ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠦᠵᠡᠵᠦ ᠰᠣᠨᠣᠰᠬᠤ ᠵᠠᠭᠤᠴᠢᠯᠠᠭᠤᠷ ᠤᠨ ᠪᠢᠴᠢᠯ ᠦᠢᠯᠡᠴᠢᠯᠡᠭᠡᠨ ᠤ ᠮᠡᠷᠭᠡᠵᠢᠯ ᠤᠨ ᠪᠦᠲᠦᠴᠡ ᠶᠢᠨ ᠵᠢᠷᠤᠮᠵᠢᠯ︾ ᠵᠡᠷᠭᠡ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠬᠤᠶᠠᠷ ᠵᠦᠢᠯ ᠤᠨ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/5/20
  5 ᠳ᠋ᠤᠭᠠᠷ ᠰᠠᠷ᠎ᠠ ᠶᠢᠨ 13 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠦᠵᠡᠵᠦ ᠰᠣᠨᠣᠰᠬᠤ ᠵᠠᠭᠤᠴᠢᠯᠠᠭᠤᠷ ᠤᠨ ᠪᠢᠴᠢᠯ ᠦᠢᠯᠡᠴᠢᠯᠡᠭᠡᠨ ᠤ ᠮᠡᠷᠭᠡᠵᠢᠯ ᠤᠨ ᠪᠦᠲᠦᠴᠡ ᠶᠢᠨ ᠵᠢᠷᠤᠮᠵᠢᠯ︾᠂ ︽ᠣᠶᠣᠨᠴᠢ ᠲᠧᠯᠸᠢᠰ ᠤᠨ ᠠᠵᠢᠯᠯᠠᠭᠠᠨ ᠤ ᠰᠢᠰᠲ᠋ᠧᠮ ᠤᠨ 8 ᠳ᠋ᠤᠭᠠᠷ ᠬᠡᠰᠡᠭ᠄ ᠲᠥᠷᠥᠯ ᠬᠤᠪᠢᠶᠠᠨ ᠳᠡᠰ ᠬᠤᠪᠢᠶᠠᠬᠤ︾ ᠵᠡᠷᠭᠡ ᠬᠤᠶᠠᠷ ᠵᠦᠢᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠪᠡ᠃ ᠡᠭᠦᠨ ᠳᠤ ᠪᠢᠴᠢᠯ ᠦᠢᠯᠡᠴᠢᠯᠡᠭᠡᠨ ᠤ ᠪᠠᠷᠢᠮᠵᠢᠶ᠎ᠠ ᠨᠢ ᠪᠢᠴᠢᠯ ᠦᠢᠯᠡᠴᠢᠯᠡᠭᠡᠨ ᠤ ᠮᠡᠷᠭᠡᠵᠢᠯ ᠬᠢᠭᠡᠳ ᠦᠵᠡᠵᠦ ᠰᠣᠨᠣᠰᠬᠤ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠦᠵᠡᠵᠦ ᠰᠣᠨᠣᠰᠬᠤ ᠵᠠᠭᠤᠴᠢᠯᠠᠭᠤᠷ ᠤᠨ ᠪᠢᠴᠢᠯ ᠦᠢᠯᠡᠴᠢᠯᠡᠭᠡᠨ ᠤ ᠮᠡᠷᠭᠡᠵᠢᠯ ᠤᠨ ᠪᠦᠲᠦᠴᠡ ᠶᠢ ᠲᠣᠭᠲᠠᠭᠠᠵᠤ᠂ ᠠᠮᠢᠳᠤᠯᠢᠭ ᠢᠶᠠᠷ ᠥᠷᠭᠡᠳᠬᠡᠬᠦ᠂ ᠲᠦᠷᠭᠡᠨ ᠪᠠᠶᠢᠷᠢᠯᠠᠭᠤᠯᠤᠯᠲᠠ ᠵᠡᠷᠭᠡ ᠣᠨᠴᠠᠯᠢᠭ ᠲᠠᠢ᠂ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠠᠭᠤᠯᠭ᠎ᠠ ᠶᠢᠨ ᠲᠦᠷᠭᠡᠨ ᠰᠣᠯᠢᠭᠳᠠᠯ ᠪᠠ ᠣᠯᠠᠨ ᠶᠠᠩᠵᠤ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ ᠳᠡᠶᠢᠯᠦᠨ᠎ᠡ︔ ᠣᠶᠣᠨᠴᠢ ᠲᠧᠯᠸᠢᠰ ᠤᠨ ᠵᠢᠯᠣᠭᠤᠳᠬᠤ ᠰᠢᠰᠲ᠋ᠧᠮ ᠤᠨ ᠲᠥᠷᠥᠯ ᠬᠤᠪᠢᠶᠠᠨ ᠲᠠᠰ ᠬᠤᠪᠢᠶᠠᠬᠤ ᠪᠠᠷᠢᠮᠵᠢᠶ᠎ᠠ ᠶᠢ ᠦᠨᠳᠦᠰᠦᠯᠡᠨ᠂ ᠤᠲᠠᠰᠤ ᠲᠠᠢ᠂ IPTV᠂ ᠢᠨᠲ᠋ᠧᠷ ᠰᠦᠯᠵᠢᠶᠡᠨ ᠤ ᠲᠧᠯᠸᠢᠰ᠂ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠣᠲᠣ ᠵᠡᠷᠭᠡ ᠠᠳᠠᠯᠢ ᠪᠤᠰᠤ ᠳᠠᠮᠵᠢᠭᠤᠯᠬᠤ ᠠᠷᠭ᠎ᠠ ᠬᠡᠯᠪᠡᠷᠢ ᠶᠢ ᠦᠨᠳᠦᠰᠦᠯᠡᠨ᠂ ᠠᠳᠠᠯᠢ ᠪᠤᠰᠤ TVOS ᠬᠤᠪᠢᠶᠠᠷᠢ ᠬᠡᠪᠯᠡᠯ ᠤᠨ ᠪᠦᠷᠢᠯᠳᠦᠭᠦᠯᠪᠡᠰᠦ ᠵᠣᠬᠢᠬᠤ ᠴᠢᠳᠠᠮᠵᠢ ᠪᠠ ᠮᠡᠷᠭᠡᠵᠢᠯ ᠤᠨ ᠱᠠᠭᠠᠷᠳᠠᠯᠭ᠎ᠠ ᠶᠢ ᠲᠣᠭᠲᠠᠭᠠᠵᠤ᠂ ᠡᠯ᠎ᠡ ᠳᠠᠮᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠤᠷ᠎ᠠ᠂ ᠦᠵᠦᠭᠦᠷ ᠤᠨ ᠴᠢᠳᠠᠮᠵᠢ ᠶᠢ ᠳᠡᠭᠡᠭᠰᠢᠯᠡᠭᠦᠯᠵᠦ᠂ ᠦᠵᠦᠭᠦᠷ ᠤᠨ ᠥᠪᠡᠷ ᠤᠨ ᠥᠷᠲᠡᠭ ᠢ ᠪᠠᠭᠤᠷᠠᠭᠤᠯᠬᠤ ᠳᠤ ᠠᠰᠢᠭᠲᠠᠶ ᠶᠤᠮ᠃ ᠳᠡᠭᠡᠷ᠎ᠡ ᠳᠤᠷᠠᠳᠤᠭᠰᠠᠨ ᠪᠠᠷᠢᠮᠵᠢᠶ᠎ᠠ ᠨᠢ ᠦᠵᠡᠵᠦ ᠰᠣᠨᠣᠰᠬᠤ ᠵᠠᠭᠤᠴᠢᠯᠠᠭᠤᠷ ᠤᠨ ᠪᠢᠴᠢᠯ ᠦᠢᠯᠡᠴᠢᠯᠡᠭᠡᠨ ᠤ ᠪᠦᠲᠦᠴᠡ᠂ ᠣᠶᠤᠨᠴᠢ ᠲᠧᠯᠸᠢᠰ ᠤᠨ ᠠᠵᠢᠯᠯᠠᠭᠠᠨ ᠤ ᠰᠢᠰᠲ᠋ᠧᠮ ᠢ ᠵᠢᠯᠣᠭᠤᠳᠤᠨ ᠵᠢᠷᠤᠮᠵᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ