠦ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠲᠦᠷᠪᠡ ᠳᠤ᠂ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ︽ᠰᠢᠨ᠎ᠡ ᠵᠠᠮ ᠢ ᠨᠡᠭᠡᠭᠡᠵᠦ᠂ ᠳᠤᠮᠳᠠ ᠪᠠᠶᠢᠷᠢᠨ ᠳᠤ ᠣᠷᠤᠬᠤ︾ ᠬᠠᠷᠠᠯᠲᠠ ᠡᠭᠦᠷᠭᠡ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠢ ᠨᠢᠭᠲᠠ ᠤᠶᠠᠯᠳᠤᠭᠤᠯᠵᠤ᠂ ᠷᠠᠳᠢᠣ᠋ ᠲᠧᠯᠸᠢᠰ ᠤᠨ ᠦᠢᠯᠡᠴᠢᠯᠡᠭᠡ ᠶᠢ ᠴᠢᠨᠠᠭᠰᠢᠳᠠ ᠥᠷᠭᠡᠳᠬᠡᠨ ᠤᠷᠲᠤᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠲᠠᠪᠤ ᠳᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠦᠯ ᠢ ᠰᠠᠶᠢᠲᠤᠷ ᠠᠳᠬᠤᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠪᠠ ᠡᠰᠡᠷᠭᠦ ᠲᠠᠯ᠎ᠠ ᠠᠴᠠ ᠰᠡᠷᠡᠮᠵᠢᠯᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠥᠪ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠶᠢ ᠠᠬᠢᠭᠤᠯᠵᠤ᠂ ᠠᠵᠢᠯᠯᠠᠬᠤ ᠡᠷᠴᠢ ᠵᠣᠷᠢᠭ ᠢᠶᠠᠨ ᠴᠢᠩᠭᠠᠷᠠᠭᠤᠯᠵᠤ᠂ ᠠᠵᠢᠯᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠦᠬᠦ ᠲᠤᠭᠤᠷᠢᠭ ᠤᠨ ᠭᠤᠣᠯ ᠠᠵᠢᠯ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ