ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ ᠲᠡᠷᠭᠡᠨ ᠳᠡᠭᠡᠷᠡᠬᠢ ᠳᠠᠭᠤ ᠸᠢᠳᠢᠣ᠋ ᠶᠢᠨ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
  5 ᠳ᠋ᠤᠭᠠᠷ ᠰᠠᠷ᠎ᠠ ᠶᠢᠨ 17 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠮᠲᠤᠷᠠᠨ ᠲᠡᠷᠭᠡᠨ ᠳᠡᠭᠡᠷᠡᠬᠢ ᠳᠠᠭᠤ ᠸᠢᠳᠢᠣ᠋ ᠶᠢᠨ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠨᠢᠳᠤᠨᠤᠨ ᠤ ᠭᠤᠷᠪᠠᠨ ᠰᠠᠯᠠᠭ᠎ᠠ ᠮᠥᠴᠢᠷ ︽ᠲᠡᠷᠭᠡᠨ ᠳᠡᠭᠡᠷᠡᠬᠢ ᠳᠠᠭᠤ ᠸᠢᠳᠢᠤ᠋ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠬᠦ ᠶᠢᠨ ᠬᠠᠮᠲᠤ ᠲᠡᠷᠭᠡᠨ ᠳᠡᠭᠡᠷᠡᠬᠢ ᠤᠲᠠᠰᠤ ᠦᠭᠡᠢ ᠷᠠᠳᠢᠣ᠋ ᠨᠡᠪᠲᠡᠷᠡᠭᠦᠯᠭᠡ ᠶᠢ ᠭᠥᠯᠢᠶᠡᠨ ᠠᠪᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠷᠭᠡᠨ ᠳᠡᠭᠡᠷᠡᠬᠢ ᠤᠲᠠᠰᠤ ᠥᠬᠡᠶ ᠷᠠᠳᠢᠣ᠋ ᠨᠡᠪᠲᠡᠷᠡᠭᠦᠯᠭᠡ ᠶᠢ ᠭᠥᠯᠢᠶᠡᠨ ᠠᠪᠬᠤ ᠬᠡᠰᠡᠭ ᠢ ᠲᠡᠷᠭᠡ ᠬᠥᠰᠬᠡ ᠶᠢᠨ ᠦᠨᠳᠦᠰᠦᠨ ᠲᠣᠬᠢᠷᠠᠭᠤᠯᠤᠯᠲᠠ ᠬᠢᠬᠦ᠂ ᠲᠣᠬᠢᠷᠠᠭᠤᠯᠬᠤ ᠶᠣᠰᠣᠲᠠᠶ ᠶᠢ ᠨᠢ ᠴᠥᠮ ᠳᠣᠭᠢᠷᠠᠭᠤᠯᠬᠤ ᠵᠢᠴᠢ ᠲᠡᠷᠭᠡᠨ ᠳᠡᠭᠡᠷᠡᠬᠢ ᠰᠦᠯᠵᠢᠶᠡᠨ ᠤ ᠳᠠᠭᠤ ᠸᠢᠳᠢᠤ᠋ ᠶᠢᠨ ᠦᠢᠯᠡᠴᠢᠯᠡᠭᠡ ᠶᠢ ᠵᠢᠷᠤᠮᠵᠢᠭᠤᠯᠬᠤ ᠵᠡᠷᠭᠡ ᠠᠵᠢᠯ ᠤᠨ ᠪᠠᠶᠢᠷᠢᠯᠠᠭᠤᠯᠤᠯᠲᠠ ᠬᠢᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠣᠨᠤᠭ ᠲᠥᠬᠦᠭᠡᠷᠦᠮᠵᠢ ᠶᠢᠨ ᠨᠢᠭᠡᠳᠦᠭᠡᠷ ᠵᠤᠷᠭᠠᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠭᠡᠷᠡᠴᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠮᠠᠰᠢᠨ ᠲᠡᠷᠭᠡᠨ ᠤ ᠲᠣᠬᠢᠷᠠᠭᠤᠯᠤᠯᠲᠠ ᠶᠢᠨ ᠤᠲᠠᠰᠤ ᠥᠬᠡᠶ ᠷᠠᠳᠢᠣ᠋ ᠨᠡᠪᠲᠡᠷᠡᠭᠦᠯᠭᠡ ᠶᠢᠨ ᠭᠥᠯᠢᠶᠡᠨ ᠠᠪᠬᠤ ᠬᠡᠰᠡᠭ ᠲᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠪᠥᠬᠦ ᠤᠯᠤᠰ ᠤᠨ ᠮᠠᠰᠢᠨ ᠲᠡᠷᠭᠡᠨ ᠤ ᠠᠵᠢᠯ ᠲᠥᠷᠥᠯ ᠳᠤ ᠰᠠᠨᠠᠭᠠᠴᠢᠯᠠᠭ᠎ᠠ ᠭᠠᠷᠭᠠᠵᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠷᠠᠳᠢᠣ᠋ ᠨᠡᠪᠲᠡᠷᠡᠭᠦᠯᠭᠡ ᠬᠦᠯᠢᠶᠡᠨ ᠠᠪᠬᠤ ᠲᠥᠬᠦᠭᠡᠷᠦᠮᠵᠢ ᠤᠭᠰᠠᠷᠠᠬᠤ ᠶᠢ ᠶᠡᠭᠡ ᠪᠠᠷ ᠠᠬᠢᠭᠤᠯᠪᠠ᠃ ᠤᠯᠤᠰ ᠤᠨ ᠷᠠᠳᠢᠣ᠋ ᠲᠧᠯᠧᠢᠰ ᠤᠨ ᠶᠡᠷᠦᠩᠬᠡᠶ ᠲᠣᠪᠴᠢᠶᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠭᠡᠨ ᠳᠡᠭᠡᠷᠡᠬᠢ ᠤᠲᠠᠰᠤ ᠦᠭᠡᠢ ᠷᠠᠳᠢᠣ᠋ ᠨᠡᠪᠲᠡᠷᠡᠭᠦᠯᠭᠡ ᠶᠢᠨ ᠬᠠᠮᠤᠭ ᠤᠨ ᠰᠢᠨ᠎ᠡ ᠠᠬᠢᠴᠠ ᠶᠢ ᠲᠠᠨᠢᠯᠴᠠᠭᠤᠯᠵᠠᠶ᠃ ᠢ ᠴᠢ᠂ ᠭᠤᠸᠠᠩ ᠴᠢ᠂ ᠪᠢ ᠶᠠ ᠳ᠋ᠢ᠂ ᠸᠧᠢ ᠯᠠᠢ ᠵᠡᠷᠭᠡ ᠮᠠᠰᠢᠨ ᠲᠡᠷᠭᠡᠨ ᠤ ᠠᠵᠤ ᠠᠬᠤᠶᠢᠯᠠᠯ ᠤᠨ ᠲᠥᠯᠥᠭᠡᠯᠡᠭᠴᠢ ᠲᠡᠷᠭᠡᠨ ᠳᠡᠭᠡᠷᠡᠬᠢ ᠤᠲᠠᠰᠤ ᠦᠭᠡᠢ ᠷᠠᠳᠢᠣ᠋ ᠨᠡᠪᠲᠡᠷᠡᠭᠦᠯᠭᠡ ᠶᠢ ᠬᠦᠯᠢᠶᠡᠨ ᠠᠪᠬᠤ ᠬᠡᠰᠡᠭ ᠤᠨ ᠲᠣᠬᠢᠷᠠᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠲᠤᠬᠠᠢ ᠶᠠᠷᠢᠶ᠎ᠠ ᠲᠠᠯᠪᠢᠪᠠ᠃ ᠪᠦᠬᠦ ᠤᠯᠤᠰ ᠤᠨ 31 ᠭᠤᠣᠯᠳᠠᠯᠭ᠎ᠠ ᠲᠠᠢ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ