| | | | | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠲᠧᠯᠸᠢᠰ ᠵᠦᠴᠦᠭᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ | ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ | ᠬᠥᠲᠥᠯᠪᠦᠷᠢ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠣᠶᠣᠯ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠷᠠᠳᠢᠣ᠋ ᠲᠧᠯᠸᠢᠰ ᠪᠣᠯᠤᠨ ᠰᠦᠯᠵᠢᠶᠡᠨ ᠤ | ᠦᠵᠡᠵᠦ ᠰᠣᠨᠣᠰᠬᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ᠪᠣᠯᠤᠨ ︽ᠺᠢᠨᠣ᠋ ᠲᠧᠯᠸᠢᠰ ᠤᠨ ᠦᠢᠯᠡᠰ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠮᠠᠨ ᠤ ᠤᠯᠤᠰ ᠤᠨ ᠺᠢᠨᠣ᠋ ᠲᠧᠯᠸᠢᠰ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠢ ᠦᠨᠳᠦᠰᠦᠯᠡᠨ᠂ | ᠲᠣᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ | ᠤᠷᠦᠰᠢᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠳᠡᠮᠵᠢᠯᠭᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠲᠧᠯᠸᠢᠰ ᠵᠦᠴᠦᠭᠡ ᠰᠢᠨ᠎ᠡ | ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠲᠡᠦᠬᠡᠲᠦ ᠴᠢᠨᠠᠷᠲᠠᠢ ᠬᠥᠭᠵᠢᠯᠲᠡ ᠶᠢᠨ ᠠᠮᠵᠢᠯᠲᠠ ᠪᠦᠲᠦᠮᠵᠢ ᠤᠯᠪᠠ᠃ ᠲᠧᠯᠸᠢᠰ ᠵᠦᠴᠦᠭᠡ ᠶᠢᠨ ᠠᠵᠢᠯ ᠲᠥᠷᠥᠯ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠢᠨ᠎ᠡ ᠬᠡᠪ ᠰᠤᠷᠲᠠᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ | ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠤᠳᠤᠷᠢᠳᠤᠮᠵᠢ ᠶᠢ ᠨᠠᠩ ᠢᠯᠡ ᠲᠣᠳᠣ ᠪᠣᠯᠭᠠᠵᠤ᠂ ᠪᠦᠲᠦᠭᠡᠯ ᠤᠨ ᠶᠠᠰᠤ ᠴᠢᠨᠠᠷ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠣᠯᠠᠨ ᠤ ᠬᠦᠷᠢᠶᠡᠯᠡᠯ ᠢ ᠣᠯᠤᠭᠰᠠᠨ ᠨᠢᠭᠡ ᠪᠦᠯᠦᠭ ᠰᠣᠳᠣᠨ ᠪᠦᠲᠦᠭᠡᠯ ᠴᠣᠯᠭᠤᠷᠠᠨ ᠭᠠᠷᠴᠤ᠂ ᠭᠤᠤᠯ ᠬᠥᠭ ᠠᠶᠠᠰ ᠢ | ᠬᠦᠴᠦᠲᠡᠶ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠪᠠ᠃ ᠲᠧᠯᠸᠢᠰ ᠵᠦᠴᠦᠭᠡ ᠶᠢᠨ ᠳᠠᠮᠵᠢᠭᠤᠯᠬᠤ ᠠᠷᠭ᠎ᠠ ᠵᠠᠮ ᠡᠳᠦᠷ ᠢᠷᠡᠬᠦᠶ᠎ᠡ ᠥᠷᠭᠡᠳᠴᠦ᠂ ᠬᠦᠯᠢᠶᠡᠨ | ᠠᠪᠴᠤ ᠦᠵᠡᠬᠦ ᠬᠡᠪᠴᠢᠶ᠎ᠡ ᠦᠷᠭᠦᠯᠵᠢᠯᠡᠨ ᠥᠷᠭᠡᠳᠴᠦ᠂ ︽ᠭᠠᠳᠠᠭᠰᠢ ᠭᠠᠷᠬᠤ︾ ᠠᠵᠢᠯ ᠴᠢᠬᠤᠯᠠ ᠰᠢᠪᠲᠤᠯᠤᠯᠲᠠ ᠲᠠᠢ ᠪᠣᠯᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠥᠷᠭᠡᠳᠬᠡᠬᠦ ᠦᠢᠯᠡᠳᠦᠯ ᠤᠯᠠᠮ ᠠᠴᠠ ᠤᠯᠠᠮ ᠲᠤᠪᠤᠶᠢᠮ᠎ᠠ ᠪᠣᠯᠪᠠ᠃ | ᠲᠧᠯᠸᠢᠰ ᠵᠦᠴᠦᠭᠡ ᠶᠢᠨ ᠠᠵᠢᠯ ᠲᠥᠷᠥᠯ ᠤᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠠᠵᠢᠯ ᠲᠥᠷᠥᠯ ᠤᠨ ᠠᠮᠢ ᠠᠬᠤᠶ ᠢᠯᠡᠳᠲᠡ ᠰᠠᠶᠢᠵᠢᠷᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠬᠥᠭᠵᠢᠶᠡᠨ ᠲᠠᠢ ᠪᠣᠯᠵᠣ᠂ ᠠᠵᠤ ᠦᠢᠯᠡᠰ ᠤᠨ ᠵᠠᠭᠪᠤᠷ ᠪᠠᠶᠠᠯᠢᠭᠵᠢᠵᠤ᠂ ᠠᠵᠤ ᠦᠢᠯᠡᠰ ᠤᠨ ᠵᠠᠭᠪᠤᠷ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠴᠢᠳᠠᠪᠤᠷᠢᠲᠠᠨ ᠤ ᠡᠩᠨᠡᠭᠡ ᠤᠯᠠᠮ ᠨᠢᠭᠡ ᠠᠯᠬᠤᠮ ᠪᠤᠵᠠᠭᠠᠶᠢᠷᠠᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠪᠠᠳᠠᠷᠠᠪᠠ᠃ | ᠲᠧᠯᠸᠢᠰ ᠵᠦᠴᠦᠭᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠵᠦ᠂ ᠵᠠᠰᠠᠬᠤ ᠴᠢᠳᠠᠪᠤᠷᠢ ᠨᠢ ᠬᠦᠴᠦᠲᠡᠢ ᠳᠡᠭᠡᠭᠰᠢᠯᠡᠪᠡ᠃ | ᠣᠳᠣᠬᠠᠨ ᠳᠤ᠂ ᠳᠤᠮᠳᠠᠳᠤ ᠤᠯᠤᠰ ᠤᠨ ᠲᠧᠯᠸᠢᠰ ᠵᠦᠴᠦᠭᠡ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠨᠡᠶᠢᠭᠡᠮ ᠤᠨ ᠦᠷ᠎ᠡ ᠠᠰᠢᠭ ᠢ | ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠨᠢᠭᠡᠳᠬᠡᠭᠰᠡᠨ ᠰᠢᠯᠢᠳᠡᠭ ᠵᠣᠬᠢᠶᠠᠨ ᠪᠦᠲᠦᠭᠡᠵᠦ ᠦᠢᠯᠡᠳᠪᠦᠷᠢᠯᠡᠬᠦ | ᠪᠠᠶᠢᠭᠤᠯᠤᠯ ᠵᠣᠬᠢᠴᠠᠮᠵᠢ ᠪᠠ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠨᠢᠭᠡᠨᠲᠡ ᠪᠠᠲᠤ ᠪᠠᠬᠢ ᠰᠠᠭᠤᠷᠢ ᠶᠢ ᠪᠦᠷᠢᠯᠳᠦᠭᠦᠯᠦᠭᠰᠡᠨ ᠪᠣᠯᠪᠠᠴᠤ ᠬᠥᠭᠵᠢᠯᠲᠡ | ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠦᠵᠡᠭᠳᠡᠯ ᠮᠥᠨ ᠬᠦ ᠣᠷᠣᠰᠢᠭᠰᠠᠭᠠᠷ ᠪᠠᠶᠢᠨ᠎ᠠ᠂ ᠰᠢᠯᠢᠳᠡᠭ ᠬᠠᠩᠭᠠᠯᠭ᠎ᠠ ᠪᠠ ᠬᠡᠷᠡᠭᠴᠡᠭᠡ ᠱᠠᠭᠠᠷᠳᠠᠯᠭ᠎ᠠ ᠨᠢ ᠪᠦᠷᠢᠮᠦᠰᠦᠨ | ᠵᠣᠬᠢᠴᠠᠯᠳᠤᠬᠤ ᠥᠬᠡᠶ᠂ ᠲᠧᠯᠸᠢᠰ ᠵᠦᠴᠦᠭᠡ ᠶᠢᠨ ᠠᠵᠤ ᠦᠢᠯᠡᠰ ᠤᠨ ᠥᠷᠢᠰᠥᠯᠳᠦᠬᠦ ᠬᠦᠴᠦᠨ ᠨᠢ ᠴᠢᠩᠭ᠎ᠠ ᠪᠢᠰᠢ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠲᠧᠯᠸᠢᠰ ᠵᠦᠴᠦᠭᠡ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠶ ᠵᠣᠬᠢᠶᠠᠨ ᠪᠦᠲᠦᠭᠡᠵᠦ᠂ ᠰᠣᠳᠣᠨ ᠪᠦᠲᠦᠭᠡᠯ ᠤᠨ ᠬᠠᠩᠭᠠᠯᠭ᠎ᠠ ᠶᠢ ᠥᠷᠭᠡᠳᠬᠡᠵᠦ᠂ ᠪᠥᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠦ᠂ ᠨᠠᠩ ᠣᠯᠠᠨ ᠦᠵᠡᠯ ᠰᠠᠨᠠᠭ᠎ᠠ ᠭᠦᠨᠵᠡᠭᠡᠶ᠂ ᠤᠷᠠᠯᠢᠭ ᠨᠠᠷᠢᠨ ᠨᠢᠭᠲᠠ᠂ ᠰᠢᠯᠢᠳᠡᠭ ᠲᠧᠯᠸᠢᠰ ᠵᠦᠴᠦᠭᠡ ᠶᠢ ᠵᠣᠬᠢᠶᠠᠵᠤ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ ᠬᠦᠴᠦᠨ ᠢ ᠴᠢᠩᠭᠠᠳᠬᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ ᠣᠶᠤᠨ ᠤ ᠠᠮᠢᠳᠤᠷᠠᠯ ᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠰᠢᠯᠢᠳᠡᠭ ᠣᠶᠤᠨ ᠤ | ᠰᠣᠶᠣᠯ ᠤᠨ ᠪᠦᠲᠦᠭᠡᠭᠳᠡᠬᠦᠨ ᠬᠠᠩᠭᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ | ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠷᠺᠰ | ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ᠂ ᠤᠳᠬ᠎ᠠ | ᠤᠷᠠᠯᠢᠭ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠲᠧᠯᠸᠢᠰ ᠵᠦᠴᠦᠭᠡ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ | ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠡᠳᠦᠪ ᠢ ᠣᠨᠣᠪᠴᠢᠲᠠᠶ ᠣᠯᠵᠤ᠂ ᠥᠯᠢᠭᠡᠷ ᠢ | ᠰᠠᠶᠢᠲᠤᠷ ᠶᠠᠷᠢᠵᠤ᠂ ᠰᠣᠳᠣᠨ ᠪᠦᠲᠦᠭᠡᠯ ᠢ ᠰᠡᠭᠦᠳᠡᠷᠯᠡᠬᠦ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠱᠠᠭᠠᠷᠳᠠᠯᠭ᠎ᠠ ᠶᠢ ᠲᠧᠯᠸᠢᠰ ᠵᠦᠴᠦᠭᠡ ᠶᠢᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠬᠤ ᠶᠢ ᠠᠬᠢᠭᠤᠯᠵᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ | ᠬᠠᠩᠭᠠᠬᠤ ᠪᠠ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠴᠢᠩᠭᠠᠳᠬᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠲᠧᠯᠸᠢᠰ ᠵᠦᠴᠦᠭᠡ ᠶᠢᠨ ᠠᠵᠢᠯ ᠤᠨ | ᠤᠯᠤᠰ ᠲᠥᠷᠥ ᠶᠢᠨ ᠬᠠᠷᠢᠭᠤᠴᠠᠯᠭ᠎ᠠ ᠪᠠ ᠰᠣᠶᠣᠯ ᠤᠨ ᠡᠭᠦᠷᠭᠡ ᠶᠢ ᠦᠨᠡᠨ ᠬᠦ ᠡᠭᠦᠷᠭᠡᠯᠡᠨ᠎ᠡ᠃ | ︵ᠬᠤᠶᠠᠷ︶ ᠦᠨᠳᠦᠰᠦᠨ ᠵᠠᠷᠴᠢᠮ | 1. ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠱᠤᠭᠤᠮ ᠤᠨ ᠴᠢᠭᠯᠡᠯ ᠤᠨ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠲᠧᠯᠸᠢᠰ ᠵᠦᠴᠦᠭᠡ ᠶᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ | ᠬᠡᠷᠡᠭᠲᠡᠶ᠃ | 2. ᠵᠥᠪ ᠴᠢᠭᠯᠡᠯ ᠢ ᠪᠠᠷᠢᠮᠲᠠᠯᠠᠨ᠎ᠠ᠃ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠤ᠂ | ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ | ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠤᠯᠤᠰ ᠤᠨ ᠦᠵᠡᠯᠲᠡ᠂ ᠰᠣᠶᠣᠯ ᠤᠨ ᠦᠵᠡᠯᠲᠡ ᠶᠢ ᠪᠠᠷᠢᠮᠲᠠᠯᠠᠵᠤ᠂ ᠴᠢᠨᠠᠷ ᠴᠢᠨᠰᠠᠭ᠎ᠠ ᠶᠢ ᠡᠷᠬᠢᠮᠯᠡᠬᠦ᠂ | ᠬᠡᠪ ᠠᠶᠠᠰ ᠢ ᠡᠷᠬᠢᠮᠯᠡᠬᠦ᠂ ᠬᠠᠷᠢᠭᠤᠴᠠᠯᠭ᠎ᠠ ᠶᠢ ᠡᠷᠬᠢᠮᠯᠡᠬᠦ ᠶᠢ ᠪᠠᠷᠢᠮᠲᠠᠯᠠᠬᠤ ᠬᠡᠷᠡᠭᠲᠡᠢ᠃ | 3. ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠪᠠ ᠠᠵᠢᠯ ᠤᠨ | ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢ ᠲᠧᠯᠸᠢᠰ ᠵᠦᠴᠦᠭᠡ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠣᠷᠢᠯᠲᠠ ᠪᠠ ᠲᠤᠰᠤᠯᠲᠠ ᠪᠣᠯᠭᠠᠵᠤ᠂ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠠᠷᠠᠳ ᠲᠦᠮᠡᠨ ᠢ ᠲᠧᠯᠸᠢᠰ ᠵᠦᠴᠦᠭᠡ ᠶᠢᠨ | ᠭᠤᠣᠯ ᠳᠦᠷᠢ ᠪᠣᠯᠭᠠᠵᠤ᠂ ᠦᠵᠡᠯ ᠰᠠᠨᠠᠭᠠᠨ ᠤ ᠬᠡᠯᠪᠡᠷᠢᠯ ᠪᠠ ᠬᠠᠶᠢᠷ᠎ᠠ ᠰᠡᠳᠬᠢᠯᠭᠡ ᠶᠢ ᠠᠷᠠᠳ ᠲᠦᠮᠡᠨ ᠲᠠᠢ ᠨᠢᠭᠡᠳᠦᠭᠦᠯᠵᠦ᠂ ᠠᠷᠠᠳ ᠲᠦᠮᠡᠨ ᠳᠤ ᠤᠶᠠᠩᠭᠠᠯᠠᠨ ᠪᠢᠴᠢᠵᠦ | ᠂ ᠠᠷᠠᠳ ᠲᠦᠮᠡᠨ ᠳᠤ ᠤᠶᠠᠩᠭᠠᠯᠠᠵᠤ᠂ ᠠᠷᠠᠳ ᠲᠦᠮᠡᠨ ᠳᠤ ᠰᠡᠳᠭᠢᠯᠭᠡ ᠪᠠᠨ ᠢᠯᠡᠳᠭᠡᠨ᠎ᠡ᠃ | 4. ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠭᠤᠰᠢᠯᠠᠭᠤᠯᠵᠤ᠂ ᠭᠠᠷᠳᠠᠬᠤ ᠴᠡᠭ ᠢ ᠣᠨᠣᠪᠴᠢᠲᠠᠶ ᠡᠷᠢᠨ ᠣᠯᠵᠤ᠂ ᠲᠧᠯᠸᠢᠰ ᠵᠦᠴᠦᠭᠡ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠵᠤ᠂ ᠣᠲᠣ ᠦᠶ᠎ᠡ ᠶᠢᠨ ᠲᠧᠯᠸᠢᠰ ᠵᠦᠴᠦᠭᠡ ᠶᠢᠨ ᠬᠠᠮᠢᠶᠠᠷᠤᠯᠲᠠ ᠶᠢᠨ | ᠪᠠᠶᠢᠭᠤᠯᠤᠯ ᠪᠠ ᠦᠢᠯᠡᠳᠪᠦᠷᠢᠯᠡᠯ ᠡᠵᠡᠩᠨᠡᠯᠲᠡ ᠶᠢᠨ ᠵᠣᠬᠢᠴᠠᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨ᠎ᠡ ᠨᠡᠮᠡᠭᠳᠡᠯ ᠤᠨ ᠲᠦᠢᠯ ᠢ ᠪᠣᠶ ᠪᠣᠯᠭᠠᠵᠤ᠂ ᠬᠥᠭᠵᠢᠯᠲᠡ ᠶᠢᠨ | ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ | 5. ᠰᠢᠰᠲ᠋ᠧᠮ ᠤᠨ ᠦᠵᠡᠯᠲᠡ ᠶᠢ ᠪᠠᠷᠢᠮᠲᠠᠯᠠᠨ᠎ᠠ᠃ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠪᠠ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠲᠣᠭᠤᠷᠢᠨ ᠳᠤ ᠲᠧᠯᠸᠢᠰ | ᠵᠦᠴᠦᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠤᠯᠤᠰ ᠢ ᠨᠢᠭᠡᠲᠦᠯᠲᠡᠢ ᠪᠣᠳᠤᠯᠬᠢᠯᠠᠬᠤ ᠶᠢ ᠪᠠᠷᠢᠮᠲᠠᠯᠠᠨ᠂ ᠲᠧᠯᠸᠢᠰ ᠵᠦᠴᠦᠭᠡ ᠶᠢᠨ ᠠᠵᠢᠯ ᠦᠢᠯᠡᠰ | ᠬᠢᠭᠡᠳ ᠠᠵᠤ ᠦᠢᠯᠡᠰ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠬᠥᠭᠵᠢᠯᠲᠡ ᠬᠢᠭᠡᠳ ᠠᠮᠤᠷ ᠲᠦᠪᠰᠢᠨ᠂ ᠤᠯᠤᠰ ᠤᠨ ᠳᠣᠲᠣᠭᠠᠳᠤ ᠬᠢᠭᠡᠳ ᠣᠯᠠᠨ ᠤᠯᠤᠰ ᠢ | ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠶᠠᠰᠤ ᠴᠢᠨᠠᠷ᠂ ᠪᠦᠲᠦᠴᠡ᠂ ᠬᠡᠪᠴᠢᠶ᠎ᠡ᠂ ᠦᠷ᠎ᠡ ᠠᠰᠢᠭ᠂ ᠠᠮᠤᠷ ᠲᠦᠪᠰᠢᠨ ᠤ ᠨᠢᠭᠡᠳᠦᠯ ᠢ ᠪᠡᠶᠡᠯᠡᠭᠦᠯᠦᠨ᠎ᠡ᠃ | ︵ᠭᠤᠷᠪᠠ︶ ᠬᠦᠭᠵᠢᠯᠲᠡ ᠶᠢᠨ ᠬᠠᠷᠠᠯᠲᠠ | 2035 ᠣᠨ ᠳᠤ ᠮᠠᠨ ᠤ ᠤᠯᠤᠰ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠠᠯᠤᠰ ᠤᠨ ᠬᠠᠷᠠᠯᠲᠠ ᠶᠢ ᠲᠣᠭᠲᠠᠭᠠᠵᠤ᠂ ᠲᠧᠯᠸᠢᠰ ᠵᠦᠴᠦᠭᠡ ᠶᠢᠨ | ᠬᠥᠭᠵᠢᠯᠲᠡ ᠶᠢᠨ ᠪᠠᠶᠢᠳᠠᠯ ᠪᠠ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠬᠥᠭᠵᠢᠯᠲᠡ ᠶᠢᠨ ᠬᠠᠷᠠᠯᠲᠠ ᠪᠣᠯ᠄ | ᠭᠤᠣᠯ ᠰᠡᠳᠦᠪᠲᠦ ᠵᠣᠬᠢᠶᠠᠨ ᠪᠦᠲᠦᠭᠡᠯᠭᠡ ᠶᠢ ᠬᠥᠲᠥᠯᠦᠨ ᠵᠢᠯᠣᠭᠤᠳᠬᠤ ᠵᠣᠬᠢᠴᠠᠮᠵᠢ ᠶᠢ ᠨᠡᠩ ᠲᠡᠭᠦᠯᠳᠡᠷᠵᠢᠭᠦᠯᠦᠨ᠎ᠡ᠃ ᠴᠢᠬᠤᠯᠠ ᠵᠠᠩᠭᠢᠯᠠᠭ᠎ᠠ ᠶᠢᠨ ᠴᠡᠭ ᠢ | ᠡᠵᠡᠮᠳᠡᠵᠦ᠂ ᠨᠠᠮ ᠪᠠ ᠲᠥᠷᠥ ᠶᠢᠨ ᠶᠡᠭᠡ ᠶᠠᠪᠤᠳᠠᠯ ᠴᠢᠬᠤᠯᠠ ᠶᠠᠪᠤᠳᠠᠯ ᠢᠶᠠᠷ ᠭᠤᠣᠯᠯᠠᠭᠤᠯᠤᠨ᠂ ᠴᠢᠬᠤᠯᠠ ᠶᠡᠭᠡ ᠠᠬᠤᠢ ᠪᠠᠶᠢᠳᠠᠯ᠂ ᠴᠢᠬᠤᠯᠠ ᠶᠡᠭᠡ ᠬᠤᠪᠢᠰᠬᠠᠯ᠂ | ᠴᠢᠬᠤᠯᠠ ᠶᠡᠭᠡ ᠲᠡᠦᠬᠡ ᠶᠢᠨ ᠰᠡᠳᠦᠪ ᠢᠶᠠᠷ ᠭᠤᠣᠯᠳᠠᠯᠭ᠎ᠠ ᠪᠣᠯᠭᠠᠵᠤ᠂ ᠲᠧᠯᠸᠢᠰ ᠵᠦᠴᠦᠭᠡ ᠪᠠᠷ ᠰᠡᠳᠦᠪ ᠰᠤᠩᠭᠤᠵᠤ ᠲᠥᠯᠥᠪᠵᠢᠭᠦᠯᠬᠦ᠂ ᠵᠣᠬᠢᠶᠠᠨ ᠪᠦᠲᠦᠭᠡᠵᠦ | ᠵᠢᠯᠣᠭᠤᠳᠬᠤ᠂ ᠨᠡᠪᠲᠡᠷᠡᠭᠦᠯᠬᠦ ᠶᠢ ᠲᠣᠬᠢᠷᠠᠭᠤᠯᠤᠨ ᠡᠵᠡᠮᠳᠡᠬᠦ᠂ ᠵᠣᠬᠢᠶᠠᠨ ᠪᠠᠶᠢᠭᠤᠯᠵᠤ ᠪᠠᠲᠤᠯᠠᠬᠤ ᠵᠣᠬᠢᠴᠠᠮᠵᠢ ᠶᠢ ᠨᠡᠩ ᠪᠦᠷᠢᠨᠰᠢᠭᠦᠯᠦᠨ᠎ᠡ᠃ ᠭᠤᠣᠯ ᠰᠡᠳᠦᠪᠲᠦ ᠲᠧᠯᠸᠢᠰ | ᠵᠦᠴᠦᠭᠡ ᠶᠢᠨ ᠦᠵᠡᠯ ᠰᠠᠨᠠᠭ᠎ᠠ ᠤᠷᠠᠯᠢᠭ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠵᠦ᠂ ᠴᠠᠭ ᠦᠶ᠎ᠡ ᠶᠢᠨ ᠬᠦᠰᠡᠯ ᠱᠠᠭᠠᠷᠳᠠᠯᠭ᠎ᠠ ᠶᠢ ᠲᠤᠰᠬᠠᠬᠤ᠂ ᠠᠷᠠᠳ | ᠲᠦᠮᠡᠨ ᠤ ᠲᠡᠮᠡᠴᠡᠯ ᠢ ᠢᠯᠡᠷᠡᠭᠦᠯᠬᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ᠂ ᠡᠷᠬᠢᠮ ᠳᠡᠭᠡᠳᠦ ᠵᠠᠩ ᠰᠤᠷᠲᠠᠯ ᠢ ᠪᠣᠯᠪᠠᠰᠤᠷᠠᠭᠤᠯᠬᠤ ︽ᠣᠷᠭᠢᠯ︾ ᠪᠦᠲᠦᠭᠡᠯ ᠢ | ᠦᠷᠭᠦᠯᠵᠢᠯᠡᠨ ᠴᠤᠯᠭᠤᠷᠠᠭᠤᠯᠵᠤ᠂ ᠵᠣᠬᠢᠶᠠᠨ ᠪᠦᠲᠦᠭᠡᠬᠦ ᠪᠠ ᠬᠦᠯᠢᠶᠡᠨ ᠠᠪᠬᠤ᠂ ᠪᠡᠯᠡ ᠣᠷᠣᠭᠤᠯᠬᠤ ᠪᠠ ᠬᠡᠷᠡᠭᠯᠡᠭᠡᠨ ᠤ ᠰᠠᠶᠢᠨ ᠣᠷᠴᠢᠯ ᠢ ᠪᠤᠢ ᠪᠣᠯᠭᠠᠨ᠎ᠠ᠃ | ᠣᠬᠢ ᠰᠠᠶᠢᠨ ᠬᠠᠩᠭᠠᠯᠭ᠎ᠠ ᠶᠢᠨ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ | ᠬᠦᠭᠵᠢᠶᠡᠨᠲᠡᠢ ᠪᠠᠶᠢᠵᠤ᠂ ᠰᠡᠳᠦᠪ ᠤᠨ ᠲᠦᠷᠦᠯ ᠵᠦᠢᠯ ᠨᠢ ᠡᠯᠪᠡᠭ ᠪᠠᠶᠠᠯᠢᠭ᠂ ᠰᠢᠨ᠎ᠡ ᠶᠢ ᠡᠭᠦᠳᠬᠦ ᠨᠢ ᠬᠦᠭᠵᠢᠶᠡᠨ ᠲᠠᠢ᠂ ᠶᠡᠷᠦᠩᠬᠡᠢ ᠶᠠᠰᠤ ᠴᠢᠨᠠᠷ ᠤᠨ ᠬᠡᠮᠵᠢᠶ᠎ᠡ ᠶᠢ | ᠶᠡᠭᠡ ᠪᠠᠷ ᠳᠡᠭᠡᠭᠰᠢᠯᠡᠭᠦᠯᠵᠦ᠂ ᠰᠣᠳᠣᠨ ᠪᠦᠲᠦᠭᠡᠯ ᠵᠣᠬᠢᠶᠠᠨ ᠪᠦᠲᠦᠭᠡᠬᠦ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠶᠢᠨ | ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠵᠤ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ | ᠬᠡᠷᠡᠭᠴᠡᠭᠡ ᠶᠢ ᠡᠭᠦᠳᠬᠦ ᠥᠨᠳᠥᠷ ᠲᠦᠪᠰᠢᠨ ᠪᠦᠬᠦᠢ ᠬᠥᠳᠡᠯᠦᠩᠭᠦᠶ ᠲᠡᠩᠴᠡᠭᠦᠷᠢ ᠶᠢ ᠪᠦᠷᠢᠯᠳᠦᠭᠦᠯᠵᠦ᠂ ᠠᠷᠠᠳ ᠣᠯᠠᠨ ᠤ ᠥᠪᠡᠷᠮᠢᠴᠡ᠂ ᠣᠯᠠᠨ ᠶᠠᠩᠵᠤᠴᠢᠯᠠᠭᠰᠠᠨ᠂ | ᠲᠠᠰᠤᠷᠠᠯᠲᠠ ᠤᠢᠭᠡᠢ ᠳᠡᠰ ᠳᠡᠪᠰᠢᠬᠦ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠭᠦᠢᠴᠡᠳ ᠪᠦᠲᠦᠮᠵᠢᠲᠡᠶ ᠬᠠᠩᠭᠠᠨ᠎ᠠ᠃ | ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠪᠣᠯᠤᠨ ᠵᠠᠬ᠎ᠠ ᠵᠡᠭᠡᠯᠢ ᠶᠢᠨ ᠲᠣᠭᠲᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠦᠨ᠎ᠡ᠃ ᠲᠧᠯᠸᠢᠰ | ᠵᠦᠴᠦᠭᠡ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠵᠤ᠂ ᠪᠥᠬᠦ ᠬᠡᠯᠬᠢᠶ᠎ᠡ ᠶᠢᠨ ᠠᠵᠢᠯ ᠢ ᠬᠤᠪᠢᠶᠠᠷᠢᠯᠠᠨ ᠬᠠᠮᠵᠢᠯᠴᠠᠬᠤ | ᠲᠤᠭᠲᠠᠯᠴᠠᠭ᠎ᠠ ᠶᠢ ᠨᠠᠩ ᠲᠡᠭᠦᠯᠳᠡᠷᠵᠢᠭᠦᠯᠵᠦ᠂ ᠠᠵᠤ ᠦᠢᠯᠡᠰ ᠤᠨ ᠪᠠᠷᠢᠮᠵᠢᠶᠠᠵᠢᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠶᠢᠨ ᠵᠠᠬ᠎ᠠ | ᠳᠡᠯᠭᠡᠭᠦᠷ ᠤᠨ ᠬᠦᠴᠦᠨ ᠵᠦᠢᠯ ᠢ ᠡᠮᠬᠢ ᠵᠢᠷᠤᠮ ᠲᠠᠢ ᠪᠠᠷ ᠰᠢᠯᠵᠢᠭᠦᠯᠵᠦ᠂ ᠥᠨᠳᠥᠷ ᠪᠦᠲᠦᠮᠵᠢᠲᠡᠶ ᠪᠠᠷ ᠲᠣᠬᠢᠷᠠᠭᠤᠯᠵᠤ᠂ ᠲᠣᠮᠣ ᠳᠤᠮᠳᠠ ᠵᠢᠵᠢᠭ ᠲᠧᠯᠸᠢᠰ ᠵᠦᠴᠦᠭᠡ ᠶᠢᠨ | ᠠᠵᠤ ᠠᠬᠤᠶᠢᠯᠠᠯ ᠢ ᠰᠠᠶᠢᠨ ᠦᠢᠯᠡᠳᠦᠯᠴᠡᠭᠦᠯᠵᠦ᠂ ᠬᠠᠮᠵᠢᠯᠴᠠᠨ ᠬᠥᠭᠵᠢᠭᠦᠯᠵᠦ᠂ ᠠᠮᠢᠵᠢᠷᠠᠯ ᠤᠨ ᠬᠦᠴᠦᠨ ᠪᠠ ᠥᠷᠢᠰᠥᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ | ᠨᠢᠭᠡ ᠪᠦᠯᠦᠭ ᠢᠯᠡᠳᠲᠡ ᠵᠢᠱᠢᠶ᠎ᠡ ᠦᠵᠡᠭᠦᠯᠬᠦ ᠦᠢᠯᠡᠳᠦᠯ ᠪᠠ ᠳᠠᠶᠢᠴᠢᠯᠠᠬᠤ ᠦᠢᠯᠡᠳᠦᠯ ᠪᠦᠬᠦᠢ ᠬᠥᠲᠥᠴᠢ ᠠᠵᠤ ᠠᠬᠤᠶᠢᠯᠠᠯ ᠢ ᠴᠤᠯᠭᠤᠷᠠᠭᠤᠯᠤᠨᠠ᠃ | ᠬᠥᠭᠵᠢᠯᠲᠡ ᠶᠢᠨ ᠣᠷᠴᠢᠨ ᠨᠥᠬᠦᠴᠡᠯ ᠢ ᠡᠳᠦᠷ ᠢᠷᠡᠬᠦᠶ᠎ᠡ ᠰᠢᠯᠢᠳᠡᠭᠵᠢᠭᠦᠯᠦᠨ᠎ᠡ᠃ ᠴᠢᠨᠠᠷ ᠰᠠᠶᠢᠲᠠᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠲᠧᠯᠸᠢᠰ | ᠵᠦᠴᠦᠭᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠪᠠ ᠪᠠᠶᠢᠭᠤᠯᠤᠯ ᠵᠣᠬᠢᠴᠠᠮᠵᠢ ᠶᠢ ᠨᠠᠩ ᠲᠡᠭᠦᠯᠳᠡᠷᠵᠢᠭᠦᠯᠵᠦ᠂ ᠤᠯᠤᠰ ᠲᠥᠷᠥᠴᠢ ᠴᠢᠨᠠᠷ᠂ ᠤᠷᠠᠯᠢᠭᠴᠢ ᠴᠢᠨᠠᠷ᠂ | ᠨᠡᠶᠢᠭᠡᠮ ᠤᠨ ᠲᠤᠰᠬᠠᠯ᠂ ᠵᠠᠬ᠎ᠠ ᠳᠡᠯᠭᠡᠭᠦᠷ ᠤᠨ ᠮᠡᠳᠡᠷᠡᠮᠵᠢ ᠶᠢ ᠨᠢᠭᠡᠳᠬᠡᠭᠰᠡᠨ ᠲᠧᠯᠸᠢᠰ ᠵᠦᠴᠦᠭᠡ ᠶᠢ ᠦᠨᠡᠯᠡᠬᠦ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠵᠦ | ᠂ ᠲᠧᠯᠸᠢᠰ ᠵᠦᠴᠦᠭᠡ ᠶᠢᠨ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠤᠷᠮᠠᠰᠢᠭᠤᠯᠤᠯ ᠤᠨ ᠵᠣᠬᠢᠴᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠲᠧᠯᠸᠢᠰ | ᠵᠦᠴᠦᠭᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠷᠬᠡ ᠲᠡᠭᠰᠢ ᠪᠠᠷ ᠥᠷᠢᠰᠦᠯᠳᠦᠬᠦ ᠲᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠵᠠᠰᠠᠯᠲᠠ ᠶᠢ ᠬᠠᠤᠯᠢᠵᠢᠭᠤᠯᠬᠤ᠂ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠨ᠎ᠡ᠃ | ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠭᠡᠨ᠎ᠡ᠃ ᠭᠠᠳᠠᠭᠠᠳᠤ ᠬᠠᠷᠢᠯᠴᠠᠭ᠎ᠠ ᠭᠠᠳᠠᠭᠠᠳᠤ ᠤᠬᠠᠭᠤᠯᠭ᠎ᠠ ᠶᠢᠨ ᠠᠵᠢᠯ ᠤᠨ | ᠶᠡᠭᠡ ᠲᠠᠯ᠎ᠠ ᠳᠤ ᠦᠢᠯᠡᠴᠢᠯᠡᠬᠦ᠂ ᠲᠧᠯᠸᠢᠰ ᠵᠦᠴᠦᠭᠡ ᠶᠢᠨ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠭᠡᠵᠦ᠂ ᠣᠯᠠᠨ ᠤᠯᠤᠰ ᠤᠨ ᠰᠣᠯᠢᠯᠴᠠᠭ᠎ᠠ ᠬᠠᠮᠵᠢᠯᠴᠠᠭ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠳᠠᠭᠠᠳᠤ ᠪᠠ ᠰᠢᠶᠠᠩᠭᠠᠩ ᠣᠤᠮᠧᠨ ᠲᠠᠶᠢᠸᠠᠨ ᠤ ᠰᠣᠶᠣᠯ ᠤᠨ ᠰᠣᠯᠢᠯᠴᠠᠭᠠᠨ ᠤ ᠵᠣᠬᠢᠴᠠᠮᠵᠢ᠂ ᠵᠠᠬ᠎ᠠ ᠳᠡᠯᠭᠡᠭᠦᠷ ᠤᠨ | ᠪᠣᠷᠣᠯᠠᠭᠤᠯᠭ᠎ᠠ ᠶᠢᠨ ᠲᠣᠭᠲᠠᠯᠴᠠᠭ᠎ᠠ ᠶᠢ ᠨᠡᠩ ᠪᠣᠯᠪᠠᠰᠤᠷᠠᠩᠭᠤᠶ ᠪᠣᠯᠭᠠᠵᠤ᠂ ᠭᠠᠳᠠᠭᠠᠳᠤ ᠳᠤ ᠳᠠᠮᠵᠢᠭᠤᠯᠬᠤ ᠬᠦᠷᠢᠶ᠎ᠡ ᠶᠢ ᠦᠷᠭᠦᠯᠵᠢᠯᠡᠨ ᠥᠷᠭᠡᠵᠢᠭᠦᠯᠦᠨ᠂ ᠵᠠᠬ᠎ᠠ | ᠳᠡᠯᠭᠡᠭᠦᠷ ᠤᠨ ᠬᠤᠪᠢ ᠶᠢᠨ ᠲᠤᠭ᠎ᠠ ᠶᠢ ᠤᠯᠠᠮ ᠨᠢᠭᠡ ᠠᠯᠬᠤᠮ ᠥᠷᠭᠡᠳᠭᠡᠵᠦ᠂ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠣᠯᠠᠨ ᠤᠯᠤᠰ ᠤᠨ ᠳᠠᠮᠵᠢᠭᠤᠯᠬᠤ | ᠬᠦᠴᠦᠨ ᠪᠠ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠤᠨ᠎ᠠ᠃ | ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠪᠠ ᠠᠵᠢᠯ ᠲᠥᠷᠥᠯ ᠤᠨ ᠬᠡᠪ ᠰᠤᠷᠲᠠᠯ ᠢ ᠨᠡᠩ ᠪᠠᠲᠤᠵᠢᠭᠤᠯᠤᠨ᠎ᠠ᠃ ᠲᠧᠯᠸᠢᠰ ᠵᠦᠴᠦᠭᠡ ᠶᠢᠨ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠨᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯᠯᠠᠵᠤ ᠪᠠᠶᠢᠭ᠎ᠠ ᠬᠥᠮᠥᠰ ᠰᠣᠶᠣᠯ ᠢᠶᠠᠷ ᠬᠥᠮᠥᠨ ᠢ ᠬᠥᠮᠥᠵᠢᠭᠦᠯᠬᠦ᠂ | ᠰᠣᠶᠣᠯ ᠢᠶᠠᠷ ᠬᠥᠮᠥᠨ ᠢ ᠪᠣᠶᠢᠵᠢᠭᠤᠯᠬᠤ᠂ ᠰᠣᠶᠣᠯ ᠢᠶᠠᠷ ᠦᠨᠳᠦᠰᠦ ᠶᠢ ᠬᠥᠮᠥᠵᠢᠭᠦᠯᠬᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠪᠠᠲᠤ ᠰᠠᠬᠢᠵᠤ᠂ | ᠠᠵᠢᠯᠴᠢ ᠬᠢᠴᠢᠶᠡᠩᠭᠦᠢ ᠪᠠᠷ ᠠᠵᠢᠯ ᠦᠢᠯᠡᠰ ᠲᠤ ᠪᠠᠨ ᠴᠠᠭᠠᠷᠠᠵᠤ᠂ ᠠᠵᠢᠯ ᠲᠥᠷᠥᠯ ᠤᠨ ᠬᠡᠪ ᠰᠤᠷᠲᠠᠯ ᠢ ᠦᠷᠭᠦᠯᠵᠢᠯᠡᠨ ᠴᠡᠪᠡᠷᠰᠢᠭᠦᠯᠵᠦ᠂ ᠠᠵᠢᠯ ᠲᠥᠷᠥᠯ ᠤᠨ ᠲᠥᠪ | ᠰᠤᠷᠲᠠᠯ ᠢ ᠬᠦᠴᠦᠲᠡᠢ ᠪᠠᠳᠠᠷᠠᠭᠤᠯᠵᠤ᠂ ᠠᠵᠢᠯ ᠲᠥᠷᠥᠯ ᠤᠨ ᠠᠮᠢ ᠠᠬᠤᠢ ᠶᠢᠨ ᠡᠷᠡᠭᠦᠯ ᠰᠠᠷᠠᠭᠤᠯ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠬᠥᠲᠥᠯᠥᠨ | ᠳᠠᠭᠠᠭᠤᠯᠤᠨ᠎ᠠ᠃ | ᠬᠤᠶᠠᠷ᠂ ᠰᠢᠨ᠎ᠡ ᠴᠠᠭ ᠦᠶ᠎ᠡ ᠶᠢᠨ ᠲᠧᠯᠸᠢᠰ ᠵᠦᠴᠦᠭᠡ ᠶᠢᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠠᠬᠢᠭᠤᠯᠤᠨ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ | ᠰᠡᠳᠦᠪ ᠢ ᠣᠨᠣᠪᠴᠢᠲᠠᠢ ᠰᠣᠩᠭᠤᠵᠤ᠂ ᠦᠯᠢᠭᠡᠷ ᠢ ᠰᠠᠶᠢᠲᠤᠷ ᠶᠠᠷᠢᠵᠤ᠂ ᠰᠣᠳᠣᠨ ᠪᠦᠲᠦᠭᠡᠯ ᠢ ᠢᠯᠡᠷᠡᠭᠦᠯᠬᠦ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠢ | ᠠᠮᠵᠢᠯᠲᠠ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢᠨ ᠲᠣᠭᠤᠷᠢᠨ ᠳᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ | ᠨᠡᠬᠡᠬᠡᠯᠳᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ | ᠪᠣᠯᠪᠠᠰᠤᠨ ᠤ ᠲᠡᠦᠬᠡ ᠲᠠᠢ ᠤᠶᠠᠯᠳᠤᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠬᠠᠨᠳᠤᠵᠤ᠂ ᠳᠤᠮᠳᠠᠳᠤ ᠶᠢᠨ ᠰᠣᠶᠣᠯ ᠤᠨ ᠤᠬᠢ ᠰᠣᠳᠣ ᠶᠢ ᠢᠯᠡᠷᠡᠭᠦᠯᠦᠭᠰᠡᠨ᠂ ᠳᠤᠮᠳᠠᠳᠤ | ᠤᠯᠤᠰ ᠤᠨ ᠬᠥᠮᠦᠨ ᠤ ᠭᠤᠸ᠎ᠠ ᠰᠠᠶᠢᠬᠠᠨ ᠤ ᠬᠥᠭᠡᠭᠡᠴᠡᠯᠳᠦᠯ ᠢ ᠲᠤᠰᠬᠠᠭᠰᠠᠨ᠂ ᠤᠳᠤ ᠦᠶ᠎ᠡ ᠶᠢᠨ ᠳᠤᠮᠳᠠᠳᠤ ᠤᠯᠤᠰ ᠤᠨ ᠦᠨ᠎ᠡ ᠬᠠᠩᠰᠢ ᠶᠢᠨ ᠦᠵᠡᠯᠲᠡ ᠶᠢ | ᠳᠠᠮᠵᠢᠭᠤᠯᠤᠭᠰᠠᠨ᠂ ᠳᠡᠯᠡᠬᠡᠢ ᠶᠢᠨ ᠲᠠᠪᠰᠢᠯᠳᠠ ᠶᠢᠨ ᠤᠷᠤᠰᠬᠠᠯ ᠳᠤ ᠨᠡᠶᠢᠴᠡᠭᠰᠡᠨ ᠰᠢᠯᠢᠳᠡᠭ ᠲᠧᠯᠸᠢᠰ ᠵᠦᠴᠦᠭᠡ ᠶᠢ ᠵᠣᠬᠢᠶᠠᠨ ᠪᠦᠲᠦᠭᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠤᠳᠬ᠎ᠠ ᠤᠷᠠᠯᠢᠭ ᠤᠨ ᠨᠣᠶᠠᠨ ᠤᠷᠬᠢᠯ ᠢ ᠴᠢᠷᠮᠠᠶᠢᠨ ᠴᠣᠭᠴᠠᠯᠠᠨ᠎ᠠ᠃ | ︵ᠨᠢᠭᠡ︶ ᠵᠣᠬᠢᠶᠠᠨ ᠪᠦᠲᠦᠭᠡᠬᠦ ᠲᠥᠯᠦᠪᠵᠢᠭᠦᠯᠭᠡ ᠶᠢᠨ ᠪᠠᠶᠢᠷᠢᠰᠢᠯ ᠢ ᠴᠢᠩᠭᠠᠳᠬᠠᠨ᠎ᠠ᠃ ︽ᠬᠤᠶᠠᠷ ᠶᠡᠭᠡ ᠲᠠᠯ᠎ᠠ︾ ᠳᠤ ᠰᠠᠭᠤᠷᠢᠯᠠᠨ᠂ ︽ᠤᠯᠤᠰ ᠤᠨ ᠶᠡᠭᠡ | ᠶᠠᠪᠤᠳᠠᠯ︾ ᠤᠨ ᠲᠣᠭᠤᠷᠢᠨ ᠳᠤ᠂ ᠴᠢᠬᠤᠯᠠ ᠵᠠᠩᠭᠢᠯᠠᠭ᠎ᠠ ᠶᠢᠨ ᠴᠡᠭ ᠢ ᠡᠵᠡᠮᠳᠡᠨ᠂ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠳᠤ | ᠪᠠᠶᠢᠷᠢᠯᠠᠭᠤᠯᠤᠯᠲᠠ ᠬᠢᠨ᠎ᠡ᠃ ᠨᠠᠮ ᠪᠠ ᠲᠥᠷᠥ ᠶᠢᠨ ᠶᠡᠭᠡ ᠶᠠᠪᠤᠳᠠᠯ ᠴᠢᠬᠤᠯᠠ ᠶᠠᠪᠤᠳᠠᠯ᠂ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ᠂ ᠨᠠᠮ ᠤᠨ ᠬᠡᠷᠡᠯ | ᠰᠠᠴᠤᠷᠠᠩᠭᠤᠶ ᠲᠡᠦᠬᠡ ᠪᠠ ᠣᠶᠤᠨ ᠰᠠᠨᠠᠭᠠᠨ ᠤ ᠴᠠᠳᠢᠭ᠂ ᠠᠷᠠᠳ ᠣᠯᠠᠨ ᠤ ᠠᠭᠤᠤ ᠶᠡᠭᠡ ᠦᠢᠯᠡᠳᠦᠯᠭᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠶᠢ | ᠭᠤᠤᠯᠳᠠᠯᠭ᠎ᠠ ᠲᠠᠢ ᠰᠡᠳᠦᠪ ᠰᠣᠩᠭᠤᠬᠤ ᠬᠦᠷᠢᠶ᠎ᠡ ᠴᠠᠷᠠᠭ᠎ᠠ ᠪᠣᠯᠭᠠᠵᠤ᠂ ᠡᠮᠬᠢ ᠵᠢᠷᠤᠮ ᠲᠠᠢ ᠵᠣᠯᠭᠠᠭᠤᠯᠬᠤ᠂ ᠦᠷᠭᠦᠯᠵᠢᠯᠡᠨ ᠬᠡᠷᠡᠭᠵᠢᠭᠦᠯᠬᠦ᠂ ᠠᠯᠬᠤᠮ ᠳᠠᠷᠠᠭ᠎ᠠ ᠲᠠᠢ ᠪᠠᠷ | ᠠᠬᠢᠭᠤᠯᠬᠤ ᠵᠣᠬᠢᠶᠠᠨ ᠪᠦᠲᠦᠭᠡᠬᠦ ᠦᠢᠯᠡᠳᠪᠦᠷᠢᠯᠡᠯ ᠤᠨ ᠪᠠᠶᠢᠷᠢᠰᠢᠯ ᠢ ᠪᠠᠶᠢᠭᠤᠯᠵᠤ᠂ ᠨᠠᠮ ᠢᠶᠠᠨ ᠮᠠᠭᠲᠠᠨ ᠳᠠᠭᠤᠯᠠᠭᠰᠠᠨ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ | ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ᠂ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠭᠰᠠᠨ ᠰᠣᠳᠣᠨ ᠪᠦᠲᠦᠭᠡᠯ ᠢ | ᠲᠠᠰᠤᠷᠠᠯᠲᠠ ᠥᠬᠡᠶ ᠵᠣᠬᠢᠶᠠᠨ ᠪᠦᠲᠦᠭᠡᠨ᠎ᠡ᠃ ᠡᠯ᠎ᠡ ᠭᠠᠵᠠᠷ ᠤᠨ ᠬᠢᠨ ᠤ ᠣᠷᠣᠨ ᠨᠤᠲᠤᠭ ᠤᠨ ᠡᠬᠢ ᠪᠠᠶᠠᠯᠢᠭ ᠢᠶᠠᠨ ᠠᠭᠤᠳᠠᠯᠠᠬᠤ᠂ ᠭᠠᠵᠠᠷ ᠣᠷᠣᠨ ᠤ ᠳᠠᠪᠠᠭᠤᠯᠢᠭ ᠢᠶᠠᠨ | ᠪᠠᠳᠠᠷᠠᠭᠤᠯᠬᠤ᠂ ᠣᠷᠣᠨ ᠨᠤᠲᠤᠭ ᠤᠨ ᠣᠨᠴᠠᠯᠢᠭ ᠢᠶᠠᠨ ᠪᠠᠳᠠᠷᠠᠭᠤᠯᠤᠨ ᠰᠡᠳᠦᠪ ᠡᠷᠢᠬᠦ᠂ ᠵᠣᠬᠢᠶᠠᠨ ᠪᠦᠲᠦᠭᠡᠬᠦ ᠶᠠᠪᠤᠳᠠᠯ ᠢ ᠠᠳᠬᠤᠬᠤ ᠶᠢ ᠵᠣᠷᠢᠭᠵᠢᠭᠤᠯᠵᠤ᠂ ᠬᠥᠳᠡᠭᠡ | ᠲᠣᠰᠬᠤᠨ᠂ ᠵᠠᠯᠠᠭᠤᠴᠤᠳ᠂ ᠲᠡᠦᠬᠡ᠂ ᠬᠢᠯᠢ ᠬᠢᠵᠠᠭᠠᠷ᠂ ᠰᠢᠨᠵᠢᠯᠡᠬᠦ ᠤᠬᠠᠭᠠᠨ ᠤ ᠬᠡᠢ ᠪᠣᠳᠣᠯ ᠵᠡᠷᠭᠡ ᠡᠯ᠎ᠡ ᠲᠥᠷᠥᠯ ᠤᠨ ᠰᠡᠳᠦᠪ᠂ ᠴᠠᠭ ᠦᠶ᠎ᠡ ᠶᠢᠨ ᠮᠡᠳᠡᠭᠦᠯᠦᠯᠳᠡ ᠶᠢᠨ | ᠵᠦᠴᠦᠭᠡ᠂ ᠭᠡᠷ ᠳᠣᠲᠣᠷᠠᠬᠢ ᠵᠦᠴᠦᠭᠡ᠂ ᠰᠢᠷᠢᠰ ᠵᠦᠴᠦᠭᠡ᠂ ᠨᠢᠭᠡᠴᠢ ᠶᠢᠨ ᠵᠦᠴᠦᠭᠡ ᠵᠡᠷᠭᠡ ᠡᠯ᠎ᠡ ᠲᠥᠷᠥᠯ ᠤᠨ ᠴᠤᠭᠴᠠ᠂ ᠬᠡᠪ ᠨᠠᠮᠪᠠ᠂ ᠬᠡᠯᠪᠡᠷᠢ ᠶᠢᠨ ᠲᠧᠯᠸᠢᠰ | ᠵᠦᠴᠦᠭᠡ ᠶᠢ ᠵᠣᠬᠢᠶᠠᠨ ᠪᠦᠲᠦᠭᠡᠵᠦ ᠦᠢᠯᠡᠳᠪᠦᠷᠢᠯᠡᠨ᠂ ᠥᠩᠭᠡ ᠪᠦᠷᠢ ᠶᠢᠨ ᠴᠡᠴᠡᠭ ᠵᠡᠷᠭᠡ ᠪᠠᠷ ᠳᠡᠯᠭᠡᠷᠡᠬᠦ ᠠᠮᠢᠳᠤᠯᠢᠭ ᠪᠠᠶᠢᠳᠠᠯ ᠢ ᠪᠣᠢ ᠪᠣᠯᠭᠠᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠧᠯᠸᠢᠰ ᠵᠦᠴᠦᠭᠡ ᠶᠢᠨ ᠰᠡᠳᠦᠪ ᠰᠣᠩᠭᠤᠬᠤ ᠲᠥᠯᠥᠪᠵᠢᠭᠦᠯᠭᠡ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠᠨ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠵᠢᠯ ᠪᠦᠷᠢ | 10 ᠭᠠᠷᠤᠶ ᠦᠵᠡᠯ ᠰᠠᠨᠠᠭ᠎ᠠ ᠨᠢ ᠭᠦᠨᠵᠡᠭᠡᠶ᠂ ᠤᠷᠠᠯᠢᠭ ᠨᠢ ᠨᠠᠷᠢᠯᠢᠭ᠂ ᠭᠤᠤᠯ ᠰᠡᠳᠦᠪᠲᠦ ᠲᠧᠯᠸᠢᠰ ᠵᠦᠴᠦᠭᠡ ᠶᠢᠨ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ | ︵ᠬᠤᠶᠠᠷ︶ ᠤᠤᠭᠠᠯ ᠡᠭᠦᠳᠦᠯᠲᠡ ᠶᠢᠨ ᠬᠦᠴᠦᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠶᠣᠯ ᠤᠨ ᠢᠲᠡᠭᠡᠯ ᠢ ᠪᠠᠲᠤᠳᠬᠠᠵᠤ᠂ | ᠳᠤᠮᠳᠠᠳᠤ ᠶᠢᠨ ᠰᠣᠶᠣᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠪᠦᠲᠦᠭᠡᠯᠴᠢ ᠴᠢᠨᠠᠷᠲᠠᠶ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ | ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠢᠨ᠎ᠡ ᠶᠢ ᠡᠭᠦᠳᠬᠦ ᠶᠢᠨ ᠴᠢᠬᠤᠯᠠ ᠡᠬᠢ ᠪᠤᠯᠠᠭ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ | ᠪᠦᠬᠦᠢ᠂ ᠳᠤᠮᠳᠠᠳᠤ ᠤᠯᠤᠰ ᠤᠨ ᠬᠡᠪ ᠨᠠᠮᠪᠠ ᠲᠠᠢ ᠲᠧᠯᠸᠢᠰ ᠵᠦᠴᠦᠭᠡ ᠶᠢᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠲᠧᠯᠸᠢᠰ ᠵᠦᠴᠦᠭᠡ ᠶᠢᠨ ᠳᠤᠮᠳᠠᠳᠤ | ᠤᠯᠤᠰ ᠤᠨ ᠨᠡᠷᠡᠲᠦ ᠲᠥᠷᠥᠯ ᠲᠡᠮᠳᠡᠭᠲᠦ ᠶᠢ ᠡᠭᠦᠳᠦᠨ᠎ᠡ᠃ ᠭᠤᠣᠯ ᠡᠭᠦᠳᠦᠭᠴᠢ ᠶᠢᠨ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ | ᠶᠢ ᠭᠦᠨᠵᠡᠭᠡᠢ ᠠᠬᠢᠭᠤᠯᠵᠤ᠂ ᠠᠵᠢᠭᠯᠠᠬᠤ᠂ ᠢᠯᠡᠷᠡᠭᠦᠯᠬᠦ᠂ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠵᠦᠴᠦᠭᠡ ᠶᠢᠨ ᠳᠡᠪᠲᠡᠷ ᠤᠨ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠪᠦᠬᠦ ᠠᠵᠢᠯ ᠲᠥᠷᠥᠯ ᠢ ᠬᠥᠲᠥᠯᠦᠨ ᠵᠢᠯᠣᠭᠤᠳᠴᠤ ᠵᠦᠴᠦᠭᠡ ᠶᠢᠨ ᠳᠡᠪᠲᠡᠷ ᠵᠣᠬᠢᠶᠠᠨ ᠪᠦᠲᠦᠭᠡᠬᠦ ᠶᠢ ᠴᠢᠬᠤᠯᠠᠴᠢᠯᠠᠨ᠂ ᠲᠧᠯᠸᠢᠰ | ᠵᠦᠴᠦᠭᠡ ᠶᠢᠨ ᠠᠩᠬᠠᠨ ᠤ ᠡᠭᠦᠳᠦᠯᠲᠡ ᠶᠢᠨ ᠬᠢᠷᠢ ᠬᠡᠮᠵᠢᠶ᠎ᠡ ᠶᠢ ᠡᠬᠢ ᠡᠭᠦᠰᠦᠯ ᠠᠴᠠ ᠨᠢ ᠳᠡᠭᠡᠭᠰᠢᠯᠡᠭᠦᠯᠦᠨ᠎ᠡ᠃ ᠤᠷᠠᠯᠢᠭ ᠤᠨ ᠠᠷᠠᠳᠴᠢᠯᠠᠯ ᠢ ᠪᠠᠳᠠᠷᠠᠭᠤᠯᠤᠨ᠂ | ᠢᠳᠡᠪᠬᠢᠲᠡᠶ ᠡᠷᠡᠭᠦᠯ᠂ ᠠᠭᠤᠵᠢᠭᠤ ᠲᠠᠯᠪᠢᠭᠤ ᠡᠶ᠎ᠡ ᠵᠣᠬᠢᠴᠠᠯ ᠲᠠᠢ ᠰᠢᠨ᠎ᠡ ᠶᠢ ᠡᠭᠦᠳᠬᠦ ᠠᠭᠤᠷ ᠠᠮᠢᠰᠬᠤᠯ ᠢ ᠪᠣᠶ ᠪᠣᠯᠭᠠᠵᠤ᠂ ᠪᠦᠬᠦ ᠠᠵᠢᠯ ᠲᠥᠷᠥᠯ ᠢ ᠬᠥᠲᠥᠯᠥᠨ | ᠵᠢᠯᠣᠭᠤᠳᠴᠤ ᠪᠠᠶᠢᠭᠠᠳ ᠰᠢᠨ᠎ᠡ ᠶᠢ ᠡᠭᠦᠳᠬᠦ ᠦᠵᠡᠯ ᠤᠬᠠᠮᠰᠠᠷ ᠢ ᠨᠢ ᠨᠡᠮᠡᠭᠳᠡᠭᠦᠯᠦᠨ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠨᠢ ᠪᠠᠳᠠᠷᠠᠭᠤᠯᠵᠤ᠂ ᠰᠢᠨ᠎ᠡ ᠶᠢ | ᠡᠭᠦᠳᠬᠦ ᠵᠣᠷᠢᠭ ᠰᠠᠨᠠᠭ᠎ᠠ ᠶᠢ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ | ︵ᠭᠤᠷᠪᠠ︶ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠶᠢ ᠲᠧᠯᠸᠢᠰ ᠵᠦᠴᠦᠭᠡ ᠶᠢᠨ ᠠᠮᠢᠨ ᠰᠤᠳᠠᠰᠤ ᠪᠣᠯᠭᠠᠵᠤ᠂ | ᠪᠦᠬᠦ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠦᠵᠡᠯ ᠤᠬᠠᠮᠰᠠᠷ᠂ ᠰᠣᠳᠣᠨ ᠪᠦᠲᠦᠭᠡᠯ ᠤᠨ ᠦᠵᠡᠯ ᠤᠬᠠᠮᠰᠠᠷ ᠢ ᠪᠠᠲᠤ ᠪᠠᠬᠢ ᠪᠤᠶ | ᠪᠣᠯᠭᠠᠨ᠎ᠠ᠃ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠬᠦ ᠦᠢᠯᠡᠳᠪᠦᠷᠢᠯᠡᠯ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠵᠦ᠂ | ᠦᠢᠯᠡᠳᠬᠦ ᠮᠠᠰᠢᠨ ᠤ ᠪᠦᠲᠦᠴᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠵᠢᠯ ᠲᠥᠷᠥᠯ ᠤᠨ ᠶᠠᠰᠤ | ᠴᠢᠨᠠᠷ ᠢ ᠬᠠᠮᠢᠶᠠᠷᠤᠨ ᠡᠵᠡᠮᠳᠡᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠧᠯᠸᠢᠰ ᠵᠦᠴᠦᠭᠡ ᠶᠢᠨ ᠰᠢᠯᠢᠳᠡᠭ ᠵᠦᠢᠯᠡᠰ ᠢ ᠲᠡᠳᠬᠦᠨ | ᠪᠤᠶᠢᠵᠢᠭᠤᠯᠬᠤ ᠵᠣᠬᠢᠴᠠᠮᠵᠢ ᠶᠢ ᠰᠢᠯᠢᠳᠡᠭᠵᠢᠭᠦᠯᠵᠦ᠂ ᠵᠦᠴᠦᠭᠡ ᠶᠢᠨ ᠳᠡᠪᠲᠡᠷ ᠢᠶᠠᠷ ᠳᠡᠮᠵᠢᠬᠦ ᠲᠥᠷᠥᠯ ᠵᠦᠢᠯ ᠢ ᠲᠡᠳᠬᠦᠨ ᠠᠬᠢᠭᠤᠯᠬᠤ ᠪᠠ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠵᠦᠴᠦᠭᠡ ᠶᠢᠨ ᠳᠡᠪᠲᠡᠷ ᠢᠶᠠᠷ ᠳᠡᠮᠵᠢᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ | ᠬᠥᠲᠥᠯᠥᠨ ᠵᠢᠯᠣᠭᠤᠳᠬᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠲᠥᠷᠥᠯ ᠤᠨ ᠰᠢᠯᠢᠳᠡᠭ ᠡᠬᠢ ᠪᠠᠶᠠᠯᠢᠭ ᠢ ᠰᠣᠳᠣᠨ ᠲᠥᠷᠥᠯ ᠵᠦᠢᠯ | ᠲᠡᠶᠢᠰᠢ ᠲᠥᠪᠯᠡᠷᠡᠭᠦᠯᠬᠦ ᠶᠢ ᠠᠬᠢᠭᠤᠯᠤᠨ᠎ᠠ᠃ | ︵ᠲᠦᠷᠪᠡ︶ ᠲᠧᠯᠸᠢᠰ ᠵᠦᠴᠦᠭᠡ ᠦᠢᠯᠡᠳᠬᠦ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠬᠦ ᠶᠢ ᠠᠬᠢᠭᠤᠯᠤᠨ᠎ᠠ᠃ ᠲᠧᠯᠸᠢᠰ ᠵᠦᠴᠦᠭᠡ ᠦᠢᠯᠡᠳᠬᠦ | ᠪᠠᠷᠢᠮᠵᠢᠶᠠᠵᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠪᠠᠷᠢᠮᠵᠢᠶ᠎ᠠ ᠶᠢ ᠰᠤᠳᠤᠯᠤᠨ ᠦᠢᠯᠡᠳᠬᠦ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠵᠢᠯ ᠲᠥᠷᠥᠯ ᠲᠠᠢ | ᠳᠡᠯᠭᠡᠷᠡᠭᠦᠯᠬᠦ ᠶᠢ ᠵᠡᠷᠭᠡ ᠪᠠᠷ ᠪᠠᠶᠢᠷᠢᠯᠠᠭᠤᠯᠤᠨ᠂ ᠲᠧᠯᠸᠢᠰ ᠵᠦᠴᠦᠭᠡ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠪᠠᠷᠢᠮᠵᠢᠶ᠎ᠠ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠲᠧᠯᠸᠢᠰ ᠵᠦᠴᠦᠭᠡ ᠦᠢᠯᠡᠳᠬᠦ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠷᠢᠨ ᠨᠢᠭᠲᠠ ᠠᠵᠢᠯ ᠤᠨ ᠬᠤᠪᠢᠶᠠᠷᠢᠯᠠᠯ᠂ ᠨᠢᠭᠲᠠ ᠬᠠᠮᠵᠢᠯᠴᠠᠬᠤ ᠶᠢ ᠠᠬᠢᠭᠤᠯᠵᠤ᠂ ᠶᠠᠪᠤᠴᠠ ᠶᠢ ᠵᠢᠷᠤᠮᠵᠢᠭᠤᠯᠬᠤ᠂ | ᠬᠡᠷᠡᠭᠵᠢᠭᠦᠯᠬᠦ ᠶᠢ ᠪᠠᠷᠢᠮᠵᠢᠶᠠᠵᠢᠭᠤᠯᠬᠤ ᠶᠢ ᠠᠬᠢᠭᠤᠯᠵᠤ᠂ ᠡᠷᠴᠢᠮᠵᠢᠭᠦᠯᠬᠦ᠂ ᠲᠤᠰᠬᠠᠶᠢᠵᠢᠭᠤᠯᠬᠤ ᠶᠢ ᠠᠬᠢᠭᠤᠯᠵᠤ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠲᠧᠯᠸᠢᠰ ᠵᠦᠴᠦᠭᠡ ᠦᠢᠯᠡᠳᠬᠦ ᠠᠵᠤ ᠦᠢᠯᠡᠳᠪᠦᠷᠢᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢᠨ ᠮᠡᠷᠭᠡᠵᠢᠯ ᠤᠨ ᠬᠤᠰᠢᠭᠤᠷᠠᠯ ᠢ | ᠴᠢᠩᠭ᠎ᠠ ᠠᠩᠬᠠᠷᠴᠤ᠂ ᠵᠠᠭᠤᠴᠢᠯᠠᠭᠤᠷ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠬᠠᠨᠳᠤᠰᠢ ᠳᠤ ᠵᠣᠬᠢᠴᠠᠭᠤᠯᠤᠨ᠂ ᠲᠧᠯᠸᠢᠰ ᠵᠦᠴᠦᠭᠡ ᠰᠡᠭᠦᠳᠡᠷᠯᠡᠬᠦ᠂ ᠦᠢᠯᠡᠳᠬᠦ᠂ | ᠬᠠᠳᠠᠭᠠᠯᠠᠬᠤ᠂ ᠳᠠᠮᠵᠢᠭᠤᠯᠬᠤ᠂ ᠦᠨᠡᠯᠡᠬᠦ᠂ ᠬᠢᠨᠠᠨ ᠬᠠᠮᠢᠶᠠᠷᠬᠤ ᠪᠥᠬᠦ ᠬᠡᠯᠬᠢᠶ᠎ᠡ ᠶᠢᠨ ᠮᠡᠷᠭᠡᠵᠢᠯ ᠤᠨ ᠰᠢᠨ᠎ᠡ ᠶᠢ ᠡᠭᠦᠳᠦᠨ ᠲᠠᠰ ᠳᠡᠪᠰᠢᠭᠦᠯᠬᠦ ᠶᠢ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠧᠯᠸᠢᠰ ᠵᠦᠴᠦᠭᠡ ᠦᠢᠯᠡᠳᠬᠦ ᠶᠠᠪᠤᠴᠠ ᠶᠢ ᠪᠥᠬᠦ ᠲᠠᠯ᠎ᠠ ᠪᠠᠷ 4K ᠬᠡᠲᠦ ᠥᠨᠳᠥᠷ | ᠲᠤᠳᠤᠷᠠᠴᠠᠲᠤ ᠪᠣᠯᠭᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠲᠧᠯᠸᠢᠰ ᠵᠦᠴᠦᠭᠡ ᠶᠢᠨ ᠠᠵᠤ ᠦᠢᠯᠡᠰ ᠤᠨ ᠨᠡᠶᠢᠲᠡᠯᠢᠭ ᠴᠢᠨᠠᠷᠲᠠᠢ ᠰᠠᠭᠤᠷᠢ ᠮᠡᠷᠭᠡᠵᠢᠯ ᠢ | ᠰᠤᠳᠤᠯᠤᠨ ᠨᠡᠭᠡᠭᠡᠬᠦ ᠶᠢ ᠳᠡᠮᠵᠢᠵᠦ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠲᠧᠯᠸᠢᠰ ᠵᠦᠴᠦᠭᠡ ᠦᠢᠯᠡᠳᠬᠦ ᠲᠤᠷᠰᠢᠯᠲᠠ ᠶᠢᠨ ᠲᠠᠰᠤᠭ ᠢ ᠪᠡᠯᠡᠳᠭᠡᠨ | ᠪᠠᠶᠢᠭᠤᠯᠬᠤ ᠶᠢ ᠠᠬᠢᠭᠤᠯᠵᠤ᠂ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠵᠤ᠂ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠪᠠ ᠬᠡᠷᠡᠭᠯᠡᠵᠦ ᠳᠡᠯᠭᠡᠷᠡᠭᠦᠯᠬᠦ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ | ︵ᠲᠠᠪᠤ︶ ᠰᠢᠯᠢᠳᠡᠭ ᠵᠣᠬᠢᠶᠠᠯ ᠪᠦᠲᠦᠭᠡᠯ ᠢ ᠳᠠᠮᠵᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠲᠧᠯᠸᠢᠰ ᠵᠠᠭᠤᠴᠢᠯᠠᠭᠤᠷ ᠬᠢᠭᠡᠳ ᠢᠨᠲ᠋ᠧᠷ ᠰᠦᠯᠵᠢᠶᠡᠨ ᠤ | ᠲᠠᠪᠴᠠᠩ ᠢ ᠨᠢᠭᠡᠳᠦᠯᠲᠡᠶ ᠲᠥᠯᠥᠪᠯᠡᠨ᠂ ᠲᠧᠯᠸᠢᠰ ᠵᠦᠴᠦᠭᠡ ᠶᠢᠨ ᠪᠦᠷᠢᠨ ᠵᠠᠭᠤᠴᠢᠯᠠᠭᠤᠷ ᠤᠨ ᠨᠡᠪᠲᠡᠷᠡᠭᠦᠯᠦᠨ ᠲᠠᠷᠬᠠᠭᠠᠬᠤ ᠪᠠ ᠤᠬᠠᠭᠤᠯᠤᠨ ᠳᠡᠯᠭᠡᠷᠡᠭᠦᠯᠬᠦ ᠪᠠᠶᠢᠷᠢᠰᠢᠯ ᠢ | ᠪᠦᠷᠢᠨᠰᠢᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠪᠦᠲᠦᠭᠡᠯ ᠤᠨ ᠶᠠᠰᠤ ᠴᠢᠨᠠᠷ ᠢ | ᠴᠢᠬᠤᠯᠠ ᠪᠠᠷᠢᠮᠵᠢᠶ᠎ᠠ ᠪᠣᠯᠭᠠᠵᠤ ᠵᠦᠴᠦᠭᠡ ᠬᠤᠳᠠᠯᠳᠤᠨ ᠠᠪᠬᠤ ᠶᠢ ᠦᠨᠡᠯᠡᠬᠦ ᠵᠣᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠩ ᠣᠯᠠᠨ ᠰᠢᠯᠢᠳᠡᠭ ᠲᠧᠯᠸᠢᠰ | ᠵᠦᠴᠦᠭᠡ ᠶᠢ ᠨᠥᠯᠥᠭᠡᠯᠡᠬᠦ ᠬᠦᠴᠦᠨ ᠲᠠᠢ ᠰᠤᠪᠠᠭ ᠪᠠ ᠲᠠᠪᠴᠠᠩ ᠳᠤ ᠣᠷᠣᠭᠤᠯᠬᠤ ᠬᠡᠷᠡᠭᠲᠡᠶ᠃ ᠴᠢᠬᠤᠯᠠ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ ᠭᠤᠣᠯ ᠰᠡᠳᠦᠪᠲᠦ | ᠲᠧᠯᠸᠢᠰ ᠵᠦᠴᠦᠭᠡ ᠶᠢ ᠨᠡᠪᠲᠡᠷᠡᠭᠦᠯᠵᠦ᠂ ᠴᠢᠬᠤᠯᠠ ᠤᠬᠠᠭᠤᠯᠭ᠎ᠠ ᠶᠢᠨ ᠬᠤᠭᠤᠴᠠᠭᠠᠨ ᠳᠤ ᠰᠦᠯᠵᠢᠶᠡᠨ ᠳᠤ ᠭᠠᠷᠤᠭᠰᠠᠨ ᠶᠡᠷᠦᠩᠬᠡᠶᠢᠯᠡᠭᠰᠡᠨ ᠰᠤᠪᠠᠭ ᠤᠨ ᠰᠢᠵᠢᠷ ᠠᠯᠲᠠᠨ | ᠴᠠᠭ ᠤᠨ ᠲᠧᠯᠸᠢᠰ ᠵᠦᠴᠦᠭᠡ ᠨᠡᠪᠲᠡᠷᠡᠭᠦᠯᠬᠦ ᠶᠢ ᠲᠣᠬᠢᠷᠠᠭᠤᠯᠤᠨ ᠡᠵᠡᠮᠳᠡᠬᠦ᠂ ᠭᠤᠤᠯᠳᠠᠯᠭ᠎ᠠ ᠲᠠᠢ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠲᠡᠷᠢᠭᠦᠨ | ᠨᠢᠭᠤᠷ ᠤᠨ ᠠᠩᠬᠠᠨ ᠤ ᠳᠡᠯᠭᠡᠴᠡ ᠶᠢᠨ ᠲᠧᠯᠸᠢᠰ ᠵᠦᠴᠦᠭᠡ ᠨᠡᠪᠲᠡᠷᠡᠭᠦᠯᠬᠦ ᠶᠢ ᠵᠢᠭᠠᠨ ᠵᠢᠯᠣᠭᠤᠳᠬᠤ ᠶᠢ ᠴᠢᠩᠭᠠᠳᠬᠠᠨ᠎ᠠ᠃ ᠬᠤᠷᠸ᠎ᠠ ᠲᠣᠬᠢᠷᠠᠭᠤᠯᠭ᠎ᠠ ᠡᠵᠡᠮᠰᠢᠯ ᠢ | ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠨᠡᠪᠲᠡᠷᠡᠭᠦᠯᠬᠦ ᠪᠦᠲᠦᠴᠡ ᠶᠢ ᠰᠢᠯᠢᠳᠡᠭᠵᠢᠭᠦᠯᠦᠨ᠂ ᠲᠧᠯᠸᠢᠰ ᠵᠦᠴᠦᠭᠡ ᠨᠡᠪᠲᠡᠷᠡᠭᠦᠯᠬᠦ ᠰᠡᠳᠦᠪ᠂ ᠬᠡᠪ ᠨᠠᠮᠪᠠ᠂ ᠬᠡᠯᠪᠡᠷᠢ᠂ | ᠤᠷᠲᠤ ᠶᠢᠨ ᠬᠡᠮᠵᠢᠶ᠎ᠡ ᠵᠢᠴᠢ ᠤᠯᠠᠷᠢᠯ ᠤᠨ ᠨᠡᠪᠲᠡᠷᠡᠭᠦᠯᠭᠡ᠂ ᠭᠠᠷᠠᠭ ᠤᠨ ᠨᠡᠪᠲᠡᠷᠡᠭᠦᠯᠭᠡ ᠵᠡᠷᠭᠡ ᠨᠡᠪᠲᠡᠷᠡᠭᠦᠯᠬᠦ ᠵᠠᠭᠪᠤᠷ ᠤᠨ ᠡᠯᠪᠡᠭ ᠪᠠᠶᠠᠯᠢᠭ ᠴᠢᠨᠠᠷ ᠢ ᠪᠡᠶᠡᠯᠡᠭᠦᠯᠦᠨ᠎ᠡ᠃ | ᠤᠯᠤᠰ ᠤᠨ ᠲᠧᠯᠸᠢᠰ ᠵᠦᠴᠦᠭᠡ ᠶᠢᠨ ᠬᠡᠪᠯᠡᠯ ᠬᠠᠳᠠᠭᠠᠯᠠᠬᠤ ᠲᠣᠭᠲᠠᠯᠴᠠᠭ᠎ᠠ ᠶᠢ ᠪᠡᠯᠡᠳᠬᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠲᠧᠯᠸᠢᠰ ᠵᠦᠴᠦᠭᠡ ᠶᠢᠨ ᠳᠠᠩᠰᠠ | ᠡᠪᠬᠡᠮᠡᠯ ᠢ ᠬᠠᠮᠠᠭᠠᠯᠠᠬᠤ ᠪᠠ ᠳᠠᠩᠰᠠ ᠡᠪᠬᠡᠮᠡᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ | ︵ᠵᠢᠷᠭᠤᠭ᠎ᠠ︶ ᠲᠧᠯᠸᠢᠰ ᠵᠦᠴᠦᠭᠡ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠲᠦᠷᠦᠴᠢ ᠴᠢᠨᠠᠷ᠂ ᠤᠷᠠᠯᠢᠭᠴᠢ | ᠴᠢᠨᠠᠷ᠂ ᠨᠡᠶᠢᠭᠡᠮ ᠤᠨ ᠲᠤᠰᠬᠠᠯ᠂ ᠵᠠᠬ᠎ᠠ ᠳᠡᠯᠭᠡᠭᠦᠷ ᠤᠨ ᠮᠡᠳᠡᠷᠡᠮᠵᠢ ᠶᠢ ᠨᠢᠭᠡᠳᠬᠡᠬᠦ ᠶᠢ ᠪᠠᠷᠢᠮᠲᠠᠯᠠᠵᠤ᠂ ᠲᠧᠯᠸᠢᠰ ᠵᠦᠴᠦᠭᠡ ᠶᠢ ᠶᠡᠷᠦᠩᠬᠡᠶᠢᠯᠡᠨ ᠦᠨᠡᠯᠡᠬᠦ ᠰᠢᠨᠵᠢᠯᠡᠬᠦ | ᠤᠬᠠᠭᠠᠨᠴᠢ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠤᠳᠬ᠎ᠠ ᠤᠷᠠᠯᠢᠭ ᠤᠨ ᠰᠢᠭᠦᠮᠵᠢ ᠶᠢᠨ ᠪᠠᠬᠢᠯᠡᠯᠲᠡ ᠶᠢ ᠪᠠᠶᠢᠭᠤᠯᠤᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠢᠨᠲ᠋ᠧᠷ ᠰᠦᠯᠵᠢᠶᠡᠨ ᠤ ᠬᠥᠭᠵᠢᠯᠲᠡ ᠶᠢᠨ ᠬᠠᠨᠳᠤᠰᠢ ᠳᠤ ᠵᠣᠬᠢᠴᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠵᠢᠮ᠎ᠡ | ᠶᠣᠰᠣᠨ ᠤ ᠣᠨᠴᠠᠯᠢᠭ ᠢ ᠡᠵᠡᠮᠳᠡᠵᠦ᠂ ᠬᠡᠯᠪᠡᠷᠢ᠂ ᠠᠷᠭ᠎ᠠ ᠬᠡᠯᠪᠡᠷᠢ᠂ ᠬᠡᠪ ᠨᠠᠮᠪᠠ᠂ ᠬᠡᠪ᠂ ᠠᠷᠭ᠎ᠠ ᠵᠠᠮ᠂ ᠠᠴᠢᠶᠠᠯᠠᠪᠤᠷᠢ ᠶᠢ ᠢᠳᠡᠪᠬᠢᠲᠡᠶ ᠪᠠᠷ ᠰᠢᠨ᠎ᠡ ᠶᠢ ᠡᠭᠦᠳᠴᠦ᠂ | ᠲᠧᠯᠸᠢᠰ ᠵᠦᠴᠦᠭᠡ ᠶᠢᠨ ᠰᠢᠭᠦᠮᠵᠢ ᠶᠢᠨ ᠲᠤᠰᠬᠠᠶ ᠮᠡᠷᠭᠡᠵᠢᠯ ᠤᠨ ᠴᠢᠨᠠᠷ᠂ ᠡᠷᠬᠡ ᠰᠦᠷᠲᠦ ᠴᠢᠨᠠᠷ᠂ ᠬᠠᠨᠳᠤᠯᠭᠠᠲᠤ ᠴᠢᠨᠠᠷ ᠢ ᠳᠡᠭᠡᠭᠰᠢᠯᠡᠭᠦᠯᠵᠦ᠂ ᠲᠧᠯᠸᠢᠰ ᠵᠦᠴᠦᠭᠡ ᠶᠢᠨ | ᠰᠢᠭᠦᠮᠵᠢ ᠶᠢᠨ ᠣᠯᠠᠨ ᠲᠦᠮᠡᠨ ᠲᠠᠢ ᠣᠶᠢᠷᠠᠳᠴᠤ᠂ ᠶᠠᠷᠢᠶ᠎ᠠ ᠬᠡᠯᠡᠯᠴᠡᠭᠡ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠯᠭᠡ | ᠪᠠ ᠰᠢᠭᠦᠮᠵᠢ ᠶᠢᠨ ᠪᠦᠲᠦᠮᠵᠢᠲᠡᠶ ᠦᠢᠯᠡᠳᠦᠯᠴᠡᠯ ᠢ ᠠᠬᠢᠭᠤᠯᠤᠨ᠎ᠠ᠃ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠴᠢᠨᠠᠷ ᠰᠠᠶᠢᠲᠠᠶ | ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠳᠤᠮᠳᠠᠳᠤ ᠤᠯᠤᠰ ᠤᠨ ᠲᠧᠯᠸᠢᠰ ᠵᠦᠴᠦᠭᠡ ︽ᠹᠸᠢ ᠲᠢᠶᠠᠨ ᠱᠠᠩᠨᠠᠯ︾ ᠢ ᠤᠯᠠᠮ ᠨᠢᠭᠡ ᠠᠯᠬᠤᠮ ᠰᠠᠶᠢᠲᠤᠷ | ᠡᠷᠬᠢᠯᠡᠵᠦ᠂ ᠳᠤᠮᠳᠠᠳᠤ ᠤᠯᠤᠰ ᠤᠨ ᠲᠧᠯᠸᠢᠰ ᠤᠨ ︽ᠠᠯᠲᠠᠨ ᠪᠦᠷᠭᠦᠳ ᠱᠠᠩᠨᠠᠯ︾᠂ ᠱᠠᠩᠬᠠᠶ ᠶᠢᠨ ᠲᠧᠯᠸᠢᠰ ᠤᠨ ᠨᠠᠶᠢᠷ ᠤᠨ ︽ᠪᠠᠶ ᠢᠦᠶ ᠯᠠᠨ ᠱᠠᠩᠨᠠᠯ︾ ᠵᠡᠷᠭᠡ | ᠭᠤᠤᠯᠳᠠᠯᠭ᠎ᠠ ᠲᠠᠢ ᠲᠧᠯᠸᠢᠰ ᠵᠦᠴᠦᠭᠡ ᠶᠢᠨ ᠱᠠᠩᠨᠠᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ᠂ ᠰᠢᠯᠭᠠᠷᠠᠭᠤᠯᠬᠤ ᠠᠷᠭ᠎ᠠ | ᠬᠡᠯᠪᠡᠷᠢ ᠶᠢ ᠬᠠᠶᠢᠨ ᠰᠦᠪᠡᠭᠴᠢᠯᠡᠵᠦ᠂ ᠰᠢᠯᠭᠠᠷᠠᠭᠤᠯᠬᠤ ᠺᠣᠮᠢᠰ ᠤᠨ ᠪᠦᠲᠦᠴᠡ ᠶᠢ ᠰᠢᠯᠢᠳᠡᠭᠵᠢᠭᠦᠯᠦᠨ᠂ ᠪᠥᠬᠦ ᠤᠯᠤᠰ ᠤᠨ ᠴᠢᠨᠠᠷᠲᠠᠶ ᠲᠧᠯᠸᠢᠰ ᠵᠦᠴᠦᠭᠡ ᠦᠨᠡᠯᠡᠬᠦ | ᠠᠵᠢᠯᠯᠠᠭ᠎ᠠ ᠶᠢᠨ ᠡᠷᠬᠡ ᠰᠦᠷᠲᠦ ᠴᠢᠨᠠᠷ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ᠂ ᠪᠦᠯᠬᠦᠮᠳᠡᠨ ᠵᠣᠷᠢᠭᠵᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠲᠤᠰᠬᠠᠢ ᠪᠤᠯᠤᠩ 1᠂ ᠲᠧᠯᠸᠢᠰ ᠵᠦᠴᠦᠭᠡ ᠶᠢᠨ ᠰᠢᠨ᠎ᠡ ᠴᠠᠭ ᠦᠶ᠎ᠡ ᠶᠢᠨ ᠰᠣᠳᠣᠨ ᠪᠦᠲᠦᠭᠡᠯ ᠤᠨ ᠢᠨᠵᠧᠨᠧᠷᠢᠩ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠧᠯᠸᠢᠰ ᠵᠦᠴᠦᠭᠡ ᠶᠢᠨ ᠰᠡᠳᠦᠪ ᠰᠣᠩᠭᠤᠬᠤ ᠲᠥᠯᠥᠪᠵᠢᠭᠦᠯᠭᠡ᠄ | ᠴᠢᠬᠤᠯᠠ ᠶᠡᠭᠡ ᠪᠣᠳᠠᠲᠤ ᠪᠠᠶᠢᠳᠠᠯ᠂ ᠴᠢᠬᠤᠯᠠ ᠶᠡᠭᠡ ᠬᠤᠪᠢᠰᠬᠠᠯ᠂ ᠴᠢᠬᠤᠯᠠ ᠶᠡᠭᠡ ᠲᠡᠦᠬᠡᠨ ᠰᠡᠳᠦᠪ ᠢᠶᠠᠷ ᠭᠤᠤᠯ ᠰᠡᠳᠦᠪ ᠲᠣᠭᠲᠠᠭᠠᠵᠤ᠂ ︽ᠬᠦᠨᠳᠡᠯᠡᠨ ᠭᠤᠯᠳᠤ | ᠪᠠᠶᠢᠷᠢᠰᠢᠯ ᠤᠨ ᠠᠷᠭ᠎ᠠ︾ ᠶᠢ ᠬᠡᠷᠡᠭᠵᠢᠭᠦᠯᠦᠨ ᠪᠣᠲᠠᠲᠠᠢ ᠰᠡᠳᠦᠪ ᠰᠣᠩᠭᠤᠵᠣ᠂ ᠬᠥᠨᠳᠡᠯᠡᠨ ᠴᠢᠭᠯᠡᠯ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠪᠣᠯᠤᠨ ᠲᠥᠷᠥ ᠶᠢᠨ ᠶᠡᠭᠡ ᠶᠠᠪᠤᠳᠠᠯ ᠴᠢᠬᠤᠯᠠ ᠶᠠᠪᠤᠳᠠᠯ ᠢᠶᠠᠷ ᠭᠤᠤᠯᠯᠠᠭᠤᠯᠤᠨ ᠭᠤᠤᠯ | ᠰᠡᠳᠦᠪ ᠢ ᠲᠣᠭᠲᠠᠭᠠᠵᠤ᠂ ᠭᠤᠯᠳᠤ ᠴᠢᠭᠯᠡᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠪᠡᠭᠡᠵᠢᠩ ᠤᠨ ᠡᠪᠦᠯ ᠤᠨ | ᠣᠯᠢᠮᠫᠢᠺ ᠤᠨ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ | ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠢᠯᠠᠯᠲᠠ ᠣᠯᠤᠭᠰᠠᠨ 70 ᠵᠢᠯ ᠤᠨ ᠣᠶ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ | ᠢᠯᠠᠯᠲᠠ ᠣᠯᠤᠭᠰᠠᠨ 80 ᠵᠢᠯ ᠤᠨ ᠣᠶ᠂ ᠤᠯᠠᠭᠠᠨ ᠴᠡᠷᠢᠭ ᠤᠨ ᠤᠷᠲᠤ ᠵᠠᠮ ᠤᠨ ᠠᠶᠠᠨ ᠲᠠᠶᠢᠨ ᠤ ᠢᠯᠠᠯᠲᠠ ᠣᠯᠤᠭᠰᠠᠨ 90 ᠵᠢᠯ ᠤᠨ ᠣᠶ ᠵᠡᠷᠭᠡ ᠴᠢᠬᠤᠯᠠ | ᠵᠠᠩᠭᠢᠯᠠᠭ᠎ᠠ ᠶᠢᠨ ᠴᠡᠭ ᠢ ᠭᠠᠷᠭᠠᠵᠤ᠂ ᠴᠠᠭ ᠦᠶ᠎ᠡ ᠶᠢᠨ ᠰᠢᠨ᠎ᠡ ᠳᠦᠷᠰᠦ ᠪᠠᠶᠢᠳᠠᠯ ᠢ ᠲᠤᠪᠤᠶᠢᠮ᠎ᠠ ᠲᠤᠰᠬᠠᠵᠤ᠂ ᠠᠷᠠᠳ ᠲᠦᠮᠡᠨ ᠤ ᠰᠢᠨ᠎ᠡ ᠡᠭᠦᠳᠦᠨ ᠪᠦᠲᠦᠭᠡᠯᠲᠡ ᠶᠢ | ᠮᠠᠭᠲᠠᠨ ᠳᠠᠭᠤᠯᠠᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ | ᠲᠡᠦᠬᠡ ᠶᠢ ᠲᠤᠪᠤᠶᠢᠯᠭᠠᠪᠠ᠃ ᠨᠢᠭᠡᠨᠲᠡ 100 ᠭᠠᠷᠤᠶ ᠭᠤᠤᠯᠳᠠᠯᠭ᠎ᠠ ᠲᠠᠢ ᠲᠧᠯᠸᠢᠰ ᠵᠦᠴᠦᠭᠡ ᠶᠢᠨ ᠰᠡᠳᠦᠪ ᠰᠣᠩᠭᠤᠬᠤ ᠲᠥᠷᠥᠯ ᠵᠦᠢᠯ ᠢ ᠲᠥᠯᠥᠪᠵᠢᠭᠦᠯᠵᠦ᠂ | ᠪᠠᠶᠢᠩᠭᠤ ᠶᠢᠨ ᠴᠢᠨᠠᠷᠲᠠᠶ ᠵᠣᠬᠢᠶᠠᠨ ᠪᠦᠲᠦᠭᠡᠬᠦ ᠵᠢᠭᠠᠨ ᠵᠢᠯᠤᠭᠤᠳᠤᠯᠭ᠎ᠠ ᠶᠢ ᠥᠷᠨᠢᠭᠦᠯᠵᠦ᠂ ᠪᠥᠬᠦ ᠶᠠᠪᠤᠴᠠ ᠶᠢ ᠵᠣᠬᠢᠴᠠᠭᠤᠯᠤᠨ ᠪᠠᠲᠤᠯᠠᠬᠤ ᠶᠢᠨ ᠬᠠᠮᠲᠤ ᠪᠠᠶᠢᠳᠠᠯ | ᠡᠭᠦᠷᠭᠡ ᠶᠢᠨ ᠬᠤᠪᠢᠷᠠᠯᠲᠠ ᠪᠣᠯᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ ᠲᠥᠯᠥᠪᠵᠢᠭᠦᠯᠪᠡ᠃ | ᠭᠤᠣᠯ ᠰᠡᠳᠦᠪᠲᠦ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠯᠭᠡ ᠶᠢᠨ ᠳᠡᠯᠭᠡᠨ ᠦᠵᠡᠭᠦᠯᠬᠦ ᠠᠵᠢᠯᠯᠠᠭ᠎ᠠ᠄ ᠦᠵᠦ ᠲᠥᠯᠥᠪᠯᠡᠭᠡ ᠶᠢ ᠴᠢᠩᠭᠠᠳᠬᠠᠵᠤ᠂ ᠤᠷᠢᠳᠴᠢᠯᠠᠨ | ᠲᠥᠰᠦᠪᠯᠡᠵᠦ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠴᠢᠬᠤᠯᠠ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ ᠭᠤᠣᠯ ᠰᠡᠳᠦᠪᠲᠦ ᠲᠧᠯᠸᠢᠰ ᠵᠦᠴᠦᠭᠡ ᠶᠢᠨ | ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠦᠨ ᠨᠥᠭᠡᠴᠡᠯᠡᠵᠦ᠂ ᠠᠵᠢᠯ ᠤᠨ ᠡᠬᠡ ᠳᠠᠩᠰᠠ ᠶᠢ ᠪᠠᠶᠢᠭᠤᠯᠵᠤ᠂ ᠪᠠᠶᠢᠩᠭᠤᠵᠢᠭᠤᠯᠤᠨ ᠲᠣᠬᠢᠷᠠᠭᠤᠯᠵᠤ ᠬᠢᠨᠠᠨ | ᠵᠢᠯᠣᠭᠤᠳᠬᠤ ᠶᠢ ᠥᠷᠨᠢᠭᠦᠯᠵᠦ᠂ ᠤᠯᠤᠰ ᠲᠦᠷᠦ ᠶᠢᠨ ᠴᠢᠭᠯᠡᠯ᠂ ᠰᠡᠳᠦᠪ ᠰᠣᠩᠭᠤᠵᠤ ᠮᠠᠲ᠋ᠧᠷᠢᠶᠠᠯ ᠰᠣᠩᠭᠤᠬᠤ᠂ ᠤᠷᠠᠯᠢᠭ ᠤᠨ ᠲᠦᠪᠰᠢᠨ᠂ ᠭᠤᠣᠯ ᠡᠭᠦᠳᠦᠯᠲᠡ ᠶᠢᠨ | ᠪᠦᠯᠬᠦᠮ ᠨᠡᠶᠢᠲᠡ ᠵᠡᠷᠭᠡ ᠲᠠᠯ᠎ᠠ ᠪᠠᠷ ᠪᠣᠭᠤᠮᠲᠠ ᠶᠢ ᠴᠢᠩᠭ᠎ᠠ ᠠᠳᠬᠤᠵᠤ᠂ ᠨᠠᠷᠢᠯᠢᠬᠵᠢᠭᠤᠯᠤᠨ ᠬᠠᠮᠢᠶᠠᠷᠴᠤ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠴᠢᠨᠠᠷ ᠰᠠᠶᠢᠲᠠᠢ | ᠪᠡᠶᠡᠯᠡᠭᠦᠯᠦᠨ᠎ᠡ᠃ ᠪᠠᠶᠢᠭᠤᠯᠤᠮᠵᠢ ᠪᠣᠯᠤᠨ ᠲᠧᠯᠸᠢᠰ ᠵᠦᠴᠦᠭᠡ ᠶᠢᠨ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠭᠤᠤᠯ ᠰᠡᠳᠦᠪᠲᠦ ᠲᠧᠯᠸᠢᠰ ᠵᠦᠴᠦᠭᠡ ᠶᠢᠨ | ᠵᠣᠬᠢᠶᠠᠨ ᠪᠦᠲᠦᠭᠡᠵᠦ ᠦᠢᠯᠡᠳᠪᠦᠷᠢᠯᠡᠬᠦ ᠳᠤ ᠣᠷᠣᠯᠴᠠᠭᠤᠯᠵᠤ᠂ ᠠᠵᠢᠯ ᠲᠥᠷᠥᠯ ᠤᠨ ᠰᠢᠨ᠎ᠡ ᠶᠢ ᠡᠭᠦᠳᠦᠨ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠳᠠᠶᠢᠴᠢᠯᠠᠨ᠂ | ᠴᠢᠨᠠᠷ ᠰᠠᠶᠢᠲᠠᠶ ᠡᠬᠢ ᠪᠠᠶᠠᠯᠢᠭ ᠢ ᠭᠤᠤᠯ ᠰᠡᠳᠦᠪᠲᠦ ᠲᠧᠯᠸᠢᠰ ᠵᠦᠴᠦᠭᠡ ᠲᠡᠶᠢᠰᠢ ᠲᠥᠪᠯᠡᠷᠡᠭᠦᠯᠬᠦ ᠶᠢ ᠠᠬᠢᠭᠤᠯᠤᠨ᠎ᠠ᠃ ᠡᠯ᠎ᠡ ᠲᠧᠯᠸᠢᠰ ᠬᠤᠷᠢᠶ᠎ᠠ᠂ ᠭᠤᠤᠯᠳᠠᠯᠭ᠎ᠠ ᠲᠠᠢ | ᠰᠦᠯᠵᠢᠶᠡᠨ ᠤ ᠦᠵᠡᠵᠦ ᠰᠣᠨᠣᠰᠬᠤ ᠲᠠᠪᠴᠠᠩ ᠢ ᠬᠥᠲᠥᠯᠥᠨ ᠵᠢᠯᠣᠭᠤᠳᠴᠤ ᠪᠠᠶᠢᠭᠠᠳ ᠭᠤᠤᠯ ᠰᠡᠳᠦᠪᠲᠦ ᠲᠧᠯᠸᠢᠰ ᠵᠦᠴᠦᠭᠡ ᠶᠢ ᠢᠳᠡᠪᠬᠢᠲᠡᠶ ᠪᠠᠷ ᠵᠣᠬᠢᠶᠠᠨ | ᠪᠦᠲᠦᠭᠡᠵᠦ᠂ ᠵᠠᠬᠢᠶᠠᠯᠠᠨ ᠵᠤᠬᠢᠶᠠᠵᠤ᠂ ᠳᠡᠯᠭᠡᠨ ᠦᠵᠡᠭᠦᠯᠵᠦ ᠨᠡᠪᠲᠡᠷᠡᠭᠦᠯᠬᠦ ᠶᠢ ᠨᠠᠷᠢᠨ ᠨᠢᠮᠪᠠᠶ ᠰᠠᠶᠢᠲᠤᠷ ᠬᠢᠵᠦ᠂ ᠲᠣᠬᠢᠷᠠᠭᠤᠯᠤᠨ ᠡᠵᠡᠮᠳᠡᠬᠦ ᠪᠠᠷ ᠳᠠᠮᠵᠢᠭᠤᠯᠤᠨ ᠭᠤᠤᠯ | ᠰᠡᠳᠦᠪᠲᠦ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠳᠠᠶᠢᠴᠢᠯᠠᠨ᠎ᠠ᠃ ᠤᠬᠠᠭᠤᠯᠤᠨ ᠲᠠᠨᠢᠯᠴᠠᠭᠤᠯᠬᠤ ᠪᠠᠨ ᠴᠢᠩᠭᠠᠳᠬᠠᠵᠤ᠂ ᠭᠤᠤᠯ ᠰᠡᠳᠦᠪᠲᠦ | ᠲᠧᠯᠸᠢᠰ ᠵᠦᠴᠦᠭᠡ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠪᠠ ᠶᠠᠷᠢᠶ᠎ᠠ ᠬᠡᠯᠡᠯᠴᠡᠭᠡᠨ ᠤ ᠣᠷᠴᠢᠨ ᠠᠬᠤᠶ ᠶᠢ | ᠪᠣᠶ ᠪᠣᠯᠭᠠᠨ᠎ᠠ᠃ ᠲᠧᠯᠸᠢᠰ ᠵᠦᠴᠦᠭᠡ ᠶᠢ ᠵᠣᠬᠢᠶᠠᠨ ᠪᠠᠶᠢᠭᠤᠯᠵᠤ ᠦᠢᠯᠡᠳᠪᠦᠷᠢᠯᠡᠬᠦ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ᠄ ᠤᠳᠬ᠎ᠠ | ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠲᠧᠯᠸᠢᠰ ᠵᠦᠴᠦᠭᠡ ᠶᠢᠨ ᠪᠥᠬᠦ ᠶᠠᠪᠤᠴᠠ ᠶᠢᠨ ᠪᠥᠬᠦ ᠦᠷ᠎ᠡ ᠪᠦᠲᠦᠮᠵᠢᠲᠡᠶ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ︽ᠰᠡᠳᠦᠪ ᠢ ᠣᠨᠣᠪᠴᠢᠲᠠᠶ ᠰᠣᠩᠭᠤᠬᠤ᠂ ᠥᠯᠢᠭᠡᠷ ᠢ ᠰᠠᠶᠢᠲᠤᠷ ᠶᠠᠷᠢᠬᠤ᠂ ᠰᠣᠳᠣᠨ ᠪᠦᠲᠦᠭᠡᠯ ᠰᠡᠭᠦᠳᠡᠷᠯᠡᠬᠦ︾ ᠪᠠᠷ | ᠭᠤᠤᠯ ᠰᠢᠵᠢᠮ ᠪᠣᠯᠭᠠᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠶᠢ | ᠠᠬᠢᠭᠤᠯᠵᠤ᠂ ᠲᠧᠯᠸᠢᠰ ᠵᠦᠴᠦᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠧᠯᠸᠢᠰ ᠵᠦᠴᠦᠭᠡ ᠶᠢᠨ ᠤᠷᠠᠯᠢᠭ ᠤᠨ ᠵᠢᠮ᠎ᠡ ᠶᠣᠰᠣ ᠶᠢ ᠵᠢᠷᠤᠮᠯᠠᠬᠤ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠠᠷᠢᠯᠴᠠᠨ ᠨᠢᠭᠡᠳᠦᠯᠲᠡᠶ ᠪᠠᠶᠢᠬᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠤᠨ | ᠲᠣᠭᠲᠠᠯᠴᠠᠭ᠎ᠠ ᠶᠢ ᠨᠠᠶᠢᠳᠠᠪᠤᠷᠢᠵᠢᠭᠤᠯᠵᠤ᠂ ᠲᠧᠯᠸᠢᠰ ᠵᠦᠴᠦᠭᠡ ᠶᠢᠨ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠤᠬᠠᠮᠰᠠᠷ ᠢ ᠨᠢ | ᠴᠢᠩᠭᠠᠳᠬᠠᠵᠤ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠲᠧᠯᠸᠢᠰ ᠵᠦᠴᠦᠭᠡ ᠶᠢᠨ ᠶᠠᠰᠤ ᠴᠢᠨᠠᠷ ᠤᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠲᠧᠯᠸᠢᠰ ᠵᠦᠴᠦᠭᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠶᠠᠰᠤ ᠴᠢᠨᠠᠷ ᠤᠨ ᠰᠠᠭᠤᠷᠢ ᠶᠢ ᠲᠠᠯᠪᠢᠬᠤ ᠬᠡᠷᠡᠭᠲᠡᠢ᠃ | ᠲᠧᠯᠸᠢᠰ ᠵᠦᠴᠦᠭᠡ ᠶᠢᠨ ᠰᠣᠳᠣᠨ ᠪᠦᠲᠦᠭᠡᠯ ᠢ ᠦᠢᠯᠡᠳᠪᠦᠷᠢᠯᠡᠵᠦ ᠠᠬᠢᠭᠤᠯᠬᠤ ᠵᠣᠬᠢᠴᠠᠮᠵᠢ᠄ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠧᠯᠸᠢᠰ ᠵᠦᠴᠦᠭᠡ ᠶᠢᠨ | ᠰᠣᠳᠣᠨ ᠪᠦᠲᠦᠭᠡᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠰᠢᠯᠢᠨ ᠰᠣᠩᠭᠤᠬᠤ ᠵᠣᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠡᠳᠦᠪ ᠰᠣᠩᠭᠤᠬᠤ | ᠵᠣᠷᠢᠯᠭ᠎ᠠ᠂ ᠤᠷᠠᠯᠢᠭ ᠤᠨ ᠢᠯᠡᠷᠡᠯ᠂ ᠦᠢᠯᠡᠳᠴᠦ ᠨᠡᠪᠲᠡᠷᠡᠭᠦᠯᠬᠦ ᠵᠠᠭᠪᠤᠷ᠂ ᠬᠡᠪᠯᠡᠯ ᠤᠨ ᠡᠷᠬᠡ ᠶᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠪᠠᠷ ᠨᠡᠯᠢᠶᠡᠳ ᠴᠢᠩᠭ᠎ᠠ ᠬᠥᠲᠥᠯᠥᠨ | ᠳᠠᠭᠠᠭᠤᠯᠬᠤ ᠴᠢᠨᠠᠷᠲᠠᠶ ᠪᠠ ᠰᠢᠨ᠎ᠡ ᠶᠢ ᠡᠭᠦᠳᠬᠦ ᠴᠢᠨᠠᠷᠲᠠᠶ ᠲᠧᠯᠸᠢᠰ ᠵᠦᠴᠦᠭᠡ ᠶᠢᠨ ᠲᠥᠷᠥᠯ ᠵᠦᠢᠯ ᠢ ᠰᠣᠳᠣᠨ ᠪᠦᠲᠦᠭᠡᠯ ᠤᠨ ᠬᠥᠮᠥᠷᠭᠡ ᠳᠤ ᠣᠷᠣᠭᠤᠯᠵᠤ᠂ ᠭᠠᠷᠠᠭ ᠤᠨ | ᠮᠡᠳᠡᠭᠦᠯᠦᠯᠲᠡ᠂ ᠰᠠᠷ᠎ᠠ ᠶᠢᠨ ᠲᠣᠬᠢᠷᠠᠭᠤᠯᠤᠯᠲᠠ ᠵᠢᠴᠢ ᠲᠥᠰᠦᠪᠯᠡᠯ ᠤᠨ ᠬᠤᠷᠠᠯ᠂ ᠲᠣᠬᠢᠷᠠᠭᠤᠯᠬᠤ ᠬᠤᠷᠠᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠵᠣᠬᠢᠶᠠᠨ ᠪᠦᠲᠦᠭᠡᠬᠦ | ᠵᠢᠯᠣᠭᠤᠳᠣᠯᠭ᠎ᠠ ᠪᠠ ᠵᠣᠬᠢᠴᠠᠭᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠣᠳᠣᠨ ᠲᠥᠷᠥᠯ ᠵᠦᠢᠯ ᠳᠤ ᠳᠡᠪᠰᠢᠵᠦ ᠪᠠᠭᠤᠵᠤ ᠪᠣᠯᠬᠤ ᠬᠥᠳᠡᠯᠦᠩᠭᠦᠶ ᠳᠣᠭᠢᠷᠠᠭᠤᠯᠬᠤ | ᠵᠣᠬᠢᠴᠠᠮᠵᠢ ᠶᠢ ᠬᠡᠷᠡᠭᠵᠢᠭᠦᠯᠦᠨ᠎ᠡ᠃ ᠲᠧᠯᠸᠢᠰ ᠵᠦᠴᠦᠭᠡ ᠶᠢᠨ ᠵᠣᠬᠢᠶᠠᠯ ᠪᠦᠲᠦᠭᠡᠯ ᠢ ᠬᠥᠲᠥᠯᠥᠨ ᠵᠢᠯᠣᠭᠤᠳᠴᠤ ᠳᠡᠮᠵᠢᠬᠦ ᠪᠠ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠢ | ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠴᠤ ᠨᠡᠪᠴᠢᠭᠦᠯᠬᠦ ᠦᠢᠯᠡᠳᠦᠯ ᠢ ᠨᠠᠩ ᠰᠠᠶᠢᠲᠤᠷ | ᠪᠠᠳᠠᠷᠠᠭᠤᠯᠤᠨ᠎ᠠ᠃ | ᠭᠤᠷᠪᠠ᠂ ᠲᠧᠯᠸᠢᠰ ᠵᠦᠴᠦᠭᠡ ᠶᠢᠨ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠲᠦᠭᠡᠨ ᠪᠠᠶᠢᠭᠤᠯᠤᠨ᠎ᠠ | ᠲᠧᠯᠸᠢᠰ ᠵᠦᠴᠦᠭᠡ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ | ᠬᠡᠷᠡᠭᠴᠡᠭᠡ ᠱᠠᠭᠠᠷᠳᠠᠯᠭ᠎ᠠ ᠶᠢ ᠲᠠᠰ ᠳᠡᠪᠰᠢᠭᠦᠯᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠭᠤᠴᠢᠯᠠᠭᠤᠷ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ | ᠬᠠᠨᠳᠤᠰᠢ ᠳᠤ ᠵᠣᠬᠢᠴᠠᠭᠤᠯᠤᠨ᠂ ᠪᠤᠶᠢᠵᠢᠭᠤᠯᠬᠤ ᠪᠠ ᠬᠢᠨᠠᠨ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠢ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠲᠧᠯᠸᠢᠰ ᠵᠦᠴᠦᠭᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ᠂ ᠬᠠᠩᠭᠠᠯᠭ᠎ᠠ ᠶᠢᠨ ᠪᠦᠲᠦᠴᠡ ᠪᠠ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠧᠯᠸᠢᠰ ᠵᠦᠴᠦᠭᠡ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠥᠷᠭᠡᠳᠬᠡᠨ᠎ᠡ᠃ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠨᠢᠭᠡᠳᠦᠯᠲᠡᠶ ᠪᠥᠭᠡᠳ | ᠨᠡᠭᠡᠭᠡᠯᠲᠡᠲᠡᠶ ᠪᠠᠶᠢᠯᠭᠠᠨ᠂ ᠥᠷᠢᠰᠥᠯᠳᠦᠭᠡᠨ ᠨᠢ ᠡᠮᠬᠢ ᠵᠢᠷᠤᠮ ᠲᠠᠢ ᠣᠳᠣ ᠦᠶ᠎ᠡ ᠶᠢᠨ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠢ ᠪᠤᠶ ᠪᠣᠯᠭᠠᠨ᠎ᠠ᠃ | ︵ᠨᠢᠭᠡ︶ ᠬᠦᠴᠦᠨ ᠵᠦᠢᠯ ᠤᠨ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠬᠦᠷ ᠤᠨ ᠡᠬᠢ ᠪᠠᠶᠠᠯᠢᠭ ᠢ | ᠲᠣᠬᠢᠷᠡᠭᠤᠯᠬᠤ ᠰᠢᠢᠳᠪᠦᠷᠢᠯᠡᠬᠦ ᠴᠢᠨᠡᠷᠳᠡᠢ ᠦᠢᠯᠡᠳᠣᠯ ᠢ ᠬᠦᠢᠴᠡᠳ ᠪᠠᠳᠡᠷᠡᠭᠤᠯᠵᠦ᠂ ᠵᠠᠰᠠᠭ ᠤᠨ ᠣᠷᠳᠣᠨ ᠤ ᠲᠣᠬᠢᠷᠡᠭᠤᠯᠥᠨ ᠬᠠᠮᠢᠶᠡᠷᠬᠤ ᠶᠢ ᠳᠡᠬᠦᠯᠳᠡᠷᠵᠢᠬᠦᠯᠥᠨ᠂ | ᠴᠢᠳᠡᠪᠦᠷᠢᠳᠡᠨ᠂ ᠬᠡᠪᠯᠡᠯ ᠤᠨ ᠡᠷᠬᠡ᠂ ᠮᠡᠷᠭᠡᠵᠢᠯ᠂ ᠬᠦᠷᠦᠩᠭᠡ ᠵᠡᠷᠭᠡ ᠬᠦᠴᠣᠨ ᠵᠦᠢᠯ ᠤᠨ ᠰᠢᠯᠵᠢᠬᠦᠯᠬᠦ ᠵᠠᠮ ᠮᠦᠷ ᠢ ᠰᠢᠯᠥᠭᠤᠳᠬᠠᠵᠦ᠂ ᠴᠢᠨᠡᠷ ᠰᠠᠶᠢᠳᠡᠢ ᠡᠬᠢ ᠪᠠᠶᠠᠯᠢᠭ ᠢ | ᠭᠤᠤᠯ ᠰᠡᠳᠣᠪᠳᠣ ᠲᠧᠯᠸᠢᠰ ᠵᠦᠴᠦᠭᠡ ᠪᠠ ᠭᠤᠤᠯ ᠣᠷᠣᠰᠬᠠᠯ ᠤᠨ ᠰᠡᠳᠣᠪ ᠤᠨ ᠠᠭᠤᠯᠭ᠎ᠠ ᠶᠢ ᠲᠣᠰᠬᠠᠬᠤ ᠲᠧᠯᠸᠢᠰ ᠵᠦᠴᠦᠭᠡ ᠳᠤ ᠴᠣᠠᠠᠯᠠᠭᠤᠯᠬᠤ ᠶᠢ ᠠᠬᠢᠭᠤᠯᠥᠨ᠎ᠠ᠃ | ᠲᠧᠯᠸᠢᠰ ᠵᠦᠴᠦᠭᠡ ᠶᠢᠨ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠢ ᠵᠢᠷᠤᠮᠵᠢᠭᠤᠯᠤᠨ ᠬᠥᠭᠵᠢᠭᠦᠯᠵᠦ᠂ ᠰᠠᠭᠤᠷᠢᠨ ᠭᠠᠵᠠᠷ ︵ᠬᠦᠷᠢᠶᠡᠯᠡᠩ | ᠲᠣᠭᠤᠷᠢᠭ︶ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠬᠦ ᠶᠢ ᠴᠢᠩᠭᠠᠳᠬᠠᠨ᠂ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠤᠨ | ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠡᠭᠦᠳᠡᠷᠯᠡᠨ | ᠦᠢᠯᠡᠳᠬᠦ ᠦᠢᠯᠡᠴᠢᠯᠡᠭᠡᠨ ᠤ ᠲᠣᠭᠲᠠᠯᠴᠠᠭ᠎ᠠ ᠪᠣᠯᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠮᠡᠳᠡᠭᠡ ᠵᠠᠩᠭᠢ᠂ ᠮᠥᠩᠭᠦᠨ ᠭᠦᠢᠯᠭᠡᠭᠡ᠂ ᠵᠢᠭᠤᠯᠴᠢᠯᠠᠯ ᠵᠡᠷᠭᠡ ᠠᠵᠤ ᠦᠢᠯᠡᠰ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠴᠤᠭᠯᠠᠷᠠᠯ ᠤᠨ ᠦᠢᠯᠡᠳᠦᠯ ᠢ ᠴᠢᠩᠭᠠᠷᠠᠭᠤᠯᠵᠤ᠂ ᠬᠡᠪᠴᠢᠶᠡᠵᠢᠭᠰᠡᠨ ᠦᠢᠯᠡᠳᠦᠯ ᠢ ᠪᠠᠳᠠᠷᠠᠭᠤᠯᠵᠤ᠂ ᠬᠦᠴᠦᠨ ᠵᠦᠢᠯ ᠤᠨ | ᠲᠤᠬᠢᠷᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠶᠢᠨ ᠲᠦᠷᠦᠯ ᠤᠨ ᠦᠵᠡᠭᠦᠯᠭᠡ᠂ ᠶᠠᠷᠢᠶᠠᠨ ᠤ ᠲᠠᠪᠴᠠᠩ ᠢ ᠨᠠᠷᠢᠯᠢᠭ ᠡᠷᠬᠢᠯᠡᠵᠦ᠂ | ᠰᠣᠯᠢᠯᠴᠠᠭᠠᠨ ᠤ ᠴᠢᠳᠠᠮᠵᠢ ᠶᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠤᠨ ᠬᠦᠴᠦᠨ ᠵᠦᠢᠯ ᠤᠨ ᠰᠢᠯᠵᠢᠯᠲᠡ ᠶᠢ ᠠᠬᠢᠭᠤᠯᠵᠤ᠂ ᠠᠵᠤ ᠦᠢᠯᠡᠰ ᠤᠨ ᠨᠡᠭᠡᠭᠡᠯᠲᠡ ᠬᠢᠵᠦ | ᠬᠠᠮᠲᠤᠷᠠᠯᠴᠠᠬᠤ ᠲᠦᠪᠰᠢᠨ ᠢ ᠳᠡᠭᠡᠭᠰᠢᠯᠡᠭᠦᠯᠦᠨ᠎ᠡ᠃ | ︵ᠬᠤᠶᠠᠷ︶ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠧᠯᠸᠢᠰ ᠵᠦᠴᠦᠭᠡ ᠶᠢᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ᠂ ᠪᠦᠲᠦᠭᠡᠯᠴᠢ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ | ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠷᠠᠳ ᠠᠴᠠ ᠡᠷᠬᠢᠯᠡᠭᠰᠡᠨ ᠲᠧᠯᠸᠢᠰ ᠵᠦᠴᠦᠭᠡ ᠶᠢᠨ ᠠᠵᠤ ᠠᠬᠤᠶᠢᠯᠠᠯ ᠢ | ᠬᠠᠯᠠᠮᠵᠢᠯᠠᠨ ᠳᠡᠮᠵᠢᠵᠦ᠂ ᠲᠧᠯᠸᠢᠰ ᠵᠦᠴᠦᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠳᠤᠮᠳᠠ ᠵᠢᠵᠢᠭ ᠠᠵᠤ ᠠᠬᠤᠶᠢᠯᠠᠯ ᠢ ᠨᠠᠷᠢᠨ | ᠨᠢᠮᠪᠠᠶ ᠪᠤᠶᠢᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 10 — 15 ᠵᠣᠬᠢᠶᠠᠨ ᠪᠦᠲᠦᠭᠡᠵᠦ ᠦᠢᠯᠡᠳᠪᠦᠷᠢᠯᠡᠬᠦ ᠴᠢᠳᠠᠪᠤᠷᠢ ᠲᠠᠢ | ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠪᠣᠶ ᠪᠣᠯᠭᠠᠨ᠎ᠠ᠃ ᠲᠧᠯᠸᠢᠰ ᠵᠠᠭᠤᠴᠢᠯᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠡᠵᠡᠮᠳᠡᠬᠦ ᠶᠢ | ᠬᠥᠲᠥᠯᠦᠨ ᠵᠢᠯᠣᠭᠤᠳᠴᠤ ᠳᠡᠮᠵᠢᠵᠦ᠂ ᠰᠢᠨ᠎ᠡ ᠪᠠᠷ ᠡᠭᠦᠳᠦᠨ ᠨᠡᠪᠲᠡᠷᠡᠭᠦᠯᠬᠦ ᠵᠠᠭᠪᠤᠷ ᠢ ᠡᠭᠦᠳᠴᠦ᠂ ᠲᠧᠯᠸᠢᠰ ᠵᠦᠴᠦᠭᠡ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠦᠨ᠎ᠡ᠃ ᠢᠨᠲ᠋ᠧᠷᠨᠧᠲ ᠰᠦᠯᠵᠢᠶ᠎ᠡ ᠶᠢᠨ ᠲᠠᠪᠴᠠᠩ ᠢ ᠬᠥᠲᠥᠯᠦᠨ ᠵᠢᠯᠣᠭᠤᠳᠴᠤ ᠪᠠᠶᠢᠭᠠᠳ ᠬᠡᠪᠴᠢᠶ᠎ᠡ᠂ ᠲᠤᠭ᠎ᠠ ᠪᠠᠷᠢᠮᠲᠠ᠂ | ᠮᠡᠷᠭᠡᠵᠢᠯ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ᠲᠧᠯᠸᠢᠰ ᠵᠦᠴᠦᠭᠡ ᠶᠢᠨ ᠡᠭᠦᠳᠦᠨ ᠪᠦᠲᠦᠭᠡᠬᠦ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠡᠮᠬᠢ | ᠵᠢᠷᠤᠮ ᠲᠠᠢ ᠪᠠᠷ ᠣᠷᠣᠯᠴᠠᠭᠤᠯᠵᠤ᠂ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ ᠡᠷᠡᠭᠦᠯ ᠴᠢᠭᠢᠷᠠᠭ ᠢ ᠢᠳᠡᠪᠬᠢᠲᠡᠢ ᠠᠬᠢᠭᠤᠯᠤᠨ᠎ᠠ᠃ | ︵ᠭᠤᠷᠪᠠ︶ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ ᠡᠷᠬᠡ ᠲᠡᠭᠰᠢ | ᠥᠷᠢᠰᠥᠯᠳᠦᠭᠡᠨ ᠢ ᠠᠬᠢᠭᠤᠯᠵᠤ᠂ ᠮᠠᠭᠤ ᠥᠷᠢᠰᠥᠯᠳᠦᠭᠡᠨ᠂ ᠵᠦᠶ ᠪᠤᠰᠤ ᠥᠷᠢᠰᠥᠯᠳᠦᠭᠡᠨ ᠪᠠ ᠵᠠᠬ᠎ᠠ ᠳᠡᠯᠭᠡᠭᠦᠷ ᠤᠨ ᠭᠠᠭᠴᠠᠭᠠᠷ ᠡᠵᠡᠮᠰᠢᠬᠦ ᠠᠵᠢᠯᠯᠠᠭ᠎ᠠ ᠶᠢ ᠡᠷᠡᠰ | ᠡᠰᠡᠷᠭᠦᠴᠡᠵᠦ᠂ ᠬᠥᠷᠥᠩᠭᠡ ᠶᠢᠨ ᠡᠮᠬᠢ ᠵᠢᠷᠤᠮ ᠥᠬᠡᠶ ᠥᠷᠭᠡᠳᠬᠦ ᠶᠢ ᠰᠡᠷᠭᠡᠶᠢᠯᠡᠨ᠂ ᠬᠥᠷᠥᠩᠭᠡ ᠪᠠ ᠠᠵᠤ ᠦᠢᠯᠡᠰ ᠤᠨ ᠰᠠᠶᠢᠨ ᠰᠠᠶᠢᠬᠠᠨ ᠬᠤᠷᠰᠢᠯᠴᠠᠭ᠎ᠠ ᠶᠢ | ᠵᠣᠷᠢᠭᠵᠢᠭᠤᠯᠵᠤ᠂ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠲᠧᠯᠸᠢᠰ ᠵᠦᠴᠦᠭᠡ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠭᠦᠯᠦᠨ᠎ᠡ᠃ ᠲᠧᠯᠸᠢᠰ | ᠵᠦᠴᠦᠭᠡ ᠶᠢᠨ ᠬᠦᠷᠢᠶᠡᠨ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠷᠠᠭᠤᠯᠵᠤ᠂ ᠪᠥᠬᠦ ᠠᠵᠢᠯ ᠲᠥᠷᠥᠯ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠨ᠎ᠠ᠃ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠢᠲᠡᠭᠡᠮᠵᠢ ᠶᠢᠨ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠵᠣᠬᠢᠴᠠᠮᠵᠢ ᠶᠢ ᠬᠠᠤᠯᠢ ᠲᠣᠭᠲᠠᠭᠠᠯ ᠶᠣᠰᠣᠭᠠᠷ ᠪᠦᠷᠢᠨᠰᠢᠭᠦᠯᠦᠨ᠎ᠡ᠃ ᠲᠧᠯᠸᠢᠰ ᠵᠦᠴᠦᠭᠡ ᠦᠢᠯᠡᠳᠬᠦ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠦᠢᠯᠡᠳᠬᠦ ᠥᠪᠡᠷ ᠤᠨ ᠥᠷᠲᠡᠭ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠬᠢᠷᠠᠭᠤᠯᠤᠨ᠂ ᠥᠪᠡᠷ ᠤᠨ ᠥᠷᠲᠡᠭ ᠤᠨ | ᠬᠠᠮᠢᠶᠠᠷᠤᠯᠲᠠ ᠪᠠ ᠣᠷᠣᠯᠭ᠎ᠠ ᠳᠤ ᠲᠣᠭᠠᠴᠠᠭ᠎ᠠ ᠬᠢᠬᠦ ᠶᠢ ᠴᠢᠩᠭᠠᠳᠬᠠᠨ᠎ᠠ᠃ ᠲᠣᠭᠯᠠᠭᠴᠢᠳ ᠤᠨ ᠬᠥᠯᠥᠰᠥ ᠣᠯᠭᠤᠮᠵᠢ ᠶᠢ ᠪᠠᠭᠲᠠᠭᠠᠭᠰᠠᠨ ᠣᠷᠣᠯᠭ᠎ᠠ ᠶᠢᠨ | ᠬᠤᠪᠢᠶᠠᠷᠢᠯᠠᠯᠲᠠ ᠶᠢᠨ ᠡᠮᠬᠢ ᠵᠢᠷᠤᠮ ᠢ ᠵᠢᠷᠤᠮᠵᠢᠭᠤᠯᠵᠤ᠂ ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠦᠷᠢᠮᠲᠦ ᠨᠢᠭᠡᠳᠦᠯᠲᠡᠢ ᠬᠠᠷᠠᠮᠵᠢ ᠵᠡᠷᠭᠡ ᠬᠥᠳᠡᠯᠮᠦᠷᠢ | ᠦᠢᠯᠡᠴᠢᠯᠡᠭᠡᠨ ᠤ ᠭᠡᠷ᠎ᠡ ᠶᠢ ᠳᠡᠯᠭᠡᠷᠡᠭᠦᠯᠦᠨ ᠬᠡᠷᠡᠭᠯᠡᠨ᠎ᠡ᠃ ᠳᠤᠮᠳᠠᠳᠤ ᠤᠯᠤᠰ ᠤᠨ ᠦᠵᠡᠵᠦ ᠰᠣᠨᠣᠰᠬᠤ ᠲᠣᠮᠣ ᠲᠤᠭ᠎ᠠ ᠪᠠᠷᠢᠮᠲᠠ ︵CVB︶ ᠶᠢᠨ ᠬᠡᠷᠡᠭᠯᠡᠯᠲᠡ | ᠳᠡᠯᠭᠡᠷᠡᠭᠦᠯᠦᠯᠲᠡ ᠶᠢ ᠴᠢᠩᠭᠠᠳᠬᠠᠵᠤ᠂ ᠲᠧᠯᠸᠢᠰ ᠵᠦᠴᠦᠭᠡ ᠶᠢᠨ ᠬᠦᠯᠢᠶᠡᠨ ᠠᠪᠴᠤ ᠦᠵᠡᠬᠦ ᠲᠤᠭ᠎ᠠ ᠪᠠᠷᠢᠮᠲᠠ ᠶᠢᠨ ᠪᠠᠶᠢᠴᠠᠭᠠᠯᠲᠠ ᠪᠠ ᠨᠡᠶᠢᠲᠡᠯᠡᠬᠦ ᠡᠮᠬᠢ ᠵᠢᠷᠤᠮ ᠢ | ᠵᠢᠷᠤᠮᠵᠢᠭᠤᠯᠤᠨ᠂ ᠲᠧᠯᠸᠢᠰ ᠵᠦᠴᠦᠭᠡ ᠶᠢᠨ ᠬᠦᠯᠢᠶᠡᠨ ᠠᠪᠴᠤ ᠦᠵᠡᠬᠦ ᠪᠠᠶᠢᠴᠠᠭᠠᠯᠲᠠ ᠶᠢᠨ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠲᠤᠭ᠎ᠠ ᠪᠠᠷᠢᠮᠲᠠ ᠶᠢ | ᠪᠦᠷᠢᠳᠬᠡᠨ ᠪᠠᠶᠢᠴᠠᠭᠠᠵᠤ ᠵᠠᠳᠠᠯᠬᠤ ᠪᠠ ᠲᠧᠯᠸᠢᠰ ᠵᠦᠴᠦᠭᠡ ᠶᠢᠨ ᠶᠡᠷᠦᠩᠬᠡᠶᠢᠯᠡᠨ ᠦᠨᠡᠯᠡᠬᠦ ᠵᠣᠬᠢᠴᠠᠮᠵᠢ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ | ︵ᠲᠦᠷᠪᠡ︶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠡᠷᠡᠭ ᠤᠨ ᠡᠮᠦᠨ᠎ᠡ ᠠᠵᠢᠯ ᠬᠡᠷᠡᠭ ᠤᠨ ᠳᠤᠮᠳᠠ ᠪᠠ ᠠᠵᠢᠯ | ᠬᠡᠷᠡᠭ ᠤᠨ ᠳᠠᠷᠠᠭᠠᠬᠢ ᠪᠥᠬᠦ ᠬᠡᠯᠬᠢᠶᠡᠨ ᠤ ᠪᠥᠬᠦ ᠶᠠᠪᠤᠴᠠ ᠶᠢᠨ ᠬᠢᠨᠠᠨ ᠬᠠᠮᠢᠶᠠᠷᠬᠤ ᠵᠣᠬᠢᠴᠠᠮᠵᠢ ᠶᠢ ᠪᠦᠷᠢᠨᠰᠢᠬᠦᠯᠵᠦ᠂ ᠭᠠᠶᠢᠯᠢ ᠬᠤᠯᠠᠭᠠᠶᠢᠯᠠᠬᠤ ᠭᠠᠶᠢᠯᠢ ᠠᠴᠠ ᠵᠠᠶᠢᠯᠬᠤ᠂ | ᠢᠯᠡ ᠳᠠᠯᠳᠠ ᠭᠡᠷ᠎ᠡ᠂ ︽ᠲᠩᠷᠢ ᠶᠢᠨ ᠦᠨ᠎ᠡ ᠲᠠᠢ ᠬᠠᠷᠠᠮᠵᠢ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠲᠣᠭᠯᠠᠭᠴᠢ ᠪᠠ ᠬᠤᠯᠪᠣᠭᠳᠠᠯ | ᠪᠦᠬᠦᠢ ᠪᠠᠶᠢᠭᠤᠯᠤᠮᠵᠢ ᠶᠢ ᠴᠢᠩᠭ᠎ᠠ ᠰᠢᠢᠳᠪᠦᠷᠢᠯᠡᠵᠦ᠂ ᠬᠠᠤᠯᠢ ᠶᠢ ᠵᠥᠷᠢᠴᠡᠨ ᠮᠣᠷᠠᠯ ᠠᠯᠳᠠᠭᠰᠠᠨ ᠤᠷᠠᠯᠢᠬᠴᠢᠳ ᠤᠨ ᠲᠧᠯᠸᠢᠰ ᠵᠦᠴᠦᠭᠡ ᠪᠠᠷ ᠳᠠᠮᠵᠢᠭᠤᠯᠤᠨ | ᠦᠵᠡᠭᠳᠡᠯ ᠳᠤ ᠭᠠᠷᠬᠤ ᠶᠢ ᠬᠤᠷᠢᠭᠯᠠᠨ᠎ᠠ᠃ ᠲᠧᠯᠸᠢᠰ ᠵᠦᠴᠦᠭᠡ ᠶᠢᠨ ᠠᠵᠢᠯ ᠲᠥᠷᠥᠯ ᠤᠨ ᠵᠠᠭᠤᠴᠢᠯᠠᠭᠴᠢ᠂ ᠡᠵᠡᠩᠨᠡᠨ ᠵᠠᠭᠤᠴᠢᠯᠠᠬᠤ ᠺᠣᠮᠫᠠᠨᠢ ᠵᠡᠷᠭᠡ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠪᠣᠯᠤᠨ ᠵᠣᠬᠢᠴᠠᠮᠵᠢ ᠶᠢᠨ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠢ ᠰᠢᠯᠢᠳᠡᠭᠵᠢᠭᠦᠯᠦᠨ᠂ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ ᠮᠡᠳᠡᠭᠡ | ᠵᠠᠩᠭᠢ ᠬᠠᠩᠭᠠᠬᠤ ᠪᠠ ᠵᠣᠬᠢᠶᠠᠨ ᠪᠦᠲᠦᠭᠡᠵᠦ ᠡᠵᠡᠩᠨᠡᠬᠦ ᠠᠵᠢᠯᠯᠠᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠵᠣᠬᠢᠶᠠᠨ ᠪᠦᠲᠦᠭᠡᠵᠦ ᠦᠢᠯᠡᠳᠪᠦᠷᠢᠯᠡᠬᠦ ᠳᠤ ᠠᠮᠠᠯᠳᠠᠬᠤ | ᠠᠵᠢᠯ ᠢ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠠᠬᠢᠭᠤᠯᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ | ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠨ᠎ᠡ᠃ | ᠲᠤᠰᠬᠠᠢ ᠪᠣᠯᠤᠩ 2᠂ ᠲᠧᠯᠸᠢᠰ ᠵᠦᠴᠦᠭᠡ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ | ᠤᠯᠤᠰ ᠤᠨ ᠥᠮᠴᠢᠯᠡᠯᠲᠦ ᠠᠵᠤ ᠠᠬᠤᠶᠢᠯᠠᠯ᠄ ᠤᠯᠤᠰ ᠤᠨ ᠥᠮᠴᠢᠯᠡᠯᠲᠦ ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠤᠯᠤᠰ ᠤᠨ ᠥᠮᠴᠢᠯᠡᠯᠲᠦ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠡᠮᠵᠢᠵᠦ᠂ ᠭᠤᠣᠯ ᠠᠵᠢᠯ ᠢᠶᠠᠨ | ᠬᠦᠴᠦᠷᠬᠡᠭᠵᠢᠭᠦᠯᠦᠨ᠂ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ᠂ ᠢᠯᠠᠩᠭᠤᠶ᠎ᠠ ᠭᠤᠣᠯ ᠰᠡᠳᠦᠪᠲᠦ ᠪᠦᠲᠦᠭᠡᠯ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ | ᠴᠢᠩᠭᠠᠳᠬᠠᠵᠤ᠂ ᠨᠢᠭᠡ ᠪᠦᠯᠦᠭ ᠨᠡᠯᠢᠶᠡᠳ ᠴᠢᠩᠭ᠎ᠠ ᠰᠢᠨ᠎ᠡ ᠶᠢ ᠡᠭᠦᠳᠬᠦ ᠬᠥᠲᠥᠯᠥᠨ ᠳᠠᠭᠠᠭᠤᠯᠬᠤ ᠬᠦᠴᠦᠨ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ ᠨᠢᠭᠡ | ᠪᠦᠯᠦᠭ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠭᠰᠠᠨ ᠤᠯᠤᠰ ᠤᠨ ᠥᠮᠴᠢᠯᠡᠯᠲᠦ ᠪᠤᠶᠤ ᠤᠯᠤᠰ ᠠᠴᠠ ᠬᠤᠪᠢ ᠡᠵᠡᠮᠳᠡᠭᠰᠡᠨ ᠭᠤᠣᠯ ᠪᠣᠯᠬᠤ | ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠪᠠᠶᠢᠭᠤᠯᠤᠨ᠎ᠠ᠃ | ᠠᠷᠠᠳ ᠠᠴᠠ ᠡᠷᠬᠢᠯᠡᠭᠰᠡᠨ ᠠᠵᠤ ᠠᠬᠤᠶᠢᠯᠠᠯ᠄ ᠠᠷᠠᠳ ᠠᠴᠠ ᠡᠷᠬᠢᠯᠡᠭᠰᠡᠨ ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠬᠠᠯᠠᠮᠵᠢᠯᠠᠨ ᠳᠡᠮᠵᠢᠵᠦ᠂ ᠠᠷᠠᠳ ᠠᠴᠠ | ᠡᠷᠬᠢᠯᠡᠭᠰᠡᠨ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠡᠭᠦᠳᠴᠦ ᠥᠭᠬᠦ ᠪᠠ ᠡᠷᠬᠡ ᠲᠡᠭᠰᠢ ᠪᠠᠷ ᠥᠷᠢᠰᠦᠯᠳᠦᠬᠦ | ᠲᠣᠬᠢᠶᠠᠯ ᠣᠯᠭᠤᠨ᠂ ᠠᠷᠠᠳ ᠠᠴᠠ ᠡᠷᠬᠢᠯᠡᠭᠰᠡᠨ ᠲᠧᠯᠸᠢᠰ ᠵᠦᠴᠦᠭᠡ ᠶᠢᠨ ᠬᠠᠩᠭᠠᠯᠭ᠎ᠠ ᠶᠢ ᠥᠷᠭᠡᠳᠬᠡᠬᠦ ᠪᠠ ᠭᠤᠣᠯ ᠰᠡᠳᠦᠪᠲᠦ ᠵᠣᠬᠢᠶᠠᠯ ᠪᠦᠲᠦᠭᠡᠯ ᠢ ᠵᠣᠬᠢᠶᠠᠨ | ᠪᠦᠲᠦᠭᠡᠬᠦ ᠳᠤᠮᠳᠠᠬᠢ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠴᠢᠬᠤᠯᠠ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠰᠢᠯᠢᠳᠡᠭ ᠲᠧᠯᠸᠢᠰ ᠵᠦᠴᠦᠭᠡ ᠶᠢᠨ | ᠬᠠᠩᠭᠠᠯᠭ᠎ᠠ ᠶᠢ ᠥᠷᠭᠡᠳᠬᠡᠬᠦ ᠪᠠ ᠭᠤᠣᠯ ᠰᠡᠳᠦᠪᠲᠦ ᠪᠦᠲᠦᠭᠡᠯ ᠢ ᠵᠣᠬᠢᠶᠠᠨ ᠪᠦᠲᠦᠭᠡᠬᠦ ᠳᠤᠮᠳᠠᠬᠢ ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠪᠤᠶᠢᠵᠢᠭᠤᠯᠤᠨ᠎ᠠ᠃ | ᠳᠤᠮᠳᠠ ᠪᠠᠭ᠎ᠠ ᠠᠵᠤ ᠠᠬᠤᠶᠢᠯᠠᠯ᠄ ᠳᠤᠮᠳᠠ ᠪᠠᠭ᠎ᠠ ᠲᠧᠯᠸᠢᠰ ᠵᠦᠴᠦᠭᠡ ᠶᠢᠨ ᠠᠵᠤ ᠠᠬᠤᠶᠢᠯᠠᠯ ᠢ ᠨᠠᠷᠢᠨ ᠨᠢᠮᠪᠠᠶ ᠪᠤᠶᠢᠵᠢᠭᠤᠯᠵᠤ᠂ ᠲᠧᠯᠸᠢᠰ ᠵᠦᠴᠦᠭᠡ ᠶᠢᠨ ᠵᠠᠬ᠎ᠠ | ᠳᠡᠯᠭᠡᠭᠦᠷ ᠤᠨ ᠭᠤᠣᠯ ᠴᠣᠭᠴᠠ ᠪᠣᠯᠣᠨ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠢᠶᠠᠷ ᠨᠡᠮᠡᠭᠳᠡᠬᠦ ᠶᠢ ᠲᠦᠯᠬᠢᠨ ᠠᠬᠢᠭᠤᠯᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠬᠤᠷᠠᠮᠳᠤᠭᠤᠯᠤᠨ᠎ᠠ᠃ ᠲᠧᠯᠸᠢᠰ ᠵᠦᠴᠦᠭᠡ ᠶᠢᠨ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠤᠰᠬᠠᠶ᠂ ᠨᠠᠷᠢᠯᠢᠭ᠂ ᠣᠨᠴᠠᠭᠠᠢ᠂ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠠᠵᠤ | ᠦᠢᠯᠡᠰ ᠤᠨ ᠬᠡᠯᠬᠢᠶ᠎ᠡ ᠬᠢᠭᠡᠳ ᠰᠢᠨ᠎ᠡ ᠶᠢ ᠡᠭᠦᠳᠬᠦ ᠬᠡᠯᠬᠢᠶ᠎ᠡ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠲᠧᠯᠸᠢᠰ ᠵᠦᠴᠦᠭᠡ ᠦᠢᠯᠡᠳᠬᠦ ᠡᠵᠡᠩᠨᠡᠯᠲᠡ ᠶᠢᠨ | ᠨᠠᠷᠢᠨ ᠬᠦᠷᠢᠶ᠎ᠡ ᠴᠠᠷᠠᠭ᠎ᠠ ᠬᠤᠪᠢᠶᠠᠨ ᠲᠤᠰᠬᠠᠶᠢᠵᠢᠭᠤᠯᠬᠤ᠂ ᠣᠳᠣᠬᠢᠴᠢᠯᠠᠬᠤ᠂ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠠᠷᠠᠮᠵᠢ ᠣᠯᠭᠤᠬᠤ ᠬᠠᠮᠢᠶᠠᠷᠤᠯᠲᠠ ᠶᠢ ᠴᠢᠩᠭᠠᠳᠬᠠᠨ᠎ᠠ᠄ ︽ᠲᠩᠷᠢ ᠶᠢᠨ ᠦᠨ᠎ᠡ ᠲᠠᠢ ᠬᠠᠷᠠᠮᠵᠢ︾ ᠶᠢ ᠡᠷᠡᠰ ᠡᠰᠡᠷᠭᠦᠴᠡᠵᠦ᠂ ᠲᠧᠯᠸᠢᠰ ᠵᠦᠴᠦᠭᠡ ᠶᠢᠨ ᠪᠦᠬᠦ | ᠲᠣᠭᠯᠠᠭᠴᠢᠳ ᠤᠨ ᠶᠡᠷᠦᠩᠬᠡᠶ ᠬᠠᠷᠠᠮᠵᠢ ᠨᠢ ᠦᠢᠯᠡᠳᠬᠦ ᠶᠢᠨ ᠶᠡᠷᠦᠩᠬᠡᠶ ᠥᠪᠡᠷ ᠤᠨ ᠥᠷᠲᠡᠭ ᠤᠨ 40% ᠠᠴᠠ ᠬᠡᠲᠦᠷᠡᠵᠦ ᠪᠣᠯᠬᠤ ᠦᠭᠡᠶ᠂ ᠭᠤᠤᠯ ᠲᠣᠭᠯᠠᠭᠴᠢᠳ ᠤᠨ | ᠬᠠᠷᠠᠮᠵᠢ ᠨᠢ ᠲᠣᠭᠯᠠᠭᠴᠢᠳ ᠤᠨ ᠶᠡᠷᠦᠩᠬᠡᠶ ᠬᠠᠷᠠᠮᠵᠢ ᠶᠢᠨ 70% ᠠᠴᠠ ᠬᠡᠲᠦᠷᠡᠵᠦ ᠪᠣᠯᠬᠤ ᠦᠭᠡᠶ᠂ ᠬᠠᠷᠠᠮᠵᠢ ᠣᠯᠭᠤᠬᠤ ᠭᠡᠷ᠎ᠡ ᠶᠢᠨ ᠳᠠᠩᠰᠠᠯᠠᠭᠤᠯᠬᠤ ᠪᠠ ᠬᠢᠨᠠᠨ | ᠪᠠᠶᠢᠴᠠᠭᠠᠬᠤ ᠶᠢ ᠴᠢᠩᠭᠠᠳᠬᠠᠨ᠎ᠠ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠠᠴᠠ ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠭᠰᠠᠨ᠂ ᠦᠢᠯᠡᠳᠦᠭᠰᠡᠨ ᠨᠢᠭᠡᠳᠦᠯᠲᠡᠶ | ᠬᠠᠷᠠᠮᠵᠢ ᠣᠯᠭᠤᠬᠤ ᠭᠡᠷ᠎ᠡ ᠶᠢᠨ ᠵᠢᠱᠢᠶ᠎ᠡ ᠦᠵᠡᠭᠦᠯᠬᠦ ᠲᠣᠪᠬᠢᠮᠠᠯ ᠢ ᠲᠣᠭᠲᠠᠭᠠᠵᠤ᠂ ᠲᠧᠯᠸᠢᠰ ᠵᠦᠴᠦᠭᠡ ᠶᠢᠨ ᠠᠵᠢᠯ ᠲᠥᠷᠥᠯ ᠳᠤ ᠳᠡᠯᠭᠡᠷᠡᠭᠦᠯᠦᠨ ᠬᠡᠷᠡᠭᠯᠡᠨ᠎ᠡ᠃ | ᠲᠧᠯᠸᠢᠰ ᠵᠦᠴᠦᠭᠡ ᠶᠢᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠮᠡᠳᠡᠭᠳᠡᠬᠦ ᠠᠮᠠᠯᠠᠯᠲᠠ ᠶᠢᠨ ᠳᠦᠷᠢᠮ᠄ ᠲᠧᠯᠸᠢᠰ ᠵᠦᠴᠦᠭᠡ ᠰᠡᠭᠦᠳᠡᠷᠯᠡᠵᠦ ᠦᠢᠯᠡᠳᠴᠦ | ᠳᠠᠩᠰᠠᠯᠠᠭᠤᠯᠬᠤ ᠶᠢ ᠨᠡᠶᠢᠲᠡᠯᠡᠭᠰᠡᠨ ᠤ ᠳᠠᠷᠠᠭ᠎ᠠ ᠪᠠ ᠡᠬᠢᠯᠡᠨ ᠰᠡᠭᠦᠳᠡᠷᠯᠡᠬᠦ ᠠᠴᠠ ᠡᠮᠦᠨ᠎ᠡ ᠬᠤᠶᠠᠷ ᠱᠠᠲᠤ ᠦᠶ᠎ᠡ ᠳᠤ ᠲᠤᠰ ᠲᠤᠰ ᠨᠢᠭᠡ ᠤᠳᠠᠭ᠎ᠠ ᠠᠮᠠᠯᠠᠯᠲᠠ ᠶᠢᠨ ᠠᠵᠢᠯ ᠢ | ᠥᠷᠨᠢᠭᠦᠯᠵᠦ᠂ ᠷᠠᠳᠢᠣ᠋ ᠲᠧᠯᠸᠢᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠭᠤᠯᠭ᠎ᠠ ᠶᠢᠨ ᠬᠠᠮᠢᠶᠠᠷᠤᠯᠲᠠ᠂ ᠲᠣᠭᠯᠠᠭᠴᠢᠳ ᠤᠨ ᠬᠠᠮᠢᠶᠠᠷᠤᠯᠲᠠ᠂ ᠬᠠᠷᠠᠮᠵᠢ ᠶᠢᠨ | ᠬᠠᠮᠢᠶᠠᠷᠤᠯᠲᠠ ᠵᠡᠷᠭᠡ ᠲᠣᠭᠲᠠᠭᠠᠯ ᠢ ᠦᠢᠯᠡᠳᠬᠦ ᠪᠠᠶᠢᠭᠤᠯᠤᠮᠵᠢ ᠳᠤ ᠮᠡᠳᠡᠭᠳᠡᠵᠦ᠂ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠠᠮᠠᠯᠠᠯᠲᠠ ᠶᠢ ᠬᠢᠨ᠎ᠡ᠃ | ᠲᠧᠯᠸᠢᠰ ᠵᠦᠴᠦᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ᠄ ᠲᠧᠯᠸᠢᠰ ᠵᠦᠴᠦᠭᠡ ᠶᠢ ᠳᠠᠩᠰᠠᠯᠠᠭᠤᠯᠬᠤ ᠶᠢ ᠨᠡᠶᠢᠲᠡᠯᠡᠬᠦ᠂ ᠰᠡᠭᠦᠳᠡᠷᠯᠡᠨ ᠦᠢᠯᠡᠳᠬᠦ | ᠂ ᠠᠭᠤᠯᠭ᠎ᠠ ᠶᠢ ᠬᠢᠨᠠᠨ ᠪᠠᠶᠢᠴᠠᠭᠠᠬᠤ᠂ ᠲᠠᠷᠬᠠᠭᠠᠨ ᠨᠡᠪᠲᠡᠷᠡᠭᠦᠯᠬᠦ ᠵᠡᠷᠭᠡ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠦᠬᠦ ᠶᠠᠪᠤᠴᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠠᠯᠠᠯᠲᠠ ᠪᠠᠨ ᠮᠡᠳᠡᠭᠳᠡᠬᠦ᠂ ᠥᠪᠡᠷ ᠤᠨ ᠥᠷᠲᠡᠭ ᠤᠨ ᠲᠥᠰᠦᠪ ᠤᠨ ᠭᠦᠢᠴᠡᠳᠬᠡᠯ ᠢ | ᠲᠣᠬᠢᠷᠠᠭᠤᠯᠬᠤ ᠬᠠᠷᠢᠴᠠᠯ ᠤᠨ ᠪᠠᠶᠢᠳᠠᠯ ᠤᠨ ᠮᠡᠳᠡᠭᠦᠯᠦᠯᠲᠡ᠂ ᠲᠣᠭᠯᠠᠭᠴᠢᠳ ᠤᠨ ᠬᠠᠷᠠᠮᠵᠢ ᠶᠢᠨ ᠭᠡᠷ᠎ᠡ ᠶᠢ ᠲᠤᠰᠢᠶᠠᠵᠤ ᠳᠠᠩᠰᠠᠯᠠᠭᠤᠯᠬᠤ ᠵᠡᠷᠭᠡ ᠴᠢᠳᠠᠮᠵᠢ ᠶᠢ | ᠲᠥᠪᠯᠡᠷᠡᠭᠦᠯᠦᠨ ᠮᠡᠳᠡᠭᠳᠡᠵᠦ᠂ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ ᠡᠳᠦᠷ ᠲᠤᠲᠤᠮ ᠤᠨ ᠬᠢᠨᠠᠨ ᠬᠠᠮᠢᠶᠠᠷᠴᠤ ᠬᠢᠨᠠᠨ ᠡᠵᠡᠮᠳᠡᠬᠦ ᠶᠢ ᠴᠢᠩᠭᠠᠳᠬᠠᠨ᠎ᠠ᠃ | ᠳᠥᠷᠪᠡ᠂ ᠣᠯᠠᠨ ᠤᠯᠤᠰ ᠤᠨ ᠳᠠᠮᠵᠢᠭᠤᠯᠭ᠎ᠠ ᠬᠢᠭᠡᠳ ᠣᠯᠠᠨ ᠤᠯᠤᠰ ᠤᠨ ᠬᠠᠮᠲᠤᠷᠠᠯᠴᠠᠭ᠎ᠠ ᠶᠢᠨ ᠰᠢᠨ᠎ᠡ ᠶᠢ ᠡᠭᠦᠳᠦᠨ ᠠᠬᠢᠭᠤᠯᠤᠨ᠎ᠠ | ᠪᠦᠬᠦ ᠪᠥᠮᠪᠥᠷᠴᠡᠭ ᠤᠨ ᠬᠠᠷᠠᠭᠠᠰᠤ ᠠᠴᠠ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠲᠧᠯᠸᠢᠰ ᠵᠦᠴᠦᠭᠡ ᠶᠢᠨ | ᠤᠯᠠᠨ ᠤᠯᠤᠰ ᠤᠨ ᠳᠠᠮᠵᠢᠭᠤᠯᠭ᠎ᠠ ᠪᠠ ᠤᠯᠠᠨ ᠤᠯᠤᠰ ᠤᠨ ᠬᠠᠮᠲᠤᠷᠠᠯᠴᠠᠭ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠲᠧᠯᠸᠢᠰ | ᠵᠦᠴᠦᠭᠡ ᠶᠢᠨ ᠳᠡᠯᠡᠬᠡᠢ ᠳ᠋ᠠᠬᠢᠨ ᠳᠤ ᠤᠷᠤᠭᠰᠢᠯᠠᠬᠤ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠤᠯᠠᠨ ᠤᠯᠤᠰ ᠤᠨ | ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ | ᠠᠬᠢᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠦᠨ᠎ᠡ᠃ | ︵ᠨᠢᠭᠡ︶ ᠳᠤᠮᠳᠠᠳᠤ ᠤᠯᠤᠰ ᠤᠨ ᠦᠯᠢᠭᠡᠷ ᠢ ᠲᠧᠯᠸᠢᠰ ᠵᠦᠴᠦᠭᠡ ᠪᠠᠷ ᠳᠠᠮᠵᠢᠭᠤᠯᠵᠤ ᠰᠠᠶᠢᠲᠤᠷ ᠶᠠᠷᠢᠨ᠎ᠠ᠃ ᠳᠤᠮᠳᠠᠳᠤ ᠭᠠᠳᠠᠭᠠᠳᠤ ᠶᠢ ᠨᠡᠪᠲᠡᠷᠡᠭᠦᠯᠦᠭᠰᠡᠨ | ᠬᠦᠦᠷᠨᠢᠯ ᠤᠨ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠵᠢᠵᠢᠭ ᠵᠦᠢᠯ ᠢᠶᠠᠷ ᠶᠡᠭᠡ ᠭᠤᠣᠯ ᠰᠡᠳᠦᠪ ᠢ ᠲᠤᠰᠬᠠᠵᠤ᠂ ᠵᠢᠵᠢᠭ ᠳᠦᠷᠢ ᠪᠠᠷ ᠶᠡᠭᠡ ᠴᠠᠭ ᠦᠶ᠎ᠡ ᠶᠢ ᠲᠤᠰᠬᠠᠵᠤ᠂ | ᠵᠢᠵᠢᠭ ᠦᠯᠢᠭᠡᠷ ᠢᠶᠠᠷ ᠶᠡᠭᠡ ᠶᠣᠰᠣ ᠤᠴᠢᠷ ᠢ ᠲᠤᠰᠬᠠᠬᠤ ᠳᠤ ᠪᠠᠨ ᠴᠢᠳᠠᠮᠠᠭᠠᠶ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠷᠥ ᠶᠢ ᠵᠠᠰᠠᠵᠤ ᠵᠠᠰᠠᠭ | ᠡᠷᠭᠢᠯᠡᠭᠰᠡᠨ ᠥᠯᠢᠭᠡᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠥᠯᠢᠭᠡᠷ᠂ ᠳᠤᠮᠳᠠᠳᠤ ᠤᠯᠤᠰ ᠤᠨ ᠠᠷᠠᠳ ᠲᠦᠮᠡᠨ ᠤ ᠲᠡᠮᠡᠴᠡᠵᠦ | ᠵᠡᠭᠦᠳᠦ ᠪᠠᠨ ᠲᠡᠷᠭᠡᠯᠰᠢᠭᠦᠯᠦᠭᠰᠡᠨ ᠥᠯᠢᠭᠡᠷ᠂ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ | ᠭᠥᠷᠳᠡᠭᠰᠡᠨ ᠥᠯᠢᠭᠡᠷ ᠢ ᠲᠧᠯᠸᠢᠰ ᠵᠦᠴᠦᠭᠡ ᠪᠠᠷ ᠰᠠᠶᠢᠲᠤᠷ ᠶᠠᠷᠢᠵᠤ᠂ ᠬᠠᠷᠠᠴᠠ ᠪᠠᠨ ᠳᠡᠯᠡᠬᠡᠢ ᠳ᠋ᠠᠬᠢᠨ ᠳᠤ ᠬᠠᠨᠳᠤᠭᠤᠯᠵᠤ᠂ ᠬᠥᠮᠦᠨ ᠲᠥᠷᠥᠯᠬᠢᠲᠡᠨ ᠳᠤ ᠬᠠᠨᠳᠤᠭᠤᠯᠵᠤ᠂ | ᠳᠤᠮᠳᠠᠳᠤ ᠤᠯᠤᠰ ᠤᠨ ᠭᠤᠸ᠎ᠠ ᠰᠠᠶᠢᠬᠠᠨ ᠤ ᠵᠣᠷᠢᠯᠲᠠ ᠳᠤᠷ᠎ᠠ ᠰᠣᠨᠢᠷᠬᠠᠯ ᠢ ᠢᠯᠡᠷᠡᠭᠦᠯᠦᠭᠰᠡᠨ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ | ᠳᠠᠮᠵᠢᠭᠤᠯᠤᠭᠰᠠᠨ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠲᠤᠰᠬᠠᠭᠰᠠᠨ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ | ᠪᠦᠲᠦᠭᠡᠵᠦ᠂ ᠳᠡᠯᠡᠬᠡᠢ ᠳ᠋ᠠᠬᠢᠨ ᠳᠤ ᠢᠲᠡᠭᠡᠯᠲᠡᠢ᠂ ᠬᠠᠶᠢᠷᠠᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠦᠨ᠎ᠡ᠃ | ︵ᠬᠤᠶᠠᠷ︶ ᠲᠧᠯᠸᠢᠰ ᠵᠦᠴᠦᠭᠡ ᠶᠢᠨ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠳᠭᠡᠨ᠎ᠡ᠃ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ | ᠭᠠᠳᠠᠭᠠᠳᠤ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠲᠡᠮᠵᠢᠵᠦ᠂ ᠠᠵᠤ ᠦᠢᠯᠡᠰ ᠤᠨ ᠡᠮᠦᠨ᠎ᠡ ᠵᠠᠬ᠎ᠠ ᠶᠢ ᠬᠠᠷᠠᠭᠠᠯᠠᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠥᠮᠴᠢᠯᠡᠯ ᠤᠨ ᠡᠷᠬᠡ ᠲᠠᠢ ᠲᠧᠯᠸᠢᠰ ᠵᠦᠴᠦᠭᠡ ᠶᠢᠨ ᠮᠡᠷᠭᠡᠵᠢᠯ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠪᠠ ᠬᠡᠷᠡᠭᠯᠡᠵᠦ ᠳᠡᠯᠭᠡᠷᠡᠭᠦᠯᠬᠦ ᠶᠢ ᠴᠢᠩᠭᠠᠳᠬᠠᠵᠤ᠂ | ᠳᠤᠮᠳᠠᠳᠤ ᠭᠠᠳᠠᠭᠠᠳᠤ ᠶᠢᠨ ᠲᠧᠯᠸᠢᠰ ᠵᠦᠴᠦᠭᠡ ᠶᠢᠨ ᠬᠠᠮᠲᠤᠷᠠᠯᠴᠠᠭ᠎ᠠ ᠬᠢᠵᠦ ᠰᠡᠭᠦᠳᠡᠷᠯᠡᠬᠦ ᠶᠢ ᠵᠣᠷᠢᠭᠵᠢᠭᠤᠯᠤᠨ᠎ᠠ᠃ ᠭᠠᠳᠠᠭᠠᠳᠤ ᠳᠤ ᠭᠠᠷᠭᠠᠬᠤ ᠶᠢ ᠤᠷᠮᠠᠰᠢᠭᠤᠯᠬᠤ | ᠵᠣᠬᠢᠴᠠᠮᠵᠢ ᠶᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠣᠯᠠᠨ ᠤᠯᠤᠰ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ᠂ ᠵᠢᠭᠰᠠᠭᠠᠯ ᠤᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠯᠪᠡᠷᠢ ᠮᠠᠶ᠋ᠢᠭ᠂ ᠠᠴᠢᠶᠠᠯᠠᠪᠤᠷᠢ ᠶᠢ ᠢᠳᠡᠪᠬᠢᠲᠡᠶ ᠪᠠᠷ ᠰᠢᠨ᠎ᠡ ᠪᠠᠷ ᠡᠭᠦᠳᠴᠦ᠂ ᠲᠧᠯᠸᠢᠰ ᠵᠦᠴᠦᠭᠡ ᠶᠢᠨ | ᠭᠠᠳᠠᠭᠠᠳᠤ ᠳᠤ ᠡᠵᠡᠩᠨᠡᠨ ᠪᠣᠷᠣᠯᠠᠭᠤᠯᠵᠤ ᠲᠠᠷᠬᠠᠭᠠᠬᠤ ᠲᠣᠭᠲᠠᠯᠴᠠᠭ᠎ᠠ ᠶᠢ ᠲᠠᠰᠤᠷᠠᠯᠲᠠ ᠤᠢᠭᠡᠢ ᠳᠡᠰ ᠳᠡᠪᠰᠢᠭᠦᠯᠦᠨ ᠥᠷᠭᠡᠳᠬᠡᠨ᠎ᠡ᠃ | ︵ᠭᠤᠷᠪᠠ︶ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠨ ᠠᠷᠭ᠎ᠠ ᠵᠠᠮ ᠤᠯᠠᠨ ᠲᠡᠰ ᠳᠠᠪᠬᠤᠷᠭ᠎ᠠ ᠪᠠᠷ ︽ᠭᠠᠳᠠᠭᠰᠢ ᠭᠠᠷᠬᠤ︾ ᠶᠢ | ᠠᠬᠢᠭᠤᠯᠤᠨ᠎ᠠ᠃ ᠲᠧᠯᠸᠢᠰ ᠵᠠᠭᠤᠴᠢᠯᠠᠭᠤᠷ ᠤᠨ ᠭᠠᠳᠠᠭᠠᠳᠤ ᠶᠢᠨ ᠰᠤᠪᠠᠭ᠂ ᠬᠤᠳᠠᠯᠳᠤᠭᠠᠨ ᠤ ᠰᠢᠨ᠎ᠡ ᠵᠠᠭᠤᠴᠢᠯᠠᠭᠤᠷ ᠤᠨ ᠭᠠᠳᠠᠭᠠᠳᠤ ᠶᠢᠨ ᠲᠠᠪᠴᠠᠩ ᠪᠠ ᠭᠠᠳᠠᠭᠠᠳᠤ ᠶᠢᠨ | ᠭᠤᠤᠯ ᠵᠠᠭᠤᠴᠢᠯᠠᠭᠤᠷ ᠤᠨ ᠦᠢᠯᠡᠳᠦᠯ ᠢ ᠨᠢᠭᠡᠳᠦᠯᠲᠡᠶ ᠲᠥᠯᠥᠪᠵᠢᠭᠦᠯᠦᠨ ᠪᠠᠳᠠᠷᠠᠭᠤᠯᠵᠤ᠂ ᠰᠧᠴᠤᠸᠠᠨ ᠤ ᠲᠧᠯᠸᠢᠰ ᠤᠨ ᠨᠠᠶᠢᠷ ᠤᠨ ︽ᠠᠯᠲᠠᠨ ᠮᠠᠯᠤᠷ ᠥᠳᠡᠭᠡ ᠶᠢᠨ | ᠱᠠᠩᠨᠠᠯ︾ ᠵᠢᠴᠢ ︽ᠳᠤᠮᠳᠠᠳᠤ ᠤᠯᠤᠰ ᠢ ᠦᠵᠡᠵᠦ ᠰᠣᠨᠣᠰᠬᠤ︾ ᠨᠡᠪᠲᠡᠷᠡᠭᠦᠯᠬᠦ ᠢᠨᠵᠧᠨᠧᠷᠢᠩ᠂ ᠲᠣᠷᠭᠠᠨ ᠵᠠᠮ ᠤᠨ ᠦᠵᠡᠵᠦ ᠰᠣᠨᠣᠰᠬᠤ ᠢᠨᠵᠧᠨᠧᠷᠢᠩ᠂ ᠳᠤᠮᠳᠠᠳᠤ | ᠠᠹᠷᠢᠺᠠ ᠶᠢᠨ ᠦᠵᠡᠵᠦ ᠰᠣᠨᠣᠰᠬᠤ ᠬᠠᠮᠲᠤᠷᠠᠯᠴᠠᠭᠠᠨ ᠤ ᠰᠢᠨ᠎ᠡ ᠶᠢ ᠡᠭᠦᠳᠴᠦ ᠳᠡᠭᠡᠭᠰᠢᠯᠡᠭᠦᠯᠬᠦ ᠢᠨᠵᠧᠨᠧᠷᠢᠩ᠂ ᠳᠤᠮᠳᠠᠳᠤ ᠤᠯᠤᠰ ᠤᠨ ᠣᠲᠣ ᠦᠶ᠎ᠡ ᠶᠢᠨ ᠪᠦᠲᠦᠭᠡᠯ ᠤᠨ | ᠣᠷᠴᠢᠭᠤᠯᠭ᠎ᠠ ᠶᠢᠨ ᠢᠨᠵᠧᠨᠧᠷᠢᠩ᠂ ︽ᠳᠤᠮᠳᠠᠳᠤ ᠤᠯᠤᠰ ᠤᠨ ᠬᠠᠮᠲᠤᠷᠠᠭᠰᠠᠨ ᠦᠵᠡᠭᠦᠯᠭᠡ ᠶᠢᠨ ᠲᠠᠪᠴᠠᠩ︾᠂ ︽ᠲᠧᠯᠸᠢᠰ ᠤᠨ ᠳᠤᠮᠳᠠᠳᠤ ᠤᠯᠤᠰ ᠤᠨ ᠲᠢᠶᠠᠲᠷ︾ | ᠵᠡᠷᠭᠡ ᠲᠤᠰᠬᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠲᠧᠯᠸᠢᠰ ᠵᠦᠴᠦᠭᠡ ᠶᠢᠨ ︽ᠭᠠᠳᠠᠭᠰᠢ ᠭᠠᠷᠬᠤ︾ ᠠᠷᠭ᠎ᠠ ᠵᠠᠮ᠂ ᠠᠴᠢᠶᠠᠯᠠᠪᠤᠷᠢ ᠪᠠ ᠠᠷᠭ᠎ᠠ ᠬᠡᠯᠪᠡᠷᠢ ᠶᠢ | ᠥᠷᠭᠡᠳᠬᠡᠨ᠎ᠡ᠃ ᠠᠳᠠᠯᠢ ᠪᠤᠰᠤ ᠤᠯᠤᠰ ᠪᠠ ᠣᠷᠣᠨ ᠪᠦᠰᠡ ᠳᠤ ᠬᠠᠨᠳᠤᠭᠤᠯᠤᠨ ᠡᠲᠡᠭᠡᠳᠴᠢᠯᠡᠬᠦ᠂ ᠨᠠᠷᠢᠯᠢᠭ ᠣᠨᠣᠪᠴᠢᠲᠠᠢ ᠪᠠᠷ ᠡᠵᠡᠩᠨᠡᠨ ᠪᠣᠷᠣᠯᠠᠭᠤᠯᠬᠤ ᠪᠠ | ᠳᠠᠮᠵᠢᠭᠤᠯᠬᠤ ᠠᠵᠢᠯ ᠢ ᠥᠷᠨᠢᠭᠦᠯᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢ ᠲᠤᠰᠬᠠᠭᠰᠠᠨ ᠨᠡᠩ ᠤᠯᠠᠨ ᠲᠧᠯᠸᠢᠰ ᠵᠦᠴᠦᠭᠡ ᠶᠢ | ᠳᠡᠯᠡᠬᠡᠢ ᠳ᠋ᠠᠬᠢᠨ ᠳᠤ ᠬᠠᠨᠳᠤᠭᠤᠯᠬᠤ ᠶᠢ ᠠᠬᠢᠭᠤᠯᠵᠤ᠂ ᠠᠮᠢᠳᠤᠯᠢᠭ ᠪᠣᠰᠤᠭ᠎ᠠ ᠴᠣᠭᠴᠠᠲᠤ ᠳᠤᠮᠳᠠᠳᠤ ᠤᠯᠤᠰ ᠢ ᠳᠡᠯᠭᠡᠨ ᠦᠵᠡᠭᠦᠯᠵᠦ᠂ ᠳᠤᠮᠳᠠᠳᠤ ᠶᠢᠨ ᠰᠣᠶᠣᠯ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠲᠤᠰᠬᠠᠢ ᠪᠤᠯᠤᠩ 3᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠭᠠᠳᠠᠭᠠᠳᠤ ᠳᠠᠬᠢ ᠲᠠᠷᠬᠠᠭᠠᠯᠲᠠ | ᠲᠧᠯᠸᠢᠰ ᠵᠦᠴᠦᠭᠡ ᠶᠢᠨ ᠣᠯᠠᠨ ᠤᠯᠤᠰ ᠲᠠᠬᠢ ᠳᠠᠮᠵᠢᠭᠤᠯᠭ᠎ᠠ᠄ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠭᠠᠳᠠᠭᠠᠳᠤ ᠳᠤ ᠤᠬᠠᠭᠤᠯᠤᠨ ᠳᠡᠯᠭᠡᠷᠡᠭᠦᠯᠬᠦ ᠶᠢ | ᠵᠣᠷᠢᠭᠵᠢᠭᠤᠯᠤᠨ ᠳᠡᠮᠵᠢᠵᠦ᠂ ᠴᠢᠬᠤᠯᠠ ᠶᠡᠭᠡ ᠭᠤᠤᠯ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ᠂ ᠭᠠᠳᠠᠭᠠᠳᠤ ᠰᠤᠷᠪᠤᠯᠵᠢᠯᠠᠭ᠎ᠠ ᠶᠢᠨ ᠭᠠᠳᠠᠭᠠᠳᠤ ᠤᠬᠠᠭᠤᠯᠭ᠎ᠠ | ᠂ ︽ᠭᠠᠳᠠᠭᠰᠢ ᠭᠠᠷᠬᠤ︾ ᠲᠤᠰᠬᠠᠶ ᠵᠦᠢᠯ ᠪᠠ ᠣᠯᠠᠨ ᠤᠯᠤᠰ ᠤᠨ ᠲᠧᠯᠸᠢᠰ ᠵᠦᠴᠦᠭᠡ ᠶᠢᠨ ᠪᠠᠶᠠᠷ ᠤᠨ ᠦᠵᠡᠭᠦᠯᠭᠡ ᠶᠢᠨ ᠠᠵᠢᠯᠯᠠᠭ᠎ᠠ ᠳᠤᠮᠳᠠ ᠳᠤᠮᠳᠠᠳᠤ ᠤᠯᠤᠰ ᠤᠨ | ᠲᠧᠯᠸᠢᠰ ᠵᠦᠴᠦᠭᠡ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠮᠢᠳᠤᠯᠢᠭ ᠪᠥᠭᠡᠳ ᠪᠦᠲᠦᠮᠵᠢᠲᠡᠶ ᠬᠡᠯᠪᠡᠷᠢ᠂ ᠲᠠᠪᠴᠠᠩ ᠪᠠ ᠠᠴᠢᠶᠠᠯᠠᠪᠤᠷᠢ ᠶᠢ | ᠨᠢᠭᠡᠳᠦᠯᠲᠡᠶ ᠲᠥᠯᠥᠪᠯᠡᠨ ᠬᠡᠷᠡᠭᠯᠡᠵᠦ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠭᠰᠡᠨ ᠦᠷ᠎ᠡ ᠪᠦᠲᠦᠭᠡᠯ ᠢ ᠳᠠᠮᠵᠢᠭᠤᠯᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠪᠠ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠷᠥ ᠪᠠᠷᠢᠭᠰᠠᠨ ᠠᠮᠵᠢᠯᠲᠠ ᠪᠦᠲᠦᠮᠵᠢ ᠪᠠ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠶᠢ ᠢᠯᠡᠷᠡᠭᠦᠯᠵᠦ᠂ ᠳᠤᠮᠳᠠᠳᠤ ᠤᠯᠤᠰ ᠤᠨ ᠥᠯᠢᠭᠡᠷ ᠢ | ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠢ ᠳᠠᠮᠵᠢᠭᠤᠯᠤᠨ᠎ᠠ᠃ | ᠲᠠᠪᠤ᠂ ᠲᠧᠯᠸᠢᠰ ᠵᠦᠴᠦᠭᠡ ᠶᠢᠨ ᠴᠢᠨᠠᠷ ᠰᠠᠶᠢᠲᠠᠶ ᠴᠢᠳᠠᠪᠤᠷᠢᠲᠠᠨ ᠤ ᠡᠩᠨᠡᠭᠡ ᠶᠢ ᠪᠦᠲᠦᠭᠡᠨ ᠪᠠᠶᠢᠭᠤᠯᠤᠨ᠎ᠠ | ᠲᠧᠯᠸᠢᠰ ᠵᠦᠴᠦᠭᠡ ᠶᠢᠨ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠨᠠᠩ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠨ᠂ ᠮᠣᠷᠠᠯ ᠴᠢᠳᠠᠪᠤᠷᠢ ᠬᠤᠤᠰᠯᠠᠭᠰᠠᠨ᠂ ᠮᠣᠷᠠᠯ ᠤᠷᠠᠯᠢᠭ ᠬᠤᠤᠰᠯᠠᠭᠰᠠᠨ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠲᠧᠯᠸᠢᠰ | ᠵᠦᠴᠦᠭᠡ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠤᠨ᠂ ᠲᠧᠯᠸᠢᠰ ᠵᠦᠴᠦᠭᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ | ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ︵ᠨᠢᠭᠡ︶ ᠳᠠᠭᠠᠭᠤᠯᠤᠭᠴᠢ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠢᠯᠡᠳᠦᠯᠭᠡ ᠶᠢᠨ ᠪᠠᠷᠢᠮᠵᠢᠶ᠎ᠠ ᠶᠢ ᠪᠠᠷᠢᠮᠲᠠᠯᠠᠵᠤ᠂ | ᠲᠧᠯᠸᠢᠰ ᠵᠦᠴᠦᠭᠡ ᠶᠢᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠯᠠᠩᠭᠤᠶ᠎ᠠ ᠭᠤᠤᠯ ᠰᠡᠳᠦᠪᠲᠦ ᠪᠦᠲᠦᠭᠡᠯ ᠢ ᠵᠣᠬᠢᠶᠠᠨ ᠪᠦᠲᠦᠭᠡᠬᠦ ᠨᠢᠭᠡᠳᠦᠭᠡᠷ ᠹᠷᠣᠨᠲ ᠲᠤ ᠥᠨᠳᠥᠷ | ᠬᠢᠷᠢ ᠬᠡᠮᠵᠢᠶ᠎ᠡ ᠲᠠᠢ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠬᠦ ᠴᠢᠳᠠᠪᠤᠷᠢᠲᠠᠨ ᠢ ᠢᠯᠡᠷᠡᠭᠦᠯᠦᠨ ᠬᠥᠮᠦᠵᠢᠭᠦᠯᠵᠦ᠂ ᠨᠢᠭᠡ ᠪᠦᠯᠦᠭ ᠮᠣᠷᠠᠯ ᠤᠷᠠᠯᠢᠭ ᠬᠤᠣᠰᠯᠠᠭᠰᠠᠨ | ᠨᠡᠷᠡᠲᠦ ᠤᠳᠤᠷᠢᠳᠤᠭᠴᠢ᠂ ᠨᠡᠷᠡᠲᠦ ᠵᠦᠴᠦᠭᠡ ᠨᠠᠶᠢᠷᠠᠭᠤᠯᠤᠭᠴᠢ᠂ ᠨᠡᠷᠡᠲᠦ ᠺᠢᠨᠣ᠋ ᠦᠢᠯᠡᠳᠦᠭᠴᠢ᠂ ᠨᠡᠷᠡᠲᠦ ᠵᠦᠴᠦᠭᠡᠴᠢᠨ ᠢ ᠬᠥᠮᠦᠵᠢᠭᠦᠯᠦᠨ ᠪᠣᠶᠢᠵᠢᠭᠤᠯᠤᠨ᠎ᠠ᠃ ᠪᠦᠬᠦ | ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠳᠠᠭᠠᠭᠤᠯᠤᠭᠴᠢ ᠴᠢᠳᠠᠪᠤᠷᠢᠲᠠᠨ ᠤ ᠢᠨᠵᠧᠨᠧᠷᠢᠩ ᠤᠨ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠵᠤ᠂ ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠦᠨ᠂ ᠴᠢᠳᠠᠪᠤᠷᠢᠲᠠᠨ ᠢ ᠬᠠᠮᠢᠶᠠᠷᠴᠤ ᠬᠡᠷᠡᠭᠯᠡᠬᠦ ᠪᠠᠶᠢᠭᠤᠯᠤᠯ | ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠠᠯᠤᠰ ᠬᠡᠲᠦ ᠶᠢᠨ ᠬᠠᠷᠠᠴᠠ ᠶᠢ ᠪᠠᠷᠢᠮᠲᠠᠯᠠᠨ᠂ ᠳᠠᠭᠠᠭᠤᠯᠤᠭᠴᠢ ᠬᠥᠮᠦᠰ ᠤᠨ ᠳᠠᠯᠳᠠ ᠴᠢᠨᠠᠷᠲᠠᠶ ᠥᠨᠳᠥᠷ ᠬᠡᠪ ᠪᠣᠯᠪᠠᠰᠤᠷᠠᠯ ᠲᠠᠢ᠂ | ᠲᠤᠰᠬᠠᠶᠢᠵᠢᠭᠰᠠᠨ ᠲᠧᠯᠸᠢᠰ ᠵᠦᠴᠦᠭᠡ ᠶᠢᠨ ᠨᠡᠩ ᠣᠯᠠᠨ ᠴᠢᠳᠠᠪᠤᠷᠢᠲᠠᠨ ᠢ ᠰᠠᠨᠠᠭᠠᠴᠢᠯᠠᠭ᠎ᠠ ᠲᠠᠢ ᠪᠠᠷ ᠢᠯᠡᠷᠡᠭᠦᠯᠦᠨ ᠬᠥᠮᠦᠵᠢᠭᠦᠯᠵᠦ᠂ ᠳᠠᠭᠠᠭᠤᠯᠤᠭᠴᠢ ᠬᠥᠮᠦᠰ ᠤᠨ | ᠦᠰᠦᠨ ᠪᠤᠶᠢᠵᠢᠬᠤ ᠱᠠᠲᠤᠯᠵᠢᠨ ᠡᠩᠨᠡᠭᠡ ᠶᠢ ᠪᠣᠶ ᠪᠣᠯᠭᠠᠨ᠎ᠠ᠃ | ︵ᠬᠤᠶᠠᠷ︶ ᠲᠧᠯᠸᠢᠰ ᠵᠦᠴᠦᠭᠡ ᠶᠢᠨ ᠴᠢᠳᠠᠪᠤᠷᠢᠲᠠᠨ ᠬᠥᠮᠦᠵᠢᠭᠦᠯᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠯᠠᠭᠤ ᠵᠣᠬᠢᠶᠠᠨ ᠪᠦᠲᠦᠭᠡᠬᠦ ᠴᠢᠳᠠᠪᠤᠷᠢᠲᠠᠨ ᠢ | ᠬᠥᠮᠦᠵᠢᠭᠦᠯᠦᠨ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠦᠲᠦᠭᠡᠬᠦ ᠦᠢᠯᠡᠳᠦᠯᠭᠡ ᠶᠢᠨ ᠳᠤᠮᠳᠠ ᠰᠢᠯᠢᠳᠡᠭ ᠵᠠᠯᠠᠭᠤ ᠵᠦᠴᠦᠭᠡ ᠨᠠᠶᠢᠷᠠᠭᠤᠯᠤᠭᠴᠢ᠂ | ᠤᠳᠤᠷᠢᠳᠤᠭᠴᠢ᠂ ᠲᠣᠭᠯᠠᠭᠴᠢ᠂ ᠺᠢᠨᠣ᠋ ᠦᠢᠯᠡᠳᠦᠭᠴᠢ ᠶᠢ ᠳᠠᠪᠲᠠᠨ ᠪᠣᠯᠪᠠᠰᠤᠷᠠᠭᠤᠯᠵᠤ᠂ ᠵᠠᠯᠠᠭᠤ ᠵᠣᠬᠢᠶᠠᠨ ᠪᠦᠲᠦᠭᠡᠬᠦ ᠴᠢᠳᠠᠪᠤᠷᠢᠲᠠᠨ ᠤ ᠴᠢᠬᠤᠯᠠ ᠡᠭᠦᠷᠭᠡ ᠡᠭᠦᠷᠭᠡᠯᠡᠬᠦ ᠶᠢ | ᠳᠡᠮᠵᠢᠵᠦ᠂ ᠠᠬᠠᠮᠠᠳ ᠤᠷᠠᠯᠢᠭᠴᠢᠳ ᠤᠨ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠎ᠠ᠃ ᠴᠢᠳᠠᠪᠤᠷᠢᠲᠠᠨ ᠢ ᠬᠥᠮᠦᠵᠢᠭᠦᠯᠬᠦ᠂ | ᠬᠡᠷᠡᠭᠯᠡᠬᠦ ᠳᠤᠮᠳᠠᠬᠢ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠢᠳᠡᠪᠬᠢ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ | ᠮᠡᠷᠭᠡᠵᠢᠯ ᠤᠨ ᠰᠤᠳᠤᠯᠤᠨ ᠨᠡᠭᠡᠭᠡᠬᠦ ᠴᠢᠳᠠᠪᠤᠷᠢᠲᠠᠨ᠂ ᠲᠥᠷᠥᠯ ᠵᠦᠢᠯ ᠤᠨ ᠬᠠᠮᠢᠶᠠᠷᠤᠯᠲᠠ ᠶᠢᠨ ᠴᠢᠳᠠᠪᠤᠷᠢᠲᠠᠨ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ | ᠴᠢᠳᠠᠪᠤᠷᠢᠲᠠᠨ ᠵᠡᠷᠭᠡ ᠴᠢᠳᠠᠪᠤᠷᠢᠲᠠᠨ ᠢ ᠬᠥᠮᠥᠵᠢᠭᠦᠯᠦᠨ ᠪᠠᠶᠢᠷᠢᠯᠠᠭᠤᠯᠬᠤ ᠶᠢ ᠴᠢᠩᠭᠠᠳᠬᠠᠵᠤ᠂ ᠣᠯᠠᠨ ᠤᠯᠤᠰ ᠤᠨ ᠬᠠᠷᠠᠭᠠᠰᠤ ᠲᠠᠢ᠂ ᠵᠣᠬᠢᠶᠠᠨ ᠪᠦᠲᠦᠭᠡᠵᠦ ᠴᠢᠳᠠᠬᠤ᠂ | ᠡᠵᠡᠩᠨᠡᠯᠲᠡ ᠶᠢ ᠣᠶᠢᠯᠠᠭᠠᠬᠤ ᠥᠨᠳᠥᠷ ᠲᠦᠪᠰᠢᠨ ᠪᠦᠬᠦᠢ ᠬᠠᠮ ᠬᠡᠯᠪᠡᠷᠢ ᠶᠢᠨ ᠲᠧᠯᠸᠢᠰ ᠵᠦᠴᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠵᠤ᠂ | ᠴᠢᠳᠠᠪᠤᠷᠢᠲᠠᠨ ᠤ ᠬᠡᠪᠴᠢᠶ᠎ᠡ᠂ ᠪᠦᠲᠦᠴᠡ᠂ ᠶᠠᠰᠤ ᠴᠢᠨᠠᠷ ᠢ ᠰᠢᠨ᠎ᠡ ᠴᠠᠭ ᠦᠶ᠎ᠡ ᠶᠢᠨ ᠲᠧᠯᠸᠢᠰ ᠵᠦᠴᠦᠭᠡ ᠶᠢᠨ ᠦᠢᠯᠡᠰ ᠤᠨ ᠠᠵᠤ ᠦᠢᠯᠡᠰ ᠤᠨ ᠬᠥᠭᠵᠢᠯᠲᠡ ᠲᠠᠢ | ᠵᠣᠬᠢᠴᠠᠯᠳᠤᠭᠤᠯᠬᠤ ᠶᠢ ᠠᠬᠢᠭᠤᠯᠤᠨ᠎ᠠ᠃ | ︵ᠭᠤᠷᠪᠠ︶ ᠠᠵᠢᠯ ᠡᠷᠬᠢᠯᠡᠭᠰᠡᠳ ᠤᠨ ᠵᠢᠷᠤᠮᠵᠢᠭᠰᠠᠨ ᠬᠠᠮᠢᠶᠠᠷᠤᠯᠲᠠ ᠶᠢᠨ ᠪᠠᠶᠢᠭᠤᠯᠤᠯ ᠵᠣᠬᠢᠴᠠᠮᠵᠢ ᠶᠢ ᠪᠦᠷᠢᠨᠰᠢᠭᠦᠯᠦᠨ᠎ᠡ᠃ ᠬᠠᠷᠢᠯᠴᠠᠭ᠎ᠠ᠂ ᠰᠢᠨ᠎ᠡ ᠤᠳᠬ᠎ᠠ | ᠤᠷᠠᠯᠢᠭ ᠤᠨ ᠬᠠᠮᠲᠤᠯᠢᠭ ᠤᠨ ᠳᠣᠲᠣᠷᠠᠬᠢ ᠲᠧᠯᠸᠢᠰ ᠵᠦᠴᠦᠭᠡ ᠶᠢᠨ ᠴᠢᠳᠠᠪᠤᠷᠢᠲᠠᠨ ᠢ ᠪᠦᠯᠬᠦᠮᠳᠡᠭᠦᠯᠦᠨ ᠬᠥᠲᠥᠯᠥᠨ ᠵᠢᠯᠣᠭᠤᠳᠴᠤ ᠪᠠᠶᠢᠭᠠᠳ ᠰᠢᠯᠢᠨ ᠳᠡᠪᠰᠢᠭᠦᠯᠵᠦ | ᠬᠡᠷᠡᠭᠯᠡᠬᠦ ᠪᠠ ᠱᠠᠩᠨᠠᠨ ᠤᠷᠮᠠᠰᠢᠭᠤᠯᠬᠤ ᠵᠣᠬᠢᠴᠠᠮᠵᠢ ᠶᠢ ᠪᠦᠷᠢᠨᠰᠢᠭᠦᠯᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ | ᠭᠡᠰᠢᠭᠦᠳ ᠤᠨ ᠬᠥᠭᠵᠢᠯᠲᠡ᠂ ᠠᠳᠠᠯᠢᠳᠬᠠᠨ ᠰᠢᠯᠭᠠᠷᠠᠭᠤᠯᠵᠤ ᠱᠠᠩᠨᠠᠬᠤ ᠵᠡᠷᠭᠡ ᠲᠠᠯ᠎ᠠ ᠪᠠᠷ ᠠᠳᠠᠯᠢ ᠲᠡᠭᠰᠢ ᠪᠠᠷ ᠬᠠᠨᠳᠤᠵᠤ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ | ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠰᠦᠪᠡᠭᠴᠢᠯᠡᠨ ᠥᠷᠨᠢᠭᠦᠯᠦᠨ᠎ᠡ᠃ ᠲᠧᠯᠸᠢᠰ ᠵᠦᠴᠦᠭᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠪᠠᠳᠠᠷᠠᠭᠤᠯᠵᠤ᠂ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠠᠵᠢᠯ ᠲᠥᠷᠥᠯ ᠤᠨ ᠵᠢᠷᠤᠮᠵᠢᠯ ᠢ ᠶᠠᠪᠤᠭᠤᠯᠤᠨ᠂ ᠬᠠᠤᠯᠢ ᠲᠣᠭᠲᠠᠭᠠᠯ ᠠᠴᠠ ᠵᠥᠷᠢᠴᠡᠨ ᠠᠵᠢᠯ | ᠡᠷᠬᠢᠯᠡᠭᠰᠡᠳ ᠲᠤ ᠠᠵᠢᠯ ᠲᠥᠷᠥᠯ ᠤᠨ ᠵᠠᠯᠬᠠᠭᠠᠯ ᠴᠡᠭᠡᠷᠯᠡᠯ ᠢ ᠬᠡᠷᠡᠭᠵᠢᠭᠦᠯᠦᠨ᠎ᠡ᠃ | ︵ᠲᠦᠷᠪᠡ︶ ᠠᠵᠢᠯ ᠡᠷᠬᠢᠯᠡᠭᠰᠡᠳ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠤᠳᠤᠷᠢᠳᠤᠭᠴᠢ᠂ ᠵᠦᠴᠦᠭᠡ ᠨᠠᠶᠢᠷᠠᠭᠤᠯᠤᠭᠴᠢ᠂ ᠺᠢᠨᠣ᠋ ᠦᠢᠯᠡᠳᠦᠭᠴᠢ᠂ | ᠲᠣᠭᠯᠠᠭᠴᠢ᠂ ᠵᠠᠭᠤᠴᠢᠯᠠᠭᠴᠢ ᠵᠡᠷᠭᠡ ᠲᠧᠯᠸᠢᠰ ᠵᠦᠴᠦᠭᠡ ᠶᠢᠨ ᠬᠦᠷᠢᠶᠡᠨ ᠳᠠᠬᠢ ᠠᠵᠢᠯ ᠡᠷᠭᠢᠯᠡᠭᠰᠡᠳ ᠤᠨ ᠪᠠᠶᠢᠩᠭᠤᠵᠢᠭᠰᠠᠨ ᠪᠣᠯᠪᠠᠰᠤᠷᠠᠯ ᠤᠨ ᠵᠣᠬᠢᠴᠠᠮᠵᠢ ᠶᠢ | ᠪᠦᠷᠢᠨᠰᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠂ ᠤᠯᠠᠭᠠᠨ ᠱᠤᠭᠤᠮ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠠᠵᠢᠯ | ᠡᠷᠭᠢᠯᠡᠭᠰᠡᠳ ᠤᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠶᠢ ᠠᠬᠢᠭᠤᠯᠵᠤ᠂ ᠡᠷᠬᠢᠮ ᠳᠡᠭᠡᠳᠦ ᠠᠵᠢᠯ | ᠮᠡᠷᠭᠡᠵᠢᠯ ᠤᠨ ᠶᠣᠰᠣ ᠮᠣᠷᠠᠯ ᠢ ᠪᠠᠲᠤ ᠰᠠᠬᠢᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃ ᠲᠧᠯᠸᠢᠰ ᠵᠦᠴᠦᠭᠡ ᠶᠢᠨ ᠰᠤᠷᠭᠠᠨ | ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠠ ᠠᠵᠤ ᠦᠢᠯᠡᠰ ᠤᠨ ᠬᠥᠭᠵᠢᠯᠲᠡ ᠶᠢ ᠤᠷᠭᠠᠨᠢᠭ ᠢᠶᠠᠷ | ᠵᠤᠯᠭᠠᠭᠤᠯᠬᠤ ᠶᠢ ᠠᠬᠢᠭᠤᠯᠵᠤ᠂ ᠠᠵᠢᠯᠯᠠᠵᠤ ᠪᠠᠶᠢᠭ᠎ᠠ ᠬᠦᠮᠦᠰ ᠲᠤ ᠠᠵᠢᠯ ᠤᠨ ᠪᠠᠶᠢᠷᠢ ᠳᠤ ᠪᠠᠨ ᠪᠠᠶᠢᠬᠤ ᠪᠤᠶᠤ ᠠᠵᠢᠯ ᠠᠴᠠ ᠰᠠᠯᠬᠤ ᠬᠦᠮᠦᠵᠢᠯ ᠪᠣᠯᠪᠠᠰᠤᠷᠠᠯ | ᠦᠷᠨᠢᠭᠦᠯᠬᠦ ᠶᠢ ᠳᠡᠮᠵᠢᠨ᠎ᠡ᠃ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ | ᠥᠷᠨᠢᠭᠦᠯᠬᠦ ᠶᠢ ᠵᠣᠷᠢᠭᠵᠢᠭᠤᠯᠵᠤ᠂ ᠠᠵᠢᠯ ᠡᠷᠭᠢᠯᠡᠭᠰᠡᠳ ᠤᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ | ᠲᠤᠰᠬᠠᠢ ᠪᠣᠯᠤᠩ 4᠂ ᠲᠧᠯᠸᠢᠰ ᠵᠦᠴᠦᠭᠡ ᠶᠢᠨ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ | ︽ ᠠᠮᠢᠲᠦᠷᠠᠯ ᠲᠠᠢ ᠣᠶᠢᠷᠠᠳᠬᠤ︾ ᠳᠦᠷᠢᠮ ᠤᠨ ᠭᠤᠣᠯᠯᠠᠨ ᠡᠭᠦᠳᠦᠯᠲᠡ᠄ ᠴᠢᠬᠤᠯᠠ ᠶᠡᠭᠡ ᠪᠣᠳᠠᠲᠤ ᠪᠠᠶᠢᠳᠠᠯ ᠤᠨ ᠰᠡᠳᠦᠪᠲᠦ ᠲᠧᠯᠸᠢᠰ ᠵᠦᠴᠦᠭᠡ ᠶᠢᠨ ᠵᠣᠬᠢᠶᠠᠨ | ᠪᠦᠲᠦᠭᠡᠯᠭᠡ ᠳᠤ᠂ ᠭᠤᠣᠯ ᠡᠭᠦᠳᠦᠭᠴᠢ ᠶᠢᠨ ᠦᠨᠳᠦᠰᠦᠨ ᠱᠠᠲᠤᠨ ᠳᠤ ᠬᠦᠷᠴᠦ ︽ᠠᠮᠢᠳᠤᠷᠠᠯ ᠲᠠᠢ ᠣᠶᠢᠷᠠᠳᠬᠤ︾ ᠶᠢ ᠵᠣᠷᠢᠭᠵᠢᠭᠤᠯᠵᠤ᠂ ᠵᠣᠬᠢᠶᠠᠨ ᠪᠦᠲᠦᠭᠡᠬᠦ ᠪᠣᠷᠣ | ᠮᠠᠲ᠋ᠧᠷᠢᠶᠠᠯ ᠢ ᠬᠤᠷᠠᠮᠳᠤᠭᠤᠯᠤᠨ᠂ ᠳᠡᠯᠡᠬᠡᠢ ᠶᠢᠨ ᠪᠠᠶᠢᠳᠠᠯ᠂ ᠤᠯᠤᠰ ᠤᠨ ᠪᠠᠶᠢᠳᠠᠯ᠂ ᠨᠠᠮ ᠤᠨ ᠪᠠᠶᠢᠳᠠᠯ᠂ ᠠᠷᠠᠳ ᠤᠨ ᠪᠠᠶᠢᠳᠠᠯ ᠤᠨ ᠲᠤᠬᠠᠢ ᠣᠶᠢᠯᠠᠭᠠᠯᠲᠠ ᠲᠠᠨᠢᠯᠲᠠ ᠪᠠᠨ | ᠭᠦᠨᠵᠡᠭᠡᠶᠢᠷᠡᠭᠦᠯᠵᠦ᠂ ᠵᠣᠬᠢᠶᠠᠨ ᠪᠦᠲᠦᠭᠡᠬᠦ ᠭᠤᠣᠯ ᠰᠡᠳᠦᠪ ᠢ ᠨᠡᠩ ᠰᠠᠶᠢᠲᠤᠷ ᠡᠵᠡᠮᠰᠢᠨ᠎ᠡ᠃ ᠵᠠᠯᠠᠭᠤ ᠲᠣᠭᠯᠠᠭᠴᠢ ᠪᠠ ᠵᠠᠭᠤᠴᠢᠯᠠᠭᠴᠢ ᠶᠢᠨ ᠪᠣᠯᠪᠠᠰᠤᠷᠠᠯ ᠤᠨ ᠠᠩᠭᠢ᠄ | ᠵᠠᠯᠠᠭᠤ ᠲᠣᠭᠯᠠᠭᠴᠢ ᠪᠠ ᠵᠠᠭᠤᠴᠢᠯᠠᠭᠴᠢ ᠳᠤ ᠬᠠᠨᠳᠤᠭᠤᠯᠤᠨ ᠪᠣᠯᠪᠠᠰᠤᠷᠠᠯ ᠥᠷᠨᠢᠭᠦᠯᠵᠦ᠂ ᠦᠵᠡᠯ ᠰᠠᠨᠠᠭ᠎ᠠ ᠤᠯᠤᠰ ᠲᠥᠷᠥ᠂ ᠠᠵᠢᠯ ᠮᠡᠷᠭᠡᠵᠢᠯ ᠤᠨ ᠪᠣᠯᠪᠠᠰᠤᠷᠠᠯ᠂ ᠬᠠᠤᠯᠢ | ᠴᠠᠭᠠᠵᠠ ᠬᠠᠤᠯᠢ ᠲᠣᠭᠲᠠᠭᠠᠯ ᠵᠡᠷᠭᠡ ᠬᠢᠴᠢᠶᠡᠯ ᠢ ᠲᠣᠬᠢᠷᠠᠭᠤᠯᠵᠤ᠂ ᠬᠤᠯᠪᠣᠭᠳᠠᠯ ᠪᠥᠬᠦᠶ ᠠᠵᠢᠯ ᠡᠷᠭᠢᠯᠡᠭᠰᠡᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠡᠭᠦᠷᠭᠡ | ᠬᠠᠷᠢᠭᠤᠴᠠᠯᠭ᠎ᠠ ᠶᠢ ᠨᠢ ᠴᠢᠩᠭᠠᠷᠠᠭᠤᠯᠤᠨ᠂ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠮᠣᠷᠠᠯ ᠴᠢᠳᠠᠪᠤᠷᠢ ᠬᠤᠣᠰᠯᠠᠭᠰᠠᠨ᠂ ᠮᠣᠷᠠᠯ | ᠤᠷᠠᠯᠢᠭ ᠬᠤᠤᠰᠯᠠᠭᠰᠠᠨ ᠲᠧᠯᠸᠢᠰ ᠵᠦᠴᠦᠭᠡ ᠶᠢᠨ ᠠᠵᠢᠯᠲᠠᠨ ᠪᠣᠯᠭᠠᠨ᠎ᠠ᠃ ᠲᠧᠯᠸᠢᠰ ᠵᠦᠴᠦᠭᠡ ᠶᠢᠨ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ᠄ ᠲᠧᠯᠸᠢᠰ ᠵᠦᠴᠦᠭᠡ | ᠰᠡᠭᠦᠳᠡᠷᠯᠡᠨ ᠦᠢᠯᠡᠳᠬᠦ ᠶᠠᠪᠤᠴᠠ ᠶᠢᠨ ᠲᠣᠭᠤᠷᠢᠨ ᠳᠤ᠂ ᠰᠡᠭᠦᠳᠡᠷᠯᠡᠬᠦ᠂ ᠳᠠᠭᠤ ᠰᠢᠩᠭᠡᠭᠡᠬᠦ᠂ ᠤᠷᠠᠨ ᠵᠢᠷᠤᠭ᠂ ᠬᠤᠪᠴᠠᠰᠤ ᠬᠤᠨᠠᠷ᠂ ᠵᠠᠰᠠᠯ ᠭᠤᠶᠤᠯᠠᠯ᠂ ᠪᠠᠭᠠᠵᠢ ᠬᠡᠷᠡᠭᠰᠡᠯ | ᠂ ᠬᠤᠸᠠᠷ ᠫᠤᠤᠵᠢᠩ᠂ ᠦᠵᠡᠮᠵᠢ ᠪᠠᠶᠢᠷᠢᠯᠠᠭᠤᠯᠬᠤ᠂ ᠳ᠋ᠧᠩ ᠤᠨ ᠭᠡᠷᠡᠯ᠂ ᠣᠨᠴᠠ ᠦᠷ᠎ᠡ ᠪᠦᠲᠦᠮᠵᠢ ᠪᠦᠬᠦᠢ ᠵᠡᠷᠭᠡ ᠶᠢᠨ ᠤᠷ᠎ᠠ ᠮᠡᠷᠭᠡᠰᠢᠯᠳᠦ ᠴᠢᠳᠠᠪᠤᠷᠢᠲᠠᠨ ᠢ | ᠬᠥᠮᠦᠵᠢᠭᠦᠯᠦᠨ ᠪᠣᠯᠪᠠᠰᠤᠷᠠᠭᠤᠯᠬᠤ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠲᠧᠯᠸᠢᠰ ᠵᠦᠴᠦᠭᠡ ᠶᠢᠨ ᠤᠷ᠎ᠠ | ᠮᠡᠷᠭᠡᠰᠢᠯᠳᠦ ᠴᠢᠳᠠᠪᠤᠷᠢᠲᠠᠨ ᠤ ᠡᠩᠨᠡᠭᠡ ᠶᠢ ᠪᠦᠲᠦᠭᠡᠨ ᠪᠠᠶᠢᠭᠤᠯᠤᠨ᠎ᠠ᠃ | ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ᠲᠧᠯᠸᠢᠰ ᠵᠦᠴᠦᠭᠡ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠬᠦᠯᠵᠦ᠂ ᠲᠦᠷᠢᠮ ᠵᠣᠬᠢᠴᠠᠮᠵᠢ ᠶᠢ ᠲᠡᠭᠦᠯᠳᠡᠷᠵᠢᠭᠦᠯᠦᠨ | ᠂ ᠬᠠᠮᠵᠢᠯᠴᠠᠨ ᠬᠥᠳᠡᠯᠦᠯᠴᠡᠬᠦ ᠶᠢ ᠴᠢᠩᠭᠠᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠨᠳᠥᠷ ᠲᠦᠪᠰᠢᠨ ᠪᠥᠬᠦᠶ ᠬᠠᠮᠢᠶᠠᠷᠤᠯᠲᠠ ᠪᠠ | ᠦᠢᠯᠡᠴᠢᠯᠡᠭᠡ ᠪᠠᠷ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠳ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠦᠨ᠂ ᠲᠧᠯᠸᠢᠰ ᠵᠦᠴᠦᠭᠡ ᠶᠢᠨ ᠬᠥᠭᠵᠢᠯᠲᠡ ᠶᠢᠨ ᠵᠥᠪ ᠤᠯᠤᠰ ᠲᠥᠷᠥ ᠶᠢᠨ ᠴᠢᠭᠯᠡᠯ᠂ ᠥᠷᠲᠡᠭ ᠤᠨ ᠤᠳᠤᠷᠢᠳᠤᠮᠵᠢ᠂ ᠭᠤᠸ᠎ᠠ | ᠰᠠᠶᠢᠬᠠᠨ ᠤ ᠬᠠᠨᠳᠤᠰᠢ ᠶᠢ ᠪᠠᠷᠢᠮᠲᠠᠯᠠᠬᠤ ᠬᠡᠷᠡᠭᠲᠡᠶ᠃ ᠲᠤᠰ ᠲᠥᠯᠥᠪᠵᠢᠭᠦᠯᠭᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠤ ᠲᠧᠯᠸᠢᠰ ᠵᠦᠴᠦᠭᠡ ᠶᠢᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠠ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ ᠠᠬᠢᠭᠤᠯᠵᠤ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ | ᠣᠷᠣᠨ ᠨᠤᠲᠤᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠬᠠᠭᠤᠯᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ᠂ ᠮᠥᠩᠭᠦᠨ ᠭᠦᠢᠯᠭᠡᠭᠡ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠮᠲᠤᠷᠠᠯ ᠤᠨ ᠬᠦᠴᠦᠨ ᠢ ᠨᠢᠭᠡᠳᠦᠯᠲᠡᠢ | ᠲᠥᠯᠥᠪᠵᠢᠭᠦᠯᠦᠨ ᠪᠠᠳᠠᠷᠠᠭᠤᠯᠵᠤ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠧᠯᠸᠢᠰ | ᠵᠦᠴᠦᠭᠡ ᠶᠢᠨ ᠳᠤᠭᠤᠶᠢᠯᠠᠩ ᠳᠤ ᠲᠦᠷ ᠴᠠᠭ ᠤᠨ ᠨᠠᠮ ᠤᠨ ᠡᠭᠦᠷ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠡᠯ᠎ᠡ ᠲᠥᠷᠥᠯ ᠤᠨ ᠲᠧᠯᠸᠢᠰ | ᠵᠦᠴᠦᠭᠡ ᠶᠢᠨ ᠠᠵᠤ ᠠᠬᠤᠶᠢᠯᠠᠯ ᠤᠨ ᠨᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠵᠤ᠂ ᠲᠧᠯᠸᠢᠰ ᠵᠦᠴᠦᠭᠡ ᠶᠢᠨ ᠬᠦᠷᠢᠶᠡᠨ ᠳᠠᠬᠢ ᠨᠠᠮ ᠤᠨ | ᠵᠣᠬᠢᠶᠠᠨ ᠪᠠᠶᠢᠭᠤᠯᠤᠯᠲᠠ ᠪᠠ ᠠᠵᠢᠯ ᠤᠨ ᠪᠦᠷᠬᠦᠴᠡ ᠶᠢ ᠥᠷᠭᠡᠳᠬᠡᠨ᠎ᠡ᠃ | ︵ᠬᠤᠶᠠᠷ︶ ᠲᠧᠯᠸᠢᠰ ᠵᠦᠴᠦᠭᠡ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠳᠤ ᠵᠣᠬᠢᠴᠠᠭᠤᠯᠤᠨ᠂ ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠶᠢ ᠳᠠᠩᠰᠠᠯᠠᠭᠤᠯᠤᠨ ᠨᠡᠶᠢᠲᠡᠯᠡᠬᠦ᠂ ᠠᠭᠤᠯᠭ᠎ᠠ ᠶᠢ ᠬᠢᠨᠠᠨ ᠪᠠᠶᠢᠴᠠᠭᠠᠬᠤ ᠵᠡᠷᠭᠡ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠡᠷᠭᠡᠶᠢᠯᠡᠨ ᠡᠵᠡᠮᠳᠡᠬᠦ ᠬᠠᠮᠵᠢᠯᠴᠠᠬᠤ ᠵᠣᠬᠢᠴᠠᠮᠵᠢ ᠶᠢ ᠪᠦᠷᠢᠨᠰᠢᠭᠦᠯᠵᠦ᠂ | ᠭᠤᠤᠯᠳᠠᠯᠭ᠎ᠠ ᠲᠠᠢ ᠲᠥᠷᠥᠯ ᠵᠦᠢᠯ ᠤᠨ ᠵᠣᠬᠢᠶᠠᠨ ᠪᠠᠶᠢᠭᠤᠯᠤᠯᠴᠠᠭᠰᠠᠨ ᠵᠣᠬᠢᠶᠠᠨ ᠪᠠᠶᠢᠭᠤᠯᠬᠤ ᠵᠣᠬᠢᠴᠠᠮᠵᠢ ᠶᠢ ᠪᠦᠷᠢᠨᠰᠢᠭᠦᠯᠦᠨ᠎ᠡ᠃ ᠥᠷᠭᠡᠨ ᠣᠯᠠᠨ ᠲᠧᠯᠸᠢᠰ | ᠵᠦᠴᠦᠭᠡ ᠶᠢᠨ ᠠᠵᠢᠯᠲᠠᠨ ᠳᠤ ᠨᠢᠭᠲᠠ ᠲᠦᠰᠢᠭᠯᠡᠨ᠂ ᠥᠪᠡᠷᠮᠢᠴᠡ ᠴᠢᠨᠠᠷ ᠪᠠ ᠪᠦᠲᠦᠭᠡᠯᠴᠢ ᠴᠢᠨᠠᠷᠲᠠᠶ ᠬᠥᠳᠡᠯᠮᠦᠷᠢ ᠶᠢ ᠬᠦᠨᠳᠦᠳᠬᠡᠵᠦ᠂ ᠲᠧᠯᠸᠢᠰ ᠵᠦᠴᠦᠭᠡ ᠶᠢᠨ ᠠᠵᠤ | ᠠᠬᠤᠶᠢᠯᠠᠯ ᠤᠨ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠲᠧᠯᠸᠢᠰ ᠵᠦᠴᠦᠭᠡ ᠶᠢᠨ ᠠᠵᠤ ᠠᠬᠤᠶᠢᠯᠠᠯ ᠤᠨ | ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠵᠤ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ ᠲᠧᠯᠸᠢᠰ ᠵᠦᠴᠦᠭᠡ ᠶᠢᠨ ᠠᠵᠢᠯ ᠲᠥᠷᠥᠯ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠷᠠᠭᠤᠯᠵᠤ᠂ ᠠᠵᠢᠯ ᠲᠥᠷᠥᠯ ᠤᠨ ᠦᠢᠯᠡᠴᠢᠯᠡᠭᠡ᠂ ᠠᠵᠢᠯ ᠲᠥᠷᠥᠯ ᠤᠨ ᠬᠠᠮᠢᠶᠠᠷᠤᠯᠲᠠ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠢᠳᠡᠪᠬᠢᠲᠡᠢ ᠥᠷᠨᠢᠭᠦᠯᠵᠦ᠂ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠺᠢᠨᠣ᠋ ᠲᠧᠯᠸᠢᠰ ᠤᠨ ᠦᠢᠯᠡᠰ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠣᠶᠣᠯ ᠴᠡᠩᠭᠡᠯ ᠤᠨ ᠬᠦᠷᠢᠶ᠎ᠡ ᠴᠠᠷᠠᠭ᠎ᠠ ᠶᠢ ᠶᠡᠷᠦᠩᠬᠡᠶᠢᠯᠡᠨ ᠵᠠᠰᠠᠬᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠪᠠ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠧᠯᠸᠢᠰ ᠵᠦᠴᠦᠭᠡ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ | ᠨᠡᠯᠢᠶᠡᠳ ᠪᠣᠯᠪᠠᠰᠤᠷᠠᠩᠭᠤᠶ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠲᠦᠷᠢᠮ ᠵᠣᠬᠢᠴᠠᠮᠵᠢ ᠪᠣᠯᠭᠠᠨ ᠳᠡᠭᠡᠭᠰᠢᠯᠡᠭᠦᠯᠦᠨ᠎ᠡ᠃ ᠴᠢᠨᠠᠷ | ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠧᠯᠸᠢᠰ ᠵᠦᠴᠦᠭᠡ ᠶᠢᠨ | ᠬᠦᠷᠢᠶᠡᠨ ᠳᠠᠬᠢ ᠬᠠᠤᠯᠢ ᠴᠠᠭᠠᠵᠠ ᠶᠢ ᠵᠢᠷᠤᠮᠵᠢᠭᠤᠯᠤᠨ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠠᠬᠢᠭᠤᠯᠵᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ | ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠯᠲᠡ ᠶᠢ ᠴᠢᠩᠭᠠᠳᠬᠠᠵᠤ᠂ | ᠲᠧᠯᠸᠢᠰ ᠵᠦᠴᠦᠭᠡ ᠶᠢᠨ ᠠᠵᠢᠯᠲᠠᠨ ᠪᠠ ᠵᠠᠬ᠎ᠠ ᠳᠡᠯᠭᠡᠭᠦᠷ ᠲᠠᠢ ᠨᠡᠪᠲᠡᠷᠡᠯᠴᠡᠭᠡ ᠶᠢ ᠰᠠᠶᠢᠲᠤᠷ ᠬᠢᠵᠦ᠂ ᠲᠧᠯᠸᠢᠰ ᠵᠦᠴᠦᠭᠡ ᠶᠢᠨ ᠲᠥᠷᠥ ᠶᠢᠨ ᠪᠣᠳᠣᠯᠭ᠎ᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ | |