| | | | | | 5 ᠳ᠋ᠤᠭᠠᠷ ᠰᠠᠷ᠎ᠠ ᠶᠢᠨ ᠳᠤᠮᠳᠠᠴᠢ ᠪᠠᠷ᠂ ᠪᠠᠭᠤᠳᠠᠯ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠠᠵᠢᠯᠯᠠᠭᠠᠨ ᠤ ᠪᠤᠳᠤᠯᠢᠶᠠᠨᠲᠠᠶ ᠵᠠᠰᠠᠯᠲᠠ ᠶᠢᠨ | ᠠᠵᠢᠯ ᠢ ᠭᠦᠨᠵᠡᠭᠡᠶ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠣᠴᠢᠳ ᠤᠨ ᠪᠠᠭᠤᠳᠠᠯ ᠤᠨ ᠲᠧᠯᠸᠢᠰ ᠤᠨ ᠠᠵᠢᠯᠯᠠᠭᠠᠨ ᠤ ᠨᠠᠷᠢᠨ ᠪᠤᠳᠤᠯᠢᠶᠠᠨᠲᠠᠶ | ᠵᠠᠰᠠᠯᠲᠠ ᠶᠢᠨ ᠠᠵᠢᠯ ᠤᠨ ᠲᠤᠰᠬᠠᠶ ᠠᠩᠭᠢ ᠤᠷᠢᠳ ᠬᠤᠵᠢᠳ ᠬᠥᠬᠡᠬᠤᠲᠠ᠂ ᠤᠯᠠᠭᠠᠨᠬᠠᠳᠠ ᠬᠤᠲᠠ ᠪᠣᠯᠤᠨ ᠤᠯᠠᠭᠠᠨᠴᠠᠪ ᠬᠤᠲᠠ ᠳᠤ ᠬᠦᠷᠴᠦ ᠲᠤᠰᠬᠠᠶ ᠵᠠᠰᠠᠯᠲᠠ ᠶᠢᠨ | ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | ᠠᠵᠢᠯ ᠤᠨ ᠲᠤᠰᠬᠠᠶ ᠠᠩᠭᠢ ᠨᠢ ᠪᠠᠭᠤᠳᠠᠯ ᠤᠨ ᠲᠧᠯᠸᠢᠰ ᠤᠨ ᠠᠵᠢᠯᠯᠠᠭᠠᠨ ᠤ ᠪᠤᠳᠤᠯᠢᠶᠠᠨᠲᠠᠶ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ | ᠠᠶᠢᠮᠠᠭ ᠬᠤᠲᠠ ᠪᠠ ᠬᠤᠰᠢᠭᠤ ᠰᠢᠶᠠᠨ ᠲᠣᠭᠤᠷᠢᠭ ᠤᠨ ᠵᠠᠰᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠬᠡᠷ ᠲᠤ ᠨᠢ ᠬᠦᠷᠴᠦ ᠬᠤᠯᠪᠣᠭᠠᠯᠠᠨ | ᠦᠢᠯᠡᠴᠢᠯᠡᠭᠡᠨ ᠤ ᠵᠠᠰᠠᠯᠲᠠ ᠶᠢᠨ ᠠᠵᠢᠯ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠲᠤᠰᠬᠠᠶ ᠵᠠᠰᠠᠯᠲᠠ ᠶᠢᠨ ᠠᠵᠢᠯ ᠤᠨ ᠳᠤᠮᠳᠠ | ᠲᠤᠯᠭᠠᠷᠠᠭᠰᠠᠨ ᠠᠰᠠᠭᠤᠳᠠᠯ ᠪᠠ ᠪᠠᠶᠢᠳᠠᠯ ᠢ ᠨᠠᠷᠢᠨ ᠣᠶᠢᠯᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠰᠣᠶᠣᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠪᠠ᠃ 5 ᠳ᠋ᠤᠭᠠᠷ | ᠰᠠᠷ᠎ᠠ ᠶᠢᠨ 16 ᠤ ᠡᠳᠦᠷ ᠪᠣᠯᠲᠠᠯ᠎ᠠ᠂ ᠤᠯᠠᠭᠠᠨᠴᠠᠪ ᠬᠤᠲᠠ᠂ ᠡᠷᠢᠶᠡᠨ ᠬᠤᠲᠠ ᠵᠡᠷᠭᠡ ᠭᠠᠵᠠᠷ ᠣᠷᠣᠨ ᠨᠢᠭᠡᠨᠲᠡ ᠨᠢᠭᠡᠳᠦᠭᠡᠷ ᠱᠠᠲᠤᠨ ᠤ ᠵᠠᠰᠠᠬᠤ ᠠᠵᠢᠯ ᠤᠨ ᠡᠭᠦᠷᠭᠡ ᠪᠠᠨ | ᠤᠷᠢᠳᠴᠢᠯᠠᠨ ᠪᠡᠶᠡᠯᠡᠭᠦᠯᠵᠦ᠂ ᠪᠥᠬᠦ ᠣᠷᠣᠨ ᠳᠤ ᠨᠡᠶᠢᠲᠡ 285 ᠵᠣᠴᠢᠳ ᠤᠨ ᠪᠠᠭᠤᠳᠠᠯ᠂ 34255 ᠲᠠᠰᠤᠯᠭ᠎ᠠ ᠵᠣᠴᠢᠨ ᠤ ᠥᠷᠥᠭᠡ ᠶᠢ ᠴᠡᠭᠴᠡᠯᠡᠨ ᠵᠠᠰᠠᠪᠠ᠃ | ︵ᠰᠢᠨᠵᠢᠯᠡᠭᠡ ᠮᠡᠷᠭᠡᠵᠢᠯ ᠤᠨ ᠭᠠᠵᠠᠷ︶ | |