2024 ᠣᠨ ᠤ ᠨᠢᠭᠡᠳᠦᠭᠡᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2024/5/20
  ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠳᠠᠮᠵᠢᠭᠤᠯᠬᠤ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ 2024 ᠣᠨ ᠤ ᠨᠢᠭᠡᠳᠦᠭᠡᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠯᠠᠷᠢᠯ ᠤᠨ ᠰᠢᠯᠢᠳᠡᠭ ᠢ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠢ ᠨᠡᠶᠢᠲᠡ 120 ᠬᠤᠪᠢ ᠭᠥᠯᠢᠶᠡᠨ ᠠᠪᠴᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠬᠤ ᠪᠠᠷ ᠳᠡᠮᠵᠢᠨ᠂ ᠰᠢᠯᠢᠳᠡᠭ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠦᠲᠦᠭᠡᠯ ᠢ 20 ᠬᠤᠪᠢ ᠰᠢᠯᠭᠠᠷᠠᠭᠤᠯᠤᠨ ᠭᠠᠷᠭᠠᠵᠤ᠂ ᠡᠳᠦᠭᠡ ᠨᠡᠶᠢᠲᠡᠯᠡᠪᠡ᠃  ᠨᠡᠶᠢᠲᠡᠯᠡᠯ ᠤᠨ ᠬᠤᠭᠤᠴᠠᠭ᠎ᠠ ᠨᠢ 2024 ᠣᠨ ᠤ 5 ᠳ᠋ᠤᠭᠠᠷ ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ ᠪᠣᠯᠣᠨ᠎ᠠ᠃ ᠨᠡᠶᠢᠲᠡᠯᠡᠯ ᠤᠨ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠣᠯ᠂ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠭᠠᠵᠠᠷ︶ ᠲᠤ ᠬᠠᠷᠢᠭᠤ ᠲᠤᠰᠬᠠᠭᠠᠷᠠᠢ᠃  ᠬᠠᠷᠢᠯᠴᠠᠬᠤ ᠣᠳᠠᠰᠣ᠄ 0471 - 4590092  ᠹᠠᠺᠰ᠄ 0471 - 3288016᠃  ᠳᠠᠭᠠᠯᠳᠤᠭᠤᠯᠤᠯ᠄ 2024 ᠣᠨ ᠤ ᠨᠢᠭᠡᠳᠦᠭᠡᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠯᠢᠳᠡᠭ ᠪᠦᠲᠦᠭᠡᠯ ᠤᠨ ᠨᠡᠷᠡᠰ.doc

  

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

2024 ᠣᠨ ᠤ 5 ᠳ᠋ᠤᠭᠠᠷ ᠰᠠᠷ᠎ᠠ ᠶᠢᠨ 20 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ