ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠠᠷᠯᠢᠭ 12 ᠳ᠋ᠤᠭᠠᠷ ᠲᠣᠭᠠᠲᠤ᠄ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ︾
ᠨᠡᠶᠢᠲᠡᠯᠡᠭᠰᠡᠨ ᠴᠠᠭ᠄
2024/5/17
ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠵᠠᠷᠯᠢᠭ12 ᠳ᠋ᠤᠭᠠᠷ ᠲᠣᠭᠠᠲᠤ   ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ 2022 ᠣᠨ ᠤ 9 ᠳ᠋ᠦ᠋ᠭᠡᠷ ᠰᠠᠷ᠎ᠠ ᠶᠢᠨ 22 ᠤ ᠡᠳᠦᠷ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠶᠠᠪᠤᠳᠠᠯ ᠤᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠪᠴᠢᠶᠠᠨ ᠳᠠᠷᠤᠭ᠎ᠠ᠄ ᠰᠢᠤᠢ ᠯᠢᠨ2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ  ᠷᠠᠳᠢᠣ᠋ ᠲᠧᠯᠸᠢᠰ ᠤᠨ ᠫᠷᠦᠭᠷᠡᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ   ᠨᠢᠭᠡᠳᠦᠭᠡᠷ ᠪᠦᠯᠦᠭ᠂ ᠶᠡᠷᠦᠩᠬᠡᠢ ᠳᠦᠷᠢᠮ  ᠨᠢᠭᠡᠳᠦᠭᠡᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠡᠮᠬᠢ ᠳᠢᠭᠯᠢᠮ ᠢ ᠵᠢᠷᠤᠮᠵᠢᠭᠤᠯᠬᠤ ᠶᠢᠨ ᠲᠤᠰᠠᠳᠠ᠂ ᠲᠤᠰ ᠠᠷᠭ᠎ᠠ ᠶᠢ ᠲᠣᠭᠲᠠᠭᠠᠪᠠ᠃  ᠬᠤᠶᠠᠳᠤᠭᠠᠷ ᠵᠣᠷᠪᠣᠰ᠂ ᠲᠤᠰ ᠠᠷᠭ᠎ᠠ ᠳᠤ ᠬᠡᠯᠡᠵᠦ ᠪᠠᠶᠢᠭ᠎ᠠ ᠷᠠᠳᠢᠤ᠋ ᠲᠧᠯᠸᠢᠰ ᠤᠨ ᠫᠷᠤᠭ᠍ᠷᠠᠮ ᠢ ᠲᠠᠮᠵᠢᠭᠤᠯᠬᠤ ᠲᠤᠬᠠᠶᠢᠯᠬᠠᠰᠠᠨ ᠠᠵᠢᠯ ᠭᠡᠳᠡᠭ ᠨᠢ ᠤᠳᠠᠰᠤᠳᠤ ᠲᠧᠯᠸᠢᠰ ᠤᠨ ᠫᠷᠤᠭ᠍ᠷᠠᠮ ᠢ ᠠᠰᠢᠨᠨᠯᠠᠨ ᠲᠠᠮᠵᠢᠭᠤᠯᠬᠤ ᠪᠠ ᠵᠠᠯᠭᠠᠬᠤ ᠦᠢᠯᠡᠴᠢᠯᠡᠬᠡᠨ ᠤ ᠠᠵᠢᠯᠯᠠᠭ᠎ᠠ ᠶᠢ ᠵᠢᠭᠠᠵᠦ ᠪᠤᠢ᠃  ᠭᠤᠷᠪᠠᠳᠤᠭᠠᠷ ᠵᠣᠷᠪᠣᠰ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︵ᠳᠣᠷᠣᠭᠰᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠭᠡᠵᠦ ᠲᠣᠪᠴᠢᠯᠠᠨ᠎ᠠ︶ ᠨᠢ ᠪᠥᠬᠦ ᠤᠯᠤᠰ ᠤᠨ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃  ᠳᠥᠷᠪᠡᠳᠦᠭᠡᠷ ᠵᠣᠷᠪᠣᠰ᠂ ᠤᠯᠤᠰ ᠠᠴᠠ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠳᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃    ᠬᠤᠶᠠᠳᠤᠭᠠᠷ ᠪᠦᠯᠦᠭ᠂ ᠲᠤᠬᠠᠶᠢᠯᠠᠭᠰᠠᠨ ᠠᠵᠢᠯ ᠤᠨ ᠵᠥᠪᠰᠢᠶᠡᠷᠡᠯ  ᠲᠠᠪᠤᠳᠤᠭᠠᠷ ᠵᠣᠷᠪᠣᠰ᠂ ᠤᠲᠠᠰᠤᠲᠤ ᠠᠷᠭ᠎ᠠ ᠬᠡᠯᠪᠡᠷᠢ ᠪᠠᠷ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠠᠪᠬᠤ ᠬᠡᠷᠡᠭᠲᠡᠶ᠃   ᠤᠲᠠᠰᠤ ᠦᠭᠡᠢ᠂ ᠪᠢᠴᠢᠯ ᠳᠣᠯᠭᠢᠶᠠᠨ᠂ ᠳᠠᠭᠠᠭᠤᠯᠢ ᠣᠳᠣ ᠵᠡᠷᠭᠡ ᠪᠤᠰᠤᠳ ᠠᠷᠭ᠎ᠠ ᠬᠡᠯᠪᠡᠷᠢ ᠶᠢ ᠠᠰᠢᠭᠯᠠᠨ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠬᠡᠷᠡᠭᠲᠡᠶ᠃  ᠵᠢᠷᠭᠤᠳᠤᠭᠠᠷ ᠵᠣᠷᠪᠣᠰ᠂ ᠳᠣᠤᠷᠠᠬᠢ ᠪᠠᠶᠢᠭᠤᠯᠤᠮᠵᠢ ᠨᠤᠭᠤᠳ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠭᠤᠶᠤᠴᠢᠯᠠᠵᠤ ᠪᠣᠯᠤᠨ᠎ᠠ᠄  ︵ᠨᠢᠭᠡ︶ ᠵᠥᠪᠰᠢᠶᠡᠷᠡᠯ ᠢᠶᠠᠷ ᠳᠠᠮᠵᠢᠨ ᠪᠠᠶᠢᠭᠤᠯᠤᠭᠳᠠᠭᠰᠠᠨ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ︔  ︵ᠬᠤᠶᠠᠷ︶ ᠤᠲᠠᠰᠤᠲᠤ ᠷᠠᠳᠢᠣ᠋ ᠲᠧᠯᠸᠢᠰ ᠤᠨ ᠰᠦᠯᠵᠢᠶᠡᠨ ᠤ ᠡᠵᠡᠩᠨᠡᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ᠃  ᠳᠣᠯᠣᠳᠤᠭᠠᠷ ᠵᠣᠷᠪᠣᠰ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠪᠠᠶᠢᠭᠤᠯᠤᠮᠵᠢ ᠠᠴᠠ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠡᠷᠬᠢᠯᠡᠬᠦ ᠶᠢ ᠬᠤᠷᠢᠭᠯᠠᠨ᠎ᠠ᠃  ᠨᠠᠢᠮᠠᠳᠤᠭᠠᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄  ︵ᠨᠢᠭᠡ︶ ᠤᠯᠤᠰ ᠤᠨ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠶᠡᠷᠦᠩᠬᠡᠶ ᠲᠥᠯᠥᠪᠵᠢᠭᠦᠯᠭᠡ ᠪᠠ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔  ︵ᠬᠤᠶᠠᠷ︶ ᠷᠠᠳᠢᠣ᠋ ᠲᠧᠯᠸᠢᠰ ᠤᠨ ᠫᠷᠤᠭ᠍ᠷᠠᠮ ᠢ ᠠᠮᠤᠷ ᠲᠦᠪᠰᠢᠨ ᠢᠶᠠᠷ ᠳᠠᠮᠵᠢᠭᠤᠯᠬᠤ ᠶᠢ ᠦᠨᠡᠨ ᠬᠦ ᠪᠠᠳᠤᠯᠠᠬᠤ ᠳᠤ ᠬᠡᠷᠡᠭᠰᠡᠬᠦ ᠲᠤᠨᠤᠭ ᠲᠦᠬᠦᠬᠡᠷᠦᠮᠵᠢ᠂ ᠮᠡᠷᠬᠡᠵᠢᠯ᠂ ᠠᠵᠢᠯᠳᠠᠨ ᠵᠢᠴᠢ ᠬᠤᠯᠪᠣᠭᠳᠠᠯ ᠪᠦᠬᠦᠢ ᠬᠠᠮᠢᠶᠠᠷᠤᠯᠳᠠ ᠶᠢᠨ ᠲᠦᠷᠢᠮ ᠲᠠᠢ ᠪᠠᠶᠢᠬᠤ︔  ︵ᠭᠤᠷᠪᠠ︶ ᠵᠠᠷᠤᠯᠭ᠎ᠠ ᠶᠢᠨ ᠪᠠᠷᠢᠮᠵᠢᠶ᠎ᠠ ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔  ︵ᠲᠦᠷᠪᠡ︶ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠲᠠᠯᠠᠪᠤᠷ ᠵᠢᠴᠢ ᠬᠠᠷᠠᠭᠠᠯᠵᠠᠭᠰᠠᠨ ᠰᠦᠯᠵᠢᠶᠡᠨ ᠤ ᠡᠬᠢ ᠪᠠᠶᠠᠯᠢᠭ ᠲᠠᠢ ᠪᠠᠶᠢᠬᠤ︔  ︵ᠲᠠᠪᠤ︶ ᠤᠷᠲᠤ ᠬᠤᠭᠤᠴᠠᠭᠠᠨ ᠤ ᠳᠠᠮᠵᠢᠭᠤᠯᠬᠤ ᠦᠢᠯᠡᠴᠢᠯᠡᠭᠡ ᠬᠠᠩᠭᠠᠭᠰᠠᠨ ᠢᠲᠡᠭᠡᠯ ᠬᠦᠨᠳᠦ ᠪᠠ ᠴᠢᠳᠠᠪᠤᠷᠢ ᠲᠠᠢ ᠪᠠᠶᠢᠬᠤ︔  ︵ᠵᠢᠷᠭᠤᠭ᠎ᠠ︶ ᠬᠠᠤᠯᠢ ᠶᠣᠰᠣᠨ ᠤ ᠷᠠᠳᠢᠣ᠋ ᠲᠧᠯᠸᠢᠰ ᠤᠨ ᠫᠷᠦᠭᠷᠡᠮ ᠤᠨ ᠳᠣᠬᠢᠶᠠᠨ ᠤ ᠢᠷᠡᠯᠲᠡ ᠲᠠᠢ ᠪᠠᠶᠢᠬᠤ︔  ︵ᠳᠤᠯᠤᠭ᠎ᠠ︶ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠲᠠᠢ ᠪᠠᠶᠢᠬᠤ᠃  ᠶᠢᠰᠦᠳᠦᠭᠡᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄  ︵ᠨᠢᠭᠡ︶ ᠤᠲᠠᠰᠤᠲᠤ ᠲᠧᠯᠸᠢᠰ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠵᠢᠴᠢ ᠪᠦᠷᠬᠦᠴᠡ ᠶᠢᠨ ᠪᠠᠶᠢᠳᠠᠯ᠂ ᠳᠠᠮᠵᠢᠭᠤᠯᠬᠤ ᠠᠭᠤᠯᠭ᠎ᠠ ︵ᠪᠣᠳᠠᠲᠠᠶ ᠰᠤᠪᠠᠭ᠂ ᠫᠷᠤᠭ᠍ᠷᠠᠮ ᠤᠨ ᠨᠡᠷᠡᠶᠢᠳᠦᠯ ᠢ ᠲᠣᠳᠣᠷᠬᠠᠶ ᠪᠢᠴᠢᠬᠦ ᠬᠡᠷᠡᠭᠲᠡᠶ︶᠂ ᠳᠠᠮᠵᠢᠭᠤᠯᠬᠤ ᠬᠡᠪᠴᠢᠶ᠎ᠡ᠂ ᠮᠡᠷᠭᠡᠵᠢᠯ ᠤᠨ ᠠᠷᠭ᠎ᠠ ᠪᠠᠷᠢᠯ᠂ ᠳᠠᠮᠵᠢᠭᠤᠯᠬᠤ ᠠᠷᠭ᠎ᠠ ᠬᠡᠯᠪᠡᠷᠢ ᠵᠡᠷᠭᠡ ᠠᠭᠤᠯᠭ᠎ᠠ ᠶᠢᠨ ᠲᠣᠳᠣᠷᠬᠠᠶᠢᠯᠠᠯᠲᠠ︔  ︵ᠬᠤᠶᠠᠷ︶ ᠭᠤᠶᠤᠴᠢᠯᠠᠨ ᠡᠷᠬᠢᠯᠡᠬᠦ ᠪᠠᠶᠢᠭᠤᠯᠤᠮᠵᠢ ᠶᠢᠨ ᠦᠨᠳᠦᠰᠦᠨ ᠪᠠᠶᠢᠳᠠᠯ᠃ ᠭᠤᠶᠤᠴᠢᠯᠠᠨ ᠡᠷᠬᠢᠯᠡᠬᠦ ᠪᠠᠶᠢᠭᠤᠯᠥᠮᠵᠢ ᠨᠢ ᠠᠵᠦ ᠠᠬᠤᠶᠢᠯᠠᠯ ᠤᠨ ᠨᠢᠭᠡᠴᠢ ᠪᠠᠶᠢᠪᠠᠯ᠂ ᠬᠤᠪᠢ ᠣᠷᠣᠭᠤᠯᠥᠠᠠᠴᠢ ᠶᠢᠨ ᠠᠬᠤᠢ ᠪᠠᠶᠢᠳᠡᠯ ᠤᠨ ᠲᠣᠳᠣᠷᠬᠠᠶᠢᠯᠠᠯᠳᠡ ᠶᠢ ᠬᠠᠩᠭᠠᠬᠤ ᠭᠡᠷᠡᠭᠳᠡᠢ︔  ︵ᠭᠤᠷᠪᠠ︶ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠤᠨ ᠭᠤᠶᠤᠴᠢᠯᠠᠯ ᠤᠨ ᠬᠦᠰᠦᠨᠦᠭᠲᠦ︔  ︵ᠲᠦᠷᠪᠡ︶ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠬᠢᠬᠦ ᠮᠡᠷᠭᠡᠵᠢᠯ ᠤᠨ ᠲᠥᠰᠦᠯ᠂ ᠡᠵᠡᠩᠨᠡᠬᠦ ᠲᠥᠰᠦᠯ᠂ ᠬᠠᠮᠢᠶᠠᠷᠤᠯᠲᠠ ᠶᠢᠨ ᠲᠦᠷᠢᠮ︔  ︵ᠲᠠᠪᠤ︶ ᠷᠠᠳᠢᠣ᠋ ᠲᠧᠯᠸᠢᠰ ᠤᠨ ᠫᠷᠤᠭ᠍ᠷᠠᠮ ᠢ ᠠᠮᠤᠷ ᠲᠦᠪᠰᠢᠨ ᠢᠶᠠᠷ ᠲᠠᠮᠵᠢᠭᠤᠯᠬᠤ ᠲᠦᠰᠦᠯ︔  ︵ᠵᠢᠷᠭᠤᠭ᠎ᠠ︶ ᠷᠠᠳᠢᠣ᠋ ᠲᠧᠯᠸᠢᠰ ᠤᠨ ᠫᠷᠤᠭ᠍ᠷᠠᠮ ᠤᠨ ᠳᠤᠬᠢᠶᠠᠨ ᠤ ᠢᠷᠡᠯᠲᠡ ᠶᠢᠨ ᠬᠤᠯᠪᠣᠭᠳᠠᠯ ᠪᠦᠬᠦᠢ ᠮᠠᠲ᠋ᠧᠷᠢᠶᠠᠯ᠃  ᠠᠷᠪᠠᠳᠤᠭᠠᠷ ᠵᠣᠷᠪᠣᠰ᠂ ᠤᠲᠠᠰᠤᠲᠤ ᠠᠷᠭ᠎ᠠ ᠬᠡᠯᠪᠡᠷᠢ ᠶᠢ ᠠᠰᠢᠭᠯᠠᠨ ᠮᠤᠵᠢ ᠠᠯᠤᠰᠯᠠᠨ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠬᠢᠬᠦ ᠪᠠᠷ ᠭᠤᠶᠤᠴᠢᠯᠠᠬᠤ ᠳᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ ᠭᠤᠶᠤᠴᠢᠯᠠᠯ ᠭᠠᠷᠭᠠᠬᠤ ᠶᠢᠨ ᠬᠠᠮᠲᠤ ᠲᠤᠰ ᠠᠷᠭ᠎ᠠ ᠶᠢᠨ ᠶᠢᠰᠦᠳᠦᠭᠡᠷ ᠵᠣᠷᠪᠣᠰ ᠲᠤ ᠲᠣᠭᠲᠠᠭᠠᠭᠰᠠᠨ ᠮᠡᠳᠡᠭᠦᠯᠬᠦ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠬᠢᠨᠠᠨ ᠵᠥᠪᠢᠶᠡᠷᠡᠭᠦᠯᠬᠦ ᠬᠡᠷᠡᠭᠲᠡᠶ᠃  ᠤᠲᠠᠰᠤᠲᠤ ᠠᠷᠭ᠎ᠠ ᠬᠡᠯᠪᠡᠷᠢ ᠶᠢ ᠠᠰᠢᠭᠯᠠᠨ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠡᠷᠬᠢᠯᠡᠬᠦ ᠪᠠᠷ ᠭᠤᠶᠤᠴᠢᠯᠠᠬᠤ ᠳᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠲᠤᠰ ᠠᠷᠭ᠎ᠠ ᠶᠢᠨ ᠶᠢᠰᠦᠳᠦᠭᠡᠷ ᠵᠣᠷᠪᠣᠰ ᠤᠨ ᠲᠣᠭᠲᠠᠭᠠᠯ ᠳᠤ ᠨᠡᠶᠢᠴᠡᠬᠦ ᠮᠡᠳᠡᠭᠦᠯᠬᠦ ᠮᠠᠲ᠋ᠧᠷᠢᠶᠠᠯ ᠢᠶᠠᠨ ᠳᠡᠪᠰᠢᠭᠦᠯᠦᠨ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠭᠦᠯᠬᠦ ᠬᠡᠷᠡᠭᠲᠡᠶ᠃  ᠠᠷᠪᠠᠨ ᠨᠢᠭᠡᠳᠦᠭᠡᠷ ᠵᠣᠷᠪᠣᠰ᠂ ᠬᠠᠷᠢᠭᠤᠴᠠᠵᠤ ᠬᠦᠯᠢᠶᠡᠨ ᠠᠪᠴᠤ ᠰᠢᠢᠳᠪᠦᠷᠢᠯᠡᠬᠦ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ ᠳᠤ ᠲᠣᠭᠲᠠᠭᠠᠭᠰᠠᠨ ᠴᠠᠭ ᠤᠨ ᠬᠢᠵᠠᠭᠠᠷ ᠪᠣᠯᠤᠨ ᠡᠷᠬᠡ ᠮᠡᠳᠡᠯ ᠤᠨ ᠶᠣᠰᠣᠭᠠᠷ᠂ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠵᠥᠪᠰᠢᠶᠡᠷᠡᠬᠦ ᠪᠤᠶᠤ ᠵᠥᠪᠰᠢᠶᠡᠷᠡᠬᠦ ᠦᠭᠡᠶ ᠭᠡᠰᠡᠨ ᠲᠣᠭᠲᠠᠭᠠᠯ ᠢ ᠭᠠᠷᠭᠠᠬᠤ ᠬᠡᠷᠡᠭᠲᠡᠶ᠃ ᠬᠤᠷᠢᠨ ᠡᠳᠦᠷ ᠤᠨ ᠳᠣᠲᠣᠷ᠎ᠠ ᠲᠣᠭᠲᠠᠭᠠᠯ ᠭᠠᠷᠭᠠᠵᠤ ᠳᠡᠶᠢᠯᠬᠦ ᠦᠭᠡᠶ ᠪᠣᠯ ᠲᠤᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠠᠷᠪᠠᠨ ᠡᠳᠦᠷ ᠤᠷᠲᠤᠳᠬᠠᠵᠤ ᠪᠣᠯᠬᠤ ᠪᠥᠭᠡᠳ ᠬᠤᠭᠤᠴᠠᠭ᠎ᠠ ᠶᠢ ᠨᠢ ᠤᠷᠲᠤᠳᠬᠠᠭᠰᠠᠨ ᠰᠢᠯᠲᠠᠭᠠᠨ ᠢᠶᠠᠨ ᠭᠤᠶᠤᠴᠢᠯᠠᠯ ᠤᠨ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ ᠴᠢᠬᠤᠯᠠᠲᠠᠶ ᠪᠠᠶᠢᠪᠠᠯ᠂ ᠬᠢᠨᠠᠨ ᠲᠣᠭᠲᠠᠭᠠᠬᠤ ᠬᠤᠭᠤᠴᠠᠭ᠎ᠠ ᠨᠢ ᠭᠤᠴᠢᠨ ᠡᠳᠦᠷ ᠪᠣᠯᠤᠨ᠎ᠠ᠃  ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠳᠤ ᠨᠢ ᠵᠥᠪᠰᠢᠶᠡᠷᠡᠯ ᠣᠯᠭᠤᠵᠤ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠣᠯᠭᠤᠨ᠎ᠠ᠂ ᠬᠠᠤᠯᠢ ᠶᠣᠰᠣᠭᠠᠷ ᠵᠥᠪᠰᠢᠶᠡᠷᠡᠬᠦ ᠦᠭᠡᠶ ᠲᠣᠭᠲᠠᠭᠠᠯ ᠭᠠᠷᠭᠠᠭᠰᠠᠨ ᠪᠣᠯ ᠭᠤᠶᠤᠴᠢᠯᠠᠯ ᠤᠨ ᠪᠠᠶᠢᠭᠤᠯᠤᠮᠵᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃  ᠠᠷᠪᠠᠨ ᠬᠤᠶᠠᠳᠤᠭᠠᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠳᠤ ᠳᠠᠮᠵᠢᠭᠤᠯᠬᠤ ᠠᠭᠤᠯᠭ᠎ᠠ᠂ ᠳᠠᠮᠵᠢᠭᠤᠯᠬᠤ ᠬᠡᠪᠴᠢᠶ᠎ᠡ᠂ ᠮᠡᠷᠭᠡᠵᠢᠯ ᠤᠨ ᠠᠷᠭ᠎ᠠ ᠪᠠᠷᠢᠯ᠂ ᠳᠠᠮᠵᠢᠭᠤᠯᠬᠤ ᠠᠷᠭ᠎ᠠ ᠬᠡᠯᠪᠡᠷᠢ ᠵᠡᠷᠭᠡ ᠵᠦᠢᠯᠡᠰ ᠢ ᠪᠠᠭᠲᠠᠭᠠᠵᠤ᠂ ᠬᠦᠴᠦᠨ ᠪᠦᠬᠦᠢ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠂ ᠨᠡᠶᠢᠲᠡᠯᠡᠭᠰᠡᠨ ᠡᠳᠦᠷ ᠠᠴᠠ ᠡᠬᠢᠯᠡᠵᠦ ᠪᠣᠳᠣᠨ᠎ᠠ᠃ ᠬᠦᠴᠦᠨ ᠪᠦᠬᠦᠢ ᠬᠤᠭᠤᠴᠠᠭ᠎ᠠ ᠨᠢ ᠲᠤᠯᠤᠭᠠᠳ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠦᠷᠭᠦᠯᠵᠢᠯᠡᠭᠦᠯᠬᠦ ᠴᠢᠬᠤᠯᠠᠲᠠᠶ ᠪᠣᠯ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠨᠢ ᠲᠤᠯᠬᠤ ᠠᠴᠠ ᠵᠢᠷᠠᠨ ᠡᠳᠦᠷ ᠤᠨ ᠡᠮᠦᠨ᠎ᠡ᠂ ᠲᠤᠰ ᠠᠷᠭ᠎ᠠ ᠶᠢᠨ ᠵᠢᠷᠭᠤᠳᠤᠭᠠᠷ ᠵᠣᠷᠪᠣᠰ᠂ ᠨᠠᠢᠮᠠᠳᠤᠭᠠᠷ ᠵᠣᠷᠪᠣᠰ᠂ ᠶᠢᠰᠦᠳᠦᠭᠡᠷ ᠵᠣᠷᠪᠣᠰ᠂ ᠠᠷᠪᠠᠳᠤᠭᠠᠷ  ᠵᠣᠷᠪᠣᠰ ᠤᠨ ᠲᠣᠭᠲᠠᠭᠠᠯ ᠶᠣᠰᠣᠭᠠᠷ ᠦᠷᠭᠦᠯᠵᠢᠯᠡᠭᠦᠯᠬᠦ ᠭᠤᠶᠤᠴᠢᠯᠠᠯ ᠭᠠᠷᠭᠠᠵᠤ᠂ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠵᠥᠪᠰᠢᠶᠡᠷᠡᠯ ᠤᠨ ᠦᠨᠡᠮᠯᠡᠯ ᠢᠶᠠᠨ ᠰᠣᠯᠢᠵᠤ ᠣᠯᠭᠤᠨ᠎ᠠ᠃ ᠬᠢᠨᠠᠨ ᠬᠠᠷᠭᠤᠭᠤᠯᠤᠭᠠᠳ ᠦᠷᠭᠦᠯᠵᠢᠯᠡᠭᠦᠯᠬᠦ ᠨᠥᠬᠦᠴᠡᠯ ᠳᠤ ᠨᠡᠶᠢᠴᠡᠬᠦ ᠦᠭᠡᠶ ᠪᠣᠯ ᠦᠨᠡᠮᠯᠡᠯ ᠰᠣᠯᠢᠵᠤ ᠣᠯᠭᠤᠬᠤ ᠦᠭᠡᠶ᠃  ᠦᠨᠡᠮᠯᠡᠯ ᠲᠠᠢ ᠪᠠᠶᠢᠭᠤᠯᠤᠮᠵᠢ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶᠢᠯᠠᠭᠰᠠᠨ ᠵᠦᠢᠯᠡᠰ ᠤᠨ ᠶᠣᠰᠣᠭᠠᠷ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠬᠢᠬᠦ ᠬᠡᠷᠡᠭᠲᠡᠶ᠃  ᠠᠷᠪᠠᠨ ᠭᠤᠷᠪᠠᠳᠤᠭᠠᠷ ᠵᠣᠷᠪᠣᠰ᠂ ᠦᠨᠡᠮᠯᠡᠯ ᠲᠠᠢ ᠪᠠᠶᠢᠭᠤᠯᠤᠮᠵᠢ ᠬᠤᠪᠢ ᠣᠷᠣᠭᠤᠯᠤᠭᠴᠢ᠂ ᠰᠲ᠋ᠣᠺ ᠡᠵᠡᠮᠳᠡᠬᠦ ᠬᠠᠷᠢᠴᠠᠯ ᠢᠶᠠᠨ ᠬᠤᠪᠢᠷᠠᠭᠤᠯᠵᠤ᠂ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶᠢᠯᠠᠭᠰᠠᠨ ᠳᠠᠮᠵᠢᠭᠤᠯᠬᠤ ᠠᠭᠤᠯᠭ᠎ᠠ᠂ ᠳᠠᠮᠵᠢᠭᠤᠯᠬᠤ ᠬᠡᠪᠴᠢᠶ᠎ᠡ᠂ ᠳᠠᠮᠵᠢᠭᠤᠯᠬᠤ ᠠᠴᠢᠶᠠᠯᠠᠪᠤᠷᠢ᠂ ᠮᠡᠷᠭᠡᠵᠢᠯ ᠤᠨ ᠠᠷᠭ᠎ᠠ ᠪᠠᠷᠢᠯ ᠵᠢᠴᠢ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠡᠷᠬᠢᠯᠡᠬᠦ ᠪᠠᠨ ᠵᠣᠭᠰᠣᠭᠠᠬᠤ ᠳᠤ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ᠤᠷᠢᠳᠴᠢᠯᠠᠨ ᠵᠢᠷᠠᠨ ᠡᠳᠦᠷ ᠤᠨ ᠰᠣᠨᠢᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ ᠤᠯᠤᠰ ᠠᠴᠠ ᠳᠠᠮᠵᠢᠭᠤᠯᠬᠤ ᠲᠤᠬᠠᠶᠢᠯᠠᠭᠰᠠᠨ ᠠᠵᠢᠯ ᠢ ᠵᠣᠭᠰᠣᠭᠠᠬᠤ ᠲᠤᠬᠠᠶ ᠪᠤᠰᠤᠳ ᠲᠣᠭᠲᠠᠭᠠᠯ ᠲᠠᠢ ᠪᠣᠯ ᠪᠠᠰᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃  ᠦᠨᠡᠮᠯᠡᠯ ᠲᠠᠢ ᠪᠠᠶᠢᠭᠤᠯᠤᠮᠵᠢ ᠶᠢᠨ ᠡᠵᠡᠩᠨᠡᠯᠲᠡ ᠶᠢᠨ ᠭᠠᠵᠠᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠬᠤᠪᠢᠷᠠᠯᠲᠠ ᠭᠠᠷᠪᠠᠯ᠂ ᠬᠤᠪᠢᠷᠠᠭᠠᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠳᠠᠩᠰᠠᠯᠠᠭᠤᠯᠬᠤ ᠬᠡᠷᠡᠭᠲᠡᠶ᠃    ᠭᠤᠷᠪᠠᠳᠤᠭᠠᠷ ᠪᠦᠯᠦᠭ᠂ ᠳᠠᠮᠵᠢᠭᠤᠯᠭ᠎ᠠ ᠶᠢᠨ ᠬᠠᠮᠢᠶᠠᠷᠣᠯᠳᠠ  ᠠᠷᠪᠠᠨ ᠳᠥᠷᠪᠡᠳᠦᠭᠡᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠬᠢᠵᠦ ᠪᠠᠶᠢᠭ᠎ᠠ ᠪᠠᠶᠢᠭᠤᠯᠤᠮᠵᠢ ᠨᠢ ︽ᠷᠠᠳᠢᠣ᠋ ᠲᠧᠯᠸᠢᠰ ᠤᠨ ᠰᠤᠪᠠᠭ ᠤᠨ ᠨᠡᠪᠲᠡᠷᠡᠭᠦᠯᠬᠦ ᠵᠥᠪᠰᠢᠶᠡᠷᠡᠯ ᠤᠨ ᠦᠨᠡᠮᠯᠡᠯ︾ ᠳᠤ ᠲᠣᠭᠲᠠᠭᠠᠭᠰᠠᠨ ᠳᠠᠮᠵᠢᠭᠤᠯᠬᠤ ᠪᠦᠷᠬᠦᠴᠡ ᠶᠢᠨ ᠬᠡᠪᠴᠢᠶᠡᠨ ᠳᠣᠲᠣᠷ᠎ᠠ ᠰᠤᠪᠠᠭ ᠤᠨ ᠫᠷᠦᠭᠷᠠᠮ ᠢ ᠳᠠᠮᠵᠢᠭᠤᠯᠬᠤ ᠬᠡᠷᠡᠭᠲᠡᠶ᠃  ᠠᠷᠪᠠᠨ ᠲᠠᠪᠤᠳᠤᠭᠠᠷ ᠵᠣᠷᠪᠣᠰ᠂ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠨᠢ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠣᠯᠤᠭᠠᠳᠤᠶ ᠪᠠᠶᠢᠭᠤᠯᠤᠮᠵᠢ ᠪᠠᠷ ᠳᠠᠮᠵᠢᠭᠤᠯᠤᠨ ᠫᠷᠤᠭ᠍ᠷᠠᠮ ᠤᠨ ᠳᠣᠬᠢᠶ᠎ᠠ ᠶᠢ ᠳᠠᠮᠵᠢᠭᠤᠯᠵᠤ ᠪᠣᠯᠬᠤ ᠦᠭᠡᠶ᠃  ᠠᠷᠪᠠᠨ ᠵᠢᠷᠭᠤᠳᠤᠭᠠᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠪᠠᠶᠢᠭᠤᠯᠤᠮᠵᠢ ᠨᠤᠭᠤᠳ ᠪᠠᠶᠢᠭ᠎ᠠ ᠲᠣᠤᠷ ᠰᠦᠯᠵᠢᠶ᠎ᠡ ᠪᠤᠶᠤ ᠳᠠᠪᠲᠠᠮᠵᠢ ᠶᠢᠨ ᠡᠬᠢ ᠪᠠᠶᠠᠯᠢᠭ ᠢᠶᠠᠨ ᠠᠰᠢᠭᠯᠠᠨ ᠷᠠᠳᠢᠣ᠋ ᠲᠧᠯᠸᠢᠰ ᠤᠨ ᠫᠷᠤᠭ᠍ᠷᠠᠮ ᠢ ᠳᠤᠷ᠎ᠠ ᠪᠠᠷ ᠢᠶᠠᠨ ᠨᠡᠭᠡᠭᠡᠨ ᠡᠷᠬᠢᠯᠡᠵᠦ ᠪᠣᠯᠬᠤ ᠦᠭᠡᠶ᠂ ᠬᠠᠤᠯᠢ ᠪᠤᠰᠤ ᠪᠠᠷ ᠡᠷᠬᠢᠯᠡᠭᠰᠡᠨ ᠫᠷᠤᠭ᠍ᠷᠠᠮ ᠵᠢᠴᠢ ᠢᠷᠡᠯᠲᠡ ᠨᠢ ᠬᠠᠤᠯᠢ ᠪᠤᠰᠤ ᠷᠠᠳᠢᠣ᠋ ᠲᠧᠯᠸᠢᠰ ᠤᠨ ᠫᠷᠤᠭ᠍ᠷᠠᠮ ᠤᠨ ᠳᠣᠬᠢᠶ᠎ᠠ ᠶᠢ ᠳᠠᠮᠵᠢᠭᠤᠯᠬᠤ ᠦᠢᠯᠡᠴᠢᠯᠡᠭᠡ ᠶᠢ ᠬᠠᠩᠭᠠᠵᠤ ᠪᠣᠯᠬᠤ ᠦᠭᠡᠶ᠂ ᠬᠢᠯᠢ ᠶᠢᠨ ᠭᠠᠳᠠᠨᠠᠬᠢ ᠳᠠᠭᠠᠭᠤᠯᠢ ᠣᠳᠣᠨ ᠲᠧᠯᠸᠢᠰ ᠤᠨ ᠫᠷᠤᠭ᠍ᠷᠠᠮ ᠢ ᠳᠤᠷ᠎ᠠ ᠪᠠᠷ ᠢᠶᠠᠨ ᠳᠠᠮᠵᠢᠭᠤᠯᠵᠤ ᠪᠣᠯᠬᠤ ᠦᠭᠡᠶ᠃  ᠠᠷᠪᠠᠨ ᠳᠣᠯᠣᠳᠤᠭᠠᠷ ᠵᠣᠷᠪᠣᠰ᠂ ᠳᠣᠤᠷᠠᠬᠢ ᠠᠭᠤᠯᠭ᠎ᠠ ᠶᠢ ᠪᠠᠭᠲᠠᠭᠠᠭᠰᠠᠨ ᠷᠠᠳᠢᠣ᠋ ᠲᠧᠯᠸᠢᠰ ᠤᠨ ᠫᠷᠤᠭ᠍ᠷᠠᠮ ᠤᠨ ᠳᠣᠬᠢᠶ᠎ᠠ ᠶᠢ ᠳᠠᠮᠵᠢᠭᠤᠯᠬᠤ ᠶᠢ ᠬᠤᠷᠢᠭᠯᠠᠨ᠎ᠠ᠄  ︵ᠨᠢᠭᠡ︶ ᠦᠨᠳᠦᠰᠦᠨ ᠬᠠᠤᠯᠢ ᠳᠤ ᠲᠣᠭᠲᠠᠭᠠᠭᠰᠠᠨ ᠦᠨᠳᠦᠰᠦᠨ ᠵᠠᠷᠴᠢᠮ ᠢ ᠵᠥᠷᠢᠴᠡᠵᠦ᠂ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠥᠳᠥᠭᠡᠵᠦ ᠡᠰᠡᠷᠭᠦᠴᠡᠬᠦ ᠪᠤᠶᠤ ᠡᠪᠳᠡᠬᠦ︔  ︵ᠬᠤᠶᠠᠷ︶ ᠤᠯᠤᠰ ᠣᠷᠣᠨ ᠤ ᠨᠢᠭᠡᠳᠦᠯ᠂ ᠡᠷᠬᠡ ᠮᠡᠳᠡᠯ ᠪᠣᠯᠣᠨ ᠨᠤᠲᠤᠭ ᠳᠡᠪᠢᠰᠭᠡᠷ ᠤᠨ ᠪᠦᠷᠢᠨ ᠪᠦᠲᠦᠨ ᠳᠤ ᠬᠤᠣᠷ ᠬᠥᠨᠥᠭᠡᠯ ᠤᠴᠠᠷᠠᠭᠤᠯᠬᠤ︔  ︵ᠭᠤᠷᠪᠠ︶ ᠤᠯᠤᠰ ᠤᠨ ᠨᠢᠭᠤᠴᠠ ᠶᠢ ᠵᠠᠳᠠᠷᠠᠭᠤᠯᠵᠤ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠤᠶᠤ ᠤᠯᠤᠰ ᠤᠨ ᠨᠡᠷ᠎ᠡ ᠬᠦᠨᠳᠦ᠂ ᠠᠯᠳᠠᠷ ᠬᠦᠨᠳᠦ ᠪᠠ ᠠᠰᠢᠭ ᠲᠤᠰᠠ ᠶᠢ ᠬᠤᠬᠢᠷᠠᠭᠤᠯᠬᠤ︔  ︵ᠲᠦᠷᠪᠡ︶ ᠦᠨᠳᠦᠰᠦᠲᠡᠨ ᠤ ᠰᠢᠯᠢᠳᠡᠭ ᠰᠣᠶᠣᠯ ᠤᠨ ᠤᠯᠠᠮᠵᠢᠯᠠᠯ ᠢ ᠭᠦᠳᠬᠡᠨ᠂ ᠦᠨᠳᠦᠰᠦᠲᠡᠨ ᠤ ᠥᠰᠢᠶ᠎ᠡ ᠬᠤᠷᠣᠰᠤᠯ᠂ ᠦᠨᠳᠦᠰᠦᠲᠡᠨ ᠤ ᠭᠠᠳᠠᠭᠤᠷᠴᠢᠯᠠᠯ ᠢ ᠥᠳᠥᠭᠡᠨ᠂ ᠦᠨᠳᠦᠰᠦᠲᠡᠨ ᠤ ᠵᠠᠩ ᠵᠠᠩᠰᠢᠯ ᠢ ᠬᠤᠬᠢᠷᠠᠭᠤᠯᠵᠤ᠂ ᠦᠨᠳᠦᠰᠦᠲᠡᠨ ᠤ ᠲᠡᠦᠬᠡ ᠪᠤᠶᠤ ᠦᠨᠳᠦᠰᠦᠲᠡᠨ ᠤ ᠲᠡᠦᠬᠡᠨ ᠬᠥᠮᠦᠰ ᠢ ᠭᠠᠵᠢᠭᠤᠳᠠᠭᠤᠯᠤᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ︔  ︵ᠲᠠᠪᠤ︶ ᠤᠯᠤᠰ ᠤᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠵᠥᠷᠢᠴᠡᠵᠦ᠂ ᠭᠠᠵᠢᠭᠤ ᠨᠣᠮᠯᠠᠯ᠂ ᠮᠤᠬᠤᠷ ᠪᠢᠰᠢᠷᠡᠯ ᠢ ᠰᠤᠷᠲᠠᠯᠴᠢᠯᠠᠬᠤ︔  ︵ᠵᠢᠷᠭᠤᠭ᠎ᠠ︶ ᠨᠡᠶᠢᠭᠡᠮ ᠤᠨ ᠶᠣᠰᠣ ᠰᠤᠷᠲᠠᠬᠤᠨ ᠳᠤ ᠬᠤᠣᠷ ᠬᠥᠨᠥᠭᠡᠯ ᠤᠴᠠᠷᠠᠭᠤᠯᠵᠤ᠂ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠵᠤ᠂ ᠨᠡᠶᠢᠭᠡᠮ ᠤᠨ ᠲᠣᠭᠲᠠᠭᠤᠨ ᠢ ᠡᠪᠳᠡᠵᠦ᠂ ᠱᠠᠯᠢᠭ ᠵᠠᠪᠬᠠᠢ᠂ ᠵᠣᠭᠤᠰ ᠮᠦᠷᠦᠶᠢᠴᠡᠬᠦ᠂ ᠬᠤᠣᠷ ᠲᠠᠲᠠᠬᠤ ᠶᠢ ᠤᠬᠠᠭᠤᠯᠵᠤ᠂ ᠬᠦᠴᠦᠷᠬᠡᠭᠯᠡᠯ᠂ ᠰᠦᠷᠳᠡᠭᠦᠯᠦᠯ ᠢ ᠡᠷᠬᠢᠮᠯᠡᠨ᠂ ᠶᠠᠯ᠎ᠠ ᠬᠢᠬᠦ ᠶᠢ ᠵᠢᠭᠠᠨ ᠳᠣᠬᠢᠵᠤ ᠪᠠᠶᠢᠭᠠᠳ ᠶᠠᠯ᠎ᠠ ᠬᠢᠯᠭᠡᠬᠦ ᠪᠤᠶᠤ ᠶᠠᠯ᠎ᠠ ᠬᠢᠬᠦ ᠠᠷᠭ᠎ᠠ ᠶᠢ ᠤᠯᠠᠮᠵᠢᠯᠠᠬᠤ︔  ︵ᠳᠤᠯᠤᠭ᠎ᠠ︶ ᠨᠠᠰᠤᠨ ᠳᠤ ᠦᠯᠦ ᠬᠥᠷᠥᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠪᠤᠶᠤ ᠨᠠᠰᠤᠨ ᠳᠤ ᠦᠯᠦ ᠬᠥᠷᠥᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ︔  ︵ᠨᠠᠢᠮᠠ︶ ᠪᠤᠰᠤᠳ ᠢ ᠭᠤᠲᠤᠭᠠᠬᠤ᠂ ᠭᠦᠳᠬᠡᠬᠦ ᠪᠤᠶᠤ ᠪᠤᠰᠤᠳ ᠤᠨ ᠨᠢᠭᠤᠴᠠ ᠶᠢ ᠲᠠᠷᠬᠠᠭᠠᠵᠤ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ︔  ︵ᠶᠢᠰᠦ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠤᠷᠢᠭᠠᠲᠠᠢ ᠪᠤᠰᠤᠳ ᠠᠭᠤᠯᠭ᠎ᠠ᠃  ᠠᠷᠪᠠᠨ ᠨᠠᠢᠮᠠᠳᠤᠭᠠᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠪᠠᠶᠢᠭᠤᠯᠤᠮᠵᠢ ᠳᠤᠷ᠎ᠠ ᠪᠠᠷ ᠢᠶᠠᠨ ᠳᠠᠮᠵᠢᠭᠤᠯᠬᠤ ᠫᠷᠤᠭ᠍ᠷᠠᠮ ᠳᠤ ᠪᠤᠰᠤᠳ ᠫᠷᠤᠭ᠍ᠷᠠᠮ᠂ ᠮᠠᠲ᠋ᠧᠷᠢᠶᠠᠯ᠂ ᠵᠢᠷᠤᠭ ᠳᠦᠷᠰᠦ᠂ ᠦᠰᠦᠭ ᠪᠢᠴᠢᠭ ᠵᠢᠴᠢ ᠪᠤᠰᠤᠳ ᠮᠡᠳᠡᠭᠡ ᠵᠠᠩᠭᠢ ᠶᠢ ᠵᠢᠭᠢᠷᠢᠭᠯᠡᠨ ᠨᠡᠪᠲᠡᠷᠡᠭᠦᠯᠵᠦ ᠪᠣᠯᠬᠤ ᠦᠭᠡᠶ᠃  ᠠᠷᠪᠠ ᠶᠢᠰᠦᠳᠦᠭᠡᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠡᠷᠬᠢᠯᠡᠵᠦ ᠪᠠᠶᠢᠭ᠎ᠠ ᠪᠠᠶᠢᠭᠤᠯᠤᠮᠵᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠭᠰᠠᠨ ᠡᠷᠬᠡᠪᠰᠢ ᠳᠠᠮᠵᠢᠭᠤᠯᠬᠤ ᠷᠠᠳᠢᠣ᠋ ᠲᠧᠯᠸᠢᠰ ᠤᠨ ᠫᠷᠤᠭ᠍ᠷᠠᠮ ᠢ ᠪᠦᠷᠢᠨ ᠪᠦᠲᠦᠨ ᠢᠶᠠᠷ ᠨᠢ ᠳᠠᠮᠵᠢᠭᠤᠯᠬᠤ ᠬᠡᠷᠡᠭᠲᠡᠶ᠃  ᠬᠤᠷᠢᠳᠤᠭᠠᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠬᠢᠵᠦ ᠪᠠᠶᠢᠭ᠎ᠠ ᠪᠠᠶᠢᠭᠤᠯᠤᠮᠵᠢ ᠨᠢ ᠤᠷᠲᠤ ᠬᠤᠭᠤᠴᠠᠭᠠᠨ ᠤ ᠲᠣᠭᠲᠠᠭᠤᠨ ᠦᠢᠯᠡᠴᠢᠯᠡᠭᠡ ᠶᠢ ᠬᠠᠩᠭᠠᠬᠤ ᠬᠡᠷᠡᠭᠲᠡᠶ᠃  ᠬᠤᠷᠢᠨ ᠨᠢᠭᠡᠳᠦᠭᠡᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠪᠠᠶᠢᠭᠤᠯᠤᠮᠵᠢ ᠨᠢ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠭᠤᠯᠤᠭᠰᠠᠨ ᠬᠢᠨᠠᠨ ᠬᠡᠮᠵᠢᠬᠦ ᠪᠠᠶᠢᠭᠤᠯᠤᠮᠵᠢ ᠳᠤ ᠳᠠᠮᠵᠢᠭᠤᠯᠬᠤ ᠫᠷᠤᠭ᠍ᠷᠠᠮ ᠤᠨ ᠪᠦᠷᠢᠨ ᠪᠦᠲᠦᠨ ᠳᠣᠬᠢᠶ᠎ᠠ ᠶᠢ ᠬᠠᠩᠭᠠᠬᠤ ᠬᠡᠷᠡᠭᠲᠡᠶ᠂ ᠬᠢᠨᠠᠨ ᠬᠡᠮᠵᠢᠬᠦ ᠠᠵᠢᠯᠯᠠᠭ᠎ᠠ ᠶᠢ ᠨᠦᠯᠦᠭᠡᠯᠡᠬᠦ ᠪᠠ ᠬᠠᠷᠰᠢᠯᠠᠵᠤ ᠪᠣᠯᠬᠤ ᠦᠭᠡᠶ᠃    ᠳᠥᠷᠪᠡᠳᠦᠭᠡᠷ ᠪᠦᠯᠦᠭ᠂ ᠲᠣᠷᠭᠠᠬᠤ ᠳᠦᠷᠢᠮ  ᠬᠤᠷᠢᠨ ᠬᠤᠶᠠᠳᠤᠭᠠᠷ ᠵᠣᠷᠪᠣᠰ᠂ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠤᠷ᠎ᠠ ᠪᠠᠷ ᠢᠶᠠᠨ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠬᠢᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠲᠥᠬᠦᠭᠡᠷᠦᠮᠵᠢ ᠶᠢ ᠨᠢ ᠬᠤᠷᠢᠶᠠᠨ ᠠᠪᠴᠤ᠂ ᠪᠡᠯᠡ ᠣᠷᠣᠭᠤᠯᠤᠯᠲᠠ ᠶᠢᠨ ᠶᠡᠷᠦᠩᠬᠡᠶ ᠲᠤᠭ᠎ᠠ ᠶᠢᠨ 1 ᠳᠡᠭᠢᠨ ᠠᠴᠠ ᠳᠡᠭᠡᠭᠰᠢ 2 ᠳᠡᠭᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠭᠡᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ᠬᠤᠷᠢᠨ ᠭᠤᠷᠪᠠᠳᠤᠭᠠᠷ ᠵᠣᠷᠪᠣᠰ᠂ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢ ᠥᠭᠴᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠤᠶᠠᠷ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄  ︵ᠨᠢᠭᠡ︶ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠡᠷᠬᠡᠪᠰᠢ ᠳᠠᠮᠵᠢᠭᠤᠯᠬᠤ ᠬᠡᠷᠡᠭᠲᠡᠢ ᠭᠡᠵᠦ ᠲᠣᠭᠲᠠᠭᠠᠭᠰᠠᠨ ᠷᠠᠳᠢᠣ᠋ ᠲᠧᠯᠸᠢᠰ ᠤᠨ ᠫᠷᠤᠭ᠍ᠷᠠᠮ ᠢ ᠪᠦᠷᠢᠨ ᠪᠦᠲᠦᠨ ᠢᠶᠠᠷ ᠨᠢ ᠳᠠᠮᠵᠢᠭᠤᠯᠤᠭᠰᠠᠨ ᠦᠭᠡᠢ︔  ︵ᠬᠤᠶᠠᠷ︶ ᠳᠠᠮᠵᠢᠭᠤᠯᠬᠤ ᠫᠷᠤᠭ᠍ᠷᠠᠮ ᠳᠤ ᠳᠤᠷ᠎ᠠ ᠪᠠᠷ ᠢᠶᠠᠨ ᠫᠷᠤᠭ᠍ᠷᠠᠮ᠂ ᠮᠠᠲ᠋ᠧᠷᠢᠶᠠᠯ᠂ ᠵᠢᠷᠤᠭ ᠳᠦᠷᠰᠦ᠂ ᠦᠰᠦᠭ ᠪᠢᠴᠢᠭ ᠵᠢᠴᠢ ᠪᠤᠰᠤᠳ ᠮᠡᠳᠡᠭᠡ ᠵᠠᠩᠭᠢ ᠶᠢ ᠵᠢᠭᠢᠷᠢᠭᠯᠡᠭᠰᠡᠨ︔  ︵ᠭᠤᠷᠪᠠ︶ ᠵᠥᠪᠰᠢᠶᠡᠷᠡᠯ ᠤᠨ ᠦᠨᠡᠮᠯᠡᠯ ᠳᠤ ᠲᠣᠳᠤᠷᠬᠠᠢ ᠲᠡᠮᠳᠡᠭᠯᠡᠭᠰᠡᠨ ᠵᠦᠢᠯᠡᠰ ᠢᠶᠠᠨ ᠦᠯᠦ ᠵᠢᠷᠤᠮᠯᠠᠨ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠷᠬᠢᠯᠡᠭᠰᠡᠨ︔  ︵ᠲᠦᠷᠪᠡ︶ ᠦᠨᠡᠮᠯᠡᠯ ᠲᠠᠢ ᠪᠠᠶᠢᠭᠤᠯᠤᠮᠵᠢ ᠨᠢ ᠬᠤᠪᠢ ᠣᠷᠣᠭᠤᠯᠤᠭᠴᠢ᠂ ᠬᠤᠪᠢ ᠡᠵᠡᠮᠳᠡᠬᠦ ᠬᠠᠷᠢᠴᠠᠯ ᠢᠶᠠᠨ ᠬᠤᠪᠢᠷᠠᠭᠤᠯᠵᠤ᠂ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶ ᠲᠡᠮᠳᠡᠭᠯᠡᠭᠰᠡᠨ ᠳᠠᠮᠵᠢᠭᠤᠯᠬᠤ ᠠᠭᠤᠯᠭ᠎ᠠ᠂ ᠳᠠᠮᠵᠢᠭᠤᠯᠬᠤ ᠬᠡᠪᠴᠢᠶ᠎ᠡ᠂ ᠳᠠᠮᠵᠢᠭᠤᠯᠬᠤ ᠠᠴᠢᠶᠠᠯᠠᠪᠤᠷᠢ᠂ ᠮᠡᠷᠭᠡᠵᠢᠯ ᠤᠨ ᠠᠷᠭ᠎ᠠ ᠪᠠᠷᠢᠯ ᠵᠢᠴᠢ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠡᠷᠬᠢᠯᠡᠬᠦ ᠪᠠᠨ ᠵᠣᠭᠰᠣᠭᠠᠵᠤ᠂ ᠬᠢᠨᠠᠨ ᠵᠥᠪᠰᠢᠶᠡᠷᠡᠭᠦᠯᠬᠦ ᠭᠠᠷᠳᠠᠮ ᠬᠢᠭᠰᠡᠨ ᠦᠭᠡᠢ︔  ︵ᠲᠠᠪᠤ︶ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠭᠤᠯᠤᠭᠰᠠᠨ ᠬᠢᠨᠠᠨ ᠬᠡᠮᠵᠢᠬᠦ ᠪᠠᠶᠢᠭᠤᠯᠤᠮᠵᠢ ᠶᠢᠨ ᠳᠠᠮᠵᠢᠭᠤᠯᠬᠤ ᠫᠷᠤᠭ᠍ᠷᠠᠮ ᠳᠤ ᠪᠦᠷᠢᠨ ᠪᠦᠲᠦᠨ ᠳᠣᠬᠢᠶ᠎ᠠ ᠬᠠᠩᠭᠠᠭᠰᠠᠨ ᠦᠭᠡᠶ ᠪᠤᠶᠤ ᠬᠢᠨᠠᠨ ᠬᠡᠮᠵᠢᠬᠦ ᠠᠵᠢᠯᠯᠠᠭ᠎ᠠ ᠶᠢ ᠨᠦᠯᠦᠭᠡᠯᠡᠵᠦ ᠬᠠᠷᠰᠢᠯᠠᠭᠰᠠᠨ᠃  ᠬᠤᠷᠢᠨ ᠳᠥᠷᠪᠡᠳᠦᠭᠡᠷ ᠵᠣᠷᠪᠣᠰ᠂ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢ ᠥᠭᠴᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠤᠶᠠᠷ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄  ︵ᠨᠢᠭᠡ︶ ᠳᠤᠷ᠎ᠠ ᠪᠠᠷ ᠢᠶᠠᠨ ᠷᠠᠳᠢᠣ᠋ ᠲᠧᠯᠸᠢᠰ ᠤᠨ ᠫᠷᠤᠭ᠍ᠷᠠᠮ ᠡᠷᠬᠢᠯᠡᠭᠰᠡᠨ᠃  ︵ᠬᠤᠶᠠᠷ︶ ᠬᠠᠤᠯᠢ ᠪᠤᠰᠤ ᠪᠠᠷ ᠡᠷᠬᠢᠯᠡᠭᠰᠡᠨ ᠫᠷᠤᠭ᠍ᠷᠠᠮ ᠵᠢᠴᠢ ᠬᠠᠤᠯᠢ ᠪᠤᠰᠤ ᠶᠢᠨ ᠢᠷᠡᠯᠲᠡ ᠲᠠᠢ ᠷᠠᠳᠢᠣ᠋ ᠲᠧᠯᠸᠢᠰ ᠤᠨ ᠫᠷᠤᠭ᠍ᠷᠠᠮ ᠤᠨ ᠳᠣᠬᠢᠶ᠎ᠠ ᠶᠢ ᠳᠠᠮᠵᠢᠭᠤᠯᠬᠤ ᠦᠢᠯᠡᠴᠢᠯᠡᠭᠡ ᠶᠢ ᠬᠠᠩᠭᠠᠭᠰᠠᠨ︔  ︵ᠭᠤᠷᠪᠠ︶ ᠬᠢᠯᠢ ᠶᠢᠨ ᠭᠠᠳᠠᠨᠠᠬᠢ ᠳᠠᠭᠠᠭᠤᠯᠢ ᠣᠳᠣᠨ ᠤ ᠲᠧᠯᠸᠢᠰ ᠫᠷᠤᠭ᠍ᠷᠠᠮ ᠢ ᠳᠤᠷ᠎ᠠ ᠪᠠᠷ ᠢᠶᠠᠨ ᠳᠠᠮᠵᠢᠭᠤᠯᠤᠭᠰᠠᠨ᠃    ᠲᠠᠪᠤᠳᠤᠭᠠᠷ ᠪᠦᠯᠦᠭ᠂ ᠳᠠᠭᠠᠯᠳᠤᠭᠤᠯᠤᠯ ᠳᠦᠷᠢᠮ  ᠬᠤᠷᠢᠨ ᠲᠠᠪᠤᠳᠤᠭᠠᠷ ᠵᠣᠷᠪᠣᠰ᠂ ᠲᠤᠰ ᠠᠷᠭ᠎ᠠ ᠳᠤ ᠬᠡᠯᠡᠵᠦ ᠪᠠᠶᠢᠭ᠎ᠠ ︽ᠠᠷᠪᠠᠨ ᠡᠳᠦᠷ︾ ︽ᠬᠤᠷᠢᠨ ᠡᠳᠦᠷ︾ ︽ᠭᠤᠴᠢᠨ ᠡᠳᠦᠷ︾ ᠭᠡᠳᠡᠭ ᠨᠢ ᠠᠵᠢᠯᠯᠠᠬᠤ ᠡᠳᠦᠷ ᠢ ᠵᠢᠭᠠᠵᠤ ᠪᠤᠶ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠶ᠃  ᠬᠤᠷᠢᠨ ᠵᠢᠷᠭᠤᠳᠤᠭᠠᠷ ᠵᠣᠷᠪᠣᠰ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠳᠠ ᠶᠢᠨ ᠠᠷᠭ᠎ᠠ︾ ︵ᠤᠯᠤᠰ ᠤᠨ ᠷᠠᠳᠢᠤ᠋ ᠺᠢᠨᠤ᠋ ᠲᠧᠯᠸᠢᠰ ᠤᠨ ᠶᠡᠷᠦᠩᠬᠡᠢ ᠲᠤᠪᠴᠢᠶ᠎ᠠ ᠶᠢᠨ ᠵᠠᠷᠯᠢᠭ 33 ᠳ᠋ᠤᠭᠠᠷ ᠲᠤᠭᠠᠳᠤ︶ ᠶᠢ ᠬᠠᠮᠳᠤ ᠳᠤ ᠨᠢ ᠬᠦᠴᠦᠨ ᠦᠬᠡᠢ ᠪᠣᠯᠭᠠᠨ᠎ᠠ᠃ 
ᠢᠷᠡᠯᠲᠡ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ