2024 ᠣᠨ ᠤ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/23
  5 ᠳ᠋ᠤᠭᠠᠷ ᠰᠠᠷ᠎ᠠ ᠶᠢᠨ 21 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2024 ᠣᠨ ᠤ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠵᠢᠴᠢ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠵᠢᠯᠯᠠᠭ᠎ᠠ ᠶᠢ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠵᠢᠩᠬᠢᠨᠢ ᠪᠠᠷ ᠡᠬᠢᠯᠡᠭᠦᠯᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠪᠡ᠃  ᠳ᠋ᠦᠩ ᠰᠢᠨ ᠢᠯᠡᠷᠬᠡᠶᠢᠯᠡᠭᠰᠡᠨ ᠨᠢ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠪᠣᠯ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠦᠨᠳᠦᠰᠦᠨ ᠱᠠᠲᠤᠨ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠴᠢᠬᠤᠯᠠ ᠠᠵᠢᠯᠯᠠᠭ᠎ᠠ ᠶᠢᠨ ᠲᠦᠷᠦᠯ ᠲᠡᠮᠲᠡᠭᠲᠦ ᠪᠣᠯᠤᠨ᠎ᠠ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠬᠤ᠂ ᠡᠯ᠎ᠡ ᠲᠦᠷᠦᠯ ᠤᠨ ᠡᠬᠢ ᠪᠠᠶᠠᠯᠢᠭ ᠢ ᠠᠭᠤᠰᠤᠯᠴᠠᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ 2024 ᠣᠨ ᠳᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ᠂ ᠤᠶᠤᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠵᠡᠷᠭᠡ ᠨᠢᠭᠡ ᠪᠦᠯᠦᠭ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠭᠤᠤᠯᠳᠠᠯᠭ᠎ᠠ ᠲᠠᠢ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠥᠷᠪᠡᠳ ᠬᠤᠰᠢᠭᠤ᠂ ᠵᠡᠭᠦᠨᠭᠠᠷ ᠬᠤᠰᠢᠭᠤ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠳᠡᠮᠵᠢᠵᠦ᠂ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠪᠠ ᠨᠠᠷᠢᠨ ᠪᠤᠳᠤᠯᠢᠶᠠᠨᠲᠠᠶ ᠲᠤᠰᠬᠠᠶ ᠵᠠᠰᠠᠯᠲᠠ ᠶᠢ ᠦᠷᠭᠦᠯᠵᠢᠯᠡᠨ ᠠᠬᠢᠭᠤᠯᠵᠤ᠂ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠬᠦ︾ ᠰᠤᠪᠠᠭ ᠢ ᠰᠠᠶᠢᠲᠤᠷ ᠡᠷᠭᠢᠯᠡᠵᠦ᠂ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠴᠢᠨ ᠲᠠᠷᠢᠶᠠᠴᠢᠨ ᠤ ᠣᠶᠤᠨ ᠰᠣᠶᠣᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃  ᠶᠠᠩ ᠶᠢᠨ ᠵᠢᠭᠠᠵᠤ ᠭᠠᠷᠭᠠᠭᠰᠠᠨ ᠨᠢ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠪᠣᠯ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠦᠨᠡᠨ ᠰᠡᠳᠭᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠴᠢ ᠬᠠᠷᠢᠭᠤᠯᠠᠬᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠ ᠨᠠᠷᠢᠯᠢᠭ ᠣᠨᠣᠪᠴᠢᠲᠠᠢ ᠪᠠᠷ ︽ᠬᠦᠷᠭᠡᠬᠦ︾ ᠶᠢ ᠢᠮᠠᠭᠲᠠ ᠲᠤᠭᠤᠰᠢᠯᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠠᠩ ᠥᠷᠭᠡᠨ ᠳᠡᠯᠭᠡᠷ᠂ ᠪᠦᠲᠦᠮᠵᠢᠲᠡᠶ ᠳᠠᠶᠢᠴᠢᠯᠠᠨ ᠨᠢᠭᠲᠠᠷᠠᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠬᠢᠭᠡᠳ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢ ᠨᠠᠩ ᠣᠨᠣᠪᠴᠢᠲᠠᠶ ᠵᠣᠯᠭᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠬᠡᠷᠡᠭᠴᠡᠭᠡ ᠲᠠᠢ ᠰᠢᠨᠵᠢᠯᠡᠬᠦ ᠤᠬᠠᠭᠠᠨ ᠤ ᠮᠡᠳᠡᠯᠭᠡ᠂ ᠬᠡᠷᠡᠭᠯᠡᠭᠡᠨ ᠤ ᠮᠡᠷᠭᠡᠵᠢᠯ ᠪᠠ ᠡᠮᠴᠢᠯᠡᠭᠡᠨ ᠤ ᠦᠢᠯᠡᠴᠢᠯᠡᠭᠡ ᠶᠢ ᠬᠥᠳᠡᠭᠡ ᠲᠣᠰᠬᠤᠨ ᠳᠤ ᠬᠦᠷᠭᠡᠵᠦ᠂ ᠮᠡᠷᠭᠡᠵᠢᠯ ᠤᠨ ᠭᠤᠤᠯᠯᠠᠭᠴᠢ ᠬᠦᠴᠦᠨ ᠪᠠ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠳᠤ ᠦᠨᠡᠨ ᠪᠣᠳᠠᠲᠠᠶ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠶ ᠭᠡᠵᠡᠢ᠃  ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠦᠨᠳᠦᠰᠦᠨ ᠱᠠᠲᠤᠨ ᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ︽ᠡᠷᠦᠬᠡ ᠪᠣᠯᠭᠠᠨ ᠳᠤ ᠨᠡᠪᠲᠡᠷᠡᠭᠦᠯᠬᠦ︾ ᠶᠢᠨ ᠴᠢᠩᠭᠠᠳᠬᠠᠯ ᠬᠡᠯᠪᠡᠷᠢ ᠶᠢᠨ ᠬᠦᠯᠢᠶᠡᠨ ᠠᠪᠬᠤ ᠲᠥᠬᠦᠭᠡᠷᠦᠮᠵᠢ᠂ ᠰᠢᠭᠤᠳ ᠨᠡᠪᠲᠡᠷᠡᠭᠦᠯᠬᠦ ᠳᠠᠭᠠᠭᠤᠯᠢ ᠣᠳᠣᠨ ᠤ ︽ᠣᠭᠲᠠᠷᠭᠤᠢ ᠳᠠᠬᠢ ᠬᠢᠴᠢᠶᠡᠯ ᠤᠨ ᠲᠠᠩᠬᠢᠮ︾ ᠤᠨ ᠬᠦᠯᠢᠶᠡᠨ ᠠᠪᠬᠤ ᠲᠥᠬᠦᠭᠡᠷᠦᠮᠵᠢ᠂ ᠡᠯ᠎ᠡ ᠲᠦᠷᠦᠯ ᠤᠨ ᠲᠧᠯᠸᠢᠰ ᠤᠨ ᠫᠷᠤᠭ᠍ᠷᠠᠮ ᠤᠨ ᠡᠬᠢ ᠰᠤᠷᠪᠤᠯᠵᠢ ᠵᠡᠷᠭᠡ ᠶᠢ ᠬᠠᠨᠳᠢᠪᠯᠠᠭᠰᠠᠨ ᠪᠥᠭᠡᠳ ᠰᠣᠶᠣᠯ ᠤᠨ ᠤᠬᠠᠭᠤᠯᠭ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠬᠠᠭᠤᠯᠭ᠎ᠠ᠂ ᠲᠠᠷᠢᠶᠠᠯᠠᠩ ᠤᠨ ᠮᠡᠷᠭᠡᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠯᠪᠠᠨ ᠵᠢᠷᠤᠮ ᠤᠨ ᠡᠮᠴᠢᠯᠡᠭᠡ ᠵᠡᠷᠭᠡ ᠠᠯᠢ ᠤᠯᠠᠨ ᠠᠵᠢᠯᠯᠠᠭ᠎ᠠ ᠶᠢ ᠥᠷᠨᠢᠭᠦᠯᠵᠡᠢ᠃  ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠳ᠋ᠦᠩ ᠰᠢᠨ ᠨᠡᠷ ᠣᠯᠠᠨ ᠨᠡᠶᠢᠲᠡ ᠶᠢᠨ ᠦᠢᠯᠡᠴᠢᠯᠡᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠰᠠᠶᠢᠲᠤᠷ ᠬᠢᠬᠦ᠂ ︽ᠬᠤᠣᠰ ᠵᠠᠰᠠᠯᠲᠠ︾ ᠶᠢᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠢᠨ᠎ᠡ ᠬᠡᠯᠪᠡᠷᠢ ᠶᠢᠨ ᠷᠠᠳᠢᠣ᠋ ᠲᠧᠯᠸᠢᠰ ᠤᠨ ᠰᠦᠯᠵᠢᠶ᠎ᠡ ᠶᠢ ᠪᠠᠶᠢᠭᠤᠯᠬᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ᠂ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠬᠦ︾ ᠰᠤᠪᠠᠭ ᠢ ᠰᠠᠶᠢᠲᠤᠷ ᠡᠷᠭᠢᠯᠡᠵᠦ ᠰᠠᠶᠢᠲᠤᠷ ᠬᠡᠷᠡᠭᠯᠡᠬᠦ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠵᠡᠷᠭᠡ ᠶᠢᠨ ᠲᠣᠭᠤᠷᠢᠨ ᠳᠤ ᠲᠣᠰ ᠲᠣᠰ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠦᠨᠳᠦᠰᠦᠨ ᠱᠠᠲᠤᠨ ᠤ ᠬᠤᠷᠢᠶ᠎ᠠ ᠥᠷᠲᠡᠭᠡ ᠵᠡᠷᠭᠡ ᠰᠠᠯᠠᠭ᠎ᠠ ᠮᠥᠴᠢᠷ ᠨᠢᠭᠡᠴᠢ ᠳᠤ ᠬᠦᠷᠴᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃︵ᠠᠯᠪᠠᠨ ᠭᠡᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ