ᠳᠤᠮᠳᠠᠳᠤ ᠤᠯᠤᠰ ᠤᠨ ᠨᠡᠪᠲᠡᠷᠡᠭᠦᠯᠭᠡ ᠬᠥᠲᠥᠯᠦᠯᠭᠡ ᠶᠢᠨ ︽ᠠᠯᠲᠠᠨ ᠳᠠᠭᠤ ᠱᠠᠩᠨᠠᠯ︾ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠨᠡᠪᠲᠡᠷᠡᠭᠦᠯᠦᠭᠴᠢ ᠬᠥᠲᠥᠯᠥᠭᠴᠢ ᠳᠤ ᠳᠥᠷᠪᠡᠨ ᠱᠠᠭᠠᠷᠳᠠᠯᠭ᠎ᠠ ᠳᠤᠷᠠᠳᠪᠠ
ᠨᠡᠶᠢᠲᠡᠯᠡᠭᠰᠡᠨ ᠴᠠᠭ᠄
2024/5/14
  5 ᠳ᠋ᠤᠭᠠᠷ ᠰᠠᠷ᠎ᠠ ᠶᠢᠨ 12 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠨᠡᠪᠲᠡᠷᠡᠭᠦᠯᠭᠡ ᠬᠥᠲᠥᠯᠦᠯᠭᠡ ᠶᠢᠨ ︽ᠠᠯᠲᠠᠨ ᠳᠠᠭᠤ ᠱᠠᠩᠨᠠᠯ︾ ᠤᠨ ᠰᠤᠳᠤᠯᠤᠨ ᠶᠠᠷᠢᠯᠴᠠᠬᠤ ᠬᠤᠷᠠᠯ ᠢ ᠱᠠᠨᠳᠦ᠋ᠩ ᠤᠨ ᠴᠢᠩᠳᠣᠣ ᠳᠤ ᠡᠷᠬᠢᠯᠡᠵᠡᠢ᠃ ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠪᠣᠯ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠡᠪᠲᠡᠷᠡᠭᠦᠯᠭᠡ ᠬᠥᠲᠥᠯᠦᠯᠭᠡ ᠶᠢᠨ ︽ᠠᠯᠲᠠᠨ ᠳᠠᠭᠤ ᠱᠠᠩᠨᠠᠯ︾ ᠣᠯᠭᠤᠬᠤ ᠶᠣᠰᠣᠯᠠᠯ ᠤᠨ ᠢᠵᠢ ᠪᠥᠷᠢᠳᠦᠭᠦᠯᠬᠦ ᠠᠵᠢᠯᠯᠠᠭ᠎ᠠ ᠪᠣᠯᠤᠨ᠎ᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠣ᠋ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ ᠬᠤᠷᠠᠯ ᠢ ᠡᠷᠭᠢᠯᠡᠪᠡ᠃ ᠱᠠᠨᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠮᠤᠵᠢ ᠶᠢᠨ ᠳᠠᠷᠤᠭ᠎ᠠ ᠸᠠᠩ ᠬᠦᠢ ᠶᠢᠩ᠂ ᠴᠢᠩᠳᠣᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠵᠤᠤ ᠶᠠᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠪᠡ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠨᠡᠪᠲᠡᠷᠡᠭᠦᠯᠦᠭᠴᠢ ᠬᠥᠲᠥᠯᠦᠭᠴᠢ ᠶᠢᠨ ᠡᠩᠨᠡᠭᠡ ᠪᠣᠯ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠴᠢᠬᠤᠯᠠ ᠬᠦᠴᠦᠨ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠷᠭᠡᠨ ᠤᠯᠠᠨ ᠨᠡᠪᠲᠡᠷᠡᠭᠦᠯᠦᠭᠴᠢ ᠬᠥᠲᠥᠯᠥᠭᠴᠢ ᠤᠯᠤᠰ ᠲᠦᠷᠦ ᠶᠢ ᠡᠷᠬᠢᠮᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠬᠤ ᠣᠪᠣᠷ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠠᠮᠢ ᠪᠡᠶ᠎ᠡ ᠪᠠᠨ ᠥᠯᠥ ᠬᠠᠶᠢᠷᠠᠯᠠᠬᠤ ᠵᠣᠷᠢᠭ ᠰᠠᠨᠠᠭ᠎ᠠ ᠪᠣᠯᠤᠨ ᠳᠡᠭᠡᠳᠦ ᠬᠡᠮᠵᠢᠶᠡᠨ ᠤ ᠡᠭᠦᠷᠭᠡᠲᠦ ᠪᠤᠳᠤᠯ ᠬᠠᠷᠢᠭᠤᠴᠠᠯᠭᠠᠲᠤ ᠰᠡᠳᠬᠢᠯᠭᠡ ᠪᠠᠷ ᠨᠠᠮ ᠤᠨ ᠳᠠᠭᠤᠨ ᠢ ᠢᠳᠡᠪᠬᠢᠲᠡᠢ ᠳᠠᠮᠵᠢᠭᠤᠯᠵᠤ᠂ ᠠᠷᠠᠳ ᠤᠯᠠᠨ ᠳᠤ ᠦᠢᠯᠡᠴᠢᠯᠡᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠨᠡᠪᠲᠡᠷᠡᠭᠦᠯᠭᠡ ᠬᠥᠲᠥᠯᠦᠯᠭᠡ ᠶᠢᠨ ︽ᠠᠯᠲᠠᠨ ᠳᠠᠭᠠᠭᠤᠯ ᠱᠠᠩᠨᠠᠯ︾ ᠪᠣᠯ ᠮᠠᠨ ᠤ ᠤᠯᠤᠰ ᠤᠨ ᠨᠡᠪᠲᠡᠷᠡᠭᠦᠯᠭᠡ ᠬᠥᠲᠥᠯᠦᠯᠭᠡ ᠶᠢᠨ ᠬᠦᠷᠢᠶᠡᠨ ᠳᠠᠬᠢ ᠤᠯᠤᠰ ᠤᠨ ᠲᠠᠰ ᠤᠨ ᠵᠠᠰᠠᠭ ᠤᠨ ᠣᠷᠳᠣᠨ ᠤ ᠱᠠᠩᠨᠠᠯ ᠮᠥᠨ᠂ ᠡᠨᠡ ᠨᠢ ᠨᠠᠮ ᠪᠠ ᠤᠯᠤᠰ ᠠᠴᠠ ᠨᠡᠪᠲᠡᠷᠡᠭᠦᠯᠦᠭᠴᠢ ᠬᠥᠲᠥᠯᠥᠭᠴᠢ ᠶᠢᠨ ᠡᠩᠨᠡᠭᠡ ᠶᠢ ᠬᠠᠯᠠᠮᠵᠢᠯᠠᠵᠤ ᠪᠠᠶᠢᠬᠤ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠭᠦᠢᠴᠡᠳ ᠬᠠᠷᠠᠭᠤᠯᠵᠤ ᠪᠠᠶᠢᠨ᠎ᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠠᠯᠲᠠᠨ ᠳᠠᠭᠤ ᠱᠠᠩᠨᠠᠯ︾ ᠢ ᠰᠢᠯᠭᠠᠷᠠᠭᠤᠯᠬᠤ ᠪᠠᠷ ᠭᠠᠷᠳᠠᠴᠠ ᠪᠣᠯᠭᠠᠵᠤ᠂ ᠠᠵᠢᠯ ᠲᠥᠷᠥᠯ ᠤᠨ ᠬᠡᠪ ᠳᠠᠭᠤᠷᠢᠶᠠᠯ ᠢ ᠤᠯᠠᠮ ᠨᠢᠭᠡ ᠠᠯᠬᠤᠮ ᠪᠣᠶ ᠪᠣᠯᠭᠠᠵᠤ᠂ ᠴᠢᠳᠠᠪᠤᠷᠢᠲᠠᠨ ᠢ ᠨᠢᠭᠲᠠᠷᠠᠭᠤᠯᠤᠨ᠂ ᠴᠢᠳᠠᠪᠤᠷᠢᠲᠠᠨ ᠢ ᠬᠦᠲᠦᠯᠦᠨ᠂ ᠴᠢᠳᠠᠪᠤᠷᠢᠲᠠᠨ ᠢ ᠬᠥᠮᠦᠵᠢᠭᠦᠯᠵᠦ᠂ ᠨᠡᠪᠲᠡᠷᠡᠭᠦᠯᠭᠡ ᠬᠥᠲᠥᠯᠦᠯᠭᠡ ᠪᠠᠷ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠢᠯ ᠲᠥᠷᠥᠯ ᠤᠨ ᠬᠦᠴᠦᠨ ᠢ ᠨᠢᠭᠲᠠᠷᠠᠭᠤᠯᠤᠨ᠂ ᠠᠵᠢᠯ ᠲᠥᠷᠥᠯ ᠤᠨ ᠢᠲᠡᠭᠡᠯ ᠵᠣᠷᠢᠭ ᠢ ᠬᠥᠪᠴᠢᠯᠡᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠨ᠎ᠠ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠴᠠᠭ ᠦᠶ᠎ᠡ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠶᠢᠨ ᠡᠮᠦᠨ᠎ᠡ᠂ ᠨᠡᠪᠲᠡᠷᠡᠭᠦᠯᠦᠭᠴᠢ ᠬᠥᠲᠥᠯᠦᠭᠴᠢ ᠠᠴᠠ ᠨᠢᠭᠡ ᠳᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠤᠨᠤᠯ ᠤᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠣᠯᠤᠨ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠳᠠᠮᠵᠢᠭᠤᠯᠤᠭᠴᠢ᠂ ᠨᠠᠮ ᠪᠣᠯᠤᠨ ᠤᠯᠤᠰ ᠤᠨ ᠲᠠᠭᠤᠨ ᠢ ᠳᠠᠮᠵᠢᠭᠤᠯᠤᠭᠴᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠭᠴᠢ᠂ ᠠᠷᠠᠳ ᠤᠯᠠᠨ ᠤ ᠠᠰᠢᠭ ᠲᠤᠰᠠ ᠶᠢᠨ ᠬᠠᠮᠠᠭᠠᠯᠠᠭᠴᠢ ᠪᠣᠯᠬᠤ ᠬᠡᠷᠡᠭᠲᠡᠢ᠃ ᠬᠤᠶᠠᠷ ᠲᠤ᠂ ᠷᠠᠳᠢᠣ᠋ ᠲᠧᠯᠸᠢᠰ ᠤᠨ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠨᠡᠪᠲᠡᠷᠡᠭᠦᠯᠭᠡ ᠬᠦᠲᠦᠯᠦᠯᠭᠡ ᠶᠢᠨ ᠡᠩᠨᠡᠭᠡᠨ ᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠤᠭ ᠰᠠᠨᠠᠭ᠎ᠠ ᠪᠠᠨ ᠢᠮᠠᠭᠲᠠ ᠪᠠᠲᠤ ᠰᠠᠬᠢᠵᠤ᠂ ᠠᠬᠠᠮᠠᠳ ᠨᠢᠭᠡ ᠦᠶ᠎ᠡ ᠶᠢᠨ ᠬᠢᠨ ᠤ ᠦᠯᠡᠳᠡᠭᠡᠭᠰᠡᠨ ᠡᠷᠬᠢᠮ ᠨᠠᠨᠳᠢᠨ ᠡᠳ᠋ ᠪᠠᠶᠠᠯᠢᠭ ᠢ ᠰᠠᠶᠢᠲᠤᠷ ᠰᠤᠷᠤᠯᠴᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠪᠠᠳᠠᠷᠠᠭᠤᠯᠬᠤ ᠶᠢᠨ ᠬᠠᠮᠲᠤ ᠲᠠᠰᠤᠷᠠᠯᠳᠠ ᠦᠭᠡᠢ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠷᠠᠳᠢᠣ᠋ ᠲᠧᠯᠸᠢᠰ ᠤᠨ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠵᠠ ᠲᠣᠬᠢᠶᠠᠯ ᠪᠣᠯᠤᠨ ᠥᠷᠢᠰᠥᠯᠳᠦᠭᠡᠨ ᠳᠤ ᠰᠢᠭᠤᠳ ᠬᠠᠨᠳᠤᠵᠤ᠂ ︽ᠬᠤᠶᠠᠷ ᠭᠤᠷᠪᠠ ᠲᠦᠷᠪᠡ︾ ᠠᠵᠢᠯ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠠᠴᠠ ᠪᠢᠳᠡᠨ ᠳᠤ ᠳᠠᠭᠠᠭᠠᠯᠭᠠᠭᠰᠠᠨ ᠰᠢᠨ᠎ᠡ ᠰᠣᠶᠣᠯ ᠤᠨ ᠡᠭᠦᠷᠭᠡ ᠶᠢ ᠰᠠᠶᠢᠲᠤᠷ ᠡᠭᠦᠷᠭᠡᠯᠡᠬᠦ ᠬᠡᠷᠡᠭᠲᠡᠢ᠃ ᠭᠤᠷᠪᠠ ᠳᠤ᠂ ᠮᠣᠷᠠᠯ ᠮᠡᠷᠭᠡᠰᠢᠯ ᠢ ᠬᠥᠭᠡᠭᠡᠴᠡᠯᠳᠦᠵᠦ᠂ ᠲᠤᠰ ᠪᠡᠶ᠎ᠡ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠬᠢᠴᠢᠶᠡᠩᠭᠦ᠋ᠢᠯᠡᠨ ᠰᠠᠬᠢᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠥᠪᠡᠷ ᠢ ᠪᠠᠨ ᠬᠦᠨᠳᠦᠳᠬᠡᠨ ᠪᠡᠶ᠎ᠡ ᠪᠠᠨ ᠲᠤᠩᠭᠠᠵᠤ᠂ ᠰᠠᠶᠢᠨ ᠰᠠᠶᠢᠬᠠᠨ ᠵᠠᠩ ᠮᠣᠷᠠᠯ᠂ ᠡᠷᠬᠢᠮ ᠳᠡᠭᠡᠳᠦ ᠵᠠᠩ ᠰᠤᠷᠲᠠᠯ ᠢᠶᠠᠷ ᠪᠦᠬᠦ ᠨᠡᠶᠢᠭᠡᠮ ᠳᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠦᠷᠪᠡ ᠳᠤ᠂ ᠠᠵᠢᠯ ᠦᠢᠯᠡᠰ ᠢᠶᠠᠨ ᠳᠡᠭᠡᠳᠦᠯᠡᠵᠦ᠂ ᠰᠢᠮᠳᠠᠨ ᠰᠤᠷᠤᠯᠴᠠᠵᠤ᠂ ᠰᠡᠳᠭᠢᠨ ᠪᠣᠳᠤᠯᠬᠢᠯᠠᠵᠤ᠂ ᠢᠮᠠᠭᠲᠠ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠰᠡᠷᠭᠡᠭ ᠪᠠᠶᠢᠬᠤ ᠶᠢ ᠪᠠᠲᠤᠯᠠᠵᠤ᠂ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠮ᠎ᠡ ᠶᠣᠰᠣ ᠶᠢ ᠴᠢᠷᠮᠠᠶᠢᠨ ᠡᠵᠡᠮᠳᠡᠵᠦ᠂ ᠢᠯᠡᠳᠬᠡᠬᠦ ᠬᠡᠯᠪᠡᠷᠢ ᠪᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠠᠮᠢᠳᠤᠷᠠᠯ ᠳᠤ ᠭᠦᠨᠵᠡᠭᠡᠶᠢᠷᠡᠬᠦ᠂ ᠠᠷᠠᠳ ᠲᠦᠮᠡᠨ ᠤ ᠳᠤᠮᠳᠠ ᠰᠠᠭᠤᠷᠢᠯᠠᠭᠰᠠᠨ ᠦᠢᠯᠡᠳᠦᠯᠭᠡ ᠶᠢᠨ ᠳᠤᠮᠳᠠ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠬᠤ ᠬᠡᠷᠡᠭᠲᠡᠢ ᠭᠡᠵᠡᠢ᠃  ᠬᠤᠶᠠᠷ ᠬᠤᠭᠤᠴᠠᠭᠠᠨ ᠤ ︽ᠠᠯᠲᠠᠨ ᠳᠠᠭᠤ ᠱᠠᠩᠨᠠᠯ︾ ᠢ ᠬᠦᠷᠲᠡᠭᠴᠢ ᠶᠢᠨ ᠲᠥᠯᠥᠭᠡᠯᠡᠭᠴᠢ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠠᠮ ᠵᠠᠭᠤᠴᠢᠯᠠᠭᠤᠷ ᠤᠨ ᠨᠡᠪᠲᠡᠷᠡᠭᠦᠯᠦᠭᠴᠢ ᠬᠥᠲᠥᠯᠦᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠭᠴᠢᠳ ᠤᠨ ᠲᠥᠯᠥᠭᠡᠯᠡᠭᠴᠢ᠂ ᠨᠡᠪᠲᠡᠷᠡᠭᠦᠯᠭᠡ ᠬᠥᠲᠦᠯᠦᠯᠭᠡ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠡᠷᠳᠡᠮᠲᠡᠳ ᠤᠨ ᠲᠥᠯᠥᠭᠡᠯᠡᠭᠴᠢ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ᠂ ᠱᠠᠨᠳᠦ᠋ᠩ ᠮᠤᠵᠢ ᠪᠣᠯᠤᠨ ᠴᠢᠩᠳᠤᠤ ᠬᠤᠲᠠ ᠶᠢᠨ ᠬᠠᠮᠢᠶ᠎ᠠ ᠪᠥᠬᠦᠶ ᠲᠠᠯ᠎ᠠ᠂ ᠬᠤᠯᠪᠤᠭᠳᠠᠯ ᠪᠥᠬᠦᠶ ᠮᠤᠵᠢ ︵ᠬᠤᠲᠠ᠂ ᠲᠣᠭᠤᠷᠢᠭ︶ ᠶᠢᠨ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ᠂ ᠭᠤᠤᠯᠳᠠᠯᠭ᠎ᠠ ᠲᠠᠢ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠬᠠᠷᠢᠭᠤᠴᠠᠯᠭᠠᠲᠠᠳ ᠪᠣᠯᠤᠨ ᠵᠠᠭᠤᠴᠢᠯᠠᠭᠤᠷ ᠤᠨ ᠲᠥᠯᠥᠭᠡᠯᠡᠭᠴᠢ ᠵᠡᠷᠭᠡ 300 ᠭᠠᠷᠤᠶ ᠬᠥᠮᠦᠨ ᠬᠤᠷᠠᠯ ᠳᠤ ᠣᠷᠣᠯᠴᠠᠪᠠ᠃  ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠵᠢᠯᠣᠭᠤᠳᠴᠤ᠂ ᠳᠤᠮᠳᠠᠳᠤ ᠤᠯᠤᠰ ᠤᠨ ᠲᠧᠯᠸᠢᠰ ᠤᠷᠠᠯᠢᠭ ᠤᠨ ᠵᠥᠪᠯᠡᠯ᠂ ᠱᠠᠨᠳᠦ᠋ᠩ ᠮᠤᠵᠢ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠴᠢᠩᠳᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠱᠠᠨᠳᠦ᠋ᠩ ᠤᠨ ᠷᠠᠳᠢᠣ᠋ ᠲᠧᠯᠸᠢᠰ ᠬᠤᠷᠢᠶ᠎ᠠ ᠠᠴᠠ ᠭᠤᠤᠯᠯᠠᠨ ᠡᠷᠭᠢᠯᠡᠵᠦ᠂ ᠳᠤᠮᠳᠠᠳᠤ ᠤᠯᠤᠰ ᠤᠨ ᠲᠧᠯᠸᠢᠰ ᠤᠷᠠᠯᠢᠭ ᠤᠨ ᠰᠣᠯᠢᠯᠴᠠᠭᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠷᠠᠯᠢᠭ ᠤᠨ ᠮᠠᠲ᠋ᠧᠷᠢᠶᠠᠯ ᠤᠨ ᠰᠤᠳᠤᠯᠭᠠᠨ ᠤ ᠲᠥᠪ᠂ ᠴᠢᠩᠳᠣᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠴᠢᠩᠳᠣᠤ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ︶ ᠠᠴᠠ ᠳᠠᠭᠠᠭᠠᠴᠢᠯᠠᠨ ᠡᠷᠭᠢᠯᠡᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ