ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠤ ︽ᠪᠢᠴᠢᠯ ᠣᠬᠤᠷ ᠵᠦᠴᠦᠭᠡ ᠶᠢ ᠳᠠᠭᠠᠵᠤ ᠤᠮᠠᠷᠠᠲᠤ ᠬᠢᠯᠢ ᠪᠠᠷ ᠵᠢᠭᠤᠯᠴᠢᠯᠠᠬᠤ︾ ᠪᠢᠴᠢᠯ ᠣᠬᠤᠷ ᠵᠦᠴᠦᠭᠡ ᠶᠢᠨ ᠨᠢᠭᠡᠴᠢ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/16
ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠪᠣᠯᠤᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠦᠢᠯᠡᠳᠦᠯᠭᠡ ᠰᠡᠳᠬᠦᠯ ᠤᠨ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ᠂ ᠡᠯ᠎ᠡ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶ ᠳᠤ᠄  ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢᠶᠠᠷ ᠭᠤᠤᠯ ᠰᠢᠵᠢᠮ ᠪᠣᠯᠭᠠᠵᠤ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠷᠠᠳ ᠣᠯᠠᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠲᠠᠢ ᠬᠠᠮᠲᠤᠷᠠᠨ ᠥᠪᠥᠷ ᠮᠣᠩᠭᠤᠯ ᠤᠨ ᠭᠤᠷᠪᠠᠳᠤᠭᠠᠷ ᠬᠤᠭᠤᠴᠠᠭᠠᠨ ᠤ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠳᠤ ᠬᠠᠮᠲᠤ ᠪᠠᠷ ︽ᠪᠢᠴᠢᠯ ᠣᠬᠤᠷ ᠵᠦᠴᠦᠭᠡ ᠶᠢ ᠳᠠᠭᠠᠵᠤ ᠤᠮᠠᠷᠠᠲᠤ ᠬᠢᠯᠢ ᠪᠠᠷ ᠵᠢᠭᠤᠯᠴᠢᠯᠠᠬᠤ︾ ᠪᠢᠴᠢᠯ ᠣᠬᠤᠷ ᠵᠦᠴᠦᠭᠡ ᠶᠢᠨ ᠨᠢᠭᠡᠴᠢ ᠶᠢᠨ ᠠᠵᠢᠯᠯᠠᠭ᠎ᠠ ᠶᠢ ᠡᠷᠭᠢᠯᠡᠨ᠎ᠡ᠃ ᠡᠳᠦᠭᠡ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠭᠤᠤᠯ ᠰᠡᠳᠦᠪ ᠤᠨ ᠠᠭᠤᠯᠭ᠎ᠠ  ︽ᠤᠮᠠᠷᠠᠲᠤ ᠬᠢᠯᠢ ᠶᠢᠨ ᠰᠣᠶᠣᠯ︾ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠯ᠎ᠠ ᠨᠤᠲᠤᠭ ᠤᠨ ᠰᠣᠶᠣᠯ᠂ ᠬᠠᠲᠤᠨ ᠭᠤᠤᠯ ᠤᠨ ᠰᠣᠶᠣᠯ᠂ ᠣᠷᠳᠣ ᠴᠠᠭᠠᠨ ᠬᠡᠷᠡᠮ ᠤᠨ ᠰᠣᠶᠣᠯ᠂ ᠬᠤᠪᠢᠰᠬᠠᠯ ᠤᠨ ᠡᠬᠢ ᠪᠠᠶᠠᠯᠢᠭ᠂ ᠲᠡᠤᠬᠡ ᠰᠣᠶᠣᠯ ᠵᠡᠷᠭᠡ ᠤᠨᠴᠠᠯᠢᠬᠳᠤ ᠳᠠᠪᠠᠭᠤᠯᠢᠭ ᠢ ᠪᠠᠳᠠᠷᠠᠭᠤᠯᠤᠨ᠂ ᠳᠥᠷᠪᠡᠨ ᠤᠯᠠᠷᠢᠯ ᠤᠨ ᠵᠢᠭᠤᠯᠴᠢᠯᠠᠯ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠠᠬᠢᠭᠤᠯᠵᠤ᠂ ᠨᠢᠭᠡ ᠪᠦᠯᠦᠭ ᠪᠣᠳᠠᠲᠤ ᠴᠣᠭᠴᠠ ᠶᠢᠨ ᠦᠵᠡᠮᠵᠢᠲᠦ ᠭᠠᠵᠠᠷ ᠢ ᠪᠢᠴᠢᠯ ᠣᠬᠤᠷ ᠵᠦᠴᠦᠭᠡ ᠶᠢᠨ ᠬᠠᠯᠠᠮᠰᠢᠯ ᠨᠡᠪᠲᠡᠷᠡᠭᠦᠯᠭᠡ ᠶᠢ ᠳᠠᠭᠠᠵᠤ ᠭᠠᠳᠠᠭᠰᠢ ᠭᠠᠷᠭᠠᠬᠤ ᠶᠢ ᠠᠬᠢᠭᠤᠯᠵᠤ᠂ ︽ᠪᠢᠴᠢᠯ ᠣᠬᠤᠷ ᠵᠦᠴᠦᠭᠡ ᠶᠢ ᠳᠠᠭᠠᠵᠤ ᠤᠮᠠᠷᠠᠲᠤ ᠬᠢᠯᠢ ᠪᠠᠷ ᠵᠢᠭᠤᠯᠴᠢᠯᠠᠬᠤ︾ ᠡᠯ᠎ᠡ ᠭᠠᠵᠠᠷ ᠢ ᠲᠡᠮᠲᠡᠭᠯᠡᠬᠦ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃  ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠤᠨ ᠭᠤᠣᠯ᠂ ᠤᠷᠳᠤ ᠴᠠᠭᠠᠨ ᠬᠡᠷᠡᠮ ᠵᠡᠷᠭᠡ ᠳᠤᠮᠳᠠᠳᠤ ᠶᠢᠨ ᠰᠣᠶᠣᠯ ᠤᠨ ᠲᠡᠮᠳᠡᠭ ᠤᠨ ᠲᠣᠭᠤᠷᠢᠨ ᠳᠤ ᠵᠣᠬᠢᠶᠠᠨ ᠪᠦᠲᠦᠭᠡᠬᠦ ᠠᠵᠢᠯ ᠢ ᠦᠷᠨᠢᠭᠦᠯᠦᠨ᠎ᠡ᠃ ᠲᠤᠬᠠᠶᠢᠯᠠᠪᠠᠯ ᠵᠡᠭᠦᠨᠭᠠᠷ ᠤᠨ ᠬᠠᠲᠤᠨ ᠭᠤᠤᠯ ᠤᠨ ᠶᠡᠭᠡ ᠬᠠᠪᠴᠢᠯ ᠪᠣᠯᠤᠨ ᠪᠠᠶᠢᠯᠳᠤᠭᠠᠨᠲᠤ ᠤᠯᠤᠰ᠂ ᠴᠢᠨ᠂ ᠬᠠᠨ᠂ ᠤᠮᠠᠷᠠᠲᠤ ᠸᠧᠶ ᠤᠯᠤᠰ ᠤᠨ ᠤᠷᠲᠤ ᠴᠠᠭᠠᠨ ᠬᠡᠷᠡᠮ ᠵᠡᠷᠭᠡ ᠪᠠᠶᠢᠭᠠᠯᠢ ᠬᠢᠭᠡᠳ ᠬᠥᠮᠦᠨ ᠨᠡᠶᠢᠭᠡᠮ ᠤᠨ ᠣᠨᠴᠠᠯᠢᠭ ᠢᠶᠠᠷ ᠰᠡᠳᠦᠪᠯᠡᠭᠦᠯᠵᠦ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠠᠵᠤ ᠠᠬᠤᠶ ᠶᠢᠨ ᠬᠥᠭᠵᠢᠯᠲᠡ ᠶᠢ ᠬᠠᠷᠠᠭᠤᠯᠤᠨ᠎ᠠ᠃  ︵ᠬᠤᠶᠠᠷ︶ ᠥᠪᠥᠷ ᠮᠣᠩᠭᠤᠯ ᠤᠨ ᠠᠷᠠᠳ ᠤᠨ ᠠᠮᠠᠨ ᠵᠣᠬᠢᠶᠠᠯ᠂ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠰᠢ ᠵᠦᠴᠦᠭᠡ᠂ ᠳᠠᠭᠤᠷᠢᠯᠢᠭ ᠤᠨ ᠤᠷᠠᠯᠢᠭ᠂ ᠤᠯᠠᠮᠵᠢᠯᠠᠯᠲᠤ ᠪᠡᠶ᠎ᠡ ᠶᠢᠨ ᠲᠠᠮᠢᠷ᠂ ᠨᠠᠭᠠᠳᠤᠮ ᠬᠢᠭᠡᠳ ᠼᠢᠷᠺ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠤᠷ᠎ᠠ ᠮᠡᠷᠭᠡᠰᠢᠯ᠂ ᠤᠯᠠᠮᠵᠢᠯᠠᠯᠲᠤ ᠡᠮ ᠡᠮᠨᠡᠯᠭᠡ᠂ ᠠᠷᠠᠳ ᠤᠨ ᠵᠠᠩ ᠦᠢᠯᠡ ᠵᠡᠷᠭᠡ ᠪᠣᠳᠠᠰ ᠤᠨ ᠪᠤᠰᠤ ᠰᠣᠶᠣᠯ ᠤᠨ ᠥᠪ ᠠᠴᠠ ᠰᠢᠮ᠎ᠡ ᠲᠡᠵᠢᠭᠡᠯ ᠬᠦᠷᠲᠡᠵᠦ᠂ ᠥᠷᠭᠡᠨ ᠢᠶᠠᠷ ᠮᠠᠲ᠋ᠧᠷᠢᠶᠠᠯ ᠠᠪᠴᠤ᠂ ᠰᠢᠨ᠎ᠡ ᠦᠵᠡᠮᠵᠢ ᠶᠢᠨ ᠣᠷᠣᠨ᠂ ᠰᠢᠨ᠎ᠡ ᠪᠠᠶᠢᠳᠠᠯ ᠪᠠ ᠰᠢᠨ᠎ᠡ ᠦᠯᠢᠭᠡᠷ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠬᠤᠪᠢᠷᠠᠯᠲᠠ ᠶᠢ ᠢᠯᠡᠷᠡᠭᠦᠯᠦᠨ᠎ᠡ᠃  ︵ᠭᠤᠷᠪᠠ︶ ᠥᠪᠥᠷ ᠮᠣᠩᠭᠤᠯ ᠤᠨ ᠮᠦᠽᠧᠢ᠂ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠶᠡᠭᠡ ᠰᠤᠷᠭᠠᠭᠤᠯᠢ ᠶᠢᠨ ᠬᠤᠲᠠ᠂ ᠨᠣᠮ ᠤᠨ ᠪᠠᠭᠠᠷ ᠵᠡᠷᠭᠡ ᠰᠣᠶᠣᠯ ᠤᠨ ᠭᠠᠵᠠᠷ ᠣᠷᠳᠣᠨ ᠪᠠ ᠰᠣᠶᠣᠯ ᠤᠨ ᠭᠠᠵᠠᠷ ᠤᠨ ᠲᠡᠮᠳᠡᠭ ᠤᠨ ᠲᠣᠭᠤᠷᠢᠨ ᠳᠤ᠂ ᠤᠯᠠᠭᠠᠨᠬᠠᠳᠠ ᠶᠢᠨ ᠬᠠᠰ ᠯᠤᠤ ᠶᠢᠨ ᠰᠣᠶᠣᠯ ᠢᠶᠠᠷ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠠᠴᠠ ᠦᠯᠢᠭᠡᠷ ᠡᠷᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠦᠭᠡ ᠬᠡᠯᠡᠭᠦᠯᠵᠦ᠂ ᠤᠯᠠᠮᠵᠢᠯᠠᠯᠲᠤ ᠰᠣᠶᠣᠯ ᠢ ᠰᠢᠨ᠎ᠡ ᠠᠭᠤᠯᠤᠭᠳᠠᠬᠤᠨ ᠪᠠ ᠤᠳᠤ ᠦᠶ᠎ᠡ ᠶᠢᠨ ᠦᠨ᠎ᠡ ᠦᠷᠳᠡᠭ ᠲᠠᠢ ᠪᠣᠯᠭᠠᠨ᠎ᠠ᠃ ᠴᠢᠨ ᡁᠢ ᠳ᠋ᠣᠤ᠂ ᠳ᠋ᠠ ᠶᠣᠣ ᠰᠣᠶᠣᠯ ᠤᠨ ᠪᠠᠭᠤᠷᠢ᠂ ᠥᠪᠥᠷ ᠮᠣᠩᠭᠤᠯ ᠤᠨ ᠮᠦᠽᠧᠶ᠂ ᠵᠤᠤ ᠵᠢᠶᠦ᠋ᠨ ᠤ ᠮᠦᠽᠧᠶ ᠵᠡᠷᠭᠡ ᠲᠡᠦᠬᠡ ᠰᠣᠶᠣᠯ ᠤᠨ ᠦᠵᠡᠮᠵᠢ ᠶᠢᠨ ᠭᠠᠵᠠᠷ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠵᠡᠭᠡᠯᠢ ᠲᠣᠭᠤᠷᠢᠭ ᠵᠡᠷᠭᠡ ᠭᠠᠵᠠᠷ ᠠᠴᠠ ᠦᠵᠡᠮᠵᠢ ᠠᠪᠴᠤ ᠮᠠᠲ᠋ᠧᠷᠢᠶᠠᠯ ᠴᠤᠭᠯᠠᠭᠤᠯᠵᠤ᠂ ᠳᠤᠮᠳᠠᠳᠤ ᠶᠢᠨ ᠪᠣᠯᠪᠠᠰᠤᠨ ᠤ ᠡᠭᠦᠰᠦᠯ ᠪᠠ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠦᠯᠢᠭᠡᠷ ᠢ ᠰᠠᠶᠢᠲᠤᠷ ᠶᠠᠷᠢᠨ᠎ᠠ᠃  ︵ᠲᠦᠷᠪᠡ︶ ᠥᠪᠥᠷ ᠮᠣᠩᠭᠤᠯ ᠤᠨ ᠵᠢᠭᠤᠯᠴᠢᠯᠠᠯ ᠤᠨ ᠡᠬᠢ ᠪᠠᠶᠠᠯᠢᠭ᠂ ᠵᠢᠱᠢᠶᠡᠯᠡᠪᠡᠯ᠂ ᠪᠠᠶᠢᠭᠠᠯᠢ ᠶᠢᠨ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ᠂ ᠦᠵᠡᠮᠵᠢ ᠶᠢᠨ ᠣᠷᠣᠨ᠂ ᠭᠤᠤᠯ ᠰᠡᠳᠦᠪᠲᠦ ᠴᠡᠴᠡᠷᠯᠢᠭ᠂ ᠵᠢᠭᠤᠯᠴᠢᠯᠠᠯ ᠠᠮᠠᠷᠠᠯᠲᠠ ᠶᠢᠨ ᠣᠷᠣᠨ᠂ ᠤᠯᠤᠰ ᠤᠨ ᠠᠮᠢ ᠠᠬᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠵᠡᠷᠭᠡ ᠶᠢᠨ ᠲᠣᠭᠤᠷᠢᠨ ᠳᠤ᠂ ᠮᠠᠨ ᠤ ᠣᠷᠣᠨ ᠤ ᠠᠮᠢ ᠠᠬᠤᠶ ᠶᠢᠨ ᠵᠢᠭᠤᠯᠴᠢᠯᠠᠯ ᠤᠨ ᠣᠨᠴᠠᠯᠢᠭ ᠢ ᠳᠡᠯᠭᠡᠨ ᠦᠵᠡᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠭᠰᠠᠨ ᠦᠷ᠎ᠡ ᠪᠦᠲᠦᠮᠵᠢ ᠶᠢ ᠳᠣᠪᠤᠶᠢᠯᠭᠠᠵᠤ᠂ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ ᠭᠤᠸ᠎ᠠ ᠰᠠᠶᠢᠬᠠᠨ ᠪᠠ ᠠᠷᠠᠳ ᠤᠨ ᠠᠮᠢᠳᠤᠷᠠᠯ ᠤᠨ ᠭᠤᠸ᠎ᠠ ᠰᠠᠶᠢᠬᠠᠨ ᠢ ᠢᠯᠡᠷᠡᠭᠦᠯᠦᠨ᠎ᠡ᠃ ᠳᠥᠷᠪᠡᠨ ᠤᠯᠠᠷᠢᠯ ᠤᠨ ᠥᠩᠭᠡ ᠦᠵᠡᠮᠵᠢ ᠪᠠᠷ ᠭᠠᠷᠳᠠᠴᠠ ᠪᠣᠯᠭᠠᠵᠤ᠂ ᠬᠠᠪᠤᠷ ᠤᠨ ᠤᠯᠠᠷᠢᠯ ᠤᠨ ᠬᠢᠩᠭᠠᠨ ᠠᠶᠢᠮᠠᠭ ᠤᠨ ᠬᠤᠷᠴᠠ ᠤᠯᠠᠭᠠᠨ ᠴᠡᠴᠡᠭ᠂ ᠵᠤᠨ ᠤ ᠤᠯᠠᠷᠢᠯ ᠤᠨ ᠬᠥᠯᠥᠨ ᠪᠤᠶᠢᠷ ᠤᠨ ᠥᠷᠭᠡᠨ ᠠᠭᠤᠳᠠᠮ ᠲᠠᠯ᠎ᠠ ᠨᠤᠲᠤᠭ ᠤᠨ ᠥᠩᠭᠡ ᠦᠵᠡᠮᠵᠢ᠂ ᠨᠠᠮᠤᠷ ᠤᠨ ᠤᠯᠠᠷᠢᠯ ᠤᠨ ᠠᠯᠠᠱᠠ ᠶᠢᠨ ᠲᠤᠤᠷᠠᠶ ᠶᠢᠨ ᠣᠶ᠂ ᠡᠪᠦᠯ ᠤᠨ ᠤᠯᠠᠷᠢᠯ ᠤᠨ ᠤᠮᠠᠷᠠᠲᠤ ᠬᠢᠯᠢ ᠶᠢᠨ ᠮᠥᠰᠥ ᠴᠠᠰᠤᠨ ᠤ ᠥᠩᠭᠡ ᠦᠵᠡᠮᠵᠢ ᠬᠢᠭᠡᠳ ᠮᠥᠰᠥ ᠴᠠᠰᠤᠨ ᠤ ᠵᠢᠭᠤᠯᠴᠢᠯᠠᠯ ᠤᠨ ᠲᠥᠷᠥᠯ ᠵᠦᠢᠯ ᠠᠴᠠ ᠥᠷᠭᠡᠨ ᠢᠶᠠᠷ ᠮᠠᠲ᠋ᠧᠷᠢᠶᠠᠯ ᠠᠪᠴᠤ᠂ ᠥᠪᠥᠷ ᠮᠣᠩᠭᠤᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ ᠬᠠᠮᠤᠭ ᠤᠨ ᠭᠤᠶᠣ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠠᠭᠤᠳᠠᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠢ ᠰᠠᠶᠢᠲᠤᠷ ᠶᠠᠷᠢᠨ᠎ᠠ᠃  ︵ᠲᠠᠪᠤ︶ ᠶᠠᠰᠤ ᠴᠢᠨᠠᠷ ᠢᠶᠠᠷ ᠰᠠᠶᠢᠨ᠂ ᠣᠨᠴᠠᠯᠢᠭ ᠢᠶᠠᠷ ᠥᠳᠬᠡᠨ᠂ ᠭᠠᠷᠤᠯᠲᠠ ᠶᠢᠨ ᠬᠡᠮᠵᠢᠶ᠎ᠡ ᠪᠠᠷ ᠶᠡᠭᠡ᠂ ᠥᠷᠢᠰᠥᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠥᠪᠥᠷ ᠮᠣᠩᠭᠤᠯ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠥᠷᠥᠯ ᠲᠡᠮᠳᠡᠭᠲᠦ ᠶᠢ ᠰᠣᠩᠭᠤᠵᠤ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠶᠢᠨ ᠲᠣᠭᠤᠷᠢᠨ ᠳᠤ᠂ ︽ᠠᠮᠤ ᠪᠤᠳᠠᠭᠠᠨ ᠤ ᠬᠥᠮᠥᠷᠭᠡ︾᠂ ︽ᠮᠢᠬᠠᠨ ᠤ ᠬᠥᠮᠥᠷᠭᠡ︾᠂ ︽ᠰᠦ ᠶᠢᠨ ᠰᠠᠪᠠ︾᠂ ︽ᠨᠣᠣᠯᠣᠭᠤᠷ ᠤᠨ ᠲᠥᠪ︾ ᠵᠡᠷᠭᠡ 4 ᠳᠠᠮᠵᠢᠭᠤᠯᠬᠤ ᠭᠤᠤᠯ ᠳᠤ ᠲᠥᠪᠯᠡᠷᠡᠭᠦᠯᠵᠦ᠂ ᠥᠪᠥᠷ ᠮᠣᠩᠭᠤᠯ ᠤᠨ ᠣᠷᠣᠨ ᠪᠦᠰᠡ ᠶᠢᠨ ᠠᠮᠢ ᠠᠬᠤᠶ ᠶᠢᠨ ᠣᠨᠴᠠᠯᠢᠭ ᠪᠠ ᠠᠵᠤ ᠦᠢᠯᠡᠰ ᠤᠨ ᠳᠠᠪᠠᠭᠤᠯᠢᠭ ᠢ ᠳᠣᠪᠤᠶᠢᠯᠭᠠᠨ᠎ᠠ᠃  ︵ᠵᠢᠷᠭᠤᠭ᠎ᠠ︶ ᠥᠪᠥᠷ ᠮᠣᠩᠭᠤᠯ ᠤᠨ ᠬᠤᠪᠢᠰᠬᠠᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠵᠢᠱᠢᠶᠡᠯᠡᠪᠡᠯ ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠬᠠᠭᠤᠴᠢᠨ ᠪᠠᠭᠤᠷᠢ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ᠂ ᠮᠠᠨᠵᠤᠤᠷ ᠬᠤᠲᠠ ᠶᠢᠨ ᠬᠤᠪᠢᠰᠬᠠᠯ ᠤᠨ ᠣᠯᠠᠨ ᠤᠯᠤᠰ ᠤᠨ ᠨᠢᠭᠤᠴᠠ ᠵᠠᠮ ᠬᠠᠷᠢᠯᠴᠠᠭᠠᠨ ᠤ ᠱᠤᠭᠤᠮ ᠤᠨ ᠬᠥᠮᠦᠵᠢᠯ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠤᠮᠠᠷᠠᠲᠤ ᠶᠢᠨ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠬᠤᠲᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢᠰᠬᠠᠯ ᠤᠨ ᠲᠡᠤᠬᠡ ᠶᠢ ᠳᠠᠬᠢᠨ ᠡᠷᠭᠢᠴᠡᠭᠦᠯᠵᠦ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠨ᠎ᠡ᠃  ᠬᠤᠶᠠᠷ᠂ ᠡᠯᠰᠡᠬᠦ ᠱᠠᠭᠠᠷᠳᠠᠯᠭ᠎ᠠ  ︽ᠪᠢᠴᠢᠯ ᠣᠬᠤᠷ ᠵᠦᠴᠦᠭᠡ ᠢ ᠳᠠᠭᠠᠵᠤ ᠤᠮᠠᠷᠠᠲᠤ ᠬᠢᠯᠢ ᠪᠠᠷ ᠵᠢᠭᠤᠯᠴᠢᠯᠠᠬᠤ︾ ᠪᠢᠴᠢᠯ ᠣᠬᠤᠷ ᠵᠦᠴᠦᠭᠡ ᠶᠢᠨ ᠨᠢᠭᠡᠴᠢ ᠶᠢᠨ ᠪᠦᠲᠦᠭᠡᠯ ᠪᠠ ᠪᠦᠲᠦᠭᠡᠯᠴᠢ ᠰᠡᠳᠬᠢᠮᠵᠢ ᠶᠢᠨ ᠴᠤᠭᠯᠠᠭᠤᠯᠬᠤ ᠴᠠᠭ ᠨᠢ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠪᠠᠶᠢᠵᠤ᠂ ᠪᠦᠲᠦᠭᠡᠯ ᠤᠨ ᠱᠠᠭᠠᠷᠳᠠᠯᠭ᠎ᠠ᠂ ᠬᠡᠪᠯᠡᠯ ᠤᠨ ᠡᠷᠬᠡ ᠶᠢᠨ ᠱᠠᠭᠠᠷᠳᠠᠯᠭ᠎ᠠ᠂ ᠵᠠᠷᠯᠠᠬᠤ ᠪᠠ ᠨᠡᠶᠢᠲᠡᠯᠡᠬᠦ ᠵᠢᠴᠢ ᠣᠷᠣᠨ ᠲᠤᠭ᠎ᠠ ᠪᠠ ᠳᠡᠮᠵᠢᠬᠦ ᠪᠠᠶᠢᠷᠢᠯᠠᠭᠤᠯᠤᠯᠲᠠ ᠨᠢ ᠥᠪᠥᠷ ᠮᠣᠩᠭᠤᠯ ᠤᠨ ᠭᠤᠷᠪᠠᠳᠤᠭᠠᠷ ᠬᠤᠭᠤᠴᠠᠭᠠᠨ ᠤ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠲᠠᠢ ᠠᠳᠠᠯᠢ ᠪᠠᠶᠢᠵᠤ᠂ ︽ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠬᠤᠷ ᠸᠢᠳᠢᠣ᠋ ᠪᠠ ᠪᠢᠴᠢᠯ ᠵᠦᠴᠦᠭᠡ ᠶᠢᠨ ᠤᠷᠤᠯᠳᠤᠭᠠᠨ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ ︾ ᠠᠴᠠ ᠪᠣᠳᠠᠲᠠᠶ ᠵᠦᠢᠯ ᠢ ᠨᠠᠷᠢᠨ ᠦᠵᠡᠭᠡᠷᠡᠶ᠃  ᠭᠤᠷᠪᠠ᠂ ᠠᠵᠢᠯ ᠤᠨ ᠬᠤᠪᠢᠶᠠᠷᠢᠯᠠᠯ  ︵ᠨᠢᠭᠡ︶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠲᠡᠦᠬᠡ ᠶᠢᠨ ᠳᠤᠷᠠᠰᠬᠠᠯᠲᠤ ᠵᠦᠢᠯᠡᠰ᠂ ᠮᠦᠽᠧᠶ ︵ᠬᠦᠷᠢᠶᠡᠯᠡᠩ︶᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠨᠢᠭᠡᠴᠢ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠢᠳᠡᠪᠬᠢᠲᠡᠶ ᠤᠷᠤᠯᠳᠤᠭᠠᠨ ᠳᠤ ᠣᠷᠣᠯᠴᠠᠭᠤᠯᠬᠤ ᠪᠤᠶᠤ ᠪᠢᠴᠢᠯ ᠣᠬᠤᠷ ᠵᠦᠴᠦᠭᠡ ᠲᠣᠭᠲᠠᠭᠠᠬᠤ ᠶᠢ ᠬᠠᠷᠢᠭᠤᠴᠠᠨ᠎ᠠ᠃ ᠦᠢᠯᠡᠳᠬᠦ ᠪᠠᠶᠢᠭᠤᠯᠤᠮᠵᠢ ᠳᠤ ᠭᠤᠤᠯᠳᠠᠯᠭ᠎ᠠ ᠲᠠᠢ ᠤᠬᠠᠭᠤᠯᠬᠤ ᠪᠠ ᠲᠠᠨᠢᠯᠴᠠᠭᠤᠯᠬᠤ ᠦᠵᠡᠮᠵᠢ ᠶᠢᠨ ᠭᠠᠵᠠᠷ᠂ ᠲᠡᠤᠬᠡ ᠶᠢᠨ ᠳᠤᠷᠠᠰᠬᠠᠯᠲᠤ ᠵᠦᠢᠯ ᠵᠡᠷᠭᠡ ᠶᠢ ᠬᠠᠩᠭᠠᠵᠤ᠂ ᠰᠡᠭᠦᠳᠡᠷᠯᠡᠬᠦ ᠳᠤ ᠲᠠᠯᠠᠪᠤᠷ ᠭᠠᠵᠠᠷ ᠤᠨ ᠲᠥᠬᠦᠮ ᠦᠵᠡᠭᠦᠯᠬᠦ ᠵᠡᠷᠭᠡ ᠦᠢᠯᠡᠴᠢᠯᠡᠭᠡ ᠶᠢ ᠬᠠᠩᠭᠠᠨ᠎ᠠ᠃  ︵ᠬᠤᠶᠠᠷ︶ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ ᠡᠯ᠎ᠡ ᠰᠦᠯᠵᠢᠶᠡᠨ ᠤ ᠦᠵᠡᠵᠦ ᠰᠤᠨᠤᠰᠬᠤ ᠲᠡᠪᠴᠡᠩ᠂ ᠬᠠᠮ ᠵᠠᠭᠤᠴᠢᠯᠠᠭᠤᠷ ᠤᠨ ᠲᠦᠪ᠂ ᠪᠦᠭᠦ ᠤᠷᠤᠨ ᠤ ᠺᠢᠨᠤ᠋ ᠲᠧᠯᠸᠢᠰ ᠦᠢᠯᠡᠳᠬᠦ ᠪᠠᠶᠢᠭᠤᠯᠤᠮᠵᠢ᠂ ᠬᠤᠯᠪᠣᠭᠳᠠᠯ ᠪᠦᠭᠦᠢ ᠶᠡᠭᠡ ᠲᠡᠬᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶ ᠶᠢᠨ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ︽ᠥᠪᠥᠷ ᠮᠣᠩᠭᠤᠯ ᠤᠨ ᠰᠢᠨ᠎ᠡ ᠦᠵᠡᠵᠦ ᠰᠣᠨᠣᠰᠬᠤ︾ ᠪᠠᠷ ᠭᠤᠤᠯ ᠪᠣᠯᠭᠠᠵᠤ᠂ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠪᠠᠷ ᠳᠠᠮᠵᠢᠭᠤᠯᠤᠨ ᠳᠠᠮᠵᠢᠭᠤᠯᠬᠤ ᠵᠢᠭᠰᠠᠭᠠᠯ ᠢ ᠪᠣᠶ ᠪᠣᠯᠭᠠᠨ᠎ᠠ᠃  ︵ᠭᠤᠷᠪᠠ︶ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠠᠴᠠ ︵ᠠᠶᠢᠮᠠᠭ︶ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠬᠠᠷᠢᠶ᠎ᠠ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ᠂ ᠲᠤᠰᠬᠠᠶ ᠮᠡᠷᠭᠡᠵᠢᠯ ᠤᠨ ᠵᠥᠪᠯᠡᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠵᠤ᠂ ᠦᠢᠯᠡᠳᠬᠦ ᠪᠠᠶᠢᠭᠤᠯᠤᠮᠵᠢ ᠳᠤ ᠣᠷᠣᠨ ᠤ ᠳᠣᠲᠣᠨ᠎ᠠ ᠭᠠᠳᠠᠨᠠᠬᠢ ᠨᠡᠷ᠎ᠡ ᠬᠦᠨᠳᠦᠲᠦ ᠰᠦᠯᠵᠢᠶᠡᠨ ᠤ ᠵᠦᠴᠦᠭᠡ ᠶᠢᠨ ᠤᠬᠠᠭᠠᠯᠠᠭᠴᠢ᠂ ᠵᠦᠴᠦᠭᠡ ᠨᠠᠶᠢᠷᠠᠭᠤᠯᠤᠭᠴᠢ᠂ ᠤᠳᠤᠷᠢᠳᠤᠭᠴᠢ ᠶᠢ ᠬᠠᠩᠭᠠᠵᠤ᠂ ᠠᠵᠢᠯᠯᠠᠭ᠎ᠠ ᠳᠤ ᠬᠤᠯᠪᠣᠭᠳᠠᠭᠰᠠᠨ ᠪᠦᠲᠦᠭᠡᠯ ᠳᠤ ᠵᠣᠬᠢᠶᠠᠨ ᠪᠦᠲᠦᠭᠡᠬᠦ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠪᠦᠲᠦᠭᠡᠯ ᠤᠨ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠳᠠᠮᠵᠢᠭᠤᠯᠬᠤ ᠴᠢᠨᠠᠷ ᠢ ᠨᠠᠷᠢᠨ ᠨᠢᠮᠪᠠᠶ ᠲᠠᠪᠲᠠᠨ ᠬᠢᠵᠦ᠂ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃    ᠳᠠᠭᠠᠯᠳᠤᠭᠤᠯᠤᠯ᠄ 1. ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ.doc  2. ᠬᠡᠪᠯᠡᠯ ᠤᠨ ᠡᠷᠬᠡ ᠶᠢᠨ ᠠᠮᠠᠯᠠᠯᠲᠠ ᠶᠢᠨ ᠪᠢᠴᠢᠭ.doc 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠤᠳᠭ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ

2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ