| | | | | | ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠵᠠᠷᠯᠢᠭ13 ᠳ᠋ᠤᠭᠠᠷ ᠲᠣᠭᠠᠲᠤ | | ︽ᠷᠠᠳᠢᠣ᠋ ᠲᠧᠯᠸᠢᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠰᠦᠯᠵᠢᠶᠡᠨ ᠤ ᠬᠠᠮᠢᠶᠠᠷᠤᠯᠲᠠ ᠶᠢᠨ ᠠᠷᠭ᠎ᠠ︾ ᠶᠢ 2022 ᠣᠨ ᠤ 9 ᠳ᠋ᠦ᠋ᠭᠡᠷ | ᠰᠠᠷ᠎ᠠ ᠶᠢᠨ 22 ᠤ ᠡᠳᠦᠷ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ | ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠪᠴᠢᠶᠠᠨ ᠳᠠᠷᠤᠭ᠎ᠠ᠄ ᠰᠢᠤᠢ ᠯᠢᠨ | 2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ | | | | | | | | | ᠷᠠᠳᠢᠣ᠋ ᠲᠧᠯᠸᠢᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠰᠦᠯᠵᠢᠶᠡᠨ ᠤ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ᠂ ᠶᠡᠷᠦᠩᠬᠡᠢ ᠳᠦᠷᠢᠮ | ᠨᠢᠭᠡᠳᠦᠭᠡᠷ ᠵᠣᠷᠪᠤᠰ ᠂ ᠷᠠᠳᠢᠣ᠋ ᠲᠧᠯᠸᠢᠰ ᠤᠨ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠶᠢ | ᠪᠠᠲᠤᠯᠠᠵᠤ᠂ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠡᠮᠬᠢ ᠳᠢᠭᠯᠢᠮ ᠢ ᠬᠠᠮᠠᠭᠠᠯᠠᠨ᠂ ᠷᠠᠳᠢᠣ᠋ ᠲᠧᠯᠸᠢᠰ ᠤᠨ ᠤᠲᠠᠰᠤ ᠦᠭᠡᠶ ᠪᠠᠷ ᠨᠡᠪᠲᠡᠷᠡᠭᠦᠯᠬᠦ ᠲᠤᠬᠠᠶᠢᠯᠠᠭᠰᠠᠨ | ᠠᠵᠢᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠳᠦᠷᠢᠮ︾ ᠪᠣᠯᠤᠨ ︽ᠷᠠᠳᠢᠣ᠋ ᠲᠧᠯᠸᠢᠰ ᠤᠨ | ᠲᠥᠬᠦᠭᠡᠷᠦᠮᠵᠢ ᠶᠢᠨ ᠬᠠᠮᠠᠭᠠᠯᠠᠯᠲᠠ ᠶᠢᠨ ᠳᠦᠷᠢᠮ︾ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠣᠷᠪᠤᠰ᠂ ᠲᠤᠰ ᠠᠷᠭ᠎ᠠ ᠨᠢ ᠷᠠᠳᠢᠤ᠋ ᠲᠧᠯᠸᠢᠰ ᠤᠨ ᠤᠲᠠᠰᠤ ᠦᠭᠡᠢ ᠪᠠᠷ ᠳᠠᠮᠵᠢᠭᠤᠯᠬᠤ ᠪᠦᠷᠬᠦᠴᠡ ᠶᠢᠨ ᠲᠤᠤᠷ ︵ᠲᠤᠷᠤᠨᠨᠰᠢ ᠤᠲᠠᠰᠤ ᠦᠭᠡᠢ ᠪᠠᠷ | ᠳᠠᠮᠵᠢᠭᠤᠯᠬᠤ ᠪᠦᠷᠬᠦᠴᠡ ᠶᠢᠨ ᠲᠤᠤᠷ ᠬᠡᠵᠦ ᠲᠤᠪᠴᠢᠯᠠᠨ᠎ᠠ︶ ᠢ ᠲᠦᠯᠦᠪᠵᠢᠭᠦᠯᠬᠦ᠂ ᠪᠦᠳᠦᠬᠡᠨ ᠪᠠᠶᠢᠭᠤᠯᠬᠤ᠂ ᠬᠡᠷᠡᠭᠯᠡᠬᠦ ᠪᠠ ᠬᠠᠮᠢᠶᠠᠷᠬᠤ ᠵᠡᠷᠬᠡ ᠠᠵᠢᠯᠯᠠᠭ᠎ᠠ ᠳᠤ | ᠬᠡᠷᠡᠭᠯᠡᠬᠦ ᠳᠤ ᠲᠣᠬᠢᠷᠠᠮᠵᠢᠲᠠᠢ᠃ | ᠤᠲᠠᠰᠤ ᠦᠭᠡᠢ ᠪᠠᠷ ᠳᠠᠮᠵᠢᠭᠤᠯᠬᠤ ᠪᠦᠷᠬᠦᠴᠡ ᠶᠢᠨ ᠲᠤᠤᠷ ᠨᠢ ᠷᠠᠳᠢᠣ᠋ ᠲᠧᠯᠸᠢᠰ ᠤᠨ ᠰᠠᠴᠤᠷᠠᠭᠤᠯᠬᠤ ᠥᠷᠲᠡᠭᠡ᠂ ᠳᠠᠮᠵᠢᠭᠤᠯᠤᠨ ᠨᠡᠪᠲᠡᠷᠡᠭᠦᠯᠬᠦ ᠥᠷᠲᠡᠭᠡ᠂ | ᠪᠤᠤᠭᠢᠶ᠎ᠠ ᠥᠷᠲᠡᠭᠡ᠂ ᠬᠤᠷᠢᠶᠠᠵᠤ ᠳᠠᠮᠵᠢᠭᠤᠯᠬᠤ ᠥᠷᠲᠡᠭᠡ ︵ᠥᠷᠲᠡᠭᠡ︶᠂ ᠪᠢᠴᠢᠯ ᠳᠣᠯᠭᠢᠶᠠᠨ ᠤ ᠥᠷᠲᠡᠭᠡ᠂ ᠫᠷᠤᠭ᠍ᠷᠠᠮ ᠳᠠᠮᠵᠢᠭᠤᠯᠬᠤ ᠥᠷᠲᠡᠭᠡ ︵ᠥᠷᠲᠡᠭᠡ︶᠂ | ᠷᠠᠳᠢᠣ᠋ ᠲᠧᠯᠸᠢᠰ ᠤᠨ ᠳᠠᠭᠠᠭᠤᠯᠢ ᠣᠳᠣ᠂ ᠳᠠᠭᠠᠭᠤᠯᠢ ᠣᠳᠣᠨ ᠤ ᠳᠡᠯᠡᠬᠡᠶ ᠶᠢᠨ ᠪᠥᠮᠪᠥᠷᠴᠡᠭ ᠤᠨ ᠥᠷᠲᠡᠭᠡ᠂ ᠬᠢᠨᠠᠨ ᠬᠡᠮᠵᠢᠬᠦ ᠥᠷᠲᠡᠭᠡ ︵ᠥᠷᠲᠡᠭᠡ︶ ᠵᠡᠷᠭᠡ ᠬᠡᠰᠡᠭ ᠢ | ᠪᠠᠭᠲᠠᠭᠠᠨ᠎ᠠ᠃ ᠷᠠᠳᠢᠤ᠋ ᠲᠧᠯᠸᠢᠰ ᠤᠨ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠤᠬᠠᠶᠢᠯᠬᠠᠰᠠᠨ ᠠᠵᠢᠯ ᠬᠡᠳᠡᠭ ᠨᠢ ᠤᠲᠠᠰᠤ ᠦᠭᠡᠢ ᠪᠠᠷ ᠳᠠᠮᠵᠢᠭᠤᠯᠬᠤ | ᠪᠦᠷᠬᠦᠴᠡ ᠶᠢᠨ ᠲᠤᠤᠷ ᠢ ᠠᠰᠢᠬᠯᠠᠨ ᠷᠠᠳᠢᠤ᠋ ᠲᠧᠯᠸᠢᠰ ᠤᠨ ᠫᠷᠤᠭ᠍ᠷᠠᠮ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠤ᠋ ᠨᠡᠪᠳᠡᠷᠡᠬᠦᠯᠬᠡ ᠶᠢᠨ ᠮᠡᠳᠡᠭᠡ ᠵᠠᠩᠬᠢ ᠶᠢ ᠲᠠᠮᠵᠢᠭᠤᠯᠬᠤ | ᠠᠵᠢᠯᠯᠠᠭ᠎ᠠ ᠶᠢ ᠵᠢᠭᠠᠨ᠎ᠠ᠃ | ᠭᠤᠷᠪᠠᠳᠤᠭᠠᠷ ᠵᠣᠷᠪᠤᠰ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︵ᠳᠣᠷᠣᠭᠰᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠭᠡᠵᠦ ᠲᠣᠪᠴᠢᠯᠠᠨ᠎ᠠ︶ | ᠨᠢ ᠪᠥᠬᠦ ᠤᠯᠤᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠷᠠᠳᠢᠣ᠋ ᠲᠧᠯᠸᠢᠰ ᠤᠨ | ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠪᠥᠬᠦ ᠤᠯᠤᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠤᠨ ᠲᠥᠯᠥᠪᠵᠢᠭᠦᠯᠭᠡ ᠶᠢ ᠬᠠᠷᠢᠭᠤᠴᠠᠨ | ᠵᠣᠬᠢᠶᠠᠨ ᠪᠠᠶᠢᠭᠤᠯᠤᠨ ᠲᠣᠭᠲᠠᠭᠠᠵᠤ᠂ ᠷᠠᠳᠢᠣ᠋ ᠲᠧᠯᠸᠢᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠵᠦ᠂ ᠷᠠᠳᠢᠣ᠋ | ᠲᠧᠯᠸᠢᠰ ᠤᠨ ᠲᠤᠰᠬᠠᠶ ᠳᠠᠪᠲᠠᠮᠵᠢ ᠶᠢᠨ ᠬᠡᠰᠡᠭ ᠤᠨ ᠳᠠᠪᠲᠠᠮᠵᠢ ︵ᠳᠣᠷᠣᠭᠰᠢ ᠷᠠᠳᠢᠣ᠋ ᠲᠧᠯᠸᠢᠰ ᠤᠨ ᠳᠠᠪᠲᠠᠮᠵᠢ ᠭᠡᠵᠦ ᠲᠣᠪᠴᠢᠯᠠᠨ᠎ᠠ︶ ᠶᠢ ᠵᠢᠭᠠᠨ ᠲᠣᠬᠢᠷᠠᠭᠤᠯᠬᠤ ᠶᠢᠨ | ᠬᠠᠮᠲᠤ ᠪᠥᠬᠦ ᠤᠯᠤᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠲᠤ ᠬᠠᠮᠢᠶᠠᠷᠤᠯᠲᠠ ᠬᠢᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ᠳᠥᠷᠪᠡᠳᠦᠭᠡᠷ ᠵᠣᠷᠪᠤᠰ᠂ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠷᠠᠳᠢᠣ᠋ ᠲᠧᠯᠸᠢᠰ ᠤᠨ ᠳᠠᠮᠵᠢᠭᠤᠯᠬᠤ ᠪᠦᠷᠬᠦᠴᠡ ᠶᠢᠨ ᠠᠶᠤᠯᠭᠦᠢ ᠪᠠ ᠶᠠᠰᠤ ᠴᠢᠨᠠᠷ ᠢ ᠦᠨᠡᠨ ᠬᠦ ᠪᠠᠲᠤᠯᠠᠨ᠎ᠠ᠃ | ᠲᠠᠪᠤᠳᠤᠭᠠᠷ ᠵᠣᠷᠪᠤᠰ᠂ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠤᠨ ᠢᠨᠵᠧᠨᠧᠷᠢᠩ ᠤᠨ ᠭᠠᠵᠠᠷ ᠰᠣᠩᠭᠤᠬᠤ᠂ ᠵᠢᠷᠤᠵᠤ ᠲᠥᠯᠥᠪᠯᠡᠬᠦ᠂ ᠪᠠᠷᠢᠯᠭ᠎ᠠ | ᠪᠠᠷᠢᠬᠤ᠂ ᠤᠭᠰᠠᠷᠠᠬᠤ ᠳᠤ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠶᠢᠨ ᠬᠠᠮᠲᠤ ᠬᠠᠤᠯᠢ ᠶᠣᠰᠣᠭᠠᠷ ᠵᠣᠬᠢᠬᠤ ᠬᠢᠷᠢ ᠴᠢᠳᠠᠮᠵᠢ ᠶᠢ ᠣᠯᠤᠭᠰᠠᠨ | ᠨᠢᠭᠡᠴᠢ ᠠᠴᠠ ᠡᠭᠦᠷᠭᠡᠯᠡᠬᠦ ᠬᠡᠷᠡᠭᠲᠡᠶ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠤᠨ ᠬᠡᠷᠡᠭᠯᠡᠵᠦ ᠪᠠᠶᠢᠭ᠎ᠠ ᠷᠠᠳᠢᠣ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠨᠢ | ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠪᠣᠯᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠵᠢᠷᠭᠤᠳᠤᠭᠠᠷ ᠵᠣᠷᠪᠤᠰ᠂ ᠤᠯᠤᠰ ᠠᠴᠠ ᠷᠠᠳᠢᠣ᠋ ᠲᠧᠯᠸᠢᠰ ᠤᠨ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ᠂ ᠳᠠᠭᠠᠭᠤᠯᠢ ᠣᠳᠣᠨ ᠤ | ᠠᠷᠭ᠎ᠠ ᠬᠡᠯᠪᠡᠷᠢ ᠪᠠᠷ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ᠂ ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ᠂ ᠷᠠᠳᠢᠣ᠋ ᠲᠧᠯᠸᠢᠰ ᠰᠠᠴᠤᠷᠠᠭᠤᠯᠬᠤ | ᠲᠥᠬᠦᠭᠡᠷᠦᠮᠵᠢ ᠶᠢ ᠬᠤᠳᠠᠯᠳᠤᠨ ᠠᠪᠬᠤ ᠵᠢᠴᠢ ᠷᠠᠳᠢᠣ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠶᠢ ᠨᠡᠭᠦᠯᠭᠡᠨ ᠪᠠᠶᠢᠭᠤᠯᠬᠤ ᠳᠤ ᠵᠥᠪᠰᠢᠶᠡᠷᠡᠯ ᠤᠨ ᠳᠦᠷᠢᠮ ᠢ | ᠬᠡᠷᠡᠭᠵᠢᠭᠦᠯᠦᠨ᠎ᠡ᠃ | ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ ᠳᠤ ᠲᠣᠭᠲᠠᠭᠠᠭᠰᠠᠨ ᠬᠤᠭᠤᠴᠠᠭ᠎ᠠ | ᠬᠢᠵᠠᠭᠠᠷ ᠤᠨ ᠶᠣᠰᠣᠭᠠᠷ ᠬᠠᠮᠢᠶ᠎ᠠ ᠪᠦᠬᠦᠢ ᠵᠥᠪᠰᠢᠶᠡᠷᠡᠯ ᠤᠨ ᠵᠦᠢᠯᠡᠰ ᠢ ᠭᠦᠢᠴᠡᠳᠬᠡᠬᠦ ᠬᠡᠷᠡᠭᠲᠡᠶ᠂ ᠬᠡᠷᠡᠭᠴᠡᠭᠡ ᠪᠠᠨ ᠦᠨᠳᠦᠰᠦᠯᠡᠨ ᠲᠤᠰᠬᠠᠶ ᠮᠡᠷᠭᠡᠵᠢᠯᠲᠡᠳ ᠢ ᠵᠣᠬᠢᠶᠠᠨ | ᠪᠠᠶᠢᠭᠤᠯᠤᠨ ᠴᠢᠬᠤᠯᠠ ᠮᠡᠷᠭᠡᠵᠢᠯ ᠤᠨ ᠲᠥᠰᠦᠯ ᠳᠤ ᠨᠤᠲᠠᠯᠠᠯᠲᠠ ᠬᠢᠯᠭᠡᠵᠦ ᠪᠣᠯᠤᠨ᠎ᠠ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠭᠤᠴᠠᠭ᠎ᠠ ᠨᠢ ᠭᠤᠴᠢᠨ ᠡᠳᠦᠷ | ᠪᠣᠯᠤᠨ᠎ᠠ᠃ | ᠵᠥᠪᠰᠢᠶᠡᠷᠡᠯ ᠤᠨ ᠦᠨᠡᠮᠯᠡᠯ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠨᠢᠭᠡᠳᠦᠯᠲᠡᠶ ᠳᠠᠷᠤᠮᠠᠯᠯᠠᠨ ᠵᠣᠬᠢᠶᠠᠵᠤ᠂ ᠬᠠᠭᠤᠷᠮᠠᠭᠯᠠᠨ ᠵᠣᠬᠢᠶᠠᠬᠤ᠂ ᠳᠠᠬᠢᠨ | ᠳᠠᠷᠤᠮᠠᠯᠯᠠᠬᠤ᠂ ᠪᠠᠯᠠᠯᠤᠨ ᠥᠭᠡᠷᠡᠴᠢᠯᠡᠬᠦ᠂ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ ᠶᠢ ᠴᠢᠩᠭ᠎ᠠ ᠬᠤᠷᠢᠭᠯᠠᠨ᠎ᠠ᠃ | ᠳᠣᠯᠣᠳᠤᠭᠠᠷ ᠵᠣᠷᠪᠤᠰ᠂ ᠤᠲᠠᠰᠤ ᠦᠭᠡᠶ ᠪᠠᠷ ᠳᠠᠮᠵᠢᠭᠤᠯᠬᠤ ᠲᠣᠣᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠬᠤᠷᠢᠭᠠᠲᠤ ᠠᠭᠤᠯᠭ᠎ᠠ ᠶᠢ ᠳᠠᠮᠵᠢᠭᠤᠯᠬᠤ ᠶᠢ ᠴᠢᠩᠭ᠎ᠠ ᠬᠤᠷᠢᠭᠯᠠᠨ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠴᠤ ᠷᠠᠳᠢᠣ᠋ ᠲᠧᠯᠸᠢᠰ ᠤᠨ ᠳᠠᠪᠲᠠᠮᠵᠢ ᠶᠢ ᠳᠤᠷ᠎ᠠ ᠪᠠᠷ ᠢᠶᠠᠨ | ᠬᠡᠷᠡᠭᠯᠡᠵᠦ ᠪᠣᠯᠬᠤ ᠦᠭᠡᠶ᠂ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠢ ᠠᠰᠢᠭᠯᠠᠨ ᠬᠠᠤᠯᠢ ᠠᠴᠠ ᠵᠦᠷᠢᠴᠡᠬᠦ ᠶᠠᠯᠠᠲᠤ ᠠᠵᠢᠯᠯᠠᠭ᠎ᠠ ᠬᠢᠵᠦ ᠪᠣᠯᠬᠤ ᠦᠭᠡᠶ᠃ | | | ᠬᠤᠶᠠᠳᠤᠭᠠᠷ ᠪᠦᠯᠦᠭ᠂ ᠷᠠᠳᠢᠤ᠋ ᠲᠧᠯᠸᠢᠰ ᠤᠨ ᠤᠲᠠᠰᠤ ᠦᠭᠡᠢ ᠪᠠᠷ ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ | ᠨᠠᠢᠮᠠᠳᠤᠭᠠᠷ ᠵᠣᠷᠪᠤᠰ᠂ ᠭᠠᠵᠠᠷ ᠳᠡᠭᠡᠷᠡᠬᠢ ᠤᠲᠠᠰᠤ ᠦᠭᠡᠢ᠂ ᠪᠢᠴᠢᠯ ᠳᠣᠯᠭᠢᠶᠠᠨ᠂ ᠳᠠᠭᠠᠭᠤᠯᠢ ᠣᠳᠣ ᠵᠡᠷᠭᠡ ᠠᠷᠭ᠎ᠠ ᠬᠡᠯᠪᠡᠷᠢ ᠶᠢ ᠠᠰᠢᠭᠯᠠᠨ ᠷᠠᠳᠢᠣ᠋ ᠲᠧᠯᠸᠢᠰ ᠤᠨ | ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ ᠡᠷᠬᠢᠯᠡᠬᠦ ᠳᠤ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ︽ᠷᠠᠳᠢᠣ᠋ ᠲᠧᠯᠸᠢᠰ ᠤᠨ ᠫᠷᠤᠭ᠍ᠷᠠᠮ ᠤᠨ ᠳᠠᠮᠵᠢᠭᠤᠯᠤᠨ | ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ᠤᠲᠠᠰᠤ ᠦᠭᠡᠢ︶︾ ᠢ ᠠᠪᠬᠤ ᠬᠡᠷᠡᠭᠲᠡᠶ᠃ | ᠵᠥᠪᠰᠢᠶᠡᠷᠡᠯ ᠤᠨ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠶᠢ 10 ᠵᠢᠯ ᠠᠴᠠ ᠬᠡᠲᠦᠷᠡᠭᠦᠯᠵᠦ ᠪᠣᠯᠬᠤ ᠦᠭᠡᠢ᠃ ᠬᠦᠴᠦᠨ ᠪᠦᠬᠦᠢ ᠬᠤᠭᠤᠴᠠᠭ᠎ᠠ ᠨᠢ | ᠲᠤᠯᠤᠭᠠᠳ ᠦᠷᠭᠦᠯᠵᠢᠯᠡᠨ ᠲᠤᠬᠠᠶᠢᠯᠠᠭᠰᠠᠨ ᠠᠵᠢᠯ ᠭᠦᠢᠴᠡᠳᠭᠡᠬᠦ ᠴᠢᠬᠤᠯᠠ ᠲᠠᠢ ᠪᠣᠯ ᠬᠤᠭᠤᠴᠠᠭ᠎ᠠ ᠲᠤᠯᠬᠤ ᠠᠴᠠ ᠵᠢᠷᠭᠤᠭᠠᠨ ᠰᠠᠷ᠎ᠠ ᠶᠢᠨ ᠡᠮᠦᠨ᠎ᠡ ᠲᠤᠰ ᠠᠷᠭ᠎ᠠ ᠳᠤ | ᠲᠣᠭᠲᠠᠭᠠᠭᠰᠠᠨ ᠬᠢᠨᠠᠨ ᠵᠥᠪᠰᠢᠶᠡᠷᠡᠭᠦᠯᠬᠦ ᠶᠠᠪᠤᠴᠠ ᠶᠢᠨ ᠶᠣᠰᠣᠭᠠᠷ ᠭᠠᠷᠳᠠᠮ ᠬᠢᠬᠦ ᠬᠡᠷᠡᠭᠲᠡᠢ᠃ | ᠶᠢᠰᠦᠳᠦᠭᠡᠷ ᠵᠣᠷᠪᠤᠰ᠂ ᠳᠣᠤᠷᠠᠬᠢ ᠪᠠᠶᠢᠭᠤᠯᠤᠮᠵᠢ ᠨᠤᠭᠤᠳ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ︵ᠤᠲᠠᠰᠤ ᠦᠭᠡᠶ︶︾ ᠢ ᠭᠤᠶᠤᠴᠢᠯᠠᠵᠤ ᠪᠣᠯᠤᠨ᠎ᠠ᠄ | ︵ᠨᠢᠭᠡ︶ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠠᠷ ᠵᠥᠪᠰᠢᠶᠡᠷᠡᠭᠦᠯᠦᠭᠡᠳ ᠪᠠᠶᠢᠭᠤᠯᠤᠭᠳᠠᠭᠰᠠᠨ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ︔ | ︵ᠬᠤᠶᠠᠷ︶ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠡᠳ ᠪᠠᠶᠢᠭᠤᠯᠤᠭᠳᠠᠭᠰᠠᠨ ᠷᠠᠳᠢᠣ᠋ ᠲᠧᠯᠸᠢᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠪᠠᠶᠢᠭᠤᠯᠤᠮᠵᠢ ᠨᠤᠭᠤᠳ ︵ᠳᠣᠷᠣᠭᠰᠢ ᠳᠠᠮᠵᠢᠭᠤᠯᠬᠤ | ᠪᠦᠷᠬᠦᠴᠡ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶︔ | ︵ᠭᠤᠷᠪᠠ︶ ᠷᠠᠳᠢᠣ᠋ ᠲᠧᠯᠸᠢᠰ ᠤᠨ ᠳᠠᠮᠵᠢᠭᠤᠯᠬᠤ ᠪᠦᠷᠬᠦᠴᠡ ᠶᠢᠨ ᠴᠢᠳᠠᠪᠤᠷᠢ ᠲᠠᠢ ᠤᠯᠤᠰ ᠤᠨ ᠥᠮᠴᠢᠯᠡᠯ ᠤᠨ ᠪᠤᠶᠤ ᠤᠯᠤᠰ ᠤᠨ ᠥᠮᠴᠢᠯᠡᠯ ᠤᠨ ᠬᠤᠪᠢ | ᠣᠷᠣᠭᠤᠯᠤᠯᠲᠠ ᠶᠢ ᠡᠷᠬᠡᠰᠢᠶᠡᠬᠦ ᠰᠲ᠋ᠤᠺ ᠲᠠᠢ ᠪᠠᠶᠢᠭᠤᠯᠤᠮᠵᠢ ᠨᠤᠭᠤᠳ᠃ | ᠠᠷᠪᠠᠳᠤᠭᠠᠷ ᠵᠣᠷᠪᠤᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ᠤᠲᠠᠰᠤ | ᠦᠭᠡᠢ︶︾ ᠢ ᠭᠤᠶᠤᠴᠢᠯᠠᠪᠠᠯ᠂ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠦᠨ ᠤ ᠬᠢᠷᠢ ᠬᠡᠮ ᠲᠠᠢ᠂ ᠡᠰᠡᠬᠦᠯ᠎ᠡ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠦᠨ ᠤ ᠬᠢᠷᠢ ᠬᠡᠮ ᠦᠭᠡᠢ | ᠪᠣᠯᠪᠠᠴᠤ ᠰᠢᠭᠤᠳ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠮᠵᠢᠭᠤᠯᠤᠨ ᠬᠠᠮᠤᠷᠬᠤ ᠪᠠᠶᠢᠭᠤᠯᠤᠮᠵᠢ ᠳᠤ ᠬᠠᠷᠢᠶᠠᠯᠠᠭᠳᠠᠬᠤ︔ | ︵ᠬᠤᠶᠠᠷ︶ ᠤᠲᠠᠰᠤ ᠦᠭᠡᠢ ᠪᠠᠷ ᠳᠠᠮᠵᠢᠭᠤᠯᠬᠤ ᠲᠣᠣᠷ ᠤᠨ ᠶᠡᠷᠦᠩᠬᠡᠶ ᠲᠥᠯᠥᠪᠵᠢᠭᠦᠯᠭᠡ ᠪᠠ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠳᠤ ᠨᠡᠶᠢᠴᠡᠬᠦ︔ | ︵ᠭᠤᠷᠪᠠ︶ ᠷᠠᠳᠢᠤ᠋ ᠲᠧᠯᠸᠢᠰ ᠤᠨ ᠠᠮᠤᠷ ᠲᠦᠪᠰᠢᠨ ᠢᠶᠠᠷ ᠲᠠᠮᠵᠢᠭᠤᠯᠬᠤ ᠳᠤ ᠬᠡᠷᠡᠭᠰᠡᠬᠦ ᠲᠠᠯᠠᠪᠤᠷ᠂ ᠲᠤᠨᠤᠭ ᠲᠦᠬᠦᠭᠡᠷᠦᠮᠵᠢ᠂ ᠮᠡᠷᠭᠡᠵᠢᠯ᠂ ᠠᠵᠢᠯᠳᠠᠨ ᠵᠢᠴᠢ | ᠵᠠᠷᠤᠳᠠᠯ ᠤᠨ ᠪᠠᠲᠤᠯᠠᠭ᠎ᠠ ᠲᠠᠢ︔ | ︵ᠲᠦᠷᠪᠡ︶ ᠬᠠᠤᠯᠢ ᠶᠣᠰᠣᠨ ᠤ ᠨᠡᠪᠲᠡᠷᠡᠭᠦᠯᠬᠦ ᠷᠠᠳᠢᠣ᠋ ᠲᠧᠯᠸᠢᠰ ᠤᠨ ᠫᠷᠤᠭ᠍ᠷᠠᠮ ᠤᠨ ᠡᠬᠢ ᠰᠣᠷᠪᠤᠯᠵᠢ ᠲᠠᠢ᠃ | ᠠᠷᠪᠠᠨ ᠨᠢᠭᠡᠳᠦᠭᠡᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ | ᠤᠲᠠᠰᠤ ᠦᠭᠡᠢ︶︾ ᠢ ᠭᠤᠶᠤᠴᠢᠯᠠᠪᠠᠯ᠂ ᠳᠣᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠭᠤᠶᠤᠴᠢᠯᠠᠬᠤ ᠪᠠᠶᠢᠭᠤᠯᠤᠮᠵᠢ ᠶᠢᠨ ᠦᠨᠳᠦᠰᠦᠨ ᠪᠠᠶᠢᠳᠠᠯ︔ | ︵ᠬᠤᠶᠠᠷ︶ ᠷᠠᠳᠢᠣ᠋ ᠲᠧᠯᠸᠢᠰ ᠤᠨ ᠤᠲᠠᠰᠤ ᠥᠬᠡᠶ ᠪᠠᠷ ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ ᠤᠨ ᠭᠤᠶᠤᠴᠢᠯᠠᠯ ᠤᠨ ᠬᠦᠰᠦᠨᠦᠭᠲᠦ︔ | ︵ᠭᠤᠷᠪᠠ︶ ᠬᠡᠷᠡᠭᠯᠡᠬᠦ ᠪᠠᠷ ᠲᠥᠯᠥᠪᠯᠡᠵᠦ ᠪᠠᠶᠢᠭ᠎ᠠ ᠳᠠᠮᠵᠢᠭᠤᠯᠬᠤ ᠪᠦᠷᠬᠦᠴᠡ ᠶᠢᠨ ᠠᠷᠭ᠎ᠠ ᠬᠡᠯᠪᠡᠷᠢ᠂ ᠬᠡᠪᠴᠢᠶ᠎ᠡ᠂ ᠦᠢᠯᠡᠴᠢᠯᠡᠭᠡᠨ ᠤ ᠣᠷᠣᠨ ᠬᠡᠪᠴᠢᠶ᠎ᠡ ᠪᠠ | ᠫᠷᠤᠭ᠍ᠷᠠᠮ ᠤᠨ ᠠᠭᠤᠯᠭ᠎ᠠ︔ | ︵ᠲᠦᠷᠪᠡ︶ ᠮᠡᠷᠭᠡᠵᠢᠯ ᠤᠨ ᠲᠥᠰᠦᠯ ᠪᠠ ᠪᠠᠲᠤᠯᠠᠭ᠎ᠠ ᠶᠢᠨ ᠵᠣᠬᠢᠴᠠᠮᠵᠢ︔ | ︵ᠲᠠᠪᠤ︶ ᠬᠠᠤᠯᠢ ᠶᠣᠰᠣᠨ ᠤ ᠷᠠᠳᠢᠣ᠋ ᠲᠧᠯᠸᠢᠰ ᠤᠨ ᠫᠷᠦᠭᠷᠡᠮ ᠤᠨ ᠳᠤᠬᠢᠶᠠᠨ ᠤ ᠢᠷᠡᠯᠳᠡ᠂ ᠳᠠᠮᠵᠢᠭᠤᠯᠬᠤ ᠠᠷᠭ᠎ᠠ ᠬᠡᠯᠪᠡᠷᠢ᠂ ᠳᠠᠮᠵᠢᠭᠤᠯᠬᠤ ᠬᠡᠪᠴᠢᠶ᠎ᠡ ᠶᠢᠨ | ᠲᠣᠳᠣᠷᠬᠠᠶᠢᠯᠠᠯᠲᠠ᠃ | ᠠᠷᠪᠠᠨ ᠬᠤᠶᠠᠳᠤᠭᠠᠷ ᠵᠣᠷᠪᠣᠰ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠮᠤᠵᠢ ᠠᠯᠤᠰᠯᠠᠭᠰᠠᠨ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠷᠠᠳᠢᠣ᠋ | ᠲᠧᠯᠸᠢᠰ ᠤᠨ ᠫᠷᠤᠭ᠍ᠷᠠᠮ ᠤᠨ ᠤᠲᠠᠰᠤ ᠥᠬᠡᠶ ᠪᠠᠷ ᠳᠠᠮᠵᠢᠭᠤᠯᠬᠤ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠭᠤᠶᠤᠴᠢᠯᠠᠬᠤ ᠨᠢᠭᠡᠴᠢ ᠨᠢ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠳᠤ ᠭᠤᠶᠤᠴᠢᠯᠠᠯ ᠢᠶᠠᠨ ᠳᠤᠷᠠᠳᠴᠤ᠂ ᠵᠥᠪᠰᠢᠶᠡᠷᠡᠭᠦᠯᠦᠭᠡᠳ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ | ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ᠤᠲᠠᠰᠤ ᠦᠭᠡᠶ︶︾ ᠢ ᠠᠪᠬᠤ ᠬᠡᠷᠡᠭᠲᠡᠶ᠃ | ᠠᠷᠪᠠᠨ ᠭᠤᠷᠪᠠᠳᠤᠭᠠᠷ ᠵᠣᠷᠪᠣᠰ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠷᠠᠳᠢᠣ᠋ ᠲᠧᠯᠸᠢᠰ ᠤᠨ ᠫᠷᠤᠭ᠍ᠷᠠᠮ ᠤᠨ ᠤᠲᠠᠰᠤ ᠦᠭᠡᠶ ᠪᠠᠷ ᠳᠠᠮᠵᠢᠭᠤᠯᠬᠤ ᠲᠤᠬᠠᠶᠢᠯᠠᠭᠰᠠᠨ ᠠᠵᠢᠯ ᠢ | ᠬᠠᠷᠢᠭᠤᠴᠠᠨ ᠬᠢᠨᠠᠨ ᠵᠥᠪᠰᠢᠶᠡᠷᠡᠨ᠎ᠡ᠃ ᠭᠤᠶᠤᠴᠢᠯᠠᠬᠤ ᠨᠢᠭᠡᠴᠢ ᠨᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠵᠥᠪᠰᠢᠶᠡᠷᠡᠭᠦᠯᠦᠭᠡᠳ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ᠤᠲᠠᠰᠤ ᠦᠭᠡᠶ︶︾ ᠢ ᠠᠪᠬᠤ ᠬᠡᠷᠡᠭᠲᠡᠶ᠃ | ᠠᠷᠪᠠᠨ ᠳᠥᠷᠪᠡᠳᠦᠭᠡᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠤᠨ ᠳᠠᠭᠠᠭᠤᠯᠢ ᠣᠳᠣᠨ ᠤ ᠳᠠᠮᠵᠢᠭᠤᠯᠬᠤ ᠲᠤᠬᠠᠶᠢᠯᠠᠭᠰᠠᠨ ᠠᠵᠢᠯ ᠢ ᠦᠷᠨᠢᠭᠦᠯᠬᠦ ᠳᠤ᠂ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ᠤᠲᠠᠰᠤ ᠦᠭᠡᠶ︶︾ ᠢ ᠠᠪᠬᠤ ᠬᠡᠷᠡᠭᠲᠡᠶ᠃ | ᠠᠷᠪᠠᠨ ᠲᠠᠪᠤᠳᠤᠭᠠᠷ ᠵᠣᠷᠪᠣᠰ᠂ ᠷᠠᠳᠢᠣ᠋ ᠲᠧᠯᠸᠢᠰ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠷᠠᠳᠢᠣ᠋ | ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠳᠤ ᠬᠡᠷᠡᠭᠯᠡᠬᠦ ᠳᠠᠭᠠᠭᠤᠯᠢ ᠣᠳᠣᠨ ᠤ ᠳᠠᠮᠵᠢᠭᠤᠯᠬᠤ ᠳᠠᠮᠵᠢᠭᠤᠯᠤᠭᠴᠢ ᠶᠢᠨ ᠫᠠᠷᠠᠮᠧᠲᠷ ᠢ ᠲᠣᠭᠲᠠᠭᠠᠬᠤ ᠶᠢ ᠬᠠᠷᠢᠭᠤᠴᠠᠨ᠎ᠠ᠃ | ᠶᠠᠮᠠᠷᠪᠠ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ᠤᠲᠠᠰᠤ ᠦᠭᠡᠶ︶︾ ᠢ | ᠣᠯᠤᠭᠰᠠᠨ ᠦᠭᠡᠶ ᠨᠢᠭᠡᠴᠢ ᠴᠥᠮ ᠳᠠᠭᠠᠭᠤᠯᠢ ᠣᠳᠣᠨ ᠤ ᠳᠠᠮᠵᠢᠭᠤᠯᠬᠤ ᠳᠠᠮᠵᠢᠭᠤᠯᠤᠭᠴᠢ ᠶᠢᠨ ᠷᠠᠳᠢᠣ᠋ ᠲᠧᠯᠸᠢᠰ ᠤᠨ ᠫᠷᠤᠭ᠍ᠷᠠᠮ ᠢ ᠳᠤᠷ᠎ᠠ ᠪᠠᠷ ᠢᠶᠠᠨ ᠲᠦᠷᠢᠶᠡᠰᠦᠯᠡᠬᠦ ᠪᠤᠶᠤ | ᠬᠡᠷᠡᠭᠯᠡᠵᠦ ᠪᠣᠯᠬᠤ ᠦᠭᠡᠶ᠃ | ᠠᠷᠪᠠᠨ ᠵᠢᠷᠭᠤᠳᠤᠭᠠᠷ ᠵᠣᠷᠪᠣᠰ᠂ ᠷᠠᠳᠢᠣ᠋ ᠲᠧᠯᠸᠢᠰ ᠤᠨ ᠫᠷᠤᠭ᠍ᠷᠠᠮ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠠᠴᠠ ᠷᠠᠳᠢᠣ᠋ ᠲᠧᠯᠸᠢᠰ ᠤᠨ ᠫᠷᠤᠭ᠍ᠷᠠᠮ ᠤᠨ ᠳᠠᠭᠠᠭᠤᠯᠢ ᠣᠳᠣᠨ ᠤ ᠳᠠᠮᠵᠢᠭᠤᠯᠤᠭᠴᠢ ᠶᠢ ᠰᠣᠯᠢᠬᠤ ᠪᠤᠶᠤ ᠬᠠᠭᠠᠬᠤ ᠪᠠᠷ ᠱᠠᠭᠠᠷᠳᠠᠵᠤ ᠪᠣᠯᠤᠨ᠎ᠠ᠃ | ᠠᠷᠪᠠᠨ ᠳᠣᠯᠣᠳᠤᠭᠠᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ | ᠤᠲᠠᠰᠤ ᠦᠭᠡᠶ︶︾ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠵᠥᠪᠰᠢᠶᠡᠷᠡᠯ ᠤᠨ ᠦᠨᠡᠮᠯᠡᠯ ᠤᠨ ᠬᠡᠯᠪᠡᠷᠢ ᠶᠢ ᠨᠢᠭᠡᠳᠦᠯᠲᠡᠶ ᠲᠣᠭᠲᠠᠭᠠᠨ᠎ᠠ᠃ ᠵᠥᠪᠰᠢᠶᠡᠷᠡᠭᠰᠡᠨ | ᠦᠨᠡᠮᠯᠡᠯ ᠳᠤ ᠳᠠᠮᠵᠢᠭᠤᠯᠬᠤ ᠪᠦᠷᠬᠦᠴᠡ ᠶᠢᠨ ᠲᠤᠬᠠᠶᠢᠯᠠᠭᠰᠠᠨ ᠠᠵᠢᠯ ᠢ ᠬᠡᠷᠡᠭᠵᠢᠭᠦᠯᠬᠦ ᠠᠷᠭ᠎ᠠ ᠬᠡᠯᠪᠡᠷᠢ᠂ ᠭᠤᠤᠯ ᠴᠣᠭᠴᠠ᠂ ᠳᠠᠮᠵᠢᠭᠤᠯᠬᠤ ᠪᠦᠷᠬᠦᠴᠡ ᠶᠢᠨ ᠫᠷᠤᠭ᠍ᠷᠠᠮ ᠤᠨ | ᠠᠭᠤᠯᠭ᠎ᠠ᠂ ᠳᠠᠮᠵᠢᠭᠤᠯᠬᠤ ᠪᠦᠷᠬᠦᠴᠡ ᠶᠢᠨ ᠬᠡᠪᠴᠢᠶ᠎ᠡ᠂ ᠮᠡᠷᠭᠡᠵᠢᠯ ᠤᠨ ᠠᠷᠭ᠎ᠠ ᠪᠠᠷᠢᠯ᠂ ᠠᠵᠢᠯᠯᠠᠬᠤ ᠳᠠᠪᠲᠠᠮᠵᠢ ᠶᠢᠨ ᠬᠡᠰᠡᠭ ᠵᠡᠷᠭᠡ ᠠᠭᠤᠯᠭ᠎ᠠ ᠶᠢ ᠪᠠᠭᠲᠠᠭᠠᠨ᠎ᠠ᠃ | ᠦᠨᠡᠮᠯᠡᠯ ᠲᠠᠢ ᠨᠢᠭᠡᠴᠢ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶᠢᠯᠠᠭᠰᠠᠨ ᠵᠦᠢᠯᠡᠰ ᠤᠨ ᠶᠣᠰᠣᠭᠠᠷ ᠷᠠᠳᠢᠣ᠋ ᠲᠧᠯᠸᠢᠰ ᠤᠨ ᠤᠲᠠᠰᠤ ᠦᠭᠡᠶ ᠪᠠᠷ ᠳᠠᠮᠵᠢᠭᠤᠯᠬᠤ | ᠪᠦᠷᠬᠦᠴᠡ ᠶᠢᠨ ᠲᠤᠬᠠᠶᠢᠯᠠᠭᠰᠠᠨ ᠠᠵᠢᠯ ᠢ ᠬᠢᠬᠦ ᠬᠡᠷᠡᠭᠲᠡᠶ᠃ | | ᠭᠤᠷᠪᠠᠳᠤᠭᠠᠷ ᠪᠦᠯᠦᠭ᠂ ᠳᠠᠭᠠᠭᠤᠯᠢ ᠣᠳᠣᠨ ᠤ ᠠᠷᠭ᠎ᠠ ᠬᠡᠯᠪᠡᠷᠢ ᠪᠠᠷ ᠷᠠᠳᠢᠣ᠋ ᠲᠧᠯᠸᠢᠰ ᠤᠨ ᠫᠷᠤᠭ᠍ᠷᠠᠮ ᠤᠨ ᠲᠤᠬᠠᠶᠢᠯᠠᠭᠰᠠᠨ ᠠᠵᠢᠯ ᠢ ᠳᠠᠮᠵᠢᠭᠤᠯᠬᠤ | ᠠᠷᠪᠠᠨ ᠨᠠᠢᠮᠠᠳᠤᠭᠠᠷ ᠵᠣᠷᠪᠣᠰ᠂ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠳᠠᠭᠠᠭᠤᠯᠢ ᠣᠳᠣᠨ ᠤ ᠠᠷᠭ᠎ᠠ ᠬᠡᠯᠪᠡᠷᠢ ᠪᠠᠷ ᠷᠠᠳᠢᠣ᠋ ᠲᠧᠯᠸᠢᠰ ᠤᠨ ᠫᠷᠤᠭ᠍ᠷᠠᠮ ᠢ | ᠳᠠᠮᠵᠢᠭᠤᠯᠬᠤ ᠳᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠵᠥᠪᠰᠢᠶᠡᠷᠡᠭᠦᠯᠦᠭᠰᠡᠨ ᠪᠦᠷᠬᠦᠴᠡ ᠶᠢᠨ ᠬᠡᠪᠴᠢᠶᠡᠨ | ᠳᠣᠲᠣᠷ᠎ᠠ ᠬᠠᠮᠤᠷᠬᠤ ᠬᠡᠷᠡᠭᠲᠡᠶ᠃ | ᠠᠷᠪᠠ ᠶᠢᠰᠦᠳᠦᠭᠡᠷ ᠵᠣᠷᠪᠣᠰ᠂ ᠳᠠᠭᠠᠭᠤᠯᠢ ᠣᠳᠣᠨ ᠤ ᠠᠷᠭ᠎ᠠ ᠬᠡᠯᠪᠡᠷᠢ ᠪᠠᠷ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠳᠤ ᠳᠣᠤᠷᠠᠬᠢ ᠮᠡᠲᠦ ᠨᠥᠬᠦᠴᠡᠯ ᠢ | ᠪᠦᠷᠢᠯᠳᠦᠭᠦᠯᠬᠦ ᠬᠡᠷᠡᠭᠲᠡᠶ᠄ | ︵ᠨᠢᠭᠡ︶ ᠭᠤᠶᠤᠴᠢᠯᠠᠭᠴᠢ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠠᠷ ᠵᠥᠪᠰᠢᠶᠡᠷᠡᠭᠦᠯᠦᠭᠡᠳ ᠪᠠᠶᠢᠭᠤᠯᠤᠭᠳᠠᠭᠰᠠᠨ ᠷᠠᠳᠢᠣ᠋ ᠲᠧᠯᠸᠢᠰ ᠨᠡᠪᠲᠡᠷᠡᠭᠦᠯᠬᠦ | ᠪᠠᠶᠢᠭᠤᠯᠤᠮᠵᠢ ᠳᠤ ᠪᠠᠶᠢᠬᠤ ᠬᠡᠷᠡᠭᠲᠡᠶ︔ | ︵ᠬᠤᠶᠠᠷ︶ ᠤᠯᠤᠰ ᠤᠨ ᠷᠠᠳᠢᠣ᠋ ᠲᠧᠯᠸᠢᠰ ᠤᠨ ᠦᠢᠯᠡᠰ ᠪᠠ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠨ᠎ᠡ︔ | ︵ᠭᠤᠷᠪᠠ︶ ᠷᠠᠳᠢᠣ᠋ ᠲᠧᠯᠸᠢᠰ ᠤᠨ ᠳᠠᠮᠵᠢᠭᠤᠯᠬᠤ ᠪᠦᠷᠬᠦᠴᠡ ᠶᠢᠨ ᠰᠦᠯᠵᠢᠶᠡᠨ ᠤ ᠬᠤᠯᠪᠣᠭᠳᠠᠯ ᠪᠥᠬᠦᠶ ᠲᠥᠯᠥᠪᠵᠢᠭᠦᠯᠭᠡ ᠪᠠ ᠮᠡᠷᠭᠡᠵᠢᠯ ᠤᠨ ᠱᠠᠭᠠᠷᠳᠠᠯᠭ᠎ᠠ ᠳᠤ | ᠨᠡᠶᠢᠴᠡᠨ᠎ᠡ︔ | ︵ᠲᠦᠷᠪᠡ︶ ᠴᠢᠬᠤᠯᠠ ᠪᠦᠬᠦᠢ ᠪᠡᠯᠡ ᠮᠥᠩᠭᠦ᠂ ᠲᠣᠭᠲᠠᠭᠤᠨ ᠵᠠᠷᠤᠳᠠᠯ ᠪᠠ ᠠᠵᠢᠯᠲᠠᠨ ᠤ ᠪᠠᠲᠤᠯᠠᠪᠤᠷᠢ ᠲᠠᠢ ᠪᠠᠶᠢᠬᠤ ᠬᠡᠷᠡᠭᠲᠡᠢ︔ | ︵ᠲᠠᠪᠤ︶ ᠳᠠᠭᠠᠭᠤᠯᠢ ᠣᠳᠣᠨ ᠤ ᠠᠷᠭ᠎ᠠ ᠬᠡᠯᠪᠡᠷᠢ ᠶᠢ ᠠᠰᠢᠭᠯᠠᠨ ᠬᠠᠮᠤᠷᠬᠤ ᠬᠡᠪᠴᠢᠶ᠎ᠡ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠵᠥᠪᠰᠢᠶᠡᠷᠡᠭᠰᠡᠨ | ᠫᠷᠤᠭ᠍ᠷᠠᠮ ᠤᠨ ᠬᠠᠮᠤᠷᠬᠤ ᠬᠡᠪᠴᠢᠶ᠎ᠡ ᠲᠠᠢ ᠨᠢᠭᠡᠳᠦᠯᠲᠡᠶ ᠪᠠᠶᠢᠬᠤ ᠬᠡᠷᠡᠭᠲᠡᠢ︔ | ︵ᠵᠢᠷᠭᠤᠭ᠎ᠠ︶ ᠴᠢᠬᠤᠯᠠ ᠪᠦᠬᠦᠢ ᠬᠢᠨᠠᠨ ᠬᠡᠮᠵᠢᠵᠦ ᠬᠢᠨᠠᠨ ᠬᠠᠮᠢᠶᠠᠷᠬᠤ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ | ᠬᠤᠷᠢᠳᠤᠭᠠᠷ ᠵᠣᠷᠪᠣᠰ᠂ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠨᠢ ᠳᠠᠭᠠᠭᠤᠯᠢ ᠣᠳᠣᠨ ᠤ ᠠᠷᠭ᠎ᠠ ᠬᠡᠯᠪᠡᠷᠢ ᠶᠢ ᠠᠰᠢᠭᠯᠠᠨ ᠷᠠᠳᠢᠣ᠋ ᠲᠧᠯᠸᠢᠰ ᠤᠨ | ᠫᠷᠤᠭ᠍ᠷᠠᠮ ᠤᠨ ᠲᠤᠬᠠᠶᠢᠯᠠᠭᠰᠠᠨ ᠠᠵᠢᠯ ᠢ ᠳᠠᠮᠵᠢᠭᠤᠯᠬᠤ ᠪᠠᠷ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠭᠤᠶᠤᠴᠢᠯᠠᠬᠤ ᠪᠠᠶᠢᠭᠤᠯᠤᠮᠵᠢ ᠶᠢᠨ ᠦᠨᠳᠦᠰᠦᠨ ᠪᠠᠶᠢᠳᠠᠯ︔ | ︵ᠬᠤᠶᠠᠷ︶ ᠳᠠᠭᠠᠭᠤᠯᠢ ᠣᠳᠣᠨ ᠤ ᠠᠷᠭ᠎ᠠ ᠬᠡᠯᠪᠡᠷᠢ ᠶᠢ ᠠᠰᠢᠭᠯᠠᠨ ᠷᠠᠳᠢᠣ᠋ ᠲᠧᠯᠸᠢᠰ ᠤᠨ ᠫᠷᠤᠭ᠍ᠷᠠᠮ ᠤᠨ ᠲᠤᠬᠠᠶᠢᠯᠠᠭᠰᠠᠨ ᠠᠵᠢᠯ ᠤᠨ ᠭᠤᠶᠤᠴᠢᠯᠠᠯ ᠤᠨ | ᠬᠦᠰᠦᠨᠦᠭᠲᠦ ᠶᠢ ᠳᠠᠮᠵᠢᠭᠤᠯᠤᠨ᠎ᠠ︔ | ︵ᠭᠤᠷᠪᠠ︶ ᠬᠡᠷᠡᠭᠯᠡᠬᠦ ᠪᠠᠷ ᠪᠠᠶᠢᠭ᠎ᠠ ᠳᠠᠮᠵᠢᠭᠤᠯᠬᠤ ᠠᠷᠭ᠎ᠠ ᠬᠡᠯᠪᠡᠷᠢ᠂ ᠬᠠᠮᠤᠷᠬᠤ ᠬᠡᠪᠴᠢᠶ᠎ᠡ᠂ ᠦᠢᠯᠡᠴᠢᠯᠡᠭᠡᠨ ᠤ ᠣᠷᠣᠨ ᠪᠦᠰᠡ᠂ ᠫᠷᠤᠭ᠍ᠷᠠᠮ ᠤᠨ ᠠᠭᠤᠯᠭ᠎ᠠ᠂ | ᠬᠤᠷᠠᠮᠳᠤᠭᠤᠯᠤᠨ ᠨᠢᠭᠤᠴᠠᠯᠠᠬᠤ ᠲᠠᠪᠴᠠᠩ ᠪᠠ ᠮᠡᠷᠭᠡᠵᠢᠯ ᠤᠨ ᠪᠣᠯᠵᠣᠯᠲᠤ ᠲᠤᠭ᠎ᠠ︔ | ︵ᠲᠦᠷᠪᠡ︶ ᠳᠠᠭᠠᠭᠤᠯᠢ ᠣᠳᠣᠨ ᠤ ᠵᠢᠮᠲᠦ ᠪᠠᠶᠢᠷᠢ᠂ ᠳᠠᠮᠵᠢᠭᠤᠯᠤᠭᠴᠢ ᠶᠢᠨ ᠳ᠋ᠤᠭᠠᠷᠯᠠᠯ᠂ ᠲᠦᠢᠯᠰᠢᠷᠠᠬᠤ ᠠᠷᠭ᠎ᠠ ᠬᠡᠯᠪᠡᠷᠢ᠂ ᠲᠡᠮᠳᠡᠭ ᠤᠨ ᠨᠤᠷᠮ᠎ᠠ᠂ ᠳᠠᠪᠲᠠᠮᠵᠢ | ᠵᠢᠴᠢ ᠰᠦᠯᠵᠢᠶᠡᠨ ᠳᠤ ᠣᠷᠣᠬᠤ ᠶᠢ ᠬᠡᠮᠵᠢᠨ ᠲᠤᠷᠰᠢᠬᠤ ᠪᠠᠶᠢᠳᠠᠯ︔ | ︵ᠲᠠᠪᠤ︶ ᠮᠡᠷᠭᠡᠵᠢᠯ ᠤᠨ ᠲᠥᠰᠦᠯ᠂ ᠮᠡᠷᠭᠡᠵᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠵᠣᠬᠢᠴᠠᠮᠵᠢ ᠵᠢᠴᠢ ᠦᠨᠡᠯᠡᠨ ᠵᠢᠱᠢᠭᠰᠡᠨ ᠮᠡᠳᠡᠭᠦᠯᠦᠯᠲᠡ︔ | ︵ᠵᠢᠷᠭᠤᠭ᠎ᠠ︶ ᠰᠠᠭᠤᠭ᠎ᠠ ᠭᠠᠵᠠᠷ ᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠰᠠᠨᠠᠯ︔ | ︵ᠳᠤᠯᠤᠭ᠎ᠠ︶ ᠬᠠᠤᠯᠢ ᠶᠣᠰᠣᠨ ᠳᠤ ᠨᠡᠶᠢᠴᠡᠬᠦ ᠷᠠᠳᠢᠣ᠋ ᠲᠧᠯᠸᠢᠰ ᠤᠨ ᠫᠷᠦᠭᠷᠡᠮ ᠤᠨ ᠳᠤᠬᠢᠶᠠᠨ ᠤ ᠢᠷᠡᠯᠳᠡ᠂ ᠳᠠᠮᠵᠢᠭᠤᠯᠬᠤ ᠠᠷᠭ᠎ᠠ ᠬᠡᠯᠪᠡᠷᠢ᠂ ᠬᠠᠮᠤᠷᠬᠤ | ᠬᠡᠪᠴᠢᠶ᠎ᠡ ᠶᠢᠨ ᠲᠣᠳᠣᠷᠬᠠᠶᠢᠯᠠᠯᠲᠠ᠃ | | ᠳᠥᠷᠪᠡᠳᠦᠭᠡᠷ ᠪᠦᠯᠦᠭ᠂ ᠷᠠᠳᠢᠣ᠋ ᠲᠧᠯᠸᠢᠰ ᠤᠨ ᠤᠲᠠᠰᠤ ᠦᠭᠡᠶ ᠪᠠᠷ ᠳᠠᠮᠵᠢᠭᠤᠯᠬᠤ ᠲᠣᠤᠷ ᠤᠨ ᠳᠠᠪᠲᠠᠮᠵᠢ ᠶᠢᠨ ᠬᠡᠷᠡᠭᠯᠡᠯᠲᠡ | ᠬᠤᠷᠢᠨ ᠨᠢᠭᠡᠳᠦᠭᠡᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ | ᠤᠲᠠᠰᠤ ᠦᠭᠡᠶ︶︾ ᠲᠠᠢ ᠨᠢᠭᠡᠴᠢ᠂ ᠪᠢᠴᠢᠯ ᠳᠣᠯᠭᠢᠶᠠᠨ᠂ ᠳᠠᠭᠠᠭᠤᠯᠢ ᠣᠳᠣᠨ ᠤ ᠷᠠᠳᠢᠣ᠋ ᠲᠧᠯᠸᠢᠰ ᠤᠨ ᠳᠠᠪᠲᠠᠮᠵᠢ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠬᠡᠷᠡᠭᠯᠡᠬᠦ ᠪᠠᠷ | ᠭᠤᠶᠤᠴᠢᠯᠠᠬᠤ ᠳᠤ᠂ ᠤᠯᠤᠰ ᠤᠨ ᠷᠠᠳᠢᠣ᠋ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠷᠠᠳᠢᠣ᠋ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠷᠠᠳᠢᠣ᠋ ᠶᠢᠨ ᠳᠠᠪᠲᠠᠮᠵᠢ ᠬᠡᠷᠡᠭᠯᠡᠬᠦ ᠵᠥᠪᠰᠢᠶᠡᠷᠡᠯ ᠢ ᠭᠦᠢᠴᠡᠳᠬᠡᠬᠦ ᠬᠡᠷᠡᠭᠲᠡᠶ᠃ | ᠬᠤᠷᠢᠨ ᠬᠤᠶᠠᠳᠤᠭᠠᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ ︵ᠤᠲᠠᠰᠤ ᠦᠭᠡᠢ︶ | ︾ ᠲᠠᠢ ᠪᠠᠶᠢᠬᠤ ᠨᠢᠭᠡᠴᠢ ᠳᠣᠣᠷᠠᠬᠢ ᠲᠤᠬᠠᠶᠢᠯᠠᠭᠰᠠᠨ ᠠᠵᠢᠯ ᠤᠨ ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ ᠪᠠᠷ ᠭᠤᠶᠤᠴᠢᠯᠠᠬᠤ ᠳᠤ᠂ ᠪᠠᠶᠢᠭ᠎ᠠ ᠭᠠᠵᠠᠷ ᠤᠨ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠳᠤ ᠱᠠᠲᠤ ᠳᠠᠷᠠᠭᠠᠯᠠᠨ ᠮᠡᠳᠡᠭᠦᠯᠵᠦ ᠬᠢᠨᠠᠨ ᠵᠥᠪᠰᠢᠶᠡᠷᠡᠭᠦᠯᠵᠦ᠂ ︽ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ ᠵᠥᠪᠰᠢᠶᠡᠷᠡᠯ ᠤᠨ | ᠦᠨᠡᠮᠯᠡᠯ ︵ᠬᠥᠬᠡ ᠲᠥᠷᠥᠯ︶︾ ᠢ ᠠᠪᠬᠤ ᠬᠡᠷᠡᠭᠲᠡᠶ᠄ | ︵ᠨᠢᠭᠡ︶ ᠳᠤᠮᠳᠠ᠂ ᠣᠬᠤᠷ ᠳᠣᠯᠭᠢᠶᠠᠨᠲᠤ ᠨᠡᠪᠲᠡᠷᠡᠭᠦᠯᠭᠡ︔ | ︵ᠬᠤᠶᠠᠷ︶ ᠳᠠᠪᠲᠠᠮᠵᠢ ᠲᠣᠬᠢᠷᠠᠭᠤᠯᠬᠤ ᠷᠠᠳᠢᠣ᠋ ᠨᠡᠪᠲᠡᠷᠡᠭᠦᠯᠭᠡ ︵ᠰᠠᠴᠤᠷᠠᠭᠤᠯᠬᠤ ᠮᠠᠰᠢᠨ ᠤ ᠢᠯᠡᠳᠭᠡᠭᠰᠡᠨ ᠴᠢᠳᠠᠯ ᠤᠨ 50 ᠸᠠᠲ ︵ᠪᠠᠭᠲᠠᠬᠤ ᠦᠭᠡᠢ︶ ᠠᠴᠠ | ᠳᠡᠭᠡᠭᠰᠢᠬᠢ ᠰᠠᠴᠤᠷᠠᠭᠤᠯᠬᠤ ᠲᠥᠬᠦᠭᠡᠷᠦᠮᠵᠢ︶︔ | ︵ᠭᠤᠷᠪᠠ︶ ᠳᠠᠪᠲᠠᠮᠵᠢ ᠲᠣᠬᠢᠷᠠᠭᠤᠯᠬᠤ ᠶᠢᠨ ᠵᠡᠷᠭᠡᠳᠡ ᠨᠡᠪᠲᠡᠷᠡᠭᠦᠯᠬᠦ︔ | ︵ᠲᠦᠷᠪᠡ︶ ᠭᠠᠵᠠᠷ ᠤᠨ ᠭᠠᠳᠠᠷᠭᠤ ᠶᠢᠨ ᠲᠣᠭᠠᠨ ᠤ ᠳᠠᠭᠤᠲᠤ ᠷᠠᠳᠢᠣ᠋︔ | ︵ᠲᠠᠪᠤ︶ ᠭᠠᠵᠠᠷ ᠳᠡᠭᠡᠷᠡᠬᠢ ᠲᠣᠭᠠᠴᠢᠯᠠᠭᠰᠠᠨ ᠲᠧᠯᠸᠢᠰ ᠨᠡᠪᠲᠡᠷᠡᠭᠦᠯᠭᠡ᠃ | ᠵᠥᠪᠰᠢᠶᠡᠷᠡᠯ ᠤᠨ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠶᠢ 10 ᠵᠢᠯ ᠠᠴᠠ ᠬᠡᠲᠦᠷᠡᠭᠦᠯᠵᠦ ᠪᠣᠯᠬᠤ ᠦᠭᠡᠢ᠃ ᠬᠦᠴᠦᠨ ᠪᠦᠬᠦᠢ ᠬᠤᠭᠤᠴᠠᠭ᠎ᠠ ᠨᠢ | ᠲᠤᠯᠤᠭᠠᠳ ᠦᠷᠭᠦᠯᠵᠢᠯᠡᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠢᠬᠤᠯᠠ ᠲᠠᠢ ᠪᠣᠯ ᠬᠤᠭᠤᠴᠠᠭ᠎ᠠ ᠲᠤᠯᠬᠤ ᠠᠴᠠ ᠡᠮᠦᠨ᠎ᠡ ᠵᠢᠷᠭᠤᠭᠠᠨ ᠰᠠᠷ᠎ᠠ ᠳᠤ ᠲᠤᠰ ᠠᠷᠭ᠎ᠠ ᠳᠤ | ᠲᠣᠭᠲᠠᠭᠠᠭᠰᠠᠨ ᠬᠢᠨᠠᠨ ᠵᠥᠪᠰᠢᠶᠡᠷᠡᠬᠦ ᠳᠠᠷᠠᠭᠠᠯᠠᠯ ᠤᠨ ᠶᠣᠰᠣᠭᠠᠷ ᠭᠠᠷᠳᠠᠮ ᠢ ᠭᠦᠢᠴᠡᠳᠬᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ | ᠤᠲᠠᠰᠤ ᠦᠭᠡᠶ︶︾ ᠲᠠᠢ ᠨᠢᠭᠡᠴᠢ᠂ ᠰᠠᠴᠤᠷᠠᠭᠤᠯᠬᠤ ᠮᠠᠰᠢᠨ ᠤ ᠢᠯᠡᠳᠬᠡᠭᠰᠡᠨ ᠴᠢᠳᠠᠯ ᠤᠨ 50 ᠸᠠᠲ ︵ᠪᠠᠭᠲᠠᠨ᠎ᠠ︶ ᠠᠴᠠ ᠳᠣᠷᠣᠭᠰᠢ ᠨᠢᠭᠡᠨᠲᠡ ᠵᠥᠪᠰᠢᠶᠡᠷᠡᠭᠦᠯᠦᠭᠡᠳ | ᠨᠡᠭᠡᠭᠡᠨ ᠡᠷᠬᠢᠯᠡᠬᠦ ᠪᠠᠷ ᠵᠥᠪᠰᠢᠶᠡᠷᠡᠭᠰᠡᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠮᠡᠳᠡᠭᠡ ᠵᠠᠩᠭᠢ ᠶᠢ | ᠳᠠᠮᠵᠢᠭᠤᠯᠤᠨ ᠨᠡᠪᠲᠡᠷᠡᠭᠦᠯᠬᠦ ᠪᠠᠭ᠎ᠠ ᠴᠢᠳᠠᠮᠵᠢ ᠲᠠᠢ ᠷᠠᠳᠢᠣ᠋ ᠨᠡᠪᠲᠡᠷᠡᠭᠦᠯᠭᠡ ᠶᠢᠨ ᠳᠠᠪᠲᠠᠮᠵᠢ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠨ ᠬᠢᠨᠠᠨ ᠵᠥᠪᠰᠢᠶᠡᠷᠡᠭᠦᠯᠬᠦ ᠬᠡᠷᠡᠭᠲᠡᠶ᠃ | ᠭᠤᠶᠤᠴᠢᠯᠠᠭᠰᠠᠨ ᠨᠢᠭᠡᠴᠢ ᠨᠢ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠱᠠᠲᠤ ᠳᠠᠷᠠᠭᠠᠯᠠᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠷᠠᠳᠢᠣ᠋ | ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ︽ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ | ᠵᠥᠪᠰᠢᠶᠡᠷᠡᠯ ᠤᠨ ᠦᠨᠡᠮᠯᠡᠯ ︵ᠬᠥᠬᠡᠭᠴᠢᠨ ᠲᠥᠷᠥᠯ︶︾ ᠢ ᠠᠪᠬᠤ ᠬᠡᠷᠡᠭᠲᠡᠶ᠃ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠨᠳᠥᠷ ᠦᠷ᠎ᠡ ᠪᠦᠲᠦᠮᠵᠢᠲᠡᠶ᠂ | ᠠᠷᠠᠳ ᠲᠤ ᠳᠥᠭᠦᠮ ᠪᠠᠶᠢᠯᠭᠠᠬᠤ ᠵᠠᠷᠴᠢᠮ ᠢ ᠵᠢᠷᠤᠮᠯᠠᠨ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ | ᠳᠣᠲᠣᠷ᠎ᠠ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠢᠭᠡᠳᠦᠯᠲᠡᠶ ᠲᠣᠭᠲᠠᠭᠠᠭᠰᠠᠨ ᠵᠥᠪᠰᠢᠶᠡᠷᠡᠯ ᠤᠨ ᠦᠨᠡᠮᠯᠡᠯ ᠤᠨ ᠶᠣᠰᠣᠭᠠᠷ ᠷᠠᠳᠢᠣ᠋ ᠲᠧᠯᠸᠢᠰ ᠤᠨ ᠳᠠᠪᠲᠠᠮᠵᠢ ᠶᠢ | ᠬᠡᠷᠡᠭᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ ᠲᠤᠰ ᠰᠠᠷ᠎ᠠ ᠳᠤ ᠭᠠᠷᠭᠠᠭᠰᠠᠨ ᠬᠦᠯᠢᠶᠡᠨ ᠠᠪᠴᠤ ᠰᠢᠢᠳᠪᠦᠷᠢᠯᠡᠬᠦ ᠦᠭᠡᠶ᠂ | ᠵᠥᠪᠰᠢᠶᠡᠷᠡᠬᠦ ᠪᠣᠶᠣ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠭᠲᠠᠭᠠᠯ ᠵᠡᠷᠭᠡ ᠪᠠᠶᠢᠳᠠᠯ ᠢ ᠬᠤᠷᠢᠶᠠᠩᠭᠤᠶᠢᠯᠠᠵᠤ᠂ ᠳᠠᠷᠠᠭ᠎ᠠ ᠰᠠᠷ᠎ᠠ ᠶᠢᠨ 15 ᠤ ᠡᠳᠦᠷ ᠠᠴᠠ ᠡᠮᠦᠨ᠎ᠡ | ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠣᠷᠪᠣᠰ᠂ ︽ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︵ | ᠤᠲᠠᠰᠤ ᠦᠭᠡᠢ︶︾ ᠲᠠᠢ ᠨᠢᠭᠡᠴᠢ ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠵᠦ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠪᠠᠷ ᠭᠤᠶᠤᠴᠢᠯᠠᠬᠤ ᠳᠤ ᠳᠣᠣᠷᠠᠬᠢ | ᠮᠠᠲ᠋ᠧᠷᠢᠶᠠᠯ ᠢ ᠬᠠᠩᠭᠠᠬᠤ ᠬᠡᠷᠡᠭᠲᠡᠶ᠄ | ︵ᠨᠢᠭᠡ︶ ᠷᠠᠳᠢᠣ᠋ ᠲᠧᠯᠸᠢᠰ ᠤᠨ ᠳᠠᠪᠲᠠᠮᠵᠢ ᠭᠤᠶᠤᠴᠢᠯᠠᠬᠤ ᠬᠦᠰᠦᠨᠦᠭᠲᠦ︔ | ︵ᠬᠤᠶᠠᠷ︶ ᠬᠡᠷᠡᠭᠯᠡᠬᠦ ᠪᠠᠷ ᠭᠤᠶᠤᠴᠢᠯᠠᠭᠰᠠᠨ ᠷᠠᠳᠢᠣ᠋ ᠲᠧᠯᠸᠢᠰ ᠤᠨ ᠳᠠᠪᠲᠠᠮᠵᠢ ᠨᠢ ᠷᠠᠳᠢᠣ᠋ ᠲᠧᠯᠸᠢᠰ ᠢ ᠪᠦᠷᠬᠦᠬᠦᠯᠬᠦ ᠲᠣᠣᠷ ᠤᠨ ᠲᠥᠯᠥᠪᠵᠢᠭᠦᠯᠭᠡ ᠳᠤ ᠵᠠᠰᠠᠪᠤᠷᠢ | ᠣᠷᠣᠭᠤᠯᠬᠤ ᠪᠠ ᠲᠣᠬᠢᠷᠠᠭᠤᠯᠤᠯᠲᠠ ᠬᠢᠬᠦ ᠳᠤ ᠬᠤᠯᠪᠣᠭᠳᠠᠭᠰᠠᠨ ᠪᠠᠶᠢᠪᠠᠯ᠂ ᠮᠡᠷᠭᠡᠵᠢᠯ ᠤᠨ ᠦᠨᠡᠯᠡᠨ ᠵᠢᠱᠢᠯᠲᠡ ᠶᠢᠨ ᠮᠡᠳᠡᠭᠦᠯᠦᠯᠲᠡ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠤᠶᠤ ᠨᠢᠭᠡᠴᠢ ᠲᠠᠢ ᠵᠣᠬᠢᠴᠠᠭᠤᠯᠬᠤ ᠪᠢᠴᠢᠭ ᠮᠠᠲ᠋ᠧᠷᠢᠶᠠᠯ ᠢ ᠬᠠᠩᠭᠠᠨ᠎ᠠ︔ | ︵ᠭᠤᠷᠪᠠ︶ ᠥᠷᠨᠢᠭᠦᠯᠬᠦ ᠪᠠᠷ ᠪᠠᠶᠢᠭ᠎ᠠ ᠷᠠᠳᠢᠣ᠋ ᠲᠧᠯᠸᠢᠰ ᠤᠨ ᠲᠤᠬᠠᠶᠢᠯᠠᠭᠰᠠᠨ ᠠᠵᠢᠯ ᠤᠨ ᠪᠠᠶᠢᠳᠠᠯ ᠤᠨ ᠲᠣᠳᠣᠷᠬᠠᠶᠢᠯᠠᠯᠲᠠ ᠨᠢ ᠴᠢᠳᠠᠮᠵᠢ᠂ ᠬᠡᠷᠡᠭᠴᠡᠭᠡ᠂ | ᠦᠢᠯᠡᠴᠢᠯᠡᠬᠦ ᠡᠲᠡᠭᠡᠳ ᠪᠠ ᠵᠢᠱᠢᠭᠰᠡᠨ ᠬᠡᠪᠴᠢᠶ᠎ᠡ ᠵᠢᠴᠢ ᠪᠦᠲᠦᠭᠡᠨ ᠪᠠᠶᠢᠭᠤᠯᠬᠤ ᠲᠥᠯᠥᠪᠯᠡᠭᠡ ᠵᠡᠷᠭᠡ ᠶᠢ ᠪᠠᠭᠲᠠᠭᠠᠨ᠎ᠠ︔ | ︵ᠲᠦᠷᠪᠡ︶ ᠡᠯ᠎ᠡ ᠱᠠᠲᠤᠨ ᠤ ᠷᠠᠳᠢᠣ᠋ ᠲᠧᠯᠸᠢᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠢᠴᠢᠭ ᠤᠨ ᠰᠠᠨᠠᠯ᠃ | ᠬᠤᠷᠢᠨ ᠲᠠᠪᠤᠳᠤᠭᠠᠷ ᠵᠣᠷᠪᠣᠰ᠂ ︽ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠲᠠᠢ ᠨᠢᠭᠡᠴᠢ᠂ ᠬᠡᠷᠪᠡ ᠷᠠᠳᠢᠣ᠋ ᠬᠤᠷᠢᠶ᠎ᠠ ︵ | ᠥᠷᠲᠡᠭᠡ︶ ᠪᠠᠶᠢᠭᠤᠯᠬᠤ᠂ ᠬᠡᠷᠡᠭᠯᠡᠬᠦ ᠴᠢᠬᠤᠯᠠ ᠲᠠᠢ ᠪᠣᠯ ᠤᠯᠤᠰ ᠤᠨ ᠷᠠᠳᠢᠣ᠋ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠷᠠᠳᠢᠣ᠋ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠨ ᠷᠠᠳᠢᠣ᠋ ᠬᠤᠷᠢᠶ᠎ᠠ ᠶᠢᠨ ᠦᠨᠡᠮᠯᠡᠯ ᠬᠢᠯᠭᠡᠬᠦ ᠬᠡᠷᠡᠭᠲᠡᠶ᠃ | | ᠲᠠᠪᠤᠳᠤᠭᠠᠷ ᠪᠦᠯᠦᠭ᠂ ᠤᠲᠠᠰᠤ ᠦᠭᠡᠢ ᠷᠠᠳᠢᠣ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠶᠢ ᠵᠠᠬᠢᠶᠠᠯᠠᠨ ᠬᠤᠳᠠᠯᠳᠤᠵᠤ ᠠᠪᠬᠤ | ᠬᠤᠷᠢᠨ ᠵᠢᠷᠭᠤᠳᠤᠭᠠᠷ ᠵᠣᠷᠪᠣᠰ᠂ ︽ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠲᠠᠢ ᠨᠢᠭᠡᠴᠢ᠂ ᠬᠡᠷᠪᠡ ᠷᠠᠳᠢᠣ᠋ ᠲᠧᠯᠸᠢᠰ ᠤᠨ | ᠰᠠᠴᠤᠷᠠᠭᠤᠯᠬᠤ ᠲᠥᠬᠦᠭᠡᠷᠦᠮᠵᠢ ᠬᠤᠳᠠᠯᠳᠤᠨ ᠠᠪᠬᠤ ᠴᠢᠬᠤᠯᠠᠲᠠᠢ ᠪᠣᠯ᠂ ᠲᠡᠭᠦᠨ ᠤ ︽ᠷᠠᠳᠢᠣ᠋ ᠲᠧᠯᠸᠢᠰ ᠤᠨ ᠳᠠᠪᠲᠠᠮᠵᠢ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠤᠨ | ᠷᠠᠳᠢᠣ᠋ ᠲᠧᠯᠸᠢᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠷᠠᠳᠢᠣ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠶᠢ ᠵᠠᠬᠢᠶᠠᠯᠠᠨ ᠠᠪᠬᠤ ᠭᠡᠷᠡᠴᠢ︾ ︵ | ᠳᠣᠷᠣᠭᠰᠢ ︽ᠵᠠᠬᠢᠶᠠᠯᠠᠨ ᠠᠪᠬᠤ ᠭᠡᠷᠡᠴᠢ︾ ᠭᠡᠵᠦ ᠲᠣᠪᠴᠢᠯᠠᠨ᠎ᠠ︶ ᠶᠢ ᠭᠤᠶᠤᠴᠢᠯᠠᠨ ᠠᠪᠬᠤ ᠶᠢᠨ ᠬᠠᠮᠲᠤ ᠳᠣᠣᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄ | ︵ᠨᠢᠭᠡ︶ ︽ᠵᠠᠬᠢᠶᠠᠯᠠᠨ ᠠᠪᠬᠤ ᠭᠡᠷᠡᠴᠢ︾ ᠶᠢᠨ ᠭᠤᠶᠤᠴᠢᠯᠠᠯ ᠤᠨ ᠬᠦᠰᠦᠨᠦᠭᠲᠦ︔ | ︵ᠬᠤᠶᠠᠷ︶ ︽ᠷᠠᠳᠢᠣ᠋ ᠲᠧᠯᠸᠢᠰ ᠤᠨ ᠳᠠᠪᠲᠠᠮᠵᠢ ᠶᠢ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠤᠨ ᠬᠠᠭᠤᠯᠪᠤᠷᠢ︔ | ︵ᠭᠤᠷᠪᠠ︶ ᠡᠯ᠎ᠡ ᠱᠠᠲᠤᠨ ᠤ ᠷᠠᠳᠢᠣ᠋ ᠲᠧᠯᠸᠢᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠢᠴᠢᠭ ᠤᠨ ᠰᠠᠨᠠᠯ᠃ | ᠬᠤᠷᠢᠨ ᠳᠣᠯᠣᠳᠤᠭᠠᠷ ᠵᠣᠷᠪᠣᠰ᠂ ᠤᠲᠠᠰᠤ ᠦᠭᠡᠶ ᠪᠠᠷ ᠳᠠᠮᠵᠢᠭᠤᠯᠬᠤ ᠪᠦᠷᠬᠦᠴᠡ ᠶᠢᠨ ᠲᠣᠤᠷ ᠲᠤ ᠬᠡᠷᠡᠭᠯᠡᠬᠦ ᠰᠠᠴᠤᠷᠠᠭᠤᠯᠬᠤ ᠲᠥᠬᠦᠭᠡᠷᠦᠮᠵᠢ ᠳᠤ ᠤᠯᠤᠰ ᠤᠨ | ᠤᠲᠠᠰᠤ ᠦᠭᠡᠢ ᠷᠠᠳᠢᠣ᠋ ᠰᠠᠴᠤᠷᠠᠭᠤᠯᠬᠤ ᠲᠥᠬᠦᠭᠡᠷᠦᠮᠵᠢ ᠶᠢᠨ ᠬᠡᠯᠪᠡᠷᠢ ᠮᠠᠶ᠋ᠢᠭ ᠤᠨ ᠬᠢᠨᠠᠨ ᠵᠥᠪᠰᠢᠶᠡᠷᠡᠭᠰᠡᠨ ᠦᠨᠡᠮᠯᠡᠯ ᠪᠠ ᠷᠠᠳᠢᠣ᠋ ᠲᠧᠯᠸᠢᠰ ᠤᠨ ᠲᠥᠬᠦᠭᠡᠷᠦᠮᠵᠢ ᠶᠢᠨ | ᠪᠠᠭᠠᠵᠢ ᠬᠡᠷᠡᠭᠰᠡᠯ ᠢ ᠲᠣᠤᠷ ᠲᠤ ᠣᠷᠤᠭᠤᠯᠬᠤ ᠶᠢ ᠦᠨᠡᠮᠰᠢᠭᠰᠡᠨ ᠦᠨᠡᠮᠯᠡᠯ ᠪᠠᠶᠢᠬᠤ ᠬᠡᠷᠡᠭᠲᠡᠶ᠃ | ᠬᠤᠷᠢᠨ ᠨᠠᠢᠮᠠᠳᠤᠭᠠᠷ ᠵᠣᠷᠪᠣᠰ᠂ ᠷᠠᠳᠢᠣ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠶᠢ ᠤᠭᠰᠠᠷᠠᠵᠤ ᠳᠠᠭᠤᠰᠤᠭᠰᠠᠨ ᠤ ᠳᠠᠷᠠᠭ᠎ᠠ᠂ ᠲᠤᠰ ᠰᠠᠴᠤᠷᠠᠭᠤᠯᠬᠤ | ᠲᠥᠬᠦᠭᠡᠷᠦᠮᠵᠢ ᠶᠢ ᠪᠠᠶᠢᠭᠤᠯᠤᠭᠰᠠᠨ ᠨᠢᠭᠡᠴᠢ ᠨᠢ ᠬᠤᠷᠢᠨ ᠡᠳᠦᠷ ᠤᠨ ᠳᠣᠲᠣᠷ᠎ᠠ ︽ᠵᠠᠬᠢᠶᠠᠯᠠᠨ ᠠᠪᠬᠤ ᠭᠡᠷᠡᠴᠢ︾ ᠭᠡᠰᠡᠨ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠰᠢᠯᠭᠠᠨ ᠠᠪᠤᠭᠤᠯᠬᠤ ᠭᠤᠶᠤᠴᠢᠯᠠᠯ ᠭᠠᠷᠭᠠᠵᠤ᠂ ᠵᠣᠬᠢᠴᠠᠩᠭᠤᠶ ᠪᠦᠬᠦᠢ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠲᠡᠭᠦᠨ ᠤ ᠨᠠᠶᠢᠳᠠᠭᠰᠠᠨ ᠪᠠᠶᠢᠭᠤᠯᠤᠮᠵᠢ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠰᠢᠯᠭᠠᠨ ᠠᠪᠬᠤ ᠬᠡᠷᠡᠭᠲᠡᠶ᠃ ᠰᠢᠯᠭᠠᠨ ᠠᠪᠤᠯᠲᠠ ᠳᠤ ᠬᠢᠷᠢ ᠲᠡᠩᠴᠡᠭᠰᠡᠨ ᠤ ᠳᠠᠷᠠᠭ᠎ᠠ᠂ | ᠰᠠᠴᠤᠷᠠᠭᠤᠯᠬᠤ ᠲᠥᠬᠦᠭᠡᠷᠦᠮᠵᠢ ᠶᠢ ᠵᠢᠩᠬᠢᠨᠢ ᠪᠠᠷ ᠬᠡᠷᠡᠭᠵᠢᠭᠦᠯᠵᠦ ᠪᠣᠯᠤᠨ᠎ᠠ᠃ | | ᠵᠢᠷᠭᠤᠳᠤᠭᠠᠷ ᠪᠦᠯᠦᠭ᠂ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠨᠡᠭᠦᠯᠭᠡᠨ ᠪᠠᠶᠢᠭᠤᠯᠬᠤ ᠪᠠ ᠬᠠᠮᠠᠭᠠᠯᠠᠬᠤ | ᠬᠤᠷᠢ ᠶᠢᠰᠦᠳᠦᠭᠡᠷ ᠵᠣᠷᠪᠣᠰ᠂ ᠶᠠᠮᠠᠷᠪᠠ ᠨᠢᠭᠡᠴᠢ ᠪᠠ ᠬᠤᠪᠢ ᠬᠥᠮᠦᠨ ᠴᠤ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠬᠠᠮᠠᠭᠠᠯᠠᠬᠤ ᠡᠭᠦᠷᠭᠡ ᠲᠠᠢ᠃ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠪᠦᠬᠦᠢ ᠷᠠᠳᠢᠣ᠋ ᠲᠧᠯᠸᠢᠰ ᠤᠨ | ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠬᠠᠷᠢᠭᠤᠴᠠᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠷᠠᠳᠢᠣ᠋ ᠲᠧᠯᠸᠢᠰ ᠤᠨ ᠲᠥᠬᠦᠭᠡᠷᠦᠮᠵᠢ ᠶᠢᠨ ᠠᠶᠤᠯᠭᠦᠢ ᠶᠢ | ᠦᠨᠡᠨ ᠬᠦ ᠪᠠᠲᠤᠯᠠᠬᠤ ᠬᠡᠷᠡᠭᠲᠡᠶ᠃ | ᠭᠤᠴᠢᠳᠤᠭᠠᠷ ᠵᠣᠷᠪᠣᠰ᠂ ᠴᠢᠬᠤᠯᠠ ᠶᠡᠭᠡ ᠪᠠᠷᠢᠯᠭ᠎ᠠ ᠶᠢᠨ ᠲᠥᠷᠥᠯ ᠵᠦᠢᠯ ᠪᠤᠶᠤ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠷᠠᠳᠢᠣ᠋ | ᠲᠧᠯᠸᠢᠰ ᠤᠨ ᠲᠥᠬᠦᠭᠡᠷᠦᠮᠵᠢ ᠶᠢ ᠨᠡᠭᠦᠯᠭᠡᠬᠦ ᠴᠢᠬᠤᠯᠠ ᠲᠠᠢ ᠭᠡᠵᠦ ᠦᠵᠡᠪᠡᠯ᠂ ᠬᠤᠲᠠ ᠶᠢᠨ ᠲᠥᠯᠥᠪᠵᠢᠭᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠬᠤᠲᠠ ᠶᠢᠨ ᠲᠥᠯᠥᠪᠵᠢᠭᠦᠯᠭᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠴᠠ ᠡᠮᠦᠨ᠎ᠡ᠂ ᠤᠷᠢᠳ ᠢᠶᠠᠷ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠵᠥᠪᠰᠢᠶᠡᠷᠡᠯ ᠢ ᠣᠯᠬᠤ ᠬᠡᠷᠡᠭᠲᠡᠶ᠃ | ᠷᠠᠳᠢᠣ᠋ ᠲᠧᠯᠸᠢᠰ ᠤᠨ ᠲᠥᠬᠦᠭᠡᠷᠦᠮᠵᠢ ᠶᠢ ᠨᠡᠭᠦᠯᠭᠡᠨ ᠪᠠᠶᠢᠭᠤᠯᠬᠤ ᠳᠤ᠂ ᠭᠤᠶᠤᠴᠢᠯᠠᠭᠰᠠᠨ ᠨᠢᠭᠡᠴᠢ ᠨᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ | ᠭᠤᠶᠤᠴᠢᠯᠠᠬᠤ ᠶᠢᠨ ᠬᠠᠮᠲᠤ ᠳᠣᠤᠷᠠᠬᠢ ᠮᠡᠲᠦ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ ᠪᠠ ᠤᠯᠤᠰ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦᠯᠬᠦ | ᠬᠡᠷᠡᠭᠲᠡᠢ︔ | ︵ᠬᠤᠶᠠᠷ︶ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢᠨ ᠮᠡᠷᠭᠡᠵᠢᠯ ᠤᠨ ᠨᠥᠬᠦᠴᠡᠯ ᠪᠠ ᠰᠠᠭᠤᠷᠢ ᠲᠥᠬᠦᠭᠡᠷᠦᠮᠵᠢ ᠶᠢ ᠬᠠᠩᠭᠠᠬᠤ ᠬᠡᠷᠡᠭᠲᠡᠢ︔ | ︵ᠭᠤᠷᠪᠠ︶ ᠷᠠᠳᠢᠣ᠋ ᠲᠧᠯᠸᠢᠰ ᠤᠨ ᠳᠠᠮᠵᠢᠭᠤᠯᠤᠨ ᠪᠦᠷᠬᠦᠭᠦᠯᠬᠦ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠶᠢ ᠬᠠᠩᠭᠠᠵᠤ᠂ ᠡᠯ᠎ᠡ ᠵᠦᠢᠯ ᠤᠨ ᠬᠠᠷᠰᠢ ᠰᠠᠭᠠᠳ ᠠᠴᠠ | ᠵᠠᠶᠢᠯᠠᠰᠬᠢᠬᠤ ᠬᠡᠷᠡᠭᠲᠡᠢ︔ | ︵ᠲᠦᠷᠪᠡ︶ ᠡᠷᠭᠢᠨ ᠲᠣᠭᠤᠷᠢᠨ ᠤ ᠣᠷᠴᠢᠨ ᠲᠣᠭᠤᠷᠢᠨ ᠨᠢ ᠤᠯᠤᠰ ᠤᠨ ᠬᠠᠮᠢᠶ᠎ᠠ ᠪᠦᠬᠦᠢ ᠣᠷᠴᠢᠨ ᠲᠣᠭᠤᠷᠢᠨ ᠤ ᠴᠠᠬᠢᠯᠭᠠᠨ ᠰᠣᠷᠢᠨᠵᠢᠨ ᠳᠣᠯᠭᠢᠶᠠᠨ ᠤ | ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠬᠦ ᠬᠡᠷᠡᠭᠲᠡᠢ︔ | ︵ᠲᠠᠪᠤ︶ ᠷᠠᠳᠢᠣ᠋ ᠲᠧᠯᠸᠢᠰ ᠤᠨ ᠲᠥᠬᠦᠭᠡᠷᠦᠮᠵᠢ ᠶᠢᠨ ᠡᠯ᠎ᠡ ᠵᠦᠢᠯ ᠤᠨ ᠰᠢᠨᠵᠢ ᠴᠢᠨᠠᠷ ᠤᠨ ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠣᠷᠪᠣᠰ᠂ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠨᠡᠭᠦᠯᠭᠡᠨ ᠪᠠᠶᠢᠭᠤᠯᠬᠤ ᠪᠠᠷ ᠭᠤᠶᠤᠴᠢᠯᠠᠬᠤ ᠳᠤ ᠳᠣᠤᠷᠠᠬᠢ ᠮᠡᠲᠦ ᠮᠠᠲ᠋ᠧᠷᠢᠶᠠᠯ ᠢ | ᠲᠤᠰᠢᠶᠠᠬᠤ ᠬᠡᠷᠡᠭᠲᠡᠶ᠄ | ︵ᠨᠢᠭᠡ︶ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠣᠯᠤᠨ ᠨᠡᠭᠦᠯᠭᠡᠨ ᠪᠠᠶᠢᠭᠤᠯᠬᠤ ᠪᠠᠷ ᠭᠤᠶᠤᠴᠢᠯᠠᠭᠰᠠᠨ ᠰᠢᠯᠲᠠᠭᠠᠨ︔ | ︵ᠬᠤᠶᠠᠷ︶ ᠬᠤᠲᠠ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ︔ | ︵ᠭᠤᠷᠪᠠ︶ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠤᠨ ᠪᠢᠴᠢᠭ ᠮᠠᠲ᠋ᠧᠷᠢᠶᠠᠯ︔ | ︵ᠲᠦᠷᠪᠡ︶ ᠷᠠᠳᠢᠣ᠋ ᠲᠧᠯᠸᠢᠰ ᠤᠨ ᠳᠠᠮᠵᠢᠭᠤᠯᠬᠤ ᠪᠦᠷᠬᠦᠴᠡ ᠶᠢᠨ ᠮᠡᠷᠭᠡᠵᠢᠯ ᠤᠨ ᠦᠨᠡᠯᠡᠯᠲᠡ ᠶᠢᠨ ᠮᠡᠳᠡᠭᠦᠯᠦᠯᠲᠡ᠃ | ᠭᠤᠴᠢᠨ ᠬᠤᠶᠠᠳᠤᠭᠠᠷ ᠵᠣᠷᠪᠣᠰ᠂ ᠨᠡᠭᠦᠯᠭᠡᠨ ᠪᠠᠶᠢᠭᠤᠯᠬᠤ ᠠᠵᠢᠯ ᠳᠤ ᠡᠷᠬᠡᠪᠰᠢ ᠤᠷᠢᠳ ᠢᠶᠠᠷ ᠪᠦᠲᠦᠭᠡᠨ ᠪᠠᠶᠢᠭᠤᠯᠵᠤ ᠳᠠᠷᠠᠭ᠎ᠠ ᠨᠢ ᠨᠤᠷᠠᠭᠠᠬᠤ ᠵᠠᠷᠴᠢᠮ ᠢ | ᠪᠠᠷᠢᠮᠲᠠᠯᠠᠬᠤ ᠬᠡᠷᠡᠭᠲᠡᠶ᠃ ᠨᠡᠭᠦᠯᠭᠡᠨ ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠨᠡᠭᠦᠯᠭᠡᠨ ᠪᠠᠶᠢᠭᠤᠯᠬᠤ ᠨᠢᠭᠡᠴᠢ ᠠᠴᠠ ᠡᠭᠦᠷᠭᠡᠯᠡᠨ᠎ᠡ᠃ | | ᠳᠣᠯᠣᠳᠤᠭᠠᠷ ᠪᠦᠯᠦᠭ᠂ ᠲᠣᠷᠭᠠᠬᠤ ᠳᠦᠷᠢᠮ | ᠭᠤᠴᠢᠨ ᠭᠤᠷᠪᠠᠳᠤᠭᠠᠷ ᠵᠣᠷᠪᠣᠰ᠂ ᠲᠤᠰ ᠠᠷᠭ᠎ᠠ ᠶᠢ ᠵᠥᠷᠢᠴᠡᠭᠰᠡᠨ ᠪᠣᠯ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠳᠦᠷᠢᠮ︾᠂ ︽ᠷᠠᠳᠢᠣ᠋ ᠲᠧᠯᠸᠢᠰ ᠤᠨ | ᠲᠥᠬᠦᠭᠡᠷᠦᠮᠵᠢ ᠶᠢ ᠬᠠᠮᠠᠭᠠᠯᠠᠬᠤ ᠳᠦᠷᠢᠮ︾ ᠢ ᠦᠨᠳᠦᠰᠦᠯᠡᠨ ᠰᠢᠢᠳᠭᠡᠨ ᠲᠣᠷᠭᠠᠨ᠎ᠠ᠃ | | ᠨᠠᠢᠮᠠᠳᠤᠭᠠᠷ ᠪᠦᠯᠦᠭ᠂ ᠳᠠᠭᠠᠯᠳᠤᠭᠤᠯᠤᠯ ᠳᠦᠷᠢᠮ | ᠭᠤᠴᠢᠨ ᠳᠥᠷᠪᠡᠳᠦᠭᠡᠷ ᠵᠣᠷᠪᠣᠰ᠂ ᠲᠤᠰ ᠠᠷᠭ᠎ᠠ ᠳᠤ ᠬᠡᠯᠡᠵᠦ ᠪᠠᠶᠢᠭ᠎ᠠ ︽ᠬᠤᠷᠢᠨ ᠡᠳᠦᠷ︾ ︽ᠭᠤᠴᠢᠨ ᠡᠳᠦᠷ︾ ᠭᠡᠳᠡᠭ ᠨᠢ ᠠᠵᠢᠯᠯᠠᠬᠤ ᠡᠳᠦᠷ ᠢ ᠵᠢᠭᠠᠵᠤ ᠪᠤᠶ᠂ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠶ᠃ | ᠭᠤᠴᠢᠨ ᠲᠠᠪᠤᠳᠤᠭᠠᠷ ᠵᠣᠷᠪᠣᠰ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠷᠠᠳᠢᠣ᠋ ᠲᠧᠯᠸᠢᠰ ᠤᠨ ᠤᠲᠠᠰᠤ ᠥᠬᠡᠶ ᠪᠠᠷ | ᠳᠠᠮᠵᠢᠭᠤᠯᠬᠤ ᠪᠦᠷᠬᠦᠴᠡ ᠶᠢᠨ ᠰᠦᠯᠵᠢᠶᠡᠨ ᠤ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠷᠠᠳᠢᠣ᠋ ᠺᠢᠨᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠠᠷᠯᠢᠭ 45 ᠳ᠋ᠤᠭᠠᠷ | ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | |