ᠷᠠᠳᠢᠣ᠋ ᠲᠧᠯᠸᠢᠰ ᠤᠨ ᠦᠵᠡᠵᠦ ᠰᠣᠨᠣᠰᠬᠤ ᠪᠦᠲᠦᠭᠡᠯ ᠤᠨ ᠵᠣᠬᠢᠶᠠᠨ ᠪᠦᠲᠦᠭᠡᠯᠭᠡ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠢᠯᠢᠳᠡᠭ ᠪᠦᠲᠦᠭᠡᠯ ᠲᠠᠰᠤᠷᠠᠯᠲᠠ ᠥᠬᠡᠶ ᠢᠯᠡᠷᠡᠪᠡ
ᠨᠡᠶᠢᠲᠡᠯᠡᠭᠰᠡᠨ ᠴᠠᠭ᠄
2024/5/15
  ᠣᠶᠢᠷ᠎ᠠ ᠶᠢᠨ ᠵᠢᠯ ᠠᠴᠠ᠂ ᠮᠠᠨ ᠤ ᠲᠣᠪᠴᠢᠶ᠎ᠠ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠡᠳᠦᠪ ᠰᠣᠩᠭᠤᠬᠤ ᠶᠢ ᠲᠥᠰᠦᠪᠯᠡᠨ ᠵᠢᠯᠣᠭᠤᠳᠬᠤ᠂ ᠰᠢᠯᠢᠳᠡᠭ ᠪᠦᠲᠦᠭᠡᠯ ᠢ ᠰᠢᠯᠢᠳᠡᠭᠵᠢᠭᠦᠯᠬᠦ ᠶᠢ ᠲᠡᠳᠬᠦᠬᠦ᠂ ᠭᠤᠤᠯᠳᠠᠯᠭ᠎ᠠ ᠲᠠᠢ ᠲᠥᠷᠥᠯ ᠵᠦᠢᠯ ᠢ ᠨᠡᠪᠴᠢᠭᠦᠯᠦᠨ ᠵᠣᠬᠢᠶᠠᠨ ᠪᠦᠲᠦᠭᠡᠬᠦ ᠶᠢ ᠴᠢᠩᠭᠠᠳᠬᠠᠵᠤ᠂ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠠᠬᠢᠭᠤᠯᠪᠠ᠃ 2023 ᠣᠨ ᠠᠴᠠ ᠨᠠᠭᠠᠰᠢ᠂ ᠨᠡᠶᠢᠲᠡ 33 ᠦᠵᠡᠵᠦ ᠰᠣᠨᠣᠰᠬᠤ ᠪᠦᠲᠦᠭᠡᠯ ᠤᠨ ᠡᠯ᠎ᠡ ᠲᠥᠷᠥᠯ ᠤᠨ ᠰᠢᠯᠢᠳᠡᠭ ᠢ ᠲᠠᠨᠢᠯᠴᠠᠭᠤᠯᠬᠤ ᠱᠠᠩᠨᠠᠯ ᠤᠨ ᠬᠥᠬᠢᠭᠦᠯᠦᠯ ᠢ ᠭᠥᠷᠳᠡᠵᠦ᠂ 2 ᠠᠭᠤᠰᠤᠯᠴᠠᠯ ᠤᠨ ᠲᠥᠷᠥᠯ ᠵᠦᠢᠯ ᠨᠢ ᠲᠥᠷᠥᠯ ᠵᠦᠢᠯ ᠤᠨ ᠨᠡᠷ᠎ᠡ ᠳᠤᠷᠠᠳᠤᠯᠭ᠎ᠠ ᠶᠢ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠨᠢ ᠶᠡᠷᠦᠩᠬᠡᠶ ᠲᠣᠪᠴᠢᠶ᠎ᠠ ᠶᠢᠨ 2023 ᠣᠨ ᠤ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠤᠯᠠᠷᠢᠯ ᠳᠤ ᠰᠢᠯᠢᠳᠡᠭ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠨᠢᠭᠡᠴᠢ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ 2022 ᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠳᠡᠮᠵᠢᠬᠦ ᠲᠥᠷᠥᠯ ᠵᠦᠢᠯ ᠤᠨ ᠰᠢᠯᠢᠳᠡᠭ ᠳᠠᠮᠵᠢᠭᠤᠯᠭ᠎ᠠ ᠶᠢᠨ ᠪᠠᠶᠢᠭᠤᠯᠤᠮᠵᠢ ᠪᠠᠷ ᠦᠨᠡᠯᠡᠭᠳᠡᠪᠡ᠃ ᠰᠣᠩᠭᠤᠭᠳᠠᠭᠰᠠᠨ ᠪᠦᠲᠦᠭᠡᠯ ᠨᠢ ᠦᠵᠡᠯ ᠰᠠᠨᠠᠭ᠎ᠠ ᠨᠢ ᠭᠦᠨᠵᠡᠭᠡᠶ᠂ ᠤᠷᠠᠯᠢᠭ ᠨᠢ ᠨᠠᠷᠢᠯᠢᠭ᠂ ᠦᠢᠯᠡᠳᠦᠭᠰᠡᠨ ᠨᠢ ᠨᠠᠷᠢᠯᠢᠭ ᠪᠠᠶᠢᠵᠤ᠂ ᠭᠤᠤᠯ ᠬᠥᠭ ᠠᠶᠠᠰ ᠢ ᠢᠳᠡᠪᠬᠢᠲᠡᠶ ᠪᠠᠷ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃  ᠨᠢᠭᠡ᠂ ᠴᠢᠬᠤᠯᠠ ᠶᠡᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠦᠶ᠎ᠡ ᠶᠢᠨ ᠰᠤᠳᠠᠯ ᠤᠨ ᠯᠤᠭᠰᠢᠯᠲᠠ ᠶᠢ ᠴᠢᠩᠭ᠎ᠠ ᠠᠳᠬᠤᠪᠠ  ᠦᠨᠡᠯᠡᠭᠳᠡᠭᠰᠡᠨ ᠪᠦᠲᠦᠭᠡᠯ ᠨᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠳᠤ ᠰᠠᠭᠤᠷᠢᠯᠠᠵᠤ᠂ ᠤᠯᠠᠨ ᠡᠰᠢᠲᠦ ᠰᠡᠳᠦᠪ᠂ ᠥᠷᠭᠡᠨ ᠠᠭᠤᠳᠠᠮ ᠠᠵᠢᠭᠯᠠᠯᠲᠠ ᠶᠢᠨ ᠬᠠᠷᠠᠭᠠᠰᠤ᠂ ᠥᠪᠡᠷᠮᠢᠴᠡ ᠰᠢᠨ᠎ᠡ ᠰᠡᠪᠡᠭᠦᠨ ᠬᠦᠦᠷᠨᠢᠯ ᠤᠨ ᠬᠠᠷᠠᠭᠠᠰᠤ ᠪᠣᠯᠤᠨ ᠵᠣᠬᠢᠶᠠᠨ ᠪᠦᠲᠦᠭᠡᠬᠦ ᠬᠡᠯᠪᠡᠷᠢ ᠪᠠᠷ ᠬᠥᠭᠵᠢᠯᠲᠡ ᠶᠢᠨ ᠦᠯᠢᠭᠡᠷ ᠢ ᠲᠣᠭᠠᠴᠢᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠬᠦᠦᠷᠨᠢᠪᠡ᠃  ᠣᠨᠣᠯ ᠤᠨ ᠲᠧᠯᠸᠢᠰ ᠤᠨ ᠫᠷᠤᠭ᠍ᠷᠠᠮ ︽ᠡᠬᠢᠯᠡᠯᠲᠡ ᠨᠢ ᠶᠣᠰᠣ ᠲᠠᠢ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠨᠴᠠᠭᠠᠶ ᠫᠷᠤᠭ᠍ᠷᠠᠮ ︽ᠦᠢᠯᠡᠳᠦᠯᠭᠡ π ︾ ᠶᠢ ᠭᠠᠷᠭᠠᠵᠤ᠂ ᠪᠥᠬᠦ ᠤᠯᠤᠰ ᠤᠨ ᠠᠷᠪᠠᠨ ᠨᠢᠭᠡᠨ ᠮᠤᠵᠢ ︵ᠬᠤᠲᠠ ᠲᠣᠭᠤᠷᠢᠭ︶ ᠵᠢᠴᠢ ᠠᠷᠪᠠᠨ ᠨᠢᠭᠡᠨ ᠨᠠᠷᠠᠲᠤ ᠳᠡᠭᠡᠳᠦ ᠰᠤᠷᠭᠠᠭᠤᠯᠢ ᠲᠠᠢ ᠬᠤᠯᠪᠣᠭᠠᠯᠠᠨ ᠬᠥᠳᠡᠯᠦᠯᠴᠡᠵᠦ᠂ ᠠᠷᠪᠠᠨ ᠨᠢᠭᠡᠨ ᠲᠠᠩᠬᠢᠮ ᠬᠠᠷᠢᠯᠴᠠᠨ ᠬᠦᠳᠡᠯᠦᠯᠴᠡᠬᠦ ᠬᠡᠯᠪᠡᠷᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠣᠯᠢᠯᠴᠠᠭ᠎ᠠ ᠬᠢᠵᠦ᠂ ᠥᠪᠡᠷᠮᠢᠴᠡ ᠰᠢᠨ᠎ᠡ ᠬᠡᠯᠪᠡᠷᠢ ᠶᠢᠨ ᠵᠣᠬᠢᠶᠠᠨ ᠪᠦᠲᠦᠭᠡᠬᠦ ᠬᠡᠯᠪᠡᠷᠢ ᠪᠠ ᠬᠦᠦᠷᠨᠢᠯ ᠤᠨ ᠬᠠᠷᠠᠭᠠᠰᠤ ᠠᠴᠠ ᠳᠤᠮᠳᠠᠳᠤ ᠤᠯᠤᠰ ᠤᠨ ᠡᠬᠡ ᠭᠠᠵᠠᠷ ᠤᠨ ᠣᠳᠣᠬᠢᠴᠢᠯᠠᠯᠲᠠ ᠶᠢᠨ ᠰᠢᠨ᠎ᠡ ᠵᠠᠭᠪᠤᠷ ᠢ ᠳᠡᠯᠭᠡᠨ ᠦᠵᠡᠭᠦᠯᠪᠡ᠃ ᠲᠣᠭᠯᠠᠯᠲᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠶ ᠭᠦᠨᠵᠡᠭᠡᠶ ᠪᠣᠳᠣᠯᠬᠢᠯᠠᠬᠤ ᠶᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠶᠢᠨ ᠡᠷᠬᠡ ᠰᠦᠷᠲᠦ ᠤᠨᠤᠯ ᠤᠨ ᠡᠷᠳᠡᠮᠲᠡᠨ ᠢ ᠤᠷᠢᠵᠤ᠂ ᠦᠢᠯᠡᠳᠦᠯᠭᠡ ᠪᠠ ᠣᠨᠣᠯ ᠢ ᠤᠶᠠᠯᠳᠤᠭᠤᠯᠵᠤ᠂ ᠤᠨᠤᠯ ᠤᠨ ᠰᠤᠷᠤᠯᠴᠠᠯᠭ᠎ᠠ ᠪᠠ ᠦᠢᠯᠡᠳᠦᠯᠭᠡ ᠶᠢ ᠬᠠᠷᠢᠯᠴᠠᠨ ᠰᠢᠮᠡᠵᠢᠭᠦᠯᠵᠦ᠂ ᠦᠵᠡᠭᠴᠢᠳ ᠤᠨ ᠬᠦᠷᠢᠶᠡᠯᠡᠯ ᠢ ᠤᠯᠪᠠ᠃ ᠪᠦᠲᠦᠭᠡᠯ ᠨᠢ ᠥᠪᠡᠷᠮᠢᠴᠡ ᠦᠵᠡᠵᠦ ᠰᠣᠨᠣᠰᠬᠤ ᠮᠡᠷᠭᠡᠵᠢᠯ ᠢ ᠠᠰᠢᠭᠯᠠᠨ᠂ ᠬᠡᠶᠢᠰᠪᠦᠷᠢ ᠪᠠ ᠪᠣᠳᠠᠲᠤ ᠪᠠᠶᠢᠳᠠᠯ ᠢ ᠣᠷᠭᠠᠨᠢᠭ ᠢᠶᠠᠷ ᠤᠶᠠᠯᠳᠤᠭᠤᠯᠵᠤ᠂ ᠤᠯᠠᠮᠵᠢᠯᠠᠯᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠬᠢᠯᠡᠯᠲᠡ ᠶᠢ ᠡᠪᠳᠡᠵᠦ᠂ ᠣᠷᠣᠨ ᠵᠠᠶ ᠶᠢᠨ ᠬᠢᠵᠠᠭᠠᠷᠯᠠᠯ ᠢ ᠭᠥᠷᠳᠡᠬᠦ ᠥᠬᠡᠶ ᠪᠠᠶᠢᠵᠤ᠂ ᠪᠣᠳᠠᠲᠤ ᠪᠠᠶᠢᠳᠠᠯ ᠢ ᠨᠠᠩ ᠥᠯᠢᠭᠡᠷ ᠳᠠᠭᠤᠷᠢᠶᠠᠯ ᠲᠠᠢ ᠪᠣᠯᠭᠠᠪᠠ᠃  ᠷᠠᠳᠢᠣ᠋ ᠨᠡᠪᠲᠡᠷᠡᠭᠦᠯᠭᠡ ᠶᠢᠨ ᠲᠤᠰᠬᠠᠶ ᠰᠡᠳᠦᠪᠲᠦ ︽ᠤᠮᠠᠷᠠᠲᠤ ᠬᠢᠯᠢ ᠶᠢᠨ ᠰᠠᠶᠢᠬᠠᠨ ᠦᠵᠡᠮᠵᠢ︾ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠤᠨ ᠴᠡᠷᠢᠭ ᠠᠩᠭᠢ ᠨᠠᠮ ᠤᠨ ᠵᠢᠯᠣᠭᠤᠳᠣᠯᠭ᠎ᠠ ᠶᠢ ᠳᠠᠭᠠᠬᠤ︾ ᠡᠨᠡ ᠬᠦ ᠴᠢᠬᠤᠯᠠ ᠶᠡᠭᠡ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠠᠬᠤᠶᠢᠴᠢ ᠦᠵᠡᠯ ᠤᠨ ᠠᠷᠭ᠎ᠠ ᠪᠠᠷᠢᠯ ᠢᠶᠠᠷ ᠬᠢᠯᠢ ᠶᠢᠨ ᠬᠠᠮᠠᠭᠠᠯᠠᠯᠲᠠ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠥᠭᠭᠦᠭᠰᠡᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠶᠢ ᠢᠯᠡᠷᠡᠭᠦᠯᠪᠡ᠃ ᠰᠤᠷᠪᠤᠯᠵᠢᠯᠠᠭᠴᠢ ᠥᠪᠥᠷ ᠮᠣᠩᠭᠤᠯ ᠤᠨ ᠨᠠᠢᠮᠠᠨ ᠮᠢᠩᠭᠠᠨ ᠭᠠᠵᠠᠷ ᠤᠨ ᠬᠢᠯᠢ ᠶᠢᠨ ᠰᠡᠷᠭᠡᠶᠢᠯᠡᠯᠲᠡ ᠶᠢᠨ ᠱᠤᠭᠤᠮ ᠢ ᠰᠤᠷᠪᠤᠯᠵᠢᠯᠠᠭᠰᠠᠨ ᠨᠢ ᠴᠡᠷᠢᠭ ᠤᠨ ᠬᠤᠸᠠᠷᠠᠨ ᠳᠤ ᠭᠦᠨᠵᠡᠭᠡᠶᠢᠷᠡᠵᠦ᠂ ᠶᠡᠭᠡ ᠠᠯᠭᠠᠰᠠᠯ᠂ ᠶᠡᠭᠡ ᠭᠦᠨ᠂ ᠥᠷᠭᠡᠨ ᠬᠠᠷᠠᠭᠠᠰᠤ ᠶᠢᠨ ᠠᠷᠭ᠎ᠠ ᠪᠠᠷ ᠳᠠᠮᠵᠢᠭᠤᠯᠤᠨ᠂ ᠳᠠᠭᠤᠨ ᠢᠶᠠᠷ ᠳᠠᠮᠵᠢᠭᠤᠯᠤᠨ ᠥᠷᠭᠡᠨ ᠣᠯᠠᠨ ᠠᠷᠠᠳ ᠲᠦᠮᠡᠨ ᠳᠤ ᠬᠢᠯᠢ ᠶᠢᠨ ᠬᠠᠮᠠᠭᠠᠯᠠᠯᠲᠠ ᠶᠢᠨ ᠦᠯᠢᠭᠡᠷ ᠢ ᠶᠠᠷᠢᠪᠠ᠃  ᠷᠠᠳᠢᠣ᠋ ᠵᠦᠴᠦᠭᠡ ︽ᠰᠠᠯᠬᠢᠨ ᠤ ᠦᠵᠡᠭᠦᠯᠭᠡ ᠶᠢᠨ ᠤᠯᠠᠭᠠᠨ ᠲᠤᠭ ᠵᠢᠷᠤᠭ ᠮᠡᠲᠦ︾ ᠨᠢ ᠳᠦᠷᠰᠦᠯᠢᠭ᠂ ᠤᠷᠠᠯᠢᠭ ᠢ ᠠᠭᠤᠯᠤᠭᠰᠠᠨ ᠬᠡᠯᠪᠡᠷᠢ ᠪᠠᠷ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠭᠡᠬᠦ ᠡᠨᠡ ᠬᠦ ᠬᠥᠮᠦᠰ ᠤᠨ ᠰᠡᠳᠭᠢᠯ ᠳᠤ ᠭᠦᠨ ᠰᠠᠭᠤᠭᠳᠠᠭᠰᠠᠨ ᠤᠮᠠᠷᠠᠲᠤ ᠬᠢᠯᠢ ᠶᠢᠨ ᠰᠣᠶᠣᠯ ᠤᠨ ᠲᠡᠮᠳᠡᠭ ᠢ ᠭᠦᠨᠵᠡᠭᠡᠢ ᠵᠢᠷᠤᠵᠤ᠂ ᠬᠠᠭᠠᠰ ᠢᠯᠡᠭᠦᠦ ᠵᠠᠭᠤᠨ ᠠᠴᠠ ᠨᠠᠭᠠᠰᠢᠬᠢ ᠰᠥᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠢᠮᠠᠭᠲᠠ ᠬᠤᠪᠢᠷᠠᠰᠢ ᠦᠭᠡᠢ᠂ ᠦᠨᠳᠦᠰᠦᠨ ᠱᠠᠲᠤᠨ ᠳᠤ ᠦᠢᠯᠡᠴᠢᠯᠡᠭᠰᠡᠨ ᠰᠡᠳᠭᠢᠯ ᠬᠥᠳᠡᠯᠭᠡᠮ᠎ᠡ ᠦᠯᠢᠭᠡᠷ ᠢ ᠡᠷᠭᠢᠨ ᠵᠢᠷᠤᠭᠯᠠᠪᠠ᠃ ᠵᠦᠴᠦᠭᠡ ᠳᠤ ᠤᠷᠲᠤ ᠶᠢᠨ ᠳᠠᠭᠤᠤ᠂ ᠬᠥᠭᠡᠮᠡᠢ᠂ ᠮᠣᠷᠢᠨ ᠬᠤᠭᠤᠷ᠂ ᠬᠤᠯᠪᠣᠭ᠎ᠠ ᠵᠡᠷᠭᠡ ᠣᠯᠠᠨ ᠵᠦᠢᠯ ᠤᠨ ᠳᠠᠭᠤᠤ ᠬᠥᠭᠵᠢᠮ ᠤᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠦᠯᠢᠭᠡᠷ ᠤᠨ ᠬᠠᠶᠢᠷ᠎ᠠ ᠰᠡᠳᠬᠢᠯᠭᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠦᠢᠯᠡ ᠶᠠᠪᠤᠳᠠᠯ ᠤᠨ ᠬᠥᠭᠵᠢᠯᠲᠡ ᠶᠢ ᠠᠬᠢᠭᠤᠯᠤᠨ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢᠨ ᠤᠷᠠᠯᠢᠭ ᠢᠶᠠᠷ ᠥᠨᠢ ᠤᠳᠠᠭᠠᠨ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠲᠣᠰ ᠵᠦᠴᠦᠭᠡ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ 2023 ᠣᠨ ᠤ ᠳᠥᠷᠪᠡᠳᠦᠭᠡᠷ ᠤᠯᠠᠷᠢᠯ ᠤᠨ ᠰᠢᠯᠢᠳᠡᠭ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠢ ᠭᠥᠷᠳᠡᠪᠡ᠃  ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ︽ᠰᠢᠯᠦᠭ ᠢᠶᠠᠷ ᠴᠠᠢ ᠠᠷᠢᠬᠢ ᠪᠣᠯᠭᠠᠵᠤ᠂ ᠰᠢᠨ᠎ᠡ ᠬᠥᠳᠡᠭᠡ ᠲᠣᠰᠬᠤᠨ ᠢ ᠬᠠᠮᠲᠤ ᠪᠠᠷ ᠶᠠᠷᠢᠯᠴᠠᠶ᠎ᠠ︾ ᠭᠡᠬᠦ ᠰᠢᠯᠦᠭ ᠳᠠᠭᠤᠯᠠᠯ ᠢ ᠬᠥᠳᠡᠭᠡ ᠲᠣᠰᠬᠤᠨ ᠤ ᠵᠢᠷᠤᠭ ᠳᠦᠷᠰᠦ ᠲᠠᠢ ᠤᠶᠠᠯᠳᠤᠭᠤᠯᠵᠤ᠂ ᠲᠠᠨᠢᠯ ᠲᠠᠰᠤᠯ ᠰᠢᠯᠦᠭ ᠢᠶᠠᠷ ᠡᠷᠲᠡᠨ ᠤ ᠬᠥᠳᠡᠭᠡ ᠨᠤᠲᠤᠭ᠂ ᠪᠣᠷᠣᠭᠵᠢᠭᠤᠨ ᠠᠷᠠᠳ ᠤᠨ ᠰᠤᠷᠲᠠᠯ᠂ ᠡᠯᠪᠡᠭ ᠬᠤᠷᠢᠶᠠᠯᠲᠠ ᠶᠢ ᠪᠠᠭ᠋ᠠᠷᠬᠠᠬᠤ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠵᠡᠷᠭᠡ ᠡᠶ᠎ᠡ ᠵᠣᠬᠢᠴᠠᠩᠭᠤᠶ ᠭᠤᠸ᠎ᠠ ᠰᠠᠶᠢᠬᠠᠨ ᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠶ᠃  ᠬᠤᠶᠠᠷ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠣᠶᠣᠯ ᠤᠨ ᠤᠯᠠᠮᠵᠢᠯᠠᠯ ᠳᠤ ᠬᠦᠴᠦᠨ ᠨᠡᠮᠡᠷᠢᠯᠡᠪᠡ  ᠳᠤᠮᠳᠠᠳᠤ ᠤᠯᠤᠰ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠲᠠᠢ᠂ ᠥᠨᠢ ᠤᠳᠠᠭᠠᠨ ᠳᠤᠮᠳᠠᠳᠤ ᠶᠢᠨ ᠪᠣᠯᠪᠠᠰᠤᠨ ᠪᠣᠯ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠣᠩᠭᠤᠳ ᠤᠨ ᠪᠠᠶᠠᠯᠢᠭ ᠡᠷᠳᠡᠨᠢᠰ ᠤᠨ ᠰᠠᠩ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠤᠶᠤᠨ ᠤᠬᠠᠭᠠᠨ ᠤ ᠦᠷ᠎ᠡ ᠪᠦᠲᠦᠭᠡᠯ ᠪᠠ ᠣᠬᠢ ᠰᠣᠳᠣ ᠮᠥᠨ᠃ ᠦᠨᠡᠯᠡᠭᠳᠡᠭᠰᠡᠨ ᠪᠦᠲᠦᠭᠡᠯ ᠨᠢ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠭᠵᠢᠯᠲᠡ ᠳᠤ ᠬᠠᠨᠳᠤᠭᠤᠯᠵᠤ᠂ ᠠᠳᠠᠯᠢ ᠪᠤᠰᠤ ᠬᠠᠷᠠᠭᠠᠰᠤ ᠠᠴᠠ ᠤᠯᠠᠮᠵᠢᠯᠠᠯᠲᠤ ᠰᠣᠶᠣᠯ ᠤᠨ ᠤᠬᠢ ᠰᠣᠳᠣ ᠶᠢ ᠭᠦᠨᠵᠡᠭᠡᠶ ᠠᠭᠤᠳᠠᠯᠵᠤ᠂ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠪᠠ ᠰᠣᠶᠣᠯ ᠤᠨ ᠢᠲᠡᠭᠡᠯ ᠢ ᠢᠯᠡᠷᠡᠭᠦᠯᠵᠡᠶ᠃
W020240515532053396564.png
  ᠲᠣᠮᠣ ᠬᠡᠯᠪᠡᠷᠢ ᠶᠢᠨ ᠰᠣᠶᠣᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ ︽ᠬᠠᠲᠤᠨ ᠭᠤᠤᠯ ᠤᠨ ᠰᠦᠭ ᠰᠦᠨᠡᠰᠦ︾ ᠨᠢ ︽ᠬᠠᠲᠤᠨ ᠭᠤᠤᠯ︾ ᠭᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠲᠣᠭᠤᠷᠢᠨ ᠳᠤ᠂ ᠬᠠᠲᠤᠨ ᠭᠤᠤᠯ ᠳᠠᠭᠠᠤ ᠶᠢᠨ ᠪᠣᠳᠠᠰ ᠤᠨ ᠪᠤᠰᠤ ᠰᠣᠶᠣᠯ ᠤᠨ ᠥᠪ ᠢᠶᠠᠷ ᠠᠴᠢᠶᠠᠯᠠᠪᠤᠷᠢ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠪᠥᠬᠦ ᠪᠠᠶᠢᠳᠠᠯ ᠢ ᠪᠥᠬᠦ ᠰᠡᠳᠭᠢᠯᠭᠡ ᠪᠥᠬᠦ ᠦᠵᠡᠮᠵᠢ ᠪᠠᠷ ᠢᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ᠠᠤᠭ᠎ᠠ ᠶᠡᠭᠡ ᠵᠢᠷᠤᠭ ᠢ ᠵᠢᠷᠤᠭᠯᠠᠵᠤ᠂ ︽ᠬᠠᠲᠤᠨ ᠭᠤᠤᠯ ᠢᠶᠠᠷ ᠳᠤᠮᠳᠠᠳᠤ ᠤᠯᠤᠰ ᠢ ᠲᠣᠭᠠᠴᠢᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠳᠤᠮᠳᠠᠳᠤ ᠤᠯᠤᠰ ᠢ ᠲᠣᠳᠣᠷᠠᠭᠤᠯᠬᠤ︾ ᠶᠢ ᠭᠦᠨᠵᠡᠭᠡᠶ ᠢᠯᠡᠷᠡᠭᠦᠯᠪᠡ᠃ ᠫᠷᠤᠭ᠍ᠷᠠᠮ ᠤᠨ ᠲᠤᠬᠠᠶ ᠶᠢᠨ ᠲᠠᠯᠠᠪᠠᠶ ᠳᠤ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠰᠠᠶᠢᠨ ᠳᠤᠷᠠᠴᠤᠳ ︽ᠪᠣᠳᠠᠰ ᠤᠨ ᠪᠤᠰᠤ ᠰᠣᠶᠣᠯ ᠤᠨ ᠬᠠᠮᠠᠭᠠᠯᠠᠯᠲᠠ ᠶᠢᠨ ᠪᠦᠯᠬᠦᠮ ︾ ᠢ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠠᠢ ᠬᠠᠮᠲᠤ ᠪᠠᠷ ᠤᠷᠠᠯᠢᠭ ᠤᠨ ᠬᠠᠮᠠᠭᠠᠯᠠᠯᠲᠠ ᠪᠠ ᠰᠣᠶᠣᠯ ᠤᠨ ᠤᠯᠠᠮᠵᠢᠯᠠᠯ ᠢᠶᠠᠷ ᠤᠯᠠᠮᠵᠢᠯᠠᠯᠲᠤ ᠰᠣᠶᠣᠯ ᠢ ᠬᠥᠭᠵᠢᠭᠡᠵᠦ᠂ ᠴᠠᠭ ᠦᠶ᠎ᠡ ᠶᠢᠨ ᠵᠣᠷᠢᠭ ᠰᠠᠨᠠᠭ᠎ᠠ ᠪᠠ ᠦᠨᠳᠦᠰᠦᠲᠡᠨ ᠤ ᠵᠣᠷᠢᠭ ᠰᠠᠨᠠᠭ᠎ᠠ ᠪᠠᠷ ᠳᠤᠮᠳᠠᠳᠤ ᠶᠢᠨ ᠰᠣᠶᠣᠯ ᠤᠨ ᠤᠳᠤᠮᠰᠢᠯ ᠢ ᠦᠷᠭᠦᠯᠵᠢᠯᠡᠭᠦᠯᠵᠦ᠂ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠰᠡᠳᠬᠢᠯ ᠢ ᠪᠠᠷᠢᠮᠲᠠᠯᠠᠵᠤ᠂ ᠮᠠᠨ ᠤ ᠡᠨᠡ ᠬᠦ ᠴᠠᠭ ᠦᠶ᠎ᠡ ᠳᠤ ᠬᠠᠷᠢᠶᠠᠯᠠᠭᠳᠠᠬᠤ ᠰᠢᠨ᠎ᠡ ᠰᠣᠶᠣᠯ ᠢ ᠬᠠᠮᠲᠤ ᠪᠠᠷ ᠴᠢᠷᠮᠠᠶᠢᠨ ᠡᠭᠦᠳᠴᠦ᠂ ᠭᠦᠨ ᠵᠤᠵᠠᠭᠠᠨ ᠳᠤᠮᠳᠠᠳᠤ ᠶᠢᠨ ᠪᠣᠯᠪᠠᠰᠤᠨ ᠢ ᠢᠯᠡᠷᠡᠭᠦᠯᠵᠡᠶ᠃  ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ︽ᠳᠡᠯᠡᠬᠡᠢ ᠳ᠋ᠠᠬᠢᠨ ᠳᠤ ᠥᠪᠥᠷ ᠮᠣᠩᠭᠤᠯ ᠢ ᠰᠣᠨᠣᠰᠬᠠᠶ᠎ᠠ︾ ᠭᠡᠬᠦ ᠳᠠᠭᠤᠤ ᠨᠢ ᠳᠠᠭᠤᠤ ᠬᠥᠭᠵᠢᠮ ᠤᠨ ᠡᠯᠧᠮᠧᠨ᠋ᠲ ᠢ ᠤᠷᠠᠨ ᠢᠶᠠᠷ ᠬᠡᠷᠡᠭᠯᠡᠵᠦ᠂ ᠬᠤᠩᠱᠠᠨ ᠤ ᠰᠣᠶᠣᠯ ᠤᠨ ᠥᠪᠡᠷᠮᠢᠴᠡ ᠠᠭᠤᠯᠤᠭᠳᠠᠬᠤᠨ᠂ ᠪᠣᠷᠣᠲᠣᠬᠤᠢ ᠶᠢᠨ ᠰᠣᠶᠣᠯ ᠤᠨ ᠤᠯᠠᠷᠢᠯ ᠬᠤᠪᠢᠷᠠᠯ ᠤᠨ ᠰᠡᠶᠢᠯᠦᠮᠡᠯ᠂ ᠲᠠᠯ᠎ᠠ ᠨᠤᠲᠤᠭ ᠤᠨ ᠰᠣᠶᠣᠯ ᠤᠨ ᠬᠦᠭᠵᠢᠶᠡᠨᠳᠦ ᠬᠦᠭᠵᠢᠮ ᠤᠨ ᠠᠶᠠᠰ ᠢ ᠬᠠᠩᠬᠢᠨᠠᠭᠤᠯᠵᠤ᠂ ᠳᠡᠯᠡᠬᠡᠢ ᠳ᠋ᠠᠬᠢᠨ ᠳᠤ ᠥᠪᠥᠷ ᠮᠣᠩᠭᠤᠯ ᠤᠨ ᠳᠠᠭᠤᠨ ᠢ ᠰᠣᠨᠣᠰᠬᠠᠵᠠᠢ᠃  ︽ᠵᠤᠯᠠ ᠶᠢᠨ ᠬᠤᠷᠢᠮ ᠤᠨ ᠡᠳᠦᠷ︾ ᠢ ᠵᠤᠯᠠ ᠶᠢᠨ ᠬᠤᠷᠢᠮ ᠤᠨ ᠶᠣᠰᠣᠯᠠᠯ ᠢᠶᠠᠷ ᠦᠯᠢᠭᠡᠷ ᠤᠨ ᠠᠷᠤ ᠦᠵᠡᠭᠳᠡᠯ ᠪᠣᠯᠭᠠᠵᠤ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠯᠬᠤ ᠡᠸᠡᠩᠬᠢ ᠲᠥᠩᠭᠦᠰ ᠤᠨ ᠬᠤᠪᠴᠠᠰᠤ ᠵᠠᠰᠠᠯ ᠦᠢᠯᠡᠳᠬᠦ ᠭᠠᠷ ᠤᠷᠠᠯᠠᠯ ᠢ ᠲᠠᠨᠢᠯᠴᠠᠭᠤᠯᠵᠤ᠂ ᠲᠤᠬᠠᠢ ᠶᠢᠨ ᠭᠠᠵᠠᠷ ᠤᠨ ᠬᠥᠮᠦᠨ ᠰᠣᠶᠣᠯ ᠤᠨ ᠵᠠᠩ ᠦᠢᠯᠡ ᠶᠢ ᠵᠢᠷᠤᠭᠯᠠᠵᠤ᠂ ᠴᠠᠭ ᠬᠤᠭᠤᠴᠠᠭᠠᠨ ᠳᠤ ᠪᠤᠯᠠᠭᠳᠠᠭᠰᠠᠨ ᠤᠷᠠᠯᠢᠭ ᠤᠨ ᠣᠬᠢ ᠰᠣᠳᠤ ᠶᠢ ᠬᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠳᠡᠯᠡᠬᠡᠢ ᠳ᠋ᠠᠬᠢᠨ ᠢ ᠳᠣᠩᠰᠣᠯᠭᠠᠭᠰᠠᠨ ᠭᠠᠶᠢᠬᠠᠮᠰᠢᠭᠲᠤ ᠪᠦᠲᠦᠭᠡᠯ ᠢ ᠬᠡᠷᠬᠢᠨ ᠪᠦᠲᠦᠭᠡᠭᠰᠡᠨ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠲᠠᠯ᠎ᠠ ᠨᠤᠲᠤᠭ ᠤᠨ ᠮᠢᠩᠭ᠎ᠠ ᠭᠠᠷᠤᠢ ᠡᠮᠡᠭᠲᠡᠢ ᠮᠠᠯᠴᠢᠳ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠭᠤᠯᠵᠤ᠂ ︽ᠬᠤᠶᠠᠷ ᠭᠠᠷ ᠢᠶᠠᠷ ᠢᠶᠠᠨ ᠠᠮᠢᠳᠤᠷᠠᠯ ᠢᠶᠠᠨ ᠴᠣᠭᠴᠠᠯᠠᠬᠤ︾ ᠣᠶᠢᠯᠠᠭᠠᠭᠳᠠᠬᠤᠨ ᠢ ᠳᠠᠮᠵᠢᠭᠤᠯᠵᠠᠢ᠃
W020240515532053483858.png
  ᠰᠦᠯᠵᠢᠶᠡᠨ ᠤ ᠣᠬᠤᠷ ᠸᠢᠳᠢᠣ᠋ ︽ᠬᠤᠭᠤᠷ ᠤᠨ ᠦᠢᠯᠡᠰ ᠤᠨ ᠤᠷᠠᠨ ᠳᠠᠷᠬᠠᠨ ᠤ ᠰᠡᠳᠬᠢᠯ — ᠵᠥᠪᠬᠡᠨ ᠰᠠᠶᠢᠨ ᠬᠤᠭᠤᠷ ᠢ ᠬᠢᠬᠦ ᠶᠢᠨ ᠲᠥᠯᠥᠭᠡ︾ ᠨᠢ ᠤᠷᠠᠨ ᠳᠠᠷᠬᠠᠨ ᠤ ᠬᠠᠷᠠᠭᠠᠰᠤ ᠪᠠᠷ ᠭᠠᠷᠳᠠᠬᠤ ᠴᠡᠭ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠮᠣᠷᠢᠨ ᠬᠤᠭᠤᠷ ᠤᠨ ᠨᠠᠷᠢᠯᠢᠭ ᠰᠡᠶᠢᠯᠦᠮᠡᠯ ᠬᠢᠬᠦ ᠤᠷ᠎ᠠ ᠮᠡᠷᠭᠡᠵᠢᠯ ᠢ ᠲᠠᠶᠢᠯᠪᠤᠷᠢᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠵᠤ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠦᠵᠡᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠪᠡ᠃  ᠭᠤᠷᠪᠠ᠂ ᠪᠣᠳᠠᠲᠤ ᠠᠮᠢᠳᠤᠷᠠᠯ ᠳᠤ ᠦᠨᠳᠦᠰᠦᠯᠡᠵᠦ᠂ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠪᠠ  ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢᠨ ᠳᠣᠣᠷ᠎ᠠ᠂ ᠠᠭᠤᠯᠭ᠎ᠠ ᠶᠢᠨ ᠵᠣᠬᠢᠶᠠᠨ ᠪᠦᠲᠦᠭᠡᠯᠭᠡ ᠨᠢ ᠨᠡᠶᠢᠭᠡᠮ ᠤᠨ ᠪᠣᠳᠠᠲᠤ ᠠᠬᠤᠢ ᠪᠠ ᠠᠷᠠᠳ ᠤᠨ ᠠᠮᠢᠳᠤᠷᠠᠯ ᠢ ᠵᠢᠷᠤᠭᠯᠠᠬᠤ ᠡᠷᠴᠢᠮ ᠢ ᠴᠢᠬᠤᠯᠠᠴᠢᠯᠠᠵᠤ᠂ ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠪᠡ᠃ ᠵᠢᠵᠢᠭ ᠢᠶᠠᠷ ᠶᠡᠭᠡ ᠶᠢ ᠬᠠᠯᠠᠮᠵᠢᠯᠠᠬᠤ ᠬᠦᠦᠷᠨᠢᠯ᠂ ᠰᠠᠶᠢᠨ ᠰᠠᠶᠢᠬᠠᠨ ᠤᠷᠠᠯᠢᠭ ᠤᠨ ᠢᠯᠡᠳᠬᠡᠯ᠂ ᠤᠯᠠᠨ ᠲᠦᠮᠡᠨ ᠤ ᠠᠮᠢᠳᠤᠷᠠᠯ ᠳᠤ ᠤᠢᠢᠷᠠᠳᠤᠭᠰᠠᠨ ᠦᠵᠡᠭᠳᠡᠯ ᠤᠨ ᠦᠭᠡ ᠬᠡᠯᠡ ᠪᠠᠷ ᠳᠤᠮᠳᠠᠳᠤ ᠤᠯᠤᠰ ᠤᠨ ᠦᠯᠢᠭᠡᠷ ᠢ ᠶᠠᠷᠢᠵᠤ᠂ ᠤᠯᠠᠨ ᠢ ᠲᠡᠮᠡᠴᠡᠯ ᠤᠨ ᠵᠠᠮ ᠳᠡᠭᠡᠷ᠎ᠡ ᠪᠠᠨ ᠰᠡᠳᠬᠢᠯ ᠵᠢᠷᠦᠬᠡ ᠪᠠᠨ ᠬᠤᠯᠪᠣᠵᠤ᠂ ᠬᠠᠮᠲᠤ ᠪᠠᠷ ᠤᠷᠤᠭᠰᠢᠯᠠᠬᠤ ᠶᠢ ᠵᠣᠷᠢᠭᠵᠢᠭᠤᠯᠪᠠ᠃
W020240515532053609521.png
  ᠷᠠᠳᠢᠣ᠋ ᠵᠦᠴᠦᠭᠡ ︽ᠬᠦᠬᠡᠮᠦ᠋ᠷᠡᠨ ᠨᠠᠭᠠᠰᠢ ᠠᠶᠢᠰᠤᠢ︾ ᠨᠢ ᠦᠭᠡᠶᠢᠭᠦᠦ ᠠᠩᠭᠢ ᠶᠢᠨ ᠰᠣᠨᠢᠨ ᠮᠡᠳᠡᠭᠡᠨ ᠤ ᠦᠢᠯᠡᠰ ᠤᠨ ᠭᠠᠷᠮᠠᠭᠠᠢ ᠤᠳᠤᠷᠢᠳᠤᠭᠴᠢ᠂ ᠰᠢᠨ᠎ᠡ ᠳᠤᠮᠳᠠᠳᠤ ᠤᠯᠤᠰ ᠤᠨ ᠰᠣᠨᠢᠨ ᠮᠡᠳᠡᠭᠡᠨ ᠤ ᠦᠢᠯᠡᠰ ᠤᠨ ᠡᠭᠦᠳᠦᠨ ᠨᠡᠬᠡᠭᠡᠭᠴᠢ ᠹᠠᠨ ᠴᠠᠩ ᠵᠢᠶᠠᠩ ᠤᠨ ᠥᠪᠥᠷ ᠮᠣᠩᠭᠤᠯ ᠪᠣᠯᠤᠨ ᠴᠦᠩᠴᠢᠩ ᠬᠤᠶᠠᠷ ᠭᠠᠵᠠᠷ ᠲᠤ ᠬᠢᠭᠰᠡᠨ ᠰᠣᠨᠢᠨ ᠮᠡᠳᠡᠭᠡᠨ ᠤ ᠰᠤᠷᠪᠤᠯᠵᠢᠯᠠᠭ᠎ᠠ ᠶᠢᠨ ᠦᠢᠯᠡᠳᠦᠯᠭᠡ ᠪᠣᠯᠤᠨ ᠬᠤᠪᠢᠰᠬᠠᠯ ᠤᠨ ᠣᠶᠢᠯᠠᠭᠠᠯᠲᠠ ᠶᠢᠨ ᠶᠠᠪᠤᠴᠠ ᠪᠠᠷ ᠭᠤᠣᠯ ᠱᠤᠭᠤᠮ ᠪᠣᠯᠭᠠᠵᠤ᠂ ᠳᠤᠮᠳᠠᠳᠤ ᠤᠯᠤᠰ ᠤᠨ ᠬᠤᠪᠢᠰᠬᠠᠯ ᠤᠨ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠠᠰᠠᠭᠤᠳᠠᠯ ᠳᠤ ᠹᠠᠨ ᠴᠠᠩ ᠵᠢᠶᠠᠩ ᠤᠨ ᠳᠤᠮᠳᠠᠳᠤ ᠤᠯᠤᠰ ᠤᠨ ᠬᠤᠪᠢᠰᠬᠠᠯ ᠤᠨ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠠᠰᠠᠭᠤᠳᠠᠯ ᠳᠤ ᠦᠵᠡᠭᠦᠯᠦᠭᠰᠡᠨ ᠴᠢᠬᠤᠯᠠ ᠦᠢᠯᠡᠳᠦᠯ ᠪᠣᠯᠤᠨ ᠰᠣᠨᠢᠨ ᠮᠡᠳᠡᠭᠡᠨ ᠤ ᠠᠮᠵᠢᠯᠲᠠ ᠪᠦᠲᠦᠮᠵᠢ ᠶᠢ ᠢᠯᠡᠷᠡᠭᠦᠯᠬᠦ ᠶᠢᠨ ᠬᠠᠮᠲᠤ᠂ ᠰᠣᠨᠣᠰᠤᠭᠴᠢᠳ ᠲᠤ ᠹᠠᠨ ᠴᠠᠩ ᠵᠢᠶᠠᠩ ᠤᠨ ᠦᠨᠡᠨ ᠢ ᠬᠥᠭᠡᠭᠡᠴᠡᠯᠳᠦᠬᠦ᠂ ᠦᠨᠡᠨ ᠶᠣᠰᠣ ᠶᠢ ᠡᠷᠢᠬᠦ᠂ ᠦᠨᠡᠨ ᠮᠡᠳᠡᠯᠭᠡ ᠶᠢ ᠳᠠᠮᠵᠢᠭᠤᠯᠬᠤ ᠬᠥᠭᠡᠭᠡᠴᠡᠯᠳᠦᠯ᠂ ᠵᠣᠷᠢᠭ ᠰᠥᠰᠥ ᠪᠣᠯᠣᠨ ᠬᠡᠪ ᠨᠠᠮᠪᠠ ᠨᠢ ᠣᠯᠠᠨ ᠢ ᠳᠠᠭᠠᠭᠤᠯᠤᠨ ᠡᠭᠦᠨ ᠤ ᠳᠣᠲᠣᠷ᠎ᠠ ᠠᠴᠠ ᠣᠶᠤᠨ ᠤᠬᠠᠭᠠᠨ ᠪᠣᠯᠤᠨ ᠬᠦᠴᠦᠨ ᠴᠢᠳᠠᠯ ᠢ ᠰᠢᠩᠭᠡᠭᠡᠨ ᠠᠪᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠪᠠ᠃  ᠰᠢᠷᠢᠰ ᠰᠤᠨᠢᠨ ᠮᠡᠳᠡᠭᠡ ᠶᠢᠨ ᠮᠡᠲᠡᠬᠡᠯᠡᠯ ︽ᠰᠤᠷᠪᠤᠯᠵᠢᠯᠠᠭᠴᠢ ᠶᠢᠨ ᠪᠠᠶᠢᠴᠠᠭᠠᠯᠲᠠ᠄ ᠬᠤᠨᠢᠨ ᠠᠷᠠᠰᠤ ᠬᠠᠮᠢᠭ᠎ᠠ ᠶᠠᠪᠤᠴᠢᠬᠠᠪᠠ︖︾ ᠨᠢ ᠦᠵᠡᠭᠳᠡᠯ ᠢ ᠥᠪᠥᠷ ᠮᠣᠩᠭᠤᠯ ᠤᠨ ᠠᠷᠠᠰᠤ ᠰᠢᠷᠢ ᠦᠢᠯᠡᠳᠬᠦ ᠠᠵᠢᠯ ᠲᠦᠷᠦᠯ ᠤᠨ ᠬᠥᠭᠵᠢᠯᠲᠡ ᠶᠢᠨ ᠬᠦᠴᠢᠷᠳᠡᠯ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠬᠠᠷᠠᠭᠠᠰᠤ ᠠᠴᠠ ᠨᠡᠶᠢᠭᠡᠮ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠳᠤᠷᠠᠳᠬᠤ᠂ ᠠᠰᠠᠭᠤᠳᠠᠯ ᠢ ᠰᠢᠢᠳᠪᠦᠷᠢᠯᠡᠬᠦ ᠲᠤᠬᠠᠢ ᠮᠡᠳᠡᠭᠡᠯᠡᠯ ᠤᠨ ᠯᠣᠭᠢᠭ ᠢ ᠡᠵᠡᠮᠳᠡᠵᠦ᠂ ᠦᠬᠡᠷ ᠬᠤᠨᠢᠨ ᠤ ᠠᠷᠠᠰᠤ ᠨᠣᠣᠰᠤᠨ ᠤ ︽ᠳᠠᠷᠤᠯᠠᠯ︾ ᠢ ᠳᠤᠷᠠᠳᠴᠤ᠂ ᠠᠷᠠᠳ ᠤᠯᠠᠨ ᠤ ᠠᠰᠢᠭ ᠣᠷᠣᠯᠭ᠎ᠠ ᠶᠢ ᠬᠠᠮᠤᠭ ᠤᠨ ᠶᠡᠭᠡ ᠪᠣᠯᠭᠠᠬᠤ ᠰᠢᠢᠳᠪᠦᠷᠢᠯᠡᠬᠦ ᠠᠷᠭ᠎ᠠ ᠵᠠᠮ ᠢ ᠳᠤᠷᠠᠳᠪᠠ᠃ ᠮᠡᠳᠡᠭᠡᠯᠡᠯ ᠨᠢ ᠠᠷᠠᠳ ᠤᠨ ᠠᠮᠢᠳᠤᠷᠠᠯ ᠤᠨ ᠠᠩᠬᠠᠷᠤᠯ ᠳᠤ ᠬᠠᠷᠢᠭᠤ ᠥᠭᠴᠦ᠂ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠣᠳᠣᠯᠬᠢᠯᠠᠯ ᠬᠠᠩᠭᠠᠵᠤ᠂ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃  ᠰᠦᠯᠵᠢᠶᠡᠨ ᠤ ᠣᠬᠤᠷ ᠸᠢᠳᠢᠣ᠋ ︽ᠨᠣᠬᠠᠢ ᠶᠢᠨ ᠪᠥᠯᠬᠦᠮ ᠶᠡᠭᠡ ᠭᠠᠪᠢᠶ᠎ᠠ ᠪᠠᠶᠢᠭᠤᠯᠪᠠ︕ ᠭᠠᠪᠢᠶᠠᠲᠤ ᠨᠣᠬᠠᠢ ︿ᠬᠠᠷ᠎ᠠ ᠢᠷᠪᠢᠰ﹀ ᠢᠷᠡᠯ᠎ᠡ︕︾ ᠨᠢ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠦᠨᠡᠯᠡᠨ ᠲᠣᠭᠲᠠᠭᠠᠭᠰᠠᠨ ᠲᠦᠷᠦᠭᠦᠤ ᠪᠦᠯᠦᠭ ︽ᠭᠠᠪᠢᠶᠠᠲᠤ ᠨᠣᠬᠠᠶ︾ ᠪᠣᠯᠬᠤ ᠬᠠᠷ᠎ᠠ ᠢᠷᠪᠢᠰ ᠢ ᠵᠣᠬᠢᠶᠠᠨ ᠪᠦᠲᠦᠭᠡᠯᠭᠡ ᠶᠢᠨ ᠠᠬᠤᠶ ᠪᠠᠶᠢᠳᠠᠯ ᠪᠣᠯᠭᠠᠵᠤ᠂ ᠴᠠᠭᠳᠠᠭᠤᠯ ᠨᠣᠬᠠᠶ ᠶᠢ ᠬᠥᠮᠦᠨᠴᠢᠯᠡᠵᠣ᠂ ᠺᠠᠷᠲ᠋ᠣᠨ ᠤ ᠠᠪᠢᠶ᠎ᠠ ᠲᠠᠭᠠᠷᠠᠭᠤᠯᠬᠤ ᠪᠠᠷ ᠳᠠᠮᠵᠢᠭᠤᠯᠤᠨ ᠬᠠᠷ᠎ᠠ ᠢᠷᠪᠢᠰ ᠢᠶᠠᠷ ᠥᠪᠡᠷ ᠢᠶᠠᠨ ᠬᠢᠯᠢ ᠶᠢᠨ ᠴᠠᠭᠳᠠᠭᠠᠨ ᠤ ᠨᠣᠬᠠᠶ ᠵᠢᠴᠢ ᠠᠷᠠᠳ ᠤᠨ ᠴᠠᠭᠳᠠᠭ᠎ᠠ ᠶᠢᠨ ᠡᠳᠦᠷ ᠲᠤᠲᠤᠮ ᠤᠨ ᠠᠵᠢᠯ ᠪᠠ ᠠᠮᠢᠳᠤᠷᠠᠯ ᠤᠨ ᠲᠤᠬᠠᠶ ᠶᠠᠷᠢᠭᠤᠯᠪᠠ᠃  ᠪᠠᠷᠢᠮᠲᠠᠲᠤ ᠹᠢᠯᠢᠮ ︽ᠬᠠᠲᠤᠨ ᠭᠤᠤᠯ ᠤᠨ ᠠᠳᠡᠬᠢ ᠲᠣᠬᠤᠢ︾ ᠨᠢ 8 ᠣᠬᠤᠷ ᠹᠢᠯᠢᠮ ᠢᠶᠠᠷ ᠳᠠᠮᠵᠢᠭᠤᠯᠤᠨ ᠬᠠᠲᠤᠨ ᠭᠤᠤᠯ ᠤᠨ ᠲᠣᠮᠣ ᠲᠣᠬᠤᠢ ᠶᠢᠨ ᠣᠷᠳᠣᠰ ᠤᠨ ᠠᠷᠠᠳ ᠣᠯᠠᠨ ᠤ ᠬᠥᠮᠦᠰ ᠤᠨ ᠰᠡᠳᠬᠢᠯ ᠢ ᠬᠥᠳᠡᠯᠭᠡᠮ᠎ᠡ ᠥᠯᠢᠭᠡᠷ ᠢ ᠬᠤᠯᠪᠣᠵᠤ᠂ ᠬᠠᠲᠤᠨ ᠭᠤᠤᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠪᠠ᠃ ᠡᠭᠡᠯ ᠵᠢᠷ ᠤᠨ ᠬᠥᠮᠦᠨ ᠤ ᠵᠢᠵᠢᠭ ᠦᠯᠢᠭᠡᠷ ᠨᠢ ᠴᠠᠭ ᠦᠶ᠎ᠡ ᠶᠢᠨ ᠶᠡᠭᠡ ᠭᠤᠣᠯ ᠰᠡᠳᠦᠪ ᠲᠠᠢ ᠵᠡᠷᠭᠡ ᠪᠠᠷ ᠶᠠᠪᠤᠭᠳᠠᠵᠤ᠂ ᠨᠠᠷᠢᠨ ᠨᠢᠮᠪᠠᠢ ᠶᠢ ᠬᠥᠭᠡᠭᠡᠴᠡᠯᠳᠦᠵᠦ᠂ ᠴᠤᠭ ᠵᠢᠪᠬᠤᠭ᠎ᠠ ᠶᠢ ᠬᠥᠭᠡᠭᠡᠴᠡᠯᠳᠦᠵᠦ᠂ ᠠᠮᠢᠳᠤᠯᠢᠭ ᠬᠦᠴᠦᠨ ᠲᠠᠢ᠂ ᠣᠷᠭᠢᠯᠤᠮ᠎ᠠ ᠬᠠᠯᠠᠭᠤᠨ ᠳᠤᠮᠳᠠᠳᠤ ᠤᠯᠤᠰ ᠢ ᠪᠢᠴᠢᠭᠯᠡᠨ᠎ᠡ᠃︵ᠬᠢᠨᠠᠨ ᠬᠡᠮᠵᠢᠯᠲᠡ ᠬᠢᠭᠡᠳ ᠬᠥᠭᠵᠢᠭᠦᠯᠦᠯᠲᠡ ᠶᠢᠨ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ